ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠳᠤ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠵᠤ ᠪᠣᠢ
ᠨᠡᠶᠢᠲᠡᠯᠡᠭᠰᠡᠨ ᠴᠠᠭ᠄
2020/4/8
     4 ᠳ᠋ᠦ᠋ᠭᠡᠷ ᠰᠠᠷ᠎ᠠ ᠶᠢᠨ 7᠎ ᠤ ᠡᠳᠦᠷ᠂ ᠬᠥᠬᠡᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠪᠡᠶ᠎ᠡ ᠶᠢᠨ ᠲᠠᠮᠢᠷ ᠤᠨ ᠬᠢᠴᠢᠶᠡᠯ ᠳᠡᠭᠡᠷ᠎ᠡ ᠴᠠᠭᠠᠷᠢᠭ ᠰᠢᠳᠡᠬᠦ ᠲᠣᠭᠯᠠᠭᠠᠮ ᠲᠣᠭᠯᠠᠵᠤ ᠪᠠᠶᠢᠭ᠎ᠠ ᠨᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠬᠢᠭᠡᠳ ᠦᠨᠳᠦᠷ ᠳᠤᠮᠳᠠᠳᠤ ᠶᠢᠨ ᠭᠤᠷᠪᠠᠳᠤᠭᠠᠷ ᠣᠨ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠭᠰᠡᠨ ᠤ ᠲᠠᠷᠠᠭ᠎ᠠ᠂ ᠬᠢᠵᠢᠭ ᠤᠨ ᠪᠠᠶᠢᠳᠠᠯ ᠠᠴᠠ ᠵᠢᠭᠠᠨ ᠰᠤᠷᠭᠠᠯᠲᠠ ᠶᠢᠨ ᠠᠬᠢᠴᠠ ᠳᠤ ᠦᠵᠡᠭᠦᠯᠦᠭᠰᠡᠨ ᠨᠥᠯᠥᠭᠡ ᠶᠢ ᠴᠢᠷᠮᠠᠶᠢᠨ ᠪᠠᠭᠠᠰᠬᠠᠵᠤ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠢᠳᠡᠪᠬᠢᠲᠡᠢ ᠬᠠᠯᠠᠮᠵᠢᠯᠠᠨ᠂ ᠰᠤᠷᠤᠭᠴᠢᠳ ᠲᠤ ᠭᠠᠷᠠᠭ ᠪᠦᠷᠢ ᠶᠢᠨ ᠭᠤᠷᠪᠠ ᠤᠳᠠᠭᠠᠨ ᠤ ᠪᠡᠶ᠎ᠡ ᠶᠢᠨ ᠲᠠᠮᠢᠷ ᠤᠨ ᠬᠢᠴᠢᠶᠡᠯ ᠂ ᠡᠳᠦᠷ ᠪᠦᠷᠢ ᠶᠢᠨ ᠨᠢᠭᠡ ᠴᠠᠭ ᠠᠴᠠ ᠳᠡᠭᠡᠭᠰᠢᠬᠢ ᠭᠡᠷ ᠤᠨ ᠭᠠᠳᠠᠨᠠᠬᠢ ᠬᠥᠳᠡᠯᠭᠡᠭᠡᠨ ᠲᠠᠢ ᠪᠠᠶᠢᠬᠤ ᠶᠢ ᠪᠠᠲᠤᠯᠠᠵᠤ ᠪᠠᠶᠢᠨ᠎ᠠ᠃ ᠰᠣᠨᠢᠷᠬᠠᠯᠲᠤ ᠲᠣᠭᠯᠠᠭᠠᠮ᠂ ᠰᠡᠳᠬᠢᠴᠡ ᠶᠢ ᠨᠢ ᠰᠠᠷᠠᠭᠤᠯᠵᠢᠭᠤᠯᠬᠤ ᠬᠥᠳᠡᠯᠭᠡᠭᠡᠨ ᠥᠷᠨᠢᠭᠦᠯᠬᠦ ᠪᠠᠷ ᠳᠠᠮᠵᠢᠨ᠂ ᠰᠤᠷᠤᠭᠴᠢᠳ ᠢ ᠬᠠᠪᠰᠤᠷᠤᠨ ᠪᠡᠶ᠎ᠡ ᠰᠡᠳᠬᠢᠯ ᠢ ᠨᠢ ᠲᠠᠶᠢᠪᠤᠰᠢᠷᠠᠭᠤᠯᠵᠤ᠂ ᠰᠡᠳᠬᠢᠴᠡ ᠶᠢᠨ ᠪᠠᠶᠢᠳᠠᠯ ᠢ ᠨᠢ ᠵᠣᠬᠢᠴᠠᠭᠤᠯᠤᠨ᠂ ᠰᠤᠷᠤᠯᠴᠠᠯᠭ᠎ᠠ ᠠᠮᠢᠳᠤᠷᠠᠯ ᠤᠨ ᠢᠳᠡᠪᠬᠢᠲᠡᠶ ᠪᠠᠶᠠᠰᠤᠩᠭᠤᠶ ᠣᠪᠣᠷ ᠢ ᠪᠣᠢ ᠪᠣᠯᠭᠠᠨ᠎ᠠ᠃
     4 ᠳ᠋ᠦ᠋ᠭᠡᠷ ᠰᠠᠷ᠎ᠠ ᠶᠢᠨ 7᠎ ᠤ ᠡᠳᠦᠷ᠂ ᠬᠥᠬᠡᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠲᠠᠮᠢᠷ ᠤᠨ ᠬᠢᠴᠢᠶᠡᠯ ᠳᠡᠭᠡᠷ᠎ᠡ ᠳᠡᠭᠡᠰᠦ ᠦᠰᠦᠷᠬᠦ ᠰᠣᠨᠢᠷᠬᠠᠯᠲᠤ ᠤᠷᠤᠯᠳᠤᠭᠠᠨ ᠶᠠᠪᠤᠭᠳᠠᠭᠤᠯᠪᠠ᠃
     4 ᠳ᠋ᠦ᠋ᠭᠡᠷ ᠰᠠᠷ᠎ᠠ ᠶᠢᠨ 7᠎ ᠤ ᠡᠳᠦᠷ᠂ ᠬᠥᠬᠡᠬᠤᠲᠠ ᠶᠢᠨ ᠠᠷᠪᠠᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠲᠠᠮᠢᠷ ᠤᠨ ᠬᠢᠴᠢᠶᠡᠯ ᠳᠡᠭᠡᠷ᠎ᠡ ᠳᠡᠭᠡᠰᠦ ᠦᠰᠦᠷᠬᠦ ᠰᠣᠨᠢᠷᠬᠠᠯᠲᠤ ᠤᠷᠤᠯᠳᠤᠭᠠᠨ ᠶᠠᠪᠤᠭᠳᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号