ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠯᠠ | ᠣᠷᠣᠭᠤᠯᠤᠯᠲᠠ ᠶᠢᠨ ᠶᠡᠷᠦᠩᠬᠡᠢ ᠲᠤᠭ᠎ᠠ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠦᠷᠭᠦᠯᠵᠢᠯᠡᠨ | ᠪᠠᠶᠢᠭᠤᠯᠬᠤ 10 ᠴᠢᠬᠤᠯᠠ ᠶᠡᠭᠡ ᠲᠥᠷᠥᠯ ᠵᠦᠶᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ ᠰᠡᠷᠭᠦᠭᠡᠪᠡ᠃ | ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ | ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠨᠢ ᠠᠵᠤ | ᠠᠬᠤᠶᠢᠯᠠᠯ ᠤᠳ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ᠂ ᠬᠡᠪ ᠤᠨ ᠦᠢᠯᠡᠳᠪᠦᠷᠢᠯᠡᠯ | ᠡᠵᠡᠩᠨᠡᠯᠲᠡ ᠶᠢᠨ ᠡᠮᠬᠢ ᠳᠢᠭᠯᠢᠮ ᠢ ᠰᠡᠷᠭᠦᠭᠡᠬᠦ ᠶᠢ ᠲᠦᠷᠭᠡᠳᠬᠡᠨ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ | ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠤᠳᠤᠷᠢᠳᠬᠤ ᠳᠣᠭᠤᠶᠢᠯᠠᠩ ᠪᠣᠯᠤᠨ ᠵᠢᠯᠣᠭᠤᠳᠬᠤ ᠭᠠᠵᠠᠷ ᠤᠨ ᠠᠯᠢ ᠣᠯᠠᠨ ᠠᠵᠢᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠶᠯ | ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠢᠯᠡᠳᠲᠡ ᠦᠷ᠎ᠡ ᠪᠦᠲᠦᠮᠵᠢ | ᠤᠯᠪᠠ᠃ 3 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠪᠠᠯᠠ ᠣᠷᠣᠭᠤᠯᠣᠯᠲᠠ ᠶᠢᠨ ᠶᠡᠷᠦᠩᠬᠡᠶ ᠲᠤᠭ᠎ᠠ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠵᠡᠭᠦᠨ | ᠰᠦᠨᠢᠳ ᠬᠤᠰᠢᠭᠤᠨ ᠤ ᠪᠠᠶᠠᠨᠬᠠᠩᠭᠠᠶ ᠶᠢᠨ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠦᠶᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2×66 ᠲᠦᠮᠡᠨ ᠺᠢᠯᠣᠸᠠᠲ ᠤᠨ | ᠴᠠᠬᠢᠯᠭᠠᠨ ᠤ ᠦᠶᠯᠡᠳᠪᠦᠷᠢ ᠶᠢᠨ ᠲᠥᠷᠥᠯ ᠵᠦᠶᠯ᠂ ᠴᠤᠤᠯ ᠭᠤᠤᠯ ᠤᠨ ᠤᠰᠤ ᠶᠢ ᠵᠠᠯᠠᠵᠤ ᠯᠢᠶᠣᠤ ᠾᠧ ᠭᠤᠤᠯ ᠳᠤ | ᠨᠡᠮᠡᠷᠢᠯᠡᠬᠦ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠶᠯ᠂ ᠪᠣᠭᠤᠲᠣ ᠬᠤᠲᠠ ᠠᠴᠠ ᠮᠤᠤᠮᠢᠩ | ᠬᠤᠲᠠ ᠳᠤ ᠬᠦᠷᠬᠦ ᠳᠡᠭᠡᠳᠦ ᠬᠤᠷᠳᠣ ᠶᠢᠨ ᠵᠠᠰᠠᠮᠠᠯ ᠵᠠᠮ ᠤᠨ ᠪᠤᠭᠤᠲᠤ ᠠᠴᠠ ᠳ᠋ᠦᠩᠱᠧᠩ ᠬᠥᠷᠬᠦ ᠬᠡᠰᠡᠭ ᠢ | ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠶᠯ ᠵᠡᠷᠭᠡ ᠦᠷᠭᠦᠯᠵᠢᠯᠡᠨ ᠪᠠᠶᠢᠭᠤᠯᠬᠤ 10 ᠴᠢᠬᠤᠯᠠ ᠶᠡᠭᠡ | ᠲᠥᠷᠥᠯ ᠵᠦᠶᠯ ᠢ ᠪᠦᠬᠦᠨ ᠢ ᠲᠠᠯᠠᠪᠠᠢ ᠳᠤ ᠣᠷᠣᠭᠤᠯᠤᠨ ᠪᠠᠷᠢᠯᠭ᠎ᠠ ᠡᠬᠢᠯᠡᠭᠦᠯᠵᠦ᠂ ᠲᠥᠷᠥᠯ ᠵᠦᠶᠯ ᠤᠨ ᠶᠡᠷᠦᠩᠬᠡᠶ | ᠪᠠᠯᠠ ᠣᠷᠣᠭᠤᠯᠤᠯᠲᠠ ᠨᠢ 533.8 ᠳ᠋ᠦᠩᠰᠢᠭᠤᠷ ᠲᠥᠭᠦᠷᠢᠭ ᠲᠤ ᠬᠦᠷᠴᠦ᠂ ᠡᠨᠡ ᠵᠢᠯ 71.1 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | | |