4 ᠰᠠᠷ ᠶᠢᠨ 3 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ | ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠮᠳᠤᠷᠠᠭᠰᠠᠠ ᠬᠤᠷᠡᠯ ᠤᠨ ᠭᠤᠷᠪᠠᠳᠤᠭᠠᠷ ᠤᠳᠠᠭ᠎ᠠ ᠶᠢᠨ ᠪᠦᠬᠦᠳᠡ ᠬᠤᠷᠠᠯ ᠢ | ᠡᠷᠬᠢᠯᠡᠨ ᠬᠤᠷᠡᠯᠳᠤᠭᠤᠯᠵᠥ᠂ ᠪᠦᠬᠦ ᠤᠷᠤᠨ ᠤ ᠤᠳᠤᠬᠠᠨ ᠤ ᠵᠠᠬᠢᠳᠠᠯ ᠰᠤᠷᠪᠤᠯᠵᠢᠯᠠᠯ ᠤᠨ ᠪᠠᠶᠢᠳᠠᠯ ᠢ ᠵᠠᠳᠠᠯᠵᠥ | ᠰᠤᠳᠤᠯᠤᠨ ᠮᠠᠭᠠᠳᠯᠠᠵᠥ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ | ᠶᠢᠨ ᠬᠤᠷᠢᠶᠡᠨ ᠤ ᠱᠦᠵᠢ ᠯᠢᠨ ᠱᠤᠤ ᠴᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠥ ᠶᠠᠩ | ᠰᠢᠶᠤᠤ ᠬᠤᠢ᠂ ᠡᡁᠧᠩ ᠰᠢᠶᠤᠤ ᠹᠠᠨ ᠬᠤᠷᠡᠯ ᠳᠤ ᠤᠷᠤᠯᠴᠠᠵᠠᠢ᠃ | | | | | ᠪᠦ᠋ ᠰᠢᠶᠤᠤ ᠯᠢᠨ᠂ ᠵᠠᠬᠢᠳᠠᠯ ᠰᠤᠷᠪᠤᠯᠵᠢᠯᠠᠯ ᠤᠨ ᠠᠵᠢᠯ ᠪᠤᠯ ᠨᠠᠮ ᠪᠤᠯᠤᠨ ᠵᠠᠰᠠᠭ ᠤᠨ ᠤᠷᠳᠤᠨ ᠤ ᠤᠯᠠᠨ | ᠲᠦᠮᠡᠨ ᠲᠠᠢ ᠨᠢᠬᠳᠠ ᠬᠠᠷᠢᠯᠴᠠᠬᠤ ᠬᠦᠬᠦᠷᠬᠡ ᠬᠤᠯᠪᠤᠭᠠᠰᠤ ᠮᠥᠨ᠃ ᠡᠯ᠎ᠡ ᠱᠠᠳᠤ ᠡᠯ᠎ᠡ ᠰᠠᠯᠠᠭ᠎ᠠ ᠮᠦᠴᠢᠷ | ᠤᠨ ᠬᠢᠨ ᠤᠬᠠᠮᠰᠠᠷ ᠠᠴᠠ ᠪᠠᠨ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶᠡᠨ | ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠬᠡᠳᠤᠯᠳᠡᠢ ᠪᠠᠶᠢᠵᠥ᠂ ᠤᠬᠠᠮᠰᠠᠷ ᠠᠴᠠ ᠪᠠᠨ ᠠᠷᠠᠳ ᠲᠦᠮᠡᠨ | ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠵᠠᠬᠢᠳᠠᠯ ᠰᠤᠷᠪᠤᠯᠵᠢᠯᠠᠯ ᠤᠨ ᠠᠵᠢᠯ ᠤᠨ ᠡᠯ᠎ᠡ ᠲᠡᠯ᠎ᠡ᠂ | ᠪᠦᠬᠦ ᠶᠠᠪᠤᠴᠠ ᠳᠤ ᠲᠤᠭᠤᠰᠢᠯᠠᠭᠤᠯᠵᠥ᠂ ᠬᠠᠶᠢᠷ᠎ᠠ ᠰᠡᠳᠬᠢᠯᠬᠡ ᠪᠤᠯᠤᠨ ᠬᠠᠷᠢᠭᠤᠴᠠᠯᠭ᠎ᠠ ᠶᠢ ᠡᠪᠤᠷᠯᠡᠨ ᠤᠯᠠᠨ | ᠲᠦᠮᠡᠨ ᠤ ᠲᠤᠰᠬᠠᠭᠰᠠᠠ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠠᠶᠢᠳᠤᠷ ᠰᠢᠢᠳᠪᠤᠷᠢᠯᠡᠵᠥ᠂ ᠠᠷᠠᠳ ᠤᠯᠠᠨ | ᠤ ᠦᠨᠳᠦᠰᠦᠨ ᠠᠰᠢᠬ ᠲᠤᠰᠠ ᠶᠢ ᠰᠠᠶᠢᠳᠤᠷ ᠪᠡᠶᠡᠯᠡᠬᠦᠯᠵᠥ ᠰᠠᠶᠢᠳᠤᠷ ᠬᠠᠮᠠᠭᠠᠯᠠᠨ ᠰᠠᠶᠢᠳᠤᠷ ᠬᠦᠭᠵᠢᠬᠦᠯᠬᠦ ᠬᠡᠷᠡᠭᠳᠡᠢ | ᠬᠡᠵᠥ ᠵᠢᠭᠠᠵᠥ ᠭᠠᠷᠭᠠᠪᠠ᠃ | ᠪᠦ᠋ ᠰᠢᠶᠤᠤ ᠯᠢᠨ᠂ ᠤᠳᠤᠬᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠳᠠᠯ ᠪᠤᠯᠤᠨ ᠡᠬᠦᠷᠬᠡ ᠶᠢ | ᠤᠨᠤᠪᠴᠢᠳᠠᠢ ᠡᠵᠡᠮᠳᠡᠨ᠂ ᠰᠠᠨᠠᠭᠠᠰᠢᠷᠠᠨ ᠵᠤᠪᠠᠨᠢᠬᠤ ᠤᠬᠠᠮᠰᠠᠷ ᠢᠶᠠᠨ ᠦᠨᠡᠨ ᠬᠦ ᠲᠡᠭᠡᠭᠰᠢᠯᠡᠬᠦᠯᠵᠥ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠳᠤ ᠪᠤᠢ ᠪᠤᠯᠭᠠᠨ᠂ ᠡᠯ᠎ᠡ ᠲᠦᠷᠦᠯ ᠤᠨ ᠠᠶᠤᠯ ᠲᠦᠭᠰᠢᠬᠦᠷᠢ ᠬᠡᠮ ᠰᠤᠭᠤᠭ ᠢ | ᠡᠷᠳᠡ ᠠᠴᠠ ᠰᠤᠳᠤᠯᠤᠨ ᠮᠠᠭᠠᠳᠯᠠᠬᠤ ᠬᠡᠷᠡᠭᠳᠡᠢ᠃ ᠮᠤᠵᠢ ᠶᠢᠨ ᠱᠠᠳᠤᠨ ᠤ ᠤᠳᠤᠷᠢᠳᠤᠯᠭ᠎ᠠ ᠭᠡᠷᠡᠭ ᠢ | ᠲᠠᠭᠠᠭᠠᠴᠢᠯᠠᠬᠤ ᠠᠵᠢᠯ ᠢ ᠦᠷᠬᠦᠯᠵᠢᠯᠡᠨ ᠪᠠᠷᠢᠮᠳᠠᠯᠠᠨ ᠲᠡᠬᠦᠯᠳᠡᠷᠵᠢᠬᠦᠯᠵᠤ᠂ ᠡᠯ᠎ᠡ ᠱᠠᠳᠤᠨ ᠤ ᠤᠳᠤᠷᠢᠳᠬᠤ | ᠺᠠᠳ᠋ᠷᠴᠤᠳ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠬᠤᠯᠪᠤᠬᠳᠠᠯ ᠪᠦᠬᠦᠢ ᠵᠠᠬᠢᠳᠡᠯ ᠰᠤᠷᠪᠤᠯᠵᠢᠯᠠᠯ ᠤᠨ ᠠᠰᠠᠭᠤᠳᠠᠯ | ᠢ ᠪᠡᠶ᠎ᠡ ᠪᠠᠷ ᠢᠶᠠᠨ ᠰᠤᠳᠤᠯᠤᠨ ᠰᠢᠢᠳᠪᠤᠷᠢᠯᠡᠬᠦ ᠭᠡᠷᠡᠭᠳᠠᠢ᠃ ᠡᠯ᠎ᠡ ᠱᠠᠳᠤᠨ ᠤ ᠬᠠᠮᠳᠤᠷᠠᠬᠰᠡᠨ ᠬᠤᠷᠠᠯ ᠤᠨ ᠵᠦᠪᠳᠡᠬᠦ | ᠲᠤᠬᠳᠠᠴᠠ ᠶᠢ ᠴᠢᠨᠠᠬᠰᠢᠳᠠ ᠲᠡᠬᠦᠯᠳᠡᠷᠵᠢᠬᠦᠯᠤᠨ᠂ ᠵᠠᠬᠢᠳᠡᠯ ᠰᠤᠷᠪᠤᠯᠵᠢᠯᠠᠯ ᠤᠨ ᠪᠠᠶᠢᠳᠠᠯ ᠢ ᠲᠤᠬᠳᠠᠬᠰᠡᠨ | ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠬᠠᠷᠢᠶ᠎ᠡ ᠭᠠᠵᠠᠷ ᠤᠨ ᠬᠠᠷᠢᠭᠤᠴᠠᠯᠭ᠎ᠠ᠂ ᠤᠳᠤᠷᠢᠳᠬᠤ | ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠠᠷᠢᠭᠤᠴᠠᠯᠭ᠎ᠠ᠂ ᠠᠩᠬ᠎ᠠ ᠬᠦᠯᠢᠶᠠᠨ ᠠᠪᠴᠦ ᠠᠩᠬ᠎ᠠ ᠰᠢᠢᠳᠪᠤᠷᠢᠯᠡᠬᠦ | ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠲᠤᠪᠤᠶᠢᠮ᠎ᠡ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ᠃ ᠵᠠᠬᠢᠳᠠᠯ | ᠰᠤᠷᠪᠤᠯᠵᠢᠯᠠᠯ ᠤᠨ ᠠᠵᠢᠯ ᠤᠨ ᠺᠠᠳ᠋ᠷᠴᠤᠳ ᠢ ᠬᠠᠯᠠᠮᠵᠢᠯᠠᠨ ᠬᠠᠶᠢᠷᠠᠯᠠᠵᠤ᠂ ᠤᠷᠮᠠᠰᠢᠭᠤᠯᠤᠨ ᠵᠤᠷᠢᠬᠵᠢᠭᠤᠯᠬᠤ | ᠪᠠᠳᠤᠯᠠᠭ᠎ᠠ ᠶᠢᠨ ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠤ᠂ ᠵᠠᠬᠢᠳᠠᠯ ᠰᠤᠷᠪᠤᠯᠵᠢᠯᠠᠯ ᠤᠨ ᠺᠠᠳ᠋ᠷ ᠤᠨ | ᠡᠩᠨᠡᠭᠡ ᠶᠢᠨ ᠴᠢᠳᠠᠪᠤᠷᠢ ᠬᠡᠪ ᠪᠤᠯᠪᠠᠰᠤᠷᠠᠯ ᠢ ᠲᠡᠭᠡᠭᠰᠢᠯᠡᠬᠦᠯᠤᠨ᠂ ᠵᠠᠬᠢᠳᠠᠯ ᠰᠤᠷᠪᠤᠯᠵᠢᠯᠠᠯ ᠤᠨ ᠺᠠᠳ᠋ᠷ ᠤᠨ ᠡᠩᠨᠡᠭᠡᠨ | ᠤ ᠠᠮᠢᠵᠢᠷᠠᠯ ᠤᠨ ᠬᠦᠴᠤᠨ ᠪᠤᠯᠤᠨ ᠠᠵᠢᠯ ᠤᠨ ᠢᠳᠡᠪᠬᠢᠵᠢᠯ ᠢ ᠬᠦᠭᠵᠢᠭᠡᠬᠦ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ ᠪᠦᠬᠦ ᠤᠷᠤᠨ ᠤ 2019 ᠣᠨ ᠵᠢᠴᠢ 2020 ᠣᠨ ᠤ ᠲᠦᠷᠦᠬᠦᠤ ᠤᠯᠠᠷᠢᠯ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠪᠠᠶᠢᠳᠠᠯ ᠢ ᠵᠠᠷᠯᠡᠨ ᠮᠡᠳᠡᠭᠳᠡᠵᠤ᠂ ︽ᠦᠪᠡᠷᠳᠡᠭᠡᠨ ᠵᠠᠰᠬᠠᠤ ᠤᠷᠤᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠮᠳᠤᠷᠠᠬᠰᠡᠨ ᠬᠤᠷᠠᠯ ᠤᠨ ᠠᠵᠢᠯ ᠤᠨ ᠲᠦᠷᠢᠮ︾᠂ ︽ᠦᠪᠡᠷᠳᠡᠭᠡᠨ ᠵᠠᠰᠠᠬᠤ | ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠳᠤᠷᠠᠬᠰᠡᠨ ᠬᠤᠷᠠᠯ ᠤᠨ 2020 ᠣᠨ ᠤ ᠠᠵᠢᠯ ᠤᠨ | ᠭᠤᠤᠯᠳᠠᠯᠭ᠎ᠠ︾᠂ ︽2020 ᠣᠨ ᠤ ᠦᠪᠡᠷᠳᠡᠭᠡᠨ ᠵᠠᠰᠠᠬᠤ ᠤᠷᠤᠨ ᠤ ᠮᠤᠵᠢ ᠶᠢᠨ ᠱᠠᠳᠤᠨ ᠤ ᠤᠳᠤᠷᠢᠳᠤᠯᠭ᠎ᠠ | ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠠᠭᠠᠭᠠᠴᠢᠯᠠᠵᠤ ᠱᠠᠯᠠᠪᠳᠠᠭᠤᠯᠤᠨ ᠪᠠᠶᠢᠴᠠᠭᠠᠵᠤ | ᠰᠢᠢᠳᠪᠤᠷᠢᠯᠡᠬᠦ ᠠᠵᠢᠯ ᠤᠨ ᠲᠦᠰᠦᠯ︾ ᠵᠢᠴᠢ ︽ᠦᠪᠡᠷᠳᠡᠭᠡᠨ ᠵᠠᠰᠠᠬᠤ ᠤᠷᠤᠨ ᠤ ᠮᠤᠵᠢ ᠶᠢᠨ ᠱᠠᠳᠤᠨ ᠤ | ᠤᠳᠤᠷᠢᠳᠤᠯᠭ᠎ᠠ ᠤᠯᠠᠨ ᠲᠦᠮᠡᠨ ᠤ ᠰᠤᠷᠪᠤᠯᠵᠢᠯᠠᠯ ᠵᠠᠭᠠᠯᠳᠤᠯᠭ᠎ᠠ ᠶᠢ ᠬᠦᠯᠢᠶᠠᠨ ᠠᠪᠬᠤ ᠠᠵᠢᠯ ᠤᠨ ᠲᠤᠬᠠᠢ | ᠭᠡᠷᠡᠭᠵᠢᠬᠦᠯᠬᠦ ᠰᠠᠨᠠᠯ︾ ᠢ ᠬᠢᠨᠠᠨ ᠵᠦᠪᠯᠡᠵᠤ ᠪᠠᠳᠤᠯᠠᠪᠠ᠃ ᠡᠸᠤ ᠶᠠᠩ ᠰᠢᠶᠤᠤ ᠬᠤᠢ ᠡᠨᠡ ᠵᠢᠯ ᠤᠨ ᠪᠦᠬᠦ ᠤᠷᠤᠨ | ᠤ ᠵᠠᠬᠢᠳᠠᠯ ᠰᠤᠷᠪᠤᠯᠵᠢᠯᠠᠯ ᠤᠨ ᠠᠵᠢᠯ ᠳᠤ ᠪᠤᠳᠠᠳᠠᠢ ᠪᠠᠶᠢᠷᠢᠯᠠᠭᠤᠯᠤᠯᠳᠠ ᠬᠢᠵᠠᠢ᠃ | ᠦᠪᠡᠷᠳᠡᠭᠡᠨ ᠵᠠᠰᠠᠬᠤ ᠤᠷᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠳᠤᠷᠠᠬᠰᠡᠨ ᠬᠤᠷᠠᠯ ᠤᠨ | ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃ |