ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠲᠥᠷᠥᠯ ᠵᠦᠶᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2020/4/30
     4 ᠳ᠋ᠦ᠋ᠭᠡᠷ ᠰᠠᠷ᠎ᠠ ᠶᠢᠨ 27᠎ ᠤ ᠡᠳᠦᠷ᠂ ᠠᠵᠢᠯᠲᠠᠳ ᠬᠥᠬᠡᠬᠤᠲᠠ ᠶᠢᠨ ᠲᠣᠭᠲᠠᠬᠤ ᠰᠢᠶᠠᠨ ᠤ ᠥᠪᠥᠷ ᠮᠣᠩᠭᠤᠯ ᠤᠨ ᠵᠢᠤ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠳᠡᠭᠦᠵᠢᠯᠡᠨ ᠤᠭᠰᠠᠷᠠᠬᠤ ᠠᠵᠢᠯ ᠬᠢᠵᠦ ᠪᠤᠢ᠃ ᠲᠣᠰ ᠲᠥᠷᠥᠯ ᠵᠦᠶᠯ ᠨᠢ ᠬᠥᠬᠡᠬᠤᠲᠠ ᠎ ᠶᠢᠨ ᠴᠢᠬᠤᠯᠠ ᠶᠡᠭᠡ ᠠᠵᠤ ᠦᠶᠯᠡᠳᠪᠦᠷᠢ ᠶᠢᠨ ᠲᠥᠷᠥᠯ ᠵᠦᠶᠯ ᠳᠤ ᠬᠠᠷᠢᠶᠠᠯᠠᠭᠳᠠᠵᠤ᠂ ᠶᠡᠷᠦᠩᠬᠡᠶ ᠪᠠᠯᠠ ᠣᠷᠣᠭᠤᠯᠤᠯᠲᠠ ᠨᠢ 117.8 ᠳ᠋ᠦᠩᠰᠢᠭᠤᠷ ᠲᠥᠭᠦᠷᠢᠭ ᠪᠠᠶᠢᠵᠤ᠂ 2020 ᠣᠨ ᠤ ᠡᠴᠦᠰ ᠢᠶᠠᠷ ᠲᠤᠷᠰᠢᠨ ᠠᠵᠢᠯᠯᠠᠭᠤᠯᠵᠤ᠂ 2021 ᠣᠨ ᠳᠤ ᠵᠢᠩᠬᠢᠨᠢ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠎ ᠪᠠᠷ ᠲᠥᠯᠥᠪᠯᠡᠵᠦ ᠪᠣᠶ᠃ ᠠᠵᠢᠯ ᠰᠡᠷᠭᠦᠭᠡᠭᠰᠡᠨ ᠠᠴᠠ ᠨᠠᠭᠠᠰᠢ᠂ ᠲᠣᠰ ᠺᠣᠮᠫᠠᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠠᠳᠬᠤᠭᠰᠠᠨ ᠤᠷᠢᠲᠠᠯ ᠳᠣᠤᠷ᠎ᠠ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号