ᠥᠪᠥᠷ ᠮᠣᠩᠭᠤᠯ ᠤᠨ ᠳᠡᠭᠡᠭᠰᠢ ᠮᠡᠳᠡᠭᠦᠯᠦᠭᠰᠡᠨ 64 ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠦᠷᠦᠯ ᠵᠦᠢᠯ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠬᠢᠨᠠᠨ ᠬᠠᠷᠭᠤᠭᠤᠯᠤᠯᠲᠠ ᠳᠤ ᠴᠦᠮ ᠬᠢᠷᠢ ᠲᠡᠩᠴᠡᠪᠡ
ᠨᠡᠶᠢᠲᠡᠯᠡᠭᠰᠡᠨ ᠴᠠᠭ᠄
2020/4/3
     ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ 2020 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠵᠢᠴᠢ ᠰᠢᠨ᠎ᠡ ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠎ ᠶᠢ ᠬᠡᠷᠡᠭᠵᠢᠭᠦᠯᠬᠦ ᠠᠴᠠ ᠡᠮᠦᠨ᠎ᠡ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ 64 ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠶ ᠨᠢ ᠣᠳᠣᠬᠠᠨ ᠳᠤ ᠴᠥᠮ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠢᠶᠠᠷ ᠬᠢᠨᠠᠨ ᠬᠠᠷᠭᠤᠭᠤᠯᠤᠭᠠᠳ᠂ 2.2 ᠲᠦᠮᠡ ᠭᠠᠷᠤᠢ ᠾᠧᠺᠲ᠋ᠠᠷ ︵33 ᠲᠦᠮᠡ ᠭᠠᠷᠤᠶ ᠮᠥ︶᠎ ᠲᠤ ᠬᠤᠯᠪᠣᠭᠳᠠᠵᠠᠶ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠦᠯᠡᠳᠡᠭᠡᠯ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢ ᠠᠮᠢᠳᠤᠯᠢᠭᠵᠢᠭᠤᠯᠤᠨ ᠰᠤᠯᠠᠯᠠᠨ ᠪᠤᠴᠠᠭᠠᠬᠤ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠭᠠᠵᠠᠷ ᠰᠢᠷᠣᠶ ᠶᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠴᠠ ᠨᠠᠭᠠᠰᠢ᠂ ᠪᠥᠬᠦ ᠰᠢᠰᠲ᠋ᠧᠮ ᠤᠨ ᠬᠢᠨ ᠬᠠᠮᠲᠤ ᠪᠠᠷ ᠴᠢᠷᠮᠠᠶᠢᠵᠤ᠂ ᠲᠥᠭᠵᠢᠷᠡᠯ ᠴᠡᠭ ᠢ ᠨᠡᠪᠲᠡᠷᠡᠭᠦᠯᠦᠨ᠂ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠣᠨᠴᠠᠭᠠᠶ ᠶᠠᠪᠤᠴᠠ ᠶᠢ ᠡᠬᠢᠯᠡᠭᠦᠯᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠮᠡᠳᠡᠭᠦᠯᠬᠦ ᠬᠤᠷᠳᠤᠴᠠ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠲᠠᠢ ᠴᠠᠭ ᠲᠤᠬᠠᠶ ᠳᠤ ᠨᠢ ᠨᠡᠪᠲᠡᠷᠡᠯᠴᠡᠨ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠲᠦᠢᠯ ᠤᠨ ᠣᠨᠣᠪᠴᠢᠲᠠᠶ ᠭᠠᠵᠠᠷ ᠬᠡᠷᠡᠭᠯᠡᠬᠦ ᠦᠢᠯᠡᠴᠢᠯᠡᠭᠡᠨ ᠤ ᠪᠠᠲᠤᠯᠠᠭ᠎ᠠ ᠬᠠᠩᠭᠠᠪᠠ᠃ ᠬᠢᠨᠠᠨ ᠵᠥᠪᠰᠢᠶᠡᠷᠡᠭᠦᠯᠦᠭᠰᠡᠨ 64 ᠲᠥᠷᠥᠯ ᠵᠦᠢᠯ ᠎ ᠨᠢ ᠴᠥᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠯᠠ ᠣᠷᠤᠭᠤᠯᠤᠯᠲᠠ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠂ ᠡᠭᠦᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ 27᠂ ᠨᠡᠭᠦᠷᠡᠰᠦᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ 17᠂ ᠲᠦᠩᠯᠢᠶᠣᠤ᠂ ᠤᠯᠠᠭᠠᠨᠬᠠᠳᠠ ᠶᠢᠨ ᠳᠡᠭᠡᠳᠦ ᠬᠤᠷᠳᠤᠴᠠᠲᠤ ᠲᠡᠮᠦᠷ ᠵᠠᠮ ᠵᠡᠷᠭᠡ ᠲᠡᠮᠦᠷ ᠵᠠᠮ ᠤᠨ ᠲᠥᠷᠥᠯ ᠵᠦᠢᠯ 13 ᠪᠠᠶᠢᠬᠤ ᠪᠦᠭᠡᠳ ᠴᠤᠤᠯ ᠭᠤᠤᠯ ᠢ ᠲᠠᠲᠠᠵᠤ ᠯᠢᠶᠣᠤ ᠾᠧ ᠭᠤᠣᠯ ᠳᠤ ᠴᠢᠳᠬᠤᠭᠤᠯᠬᠤ᠂ ᡁᠢ ᠷᠦᠢ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠥᠷᠥᠯ ᠵᠦᠢᠯ ᠳᠤ ᠬᠤᠯᠪᠣᠭᠳᠠᠵᠠᠶ᠃ ᠡᠲᠡᠭᠡᠷ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠬᠢᠨᠠᠨ ᠵᠥᠪᠰᠢᠶᠡᠷᠡᠪᠡᠯ ᠲᠦᠷᠦᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠢᠴᠢ ᠬᠤᠶᠢᠰᠢᠳᠠ ᠶᠢᠨ ᠪᠥᠲᠥᠭᠡᠨ ᠪᠠᠶᠢᠭᠤᠯᠤᠯᠲᠠ ᠶᠢ ᠡᠷᠴᠢᠮᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号