ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠶᠯᠭᠡᠭᠡᠨ ᠤ ᠠᠵᠢᠯ ᠤᠨ ᠠᠯᠪᠠᠨ ᠬᠡᠷ ᠠᠴᠠ | ᠣᠶᠢᠯᠠᠭᠠᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠮᠥᠩᠭᠦᠨ ᠭᠦᠶᠯᠭᠡᠭᠡᠨ ᠤ ᠪᠠᠶᠢᠭᠤᠯᠤᠮᠵᠢ | ᠢᠳᠡᠪᠬᠢᠲᠡᠶ ᠪᠠᠷ ᠠᠷᠭᠠᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ | ᠠᠬᠤᠶᠢᠯᠠᠯ ᠢ ᠲᠤᠶᠢᠯ ᠤᠨ ᠣᠨᠣᠪᠴᠢᠲᠠᠶ ᠪᠠᠷ ᠳᠡᠮᠵᠢᠵᠦ᠂ ᠠᠵᠤ ᠠᠬᠤᠶᠢᠯᠠᠯ ᠤᠨ ᠪᠠᠯᠠ ᠳᠣᠭᠢᠷᠠᠭᠤᠯᠬᠤ ᠬᠡᠷᠡᠭᠴᠡᠭᠡ | ᠱᠠᠭᠠᠷᠳᠠᠯᠭ᠎ᠠ ᠶᠢ ᠦᠨᠡᠨ ᠬᠦ ᠰᠢᠶᠳᠪᠦᠷᠢᠯᠡᠪᠡ᠃ ᠬᠢᠵᠢᠭ ᠳᠡᠯᠭᠡᠷᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ | ᠤ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠭᠤᠤᠯᠳᠠᠯᠭ᠎ᠠ ᠲᠠᠢ ᠪᠠᠲᠤᠯᠠᠬᠤ ᠠᠵᠤ ᠠᠬᠤᠶᠢᠯᠠᠯ ᠳᠤ ᠥᠪᠡᠷ ᠤᠨ ᠥᠷᠲᠡᠭ ᠢᠶᠠᠷ ᠳᠣᠤᠷ᠎ᠠ ᠪᠡᠯᠡ ᠮᠥᠩᠭᠦ ᠶᠢᠨ | ᠳᠡᠮᠵᠢᠯᠭᠡ ᠬᠠᠩᠭᠠᠵᠤ᠂ ᠬᠢᠵᠢᠭ ᠤᠨ ᠪᠠᠶᠢᠳᠠᠯ ᠯᠤᠭ᠎ᠠ ︽ᠴᠠᠭ ᠢ ᠵᠠᠪᠳᠤᠨ︾᠂ ᠣᠨᠴᠠᠭᠠᠢ ᠴᠠᠭ ᠦᠶ᠎ᠡ ᠶᠢᠨ | ᠣᠨᠴᠠᠭᠠᠢ ᠮᠥᠩᠭᠦᠨ ᠭᠦᠶᠯᠭᠡᠭᠡᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠭᠤᠤᠯᠳᠠᠯᠭ᠎ᠠ ᠲᠠᠢ ᠪᠠᠲᠤᠯᠠᠬᠤ ᠠᠵᠤ ᠠᠬᠤᠶᠢᠯᠠᠯ ᠳᠤ ᠴᠠᠭ ᠲᠤᠬᠠᠶ ᠳᠤ ᠨᠢ᠂ | ᠣᠨᠣᠪᠴᠢᠲᠠᠶ ᠨᠠᠶᠢᠳᠠᠪᠤᠷᠢᠵᠢᠭᠤᠯᠪᠠ᠃ 3 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠨᠢᠭᠡᠨᠲᠡ ᠪᠥᠬᠦ ᠤᠯᠤᠰ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠭᠤᠤᠯᠳᠠᠯᠭ᠎ᠠ ᠲᠠᠢ ᠪᠠᠲᠤᠯᠠᠬᠤ 33 ᠠᠵᠤ ᠠᠬᠤᠶᠢᠯᠠᠯ ᠳᠤ | 19.37 ᠳ᠋ᠦᠩᠰᠢᠭᠤᠷ ᠲᠥᠭᠦᠷᠢᠭ ᠤᠨ ᠬᠠᠷᠠᠭᠠᠯᠵᠠᠯᠲᠤ ᠵᠢᠭᠡᠯᠡᠯᠭᠡ ᠲᠠᠯᠪᠢᠵᠤ᠂ ᠨᠡᠮᠡᠭᠦᠷᠢ ᠶᠢᠨ ᠳᠤᠮᠳᠠᠴᠢ ᠬᠦᠦ | ᠮᠥᠩᠭᠦ ᠶᠢᠨ ᠨᠣᠷᠮ᠎ᠠ 2.06% ᠬᠦᠷᠴᠦ᠂ ᠳᠠᠮ ᠬᠦᠦ ᠮᠥᠩᠭᠦ ᠥᠭᠭᠦᠭᠰᠡᠨ ᠤ ᠳᠠᠷᠠᠭ᠎ᠠ ᠠᠵᠤ ᠠᠬᠤᠶᠢᠯᠠᠯ ᠤᠨ | ᠪᠣᠳᠠᠲᠠᠶ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ 1.03% ᠳᠤ ᠬᠦᠷᠴᠦ᠂ ᠪᠥᠬᠦ ᠤᠯᠤᠰ ᠤᠨ ᠬᠢᠷᠢ | ᠲᠦᠪᠰᠢᠨ ᠠᠴᠠ 0.5 ᠵᠠᠭᠤᠨ ᠤ ᠴᠡᠭ ᠳᠣᠤᠷ᠎ᠠ ᠪᠣᠯᠪᠠ᠃ | | |