2019 ᠣᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠡᠬᠢᠯᠡᠭᠰᠡᠨ ᠠᠴᠠ ᠨᠠᠭᠠᠰᠢ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠢᠨᠠᠮᠠᠭᠠᠶ | ᠪᠠᠶᠢᠷᠢᠯᠠᠭᠤᠯᠵᠤ᠂ ᠴᠠᠭ ᠲᠤᠬᠠᠶ ᠳᠤ ᠨᠢ ᠵᠢᠯᠣᠭᠤᠳᠬᠤ ᠪᠠ ᠰᠢᠮᠳᠠᠭᠤᠯᠤᠨ ᠰᠢᠢᠳᠪᠦᠷᠢᠯᠡᠭᠦᠯᠵᠦ᠂ ᠪᠠᠶᠢᠴᠠᠭᠠᠬᠤ | ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | ᠨᠠᠮᠤᠷ ᠤᠨ ᠠᠮᠤ ᠪᠤᠳᠠᠭ᠎ᠠ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ | ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠣᠪᠴᠢᠶ᠎ᠠ ᠶᠢᠨ ᠤᠳᠤᠷᠢᠳᠤᠯᠭ᠎ᠠ ᠠᠴᠠ | ᠠᠩᠭᠢ ᠳᠠᠭᠠᠭᠤᠯᠤᠨ ︽ᠬᠤᠶᠠᠷ ᠲᠠᠰᠢᠷᠠᠮ︾ ᠤᠨ ᠬᠡᠯᠪᠡᠷᠢ ᠪᠠᠷ ᠪᠥᠬᠦ ᠣᠷᠣᠨ ᠤ ᠡᠯ᠎ᠡ ᠭᠠᠵᠠᠷ ᠲᠤ ᠬᠦᠷᠴᠦ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠲᠤᠰᠬᠠᠶ ᠵᠦᠢᠯ ᠢᠶᠠᠷ ᠪᠠᠶᠢᠴᠠᠭᠠᠵᠤ ᠰᠢᠮᠳᠠᠭᠤᠯᠤᠨ ᠵᠢᠯᠣᠭᠤᠳᠪᠠ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠰᠠᠯᠠᠭ᠎ᠠ | ᠮᠦᠴᠢᠷ ᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠯᠪᠡᠷᠢ ᠠᠪᠴᠤ | ᠪᠠᠶᠢᠭᠠᠳ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ | ᠶᠠᠪᠤᠴᠠ ᠳᠤ ᠲᠣᠬᠢᠶᠠᠯᠳᠤᠭᠰᠠᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠦᠨ | ᠰᠢᠢᠳᠪᠦᠷᠢᠯᠡᠵᠦ᠂ ᠪᠦᠬᠦ ᠣᠷᠣᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ | ᠲᠣᠭᠲᠠᠭᠤᠨ ᠢ ᠪᠠᠲᠤᠯᠠᠪᠠ᠃ ᠰᠦᠪᠡᠭᠴᠢ ᠶᠢ ᠰᠢᠢᠳᠪᠦᠷᠢᠯᠡᠬᠦ ᠪᠠᠨ ᠲᠦᠷᠭᠡᠳᠬᠡᠵᠦ᠂ ᠵᠥᠷᠢᠴᠡᠯ ᠢ ᠰᠡᠷᠭᠡᠶᠢᠯᠡᠨ | ᠠᠷᠢᠯᠭᠠᠪᠠ᠃ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ ᠬᠤᠯᠪᠣᠭᠳᠠᠬᠤ ᠠᠰᠠᠭᠤᠳᠠᠯ ᠤᠨ ᠰᠦᠪᠡᠭᠴᠢ ᠶᠢ | ᠪᠠᠶᠢᠴᠠᠭᠠᠨ ᠬᠠᠷᠭᠤᠭᠤᠯᠬᠤ ᠬᠤᠷᠳᠤᠴᠠ ᠶᠢ ᠦᠨᠡᠨ ᠬᠦ ᠲᠦᠷᠭᠡᠳᠬᠡᠨ᠂ ᠠᠮᠤ ᠪᠤᠳᠠᠭ᠎ᠠ ᠬᠤᠳᠠᠯᠳᠤᠬᠤ | ᠲᠠᠷᠢᠶᠠᠴᠢᠳ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠡᠩ ᠲᠡᠷᠢᠭᠦᠨ ᠳᠤ ᠰᠢᠢᠳᠪᠦᠷᠢᠯᠡᠵᠦ᠂ ᠲᠠᠷᠢᠶᠠᠴᠢᠳ ᠤᠨ | ᠠᠰᠢᠭ ᠲᠤᠰᠠ ᠶᠢ ᠦᠨᠡᠨ ᠬᠦ ᠬᠠᠮᠠᠭᠠᠯᠠᠵᠤ ᠪᠠᠶᠢᠨ᠎ᠠ᠃ ᠡᠨᠡ ᠤᠳᠠᠭᠠᠨ ᠤ ᠲᠤᠰᠬᠠᠢ ᠪᠠᠶᠢᠴᠠᠭᠠᠯᠲᠠ ᠪᠥᠬᠦ | ᠣᠷᠣᠨ ᠳᠤ ᠨᠡᠶᠢᠲᠡ 1674 ᠬᠥᠮᠦᠨ ︵ᠤᠳᠠᠭ᠎ᠠ︶ ᠣᠷᠤᠯᠴᠠᠨ᠂ 444 ᠤᠳᠠᠭ᠎ᠠ ᠪᠠᠶᠢᠴᠠᠭᠠᠯᠲᠠ ᠬᠢᠵᠦ᠂ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ 1199 ᠡᠵᠡᠩᠨᠡᠭᠴᠢ᠂ 54.4 ᠲᠦᠮᠡᠨ ᠲᠣᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ᠂ 1077.4 ᠲᠦᠮᠡᠨ ᠲᠣᠨ ᠲᠠᠸᠠᠷ ᠤᠨ ᠠᠮᠤ ᠪᠤᠳᠠᠭ᠎ᠠ ᠶᠢ ᠪᠠᠶᠢᠴᠠᠭᠠᠵᠤ᠂ | 104 ᠵᠦᠢᠯ ᠢ ᠨᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ᠂ 1 ᠵᠦᠢᠯ ᠳᠤ ᠵᠠᠰᠠᠭ ᠵᠠᠬᠢᠷᠭᠠᠨ ᠤ | ᠰᠢᠳᠬᠡᠯ ᠣᠯᠭᠤᠪᠠ᠃ |