ᠥᠪᠥᠷ ᠮᠣᠩᠭᠤᠯ ᠤᠨ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 5 ᠳ᠋ᠤᠭᠠᠷ ᠰᠠᠷ᠎ᠠ ᠶᠢᠨ 7᠎ ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2020/4/29
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠠᠯᠪᠠᠨ ᠸᠢᠴᠠᠲ ᠠᠴᠠ ᠣᠶᠢᠯᠠᠭᠠᠭᠰᠠᠨ ᠢᠶᠠᠷ᠂ 2020 ᠣᠨ ᠤ ᠪᠥᠬᠦ ᠣᠷᠣᠨ ᠤ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ 5 ᠳ᠋ᠤᠭᠠᠷ ᠰᠠᠷ᠎ᠠ ᠶᠢᠨ 7᠎ ᠤ ᠡᠳᠦᠷ ᠤᠨ 9 ᠴᠠᠭ ᠠᠴᠠ 18᠎ ᠤ ᠡᠳᠦᠷ ᠤᠨ 18 ᠴᠠᠭ ᠪᠣᠯᠲᠠᠯ᠎ᠠ ᠶᠠᠪᠤᠭᠳᠠᠬᠤ ᠪᠣᠯᠣᠨ᠎ᠠ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠨᠢ ᠨᠡᠷ᠎ᠡ ᠮᠡᠳᠡᠭᠦᠯᠬᠦ ᠬᠤᠭᠤᠴᠠᠭᠠᠨ ᠳᠤ ᠡᠳᠦᠷ ᠪᠦᠷᠢ ᠎ ᠶᠢᠨ 7 ᠴᠠᠭ ~ 22 ᠴᠠᠭ ᠲᠤ  ᠨᠡᠭᠡᠭᠡᠭᠳᠡᠬᠦ ᠪᠣᠯᠬᠤᠷ ᠰᠢᠯᠭᠠᠭᠤᠯᠤᠭᠴᠢ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠎ ᠪᠠᠨ ᠮᠡᠳᠡᠭᠦᠯᠬᠦ ᠬᠡᠷᠡᠭᠲᠡᠢ᠂ ᠬᠤᠭᠤᠴᠠᠭ᠎ᠠ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠶᠳᠪᠦᠷᠢᠯᠡᠬᠦ ᠥᠬᠡᠶ᠃      ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠳᠤ 2020 ᠣᠨ ᠤ ᠪᠥᠬᠦ ᠣᠷᠣᠨ ᠤ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠎ ᠶᠢᠨ ᠬᠢᠷᠢ ᠬᠡᠮᠵᠢᠶ᠎ᠡ ᠶᠢᠨ ᠰᠢᠯᠭᠠᠯᠲᠠ︶᠂ ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠳᠤ ᠰᠢᠯᠭᠠᠭᠤᠯᠤᠭᠴᠢᠳ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷᠳᠠᠮ ᠢ ᠭᠦᠶᠴᠡᠳᠬᠡᠬᠦ ᠬᠡᠷᠡᠭᠲᠡᠶ᠃ ᠰᠢᠯᠭᠠᠭᠤᠯᠤᠭᠴᠢᠳ ᠲᠣᠭᠲᠠᠭᠰᠠᠨ ᠴᠠᠭ ᠲᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾᠎ ᠳᠤ ᠣᠷᠣᠵᠤ᠂ ︽2020 ᠣᠨ ᠤ ᠠᠩᠬ᠎ᠠ ᠳᠤᠮᠳᠠᠳᠤ ᠶᠢᠨ ᠰᠤᠷᠭᠠᠭᠤᠯᠢ ᠳᠠᠪᠰᠢᠬᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ︾᠎ ᠢ ᠲᠣᠪᠴᠢᠳᠠᠨ᠂ ᠲᠣᠰ ᠬᠥᠮᠦᠨ ᠤ ᠦᠨᠳᠦᠰᠦᠨ ᠮᠡᠳᠡᠭᠡ ᠵᠠᠩᠭᠢ ᠪᠠᠨ ᠣᠨᠣᠪᠴᠢᠲᠠᠶ ᠲᠠᠭᠯᠠᠨ ᠪᠢᠴᠢᠬᠦ ᠶᠢᠨ ᠬᠠᠮᠲᠤ ᠲᠣᠰ ᠬᠥᠮᠦᠨ ᠤ ᠬᠡᠷᠡᠯ ᠵᠢᠷᠤᠭ ᠢᠶᠠᠨ ᠳᠡᠪᠰᠢᠭᠦᠯᠦᠨ᠎ᠡ᠃ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠤᠳᠠᠲᠠᠢ ᠪᠠᠨ ᠨᠤᠲᠠᠯᠠᠭᠰᠠᠨ ᠤ ᠳᠠᠷᠠᠭ᠎ᠠ᠂ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾᠎ ᠶᠢ ᠥᠪᠡᠷᠲᠡᠭᠡᠨ ᠳᠠᠷᠤᠮᠠᠯᠯᠠᠨ᠎ᠠ᠃ ᠰᠢᠯᠭᠠᠭᠤᠯᠤᠭᠴᠢ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠨᠤᠲᠠᠯᠠᠬᠤ ᠬᠡᠷᠡᠭᠲᠡᠶ᠃ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠎ ᠶᠢᠨ ᠦᠨᠡᠮᠯᠡᠯ ᠢ ᠭᠦᠶᠴᠡᠳᠬᠡᠭᠰᠡᠨ ᠥᠬᠡᠶ ᠪᠤᠶᠤ ᠭᠡᠭᠡᠭᠰᠡᠨ ᠰᠢᠯᠭᠠᠭᠤᠯᠤᠭᠴᠢ ᠡᠷᠬᠡᠪᠰᠢ ᠲᠤᠬᠠᠶ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠤᠷᠢᠳᠴᠢᠯᠡᠨ ᠬᠦᠷᠴᠦ ᠭᠦᠶᠴᠡᠳᠬᠡᠬᠦ ᠬᠡᠷᠡᠭᠲᠡᠶ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠮᠦᠰ ᠤᠨ ᠴᠤᠭᠯᠠᠷᠠᠬᠤ ᠶᠢ ᠪᠠᠭᠠᠰᠬᠠᠬᠤ ᠶᠢ ᠰᠠᠶᠢᠲᠤᠷ ᠪᠠᠲᠤᠯᠠᠬᠤ ᠶᠢᠨ ᠲᠥᠯᠥᠭᠡ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾᠎ ᠶᠢ ᠠᠩᠭᠢ ᠪᠠᠷ ᠨᠢᠭᠡᠴᠢ ᠪᠣᠯᠭᠠᠨ ᠰᠤᠷᠭᠠᠭᠤᠯᠢ ᠳᠤ ᠲᠤᠰᠢᠶᠠᠵᠤ᠂ ᠰᠤᠷᠭᠠᠭᠤᠯᠢ ᠠᠴᠠ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠢᠭᠡᠳᠦᠯᠲᠡᠢ ᠲᠤᠰᠢᠶᠠᠵᠤ ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠨᠣᠲᠠᠯᠠᠭᠤᠯᠤᠨ᠎ᠠ︔ ᠨᠡᠶᠢᠭᠡᠮ ᠤᠨ ᠰᠢᠯᠭᠠᠭᠤᠯᠤᠭᠴᠢᠳ ᠬᠤᠪᠢ ᠬᠥᠮᠦᠨ ᠤ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾᠎ ᠪᠠᠨ ᠠᠪᠴᠤ ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠲᠤᠬᠠᠶ ᠶᠢᠨ ᠲᠠᠯᠠᠪᠤᠷ ᠲᠤ ᠮᠡᠳᠡᠭᠡ ᠵᠠᠩᠭᠢ ᠪᠠᠨ ᠨᠣᠲᠠᠯᠠᠭᠤᠯᠬᠤ ᠬᠡᠷᠡᠭᠲᠡᠶ᠃ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠨᠣᠲᠠᠯᠠᠭᠤᠯᠤᠭᠰᠠᠨ ᠤ ᠳᠠᠷᠠᠭ᠎ᠠ᠂ ᠰᠢᠯᠭᠠᠭᠤᠯᠤᠭᠴᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠨᠣᠮᠧᠷ᠂ ᠣᠪᠣᠭ ᠨᠡᠷ᠎ᠡ᠂ ᠦᠨᠳᠦᠰᠦᠲᠡᠨ ᠵᠡᠷᠭᠡ ᠶᠢᠨ ᠮᠡᠳᠡᠭᠡ ᠵᠠᠩᠭᠢ ᠪᠠᠨ ᠴᠥᠮ ᠥᠭᠡᠷᠡᠴᠢᠯᠡᠵᠦ ᠪᠣᠯᠬᠤ ᠥᠬᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号