ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ ᠱᠢ ᠲᠠᠢ ᠹᠧᠩ ᠬᠤᠷᠠᠯ ᠳᠤ ᠣᠷᠣᠯᠴᠠᠵᠤ ᠲᠦᠷᠦᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠢ ᠵᠠᠷᠯᠠᠪᠠ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/4/30
     ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠎ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 4 ᠰᠠᠷ᠎ᠠ ᠶᠢᠨ 29 ᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠠᠶᠢᠴᠢᠯᠠᠯᠳᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠳᠠᠶᠢᠴᠢᠯᠠᠯᠲᠠ ᠶᠢᠨ ᠬᠤᠷᠠᠯ ᠳᠤ ᠣᠷᠣᠯᠴᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠦᠭᠰᠡᠨ ᠢ ᠵᠠᠷᠯᠠᠪᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠳᠠᠶᠢᠴᠢᠯᠠᠯᠲᠠ ᠶᠢᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠡᠷᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠥ ᠰᠡᠷᠭᠦᠭᠡᠬᠦ ᠨᠥᠬᠦᠴᠡᠯ ᠢ ᠰᠠᠶᠢᠲᠤᠷ ᠨᠠᠶᠢᠳᠠᠪᠤᠷᠢᠵᠢᠭᠤᠯᠤᠨ᠂ ᠴᠠᠭ ᠢ ᠠᠮᠵᠢᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠠᠩ ᠣᠯᠠᠨ ᠲᠥᠷᠥᠯ ᠵᠦᠢᠯ ᠢ ᠡᠨᠡ ᠵᠢᠯ ᠠᠵᠢᠯ ᠡᠬᠢᠯᠡᠭᠦᠯᠬᠦ ᠪᠤᠶᠤ ᠠᠰᠢᠡᠡᠯᠠᠯᠳᠠ ᠳᠤ ᠤᠷᠤᠭᠤᠯᠬᠤ ᠪᠠᠷ ᠴᠢᠷᠮᠠᠶᠢᠬᠤ ᠬᠡᠷᠡᠭᠲᠡᠶ᠃ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠲᠥᠯᠥᠪᠵᠢᠭᠦᠯᠬᠦ ᠪᠠ ᠨᠥᠭᠡᠴᠡᠯᠡᠵᠦ᠂ ︽ᠨᠢᠭᠡ ᠪᠦᠯᠦᠭ ᠢ ᠪᠠᠶᠢᠭᠤᠯᠵᠤ ᠳᠠᠭᠤᠰᠬᠠᠬᠤ ᠶᠢᠨ ᠵᠡᠷᠭᠡ ᠪᠠᠷ ᠨᠢᠭᠡ ᠪᠦᠯᠦᠭ ᠢ ᠪᠠᠶᠢᠭᠤᠯᠵᠤ ᠡᠬᠢᠯᠡᠨ᠂ ᠨᠢᠭᠡ ᠪᠦᠯᠦᠭ ᠢ ᠠᠵᠢᠯ ᠡᠬᠢᠯᠡᠭᠦᠯᠬᠦ ᠶᠢᠨ ᠵᠡᠷᠭᠡ ᠪᠠᠷ ᠨᠢᠭᠡ ᠪᠦᠯᠦᠭ ᠢ ᠨᠥᠭᠡᠴᠡᠯᠡᠵᠥ᠂ ᠨᠢᠭᠡ ᠪᠦᠯᠦᠭ ᠢ ᠤᠬᠠᠭᠠᠯᠠᠨ ᠲᠥᠯᠥᠪᠯᠡᠬᠦ︾᠎ ᠶᠢ ᠪᠡᠶᠡᠯᠡᠭᠦᠯᠵᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠶ ᠬᠡᠵᠥ ᠴᠢᠬᠤᠯᠠᠴᠢᠯᠠᠪᠠ᠃      ᠳᠠᠶᠢᠴᠢᠯᠠᠯᠲᠠ ᠶᠢᠨ ᠬᠤᠷᠠᠯ ᠳᠡᠭᠡᠷ᠎ᠡ᠂ ᠠᠷᠪᠠᠨ ᠬᠤᠶᠠᠷ ᠠᠶᠢᠮᠠᠭ ᠬᠤᠲᠠ ᠶᠢᠨ ᠬᠢᠨ 2020 ᠣᠨ ᠤ ᠴᠢᠬᠤᠯᠠ ᠶᠡᠭᠡ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃ ᠣᠶᠢᠯᠠᠭᠠᠭᠰᠠᠨ ᠢᠶᠠᠷ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠣᠳᠣᠬᠠᠨ ᠤ ᠠᠵᠤ ᠠᠬᠤᠶ ᠨᠡᠶᠢᠭᠡᠮ ᠳᠤ ᠵᠣᠬᠢᠬᠤ ᠲᠠᠭᠠᠷᠢᠯᠳᠠ ᠤᠴᠠᠷᠠᠭᠤᠯᠤᠭᠰᠠᠨ ᠪᠣᠯᠪᠠᠴᠤ ᠡᠯ᠎ᠡ ᠱᠠᠲᠤ ᠡᠯ᠎ᠡ ᠰᠠᠯᠠᠭ᠎ᠠ ᠮᠥᠴᠢᠷ ᠎ ᠤᠨ ᠬᠠᠮᠲᠤ ᠶᠢᠨ ᠴᠢᠷᠮᠠᠶᠢᠯᠭ᠎ᠠ ᠪᠠᠷ᠂ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠡᠷᠦᠩᠬᠡᠶ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠡᠨᠡ ᠵᠢᠯ ᠬᠡᠷᠡᠭᠵᠢᠭᠦᠯᠬᠦ ᠪᠠᠷ ᠲᠥᠯᠥᠪᠯᠡᠵᠦ ᠪᠠᠶᠢᠭ᠎ᠠ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠪᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ 3100 ᠭᠠᠷᠤᠶ ᠪᠠᠶᠢᠵᠤ᠂ ᠣᠳᠣᠬᠠᠨ ᠳᠤ 1600 ᠤᠷᠴᠢᠮ ᠨᠢ ᠨᠢᠭᠡᠨᠳᠡ ᠠᠵᠢᠯ ᠢᠶᠠᠨ ᠡᠬᠢᠯᠡᠭᠦᠯᠵᠤ ᠰᠡᠷᠭᠦᠭᠡᠨ᠂ ᠠᠵᠢᠯ ᠢᠶᠠᠨ ᠡᠬᠢᠯᠡᠭᠦᠯᠵᠤ ᠰᠡᠷᠭᠦᠭᠡᠭᠰᠡᠨ ᠨᠣᠷᠮ᠎ᠠ 52%᠎ ᠲᠤ ᠬᠦᠷᠴᠡᠶ᠃ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ 544 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠵᠢᠯ ᠳᠤ 2300 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠣᠲᠣ ᠨᠢᠭᠡᠨᠲᠡ ᠠᠵᠢᠯ ᠢᠶᠠᠨ ᠡᠬᠢᠯᠡᠬᠦᠯᠵᠥ ᠰᠡᠷᠬᠦᠬᠡᠭᠰᠡᠨ ᠨᠢ 332 ᠪᠠᠶᠢᠵᠥ᠂ ᠠᠵᠢᠯ ᠢᠶᠠᠨ ᠡᠬᠢᠯᠡᠭᠦᠯᠵᠤ ᠰᠡᠷᠭᠦᠭᠡᠭᠰᠡᠨ ᠨᠣᠷᠮ᠎ᠠ ᠨᠢ 61%᠎ ᠳᠤ ᠬᠦᠷᠴᠡᠶ᠃ ᠡᠲᠡᠭᠡᠷ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠭᠰᠡᠨ ᠨᠢ 2020 ᠣᠨ ᠤ ᠪᠥᠬᠦ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠰᠠᠭᠤᠷᠢ ᠲᠠᠯᠪᠢᠬᠤ ᠪᠣᠯᠤᠨ᠎ᠠ᠃      ᠳᠠᠷᠠᠭ᠎ᠠ ᠨᠢ ᠱᠢ ᠲᠠᠢ ᠹᠧᠩ᠂ ᠪᠦ᠋ ᠰᠢᠶᠤᠤ ᠯᠢᠨ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ ᠶᠢᠨ ᠲᠥᠷᠥᠯ ᠵᠦᠢᠯ ᠤᠨ ᠠᠵᠢᠯ ᠡᠬᠢᠯᠡᠬᠦᠯᠬᠦ ᠲᠤᠬᠠᠶ ᠶᠢᠨ ᠲᠠᠯᠠᠪᠤᠷ ᠲᠤ ᠬᠦᠷᠴᠦ᠂ ᠰᠠᠭᠤᠷᠢ ᠲᠠᠯᠪᠢᠬᠤ ᠶᠣᠰᠣᠯᠠᠯ ᠳᠤ ᠤᠷᠤᠯᠴᠠᠨ᠂ ᠬᠠᠮᠲᠤ ᠪᠠᠷ ᠰᠢᠷᠤᠢ ᠨᠡᠮᠡᠵᠦ ᠰᠠᠭᠤᠷᠢ ᠲᠠᠯᠪᠢᠭᠰᠠᠨ ᠪᠥᠭᠡᠳ ᠲᠥᠷᠥᠯ ᠵᠦᠢᠯ ᠵᠢᠴᠢ ᠪᠠᠷᠢᠯᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠶ᠃ ᠣᠶᠢᠯᠠᠭᠠᠭᠰᠠᠨ ᠢᠶᠠᠷ᠂ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ ᠪᠣᠯ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠪᠦᠳᠦᠬᠡᠨ ᠪᠠᠶᠢᠭᠤᠯᠵᠤ ᠪᠠᠶᠢᠭ᠎ᠠ ᠲᠥᠷᠥᠯ ᠵᠦᠢᠯ ᠎ ᠤᠨ ᠨᠢᠭᠡ ᠪᠠᠶᠢᠵᠥ᠂ ᠢᠯᠢ ᠪᠦᠯᠦᠭᠯᠡᠯ ᠤᠨ ᠪᠥᠬᠦ ᠳᠡᠯᠡᠬᠡᠢ ᠶᠢᠨ ᠬᠠᠮᠲᠤᠷᠠᠯᠴᠠᠭᠠᠨ ᠤ ᠬᠠᠨᠢᠲᠠᠨ ᠲᠠᠢ ᠪᠠᠨ ᠭᠠᠷ ᠬᠤᠯᠪᠣᠨ᠂ ᠲᠡᠷᠢᠭᠦᠨ ᠤ ᠰᠤᠳᠤᠯᠤᠨ ᠨᠡᠭᠡᠭᠡᠬᠦ ᠪᠠᠶᠢᠭᠤᠯᠤᠮᠵᠢ ᠳᠠᠭᠠᠨ ᠲᠦᠰᠢᠭᠯᠡᠨ᠂ ᠬᠥᠬᠡᠬᠤᠲᠠ ᠳᠤ ᠦᠨᠳᠦᠷ ᠭᠠᠷᠤᠭ᠎ᠠ ᠠᠴᠠ ᠲᠦᠯᠦᠪᠵᠢᠭᠦᠯᠦᠨ ᠪᠦᠲᠦᠭᠡᠨ ᠪᠠᠶᠢᠭᠤᠯᠬᠤ ᠣᠶᠤᠨᠴᠢ ᠦᠢᠯᠡᠳᠭᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ᠂ ᠠᠵᠤ ᠦᠢᠯᠡᠳᠪᠦᠷᠢ ᠶᠢᠨ ᠵᠢᠭᠤᠯᠴᠢᠯᠠᠯ᠂ ᠬᠤᠳᠠᠯᠳᠤᠭᠠᠨ ᠤ ᠢᠵᠢ ᠪᠦᠷᠢᠳᠦᠭᠦᠯᠦᠯᠲᠡ ᠶᠢ ᠨᠢᠭᠡ ᠴᠣᠭᠴᠠᠵᠢᠭᠤᠯᠤᠭᠰᠠᠨ ᠪᠥᠬᠦ ᠳᠡᠯᠡᠬᠡᠢ ᠶᠢᠨ ᠲᠡᠷᠢᠭᠦᠨ ᠤ ᠰᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠴᠣᠭᠴᠠ ᠪᠤᠯᠤᠨ᠎ᠠ᠃ ᠲᠣᠰ ᠲᠥᠷᠥᠯ ᠵᠦᠢᠯ ᠨᠢ ᠰᠦ ᠶᠢᠨ ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢᠶᠠᠷ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠳᠠᠶᠢᠴᠢᠯᠠᠵᠤ᠂ ᠠᠵᠤ ᠦᠢᠯᠡᠰ ᠤᠨ ᠪᠥᠬᠦ ᠲᠠᠯ᠎ᠠ ᠪᠠᠷ ᠲᠠᠰ ᠳᠡᠪᠰᠢᠬᠦ ᠶᠢ ᠠᠬᠢᠭᠤᠯᠤᠨ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠵᠤᠷᠢᠯᠳᠠ ᠪᠤᠯᠭᠠᠪᠠ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠬᠢᠨ ᠲᠤᠬᠠᠶ ᠶᠢᠨ ᠭᠠᠵᠠᠷ ᠎ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠬᠦ ᠲᠤᠬᠠᠶ ᠶᠢᠨ ᠲᠠᠯᠠᠪᠠᠶ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠮᠠ ᠰᠢᠤᠸᠠᠢ ᠵᠢᠶᠦ᠋ᠨ᠂ ᠵᠠᠩ ᠱᠣᠤ ᠴᠦᠨ᠂ ᠠᠶ ᠯᠢ ᠬᠤᠸᠠ ᠭᠤᠤᠯ ᠬᠤᠷᠠᠯ ᠤᠨ ᠲᠠᠯᠠᠪᠠᠶ ᠳᠤ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号