ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠳᠠ ᠶᠢ ᠲᠣᠭᠲᠠᠪᠤᠷᠢᠵᠢᠭᠤᠯᠬᠤ ᠰᠦᠯᠵᠢᠶ᠎ᠡ ᠪᠠᠷ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠡᠬᠢᠯᠡᠪᠡ ᠪᠦ᠋ ᠰᠢᠶᠤᠤ ᠯᠢᠨ ᠣᠷᠣᠯᠴᠠᠪᠠ
ᠨᠡᠶᠢᠲᠡᠯᠡᠭᠰᠡᠨ ᠴᠠᠭ᠄
2020/4/29
     4 ᠰᠠᠷ᠎ᠠ ᠶᠢᠨ 28᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠎ ᠤᠨ ᠶᠠᠪᠤᠳᠠᠯ ᠤᠨ ᠲᠢᠩᠬᠢᠮ ᠤᠨ ᠬᠠᠮᠲᠤᠷᠠᠨ ᠡᠷᠬᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠰᠦᠯᠵᠢᠶ᠎ᠡ ᠪᠠᠷ ᠠᠵᠢᠯᠳᠡᠨ ᠡᠯᠰᠡᠬᠦ ᠰᠠᠷ᠎ᠠ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠡ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠭᠤᠤᠯᠯᠠᠨ ᠡᠷᠭᠢᠯᠡᠭᠰᠡᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠲᠠᠢ ᠬᠠᠮᠲᠤ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠰᠦᠯᠵᠢᠶ᠎ᠠ ᠪᠠᠷ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠪᠡ᠃      ᠳ᠋ᠤᠸᠠᠨ ᡁᠢ ᠴᠢᠶᠠᠩ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠪᠣᠯ ᠠᠵᠢᠯ ᠤᠯᠭᠤᠬᠤ ᠭᠤᠤᠯ ᠵᠠᠮ ᠮᠥᠨ᠂ ᠨᠢᠭᠡ ᠠᠵᠤ ᠠᠬᠤᠶᠢᠯᠠᠯ ᠢ ᠪᠠᠲᠤᠯᠠᠵᠤ ᠴᠢᠳᠠᠪᠠᠯ ᠨᠢᠭᠡ ᠪᠦᠯᠦᠭ ᠬᠥᠮᠦᠨ ᠤ ᠠᠵᠢᠯ ᠤᠨ ᠪᠠᠶᠢᠷᠢ ᠶᠢ ᠪᠠᠲᠤᠯᠠᠵᠤ ᠴᠢᠳᠠᠨ᠎ᠠ᠃ ᠡᠯ᠎ᠡ ᠱᠠᠲᠤᠨ ᠤ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠠᠵᠢᠯ ᠦᠢᠯᠡᠳᠪᠦᠷᠢᠯᠡᠯ ᠢ ᠨᠢ ᠰᠡᠷᠭᠦᠭᠡᠬᠦ ᠶᠢ ᠣᠳᠣᠬᠠᠨ ᠤ ᠶᠡᠭᠡ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠬᠤᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠭᠠᠵᠠᠷ ᠣᠷᠣᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠤᠳᠤᠷᠢᠳᠬᠤ ᠺᠠᠳ᠋ᠷ ᠠᠷᠠᠳ ᠎ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠯᠤᠭ᠎ᠠ ᠬᠠᠷᠢᠯᠴᠠᠬᠤ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷᠳᠡᠯ ᠢ ᠥᠪᠡᠷ ᠤᠨ ᠬᠦᠴᠢᠷᠳᠡᠯ ᠢᠶᠠᠨ ᠪᠣᠯᠭᠠᠵᠤ᠂ ᠠᠵᠤ ᠠᠬᠤᠶᠢᠯᠠᠯ ᠎ ᠤᠨ ᠪᠡᠯᠡ ᠬᠤᠷᠠᠮᠳᠤᠭᠤᠯᠬᠤ᠂ ᠪᠠᠷᠠᠭᠠᠨ ᠤ ᠭᠦᠢᠯᠭᠡᠭᠡ᠂ ᠠᠵᠢᠯᠳᠠᠨ ᠡᠯᠰᠡᠬᠦ ᠵᠡᠷᠭᠡ ᠪᠣᠳᠠᠲᠠᠢ ᠬᠦᠴᠢᠷᠳᠡᠯ ᠢ ᠨᠢ ᠪᠦᠬᠦ ᠬᠦᠴᠦ ᠪᠠᠷ ᠢᠶᠠᠨ ᠬᠠᠪᠰᠤᠷᠤᠨ ᠰᠠᠶᠢᠲᠤᠷ ᠰᠢᠢᠳᠪᠦᠷᠢᠯᠡᠨ ᠦᠭᠴᠤ᠂ ᠠᠵᠤ ᠠᠬᠤᠶᠢᠯᠠᠯ ᠢ ᠬᠠᠪᠰᠤᠷᠤᠨ ᠬᠡᠪ ᠎ ᠤᠨ ᠦᠢᠯᠡᠳᠪᠦᠷᠢᠯᠡᠯ ᠡᠵᠡᠩᠨᠡᠯᠲᠡ ᠶᠢ ᠨᠢ ᠲᠦᠷᠭᠡᠬᠡᠨ ᠰᠡᠷᠭᠦᠭᠡᠵᠦ᠂ ᠳᠡᠭᠡᠳᠦ ᠳᠣᠣᠷᠠᠳᠤ ᠳᠠᠪᠬᠤᠷᠭ᠎ᠠ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠤᠨ ᠬᠡᠪᠴᠢᠶ᠎ᠡ ᠳᠤ ᠬᠦᠷᠦᠭᠦᠯᠬᠦ ᠶᠢ ᠠᠬᠢᠭᠤᠯᠵᠤ᠂ ᠠᠵᠤ ᠠᠬᠤᠶᠢᠯᠠᠯ ᠢ ᠪᠦᠬᠦ ᠬᠦᠴᠦ ᠪᠠᠷ ᠢᠶᠠᠨ ᠬᠠᠪᠰᠤᠷᠤᠨ ᠬᠢᠵᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠪᠠᠭ᠎ᠠ ᠪᠤᠯᠳᠠᠯ᠎ᠠ ᠪᠠᠭᠤᠷᠠᠭᠤᠯᠵᠤ᠂ ᠬᠢᠵᠢᠭ ᠤᠨ ᠪᠠᠶᠢᠳᠠᠯ ᠤᠨ ᠠᠵᠢᠯ ᠣᠯᠭᠤᠯᠲᠠ ᠳᠤ ᠦᠵᠡᠭᠦᠯᠬᠦ ᠨᠥᠯᠥᠭᠡ ᠶᠢ ᠬᠠᠮᠤᠭ ᠤᠨ ᠪᠠᠭ᠎ᠠ ᠪᠤᠯᠳᠠᠯ᠎ᠠ ᠪᠠᠭᠤᠷᠠᠭᠤᠯᠤᠨ᠂ ᠪᠦᠬᠦ ᠣᠷᠣᠨ ᠤ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃      ᠲᠣᠰ ᠤᠳᠠᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠰᠦᠯᠵᠢᠶ᠎ᠠ ᠪᠠᠷ ᠠᠵᠢᠯᠲᠠᠨ ᠡᠯᠰᠡᠬᠦ ᠰᠠᠷ᠎ᠠ ᠶᠢᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠎ ᠤ ᠲᠣᠰ ᠱᠠᠲᠤ ᠪᠠ 12 ᠠᠶᠢᠮᠠᠭ ᠬᠤᠲᠠ ᠳᠤ ᠵᠡᠷᠭᠡ ᠪᠠᠷ ᠶᠠᠪᠤᠭᠳᠠᠵᠠᠢ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ ᠬᠠᠷᠢᠭᠤᠴᠠᠯᠭᠠᠲᠠᠨ ᠵᠢᠴᠢ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ ᠤᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠡᠭᠡᠷ᠎ᠡ ᠲᠣᠰ ᠲᠤᠰ ᠦᠭᠡ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号