ᠥᠪᠥᠷ ᠮᠣᠩᠭᠤᠯ ᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠠᠩᠬᠠᠳᠠᠭᠴᠢ ᠪᠠᠷᠢᠮᠵᠢᠶ᠎ᠠ ᠶᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2020/4/8
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠨᠢ᠂ ︽ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠪᠣᠯᠣᠨ ︽ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠲᠥᠯᠥᠪᠯᠡᠭᠡ︾᠎ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠬᠠᠤᠯᠢ ᠲᠦᠷᠢᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠲᠦᠷᠦᠭᠦᠯᠡᠨ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠠᠢ ᠬᠠᠮᠲᠤᠷᠠᠨ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠣᠬᠢᠷᠲᠣᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ︾ ︵ᠲᠤᠷᠰᠢᠨ ᠬᠡᠷᠡᠭᠵᠢᠭᠦᠯᠬᠦ︶ ︵ᠳᠣᠷᠣᠭᠰᠢ ︽ᠪᠠᠷᠢᠮᠵᠢᠶ᠎ᠠ︾ ᠭᠡᠵᠦ ᠲᠣᠪᠴᠢᠯᠠᠨ᠎ᠠ︶᠎ ᠶᠢ 4 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠵᠢᠩᠬᠢᠨᠢ ᠪᠠᠷ ᠳᠠᠷᠤᠮᠠᠯᠯᠠᠨ ᠲᠠᠷᠬᠠᠵᠤ ᠬᠡᠷᠡᠭᠵᠢᠭᠦᠯᠪᠡ᠃      ᠣᠶᠢᠯᠠᠭᠠᠭᠰᠠᠨ ᠢᠶᠠᠷ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤᠨ ᠤ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠦᠷᠢᠶᠡᠨ ᠳᠠᠬᠢ ᠠᠩᠬᠠᠳᠠᠭᠴᠢ ᠣᠷᠣᠨ ᠨᠤᠲᠤᠭ ᠤᠨ ᠪᠠᠷᠢᠮᠵᠢᠶ᠎ᠠ ᠮᠦᠨ᠃ ︽ᠪᠠᠷᠢᠮᠵᠢᠶ᠎ᠠ︾᠎ ᠨᠢ ᠭᠤᠤᠯᠳᠠᠭᠤ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠳᠠᠯᠢ ᠪᠤᠰᠤ ᠣᠷᠣᠨ ᠪᠠᠶᠢᠷᠢ ᠶᠢᠨ ᠨᠥᠬᠦᠴᠡᠯ᠂ ᠭᠠᠳᠠᠭᠰᠢᠯᠠᠭᠤᠯᠬᠤ ᠬᠠᠨᠳᠤᠰᠢ᠂ ᠠᠰᠢᠭᠯᠠᠬᠤ ᠠᠷᠭ᠎ᠠ ᠬᠡᠯᠪᠡᠷᠢ ᠪᠣᠯᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠷᠣᠨ ᠬᠤᠪᠢᠶᠠᠨ ᠱᠠᠲᠤ ᠬᠤᠪᠢᠶᠠᠬᠤ᠂ ᠠᠭᠤᠴᠢᠯᠠᠨ ᠰᠢᠢᠳᠬᠡᠬᠦ ᠶᠢ ᠬᠤᠤᠰᠯᠠᠭᠤᠯᠬᠤ᠂ ᠪᠤᠴᠠᠭᠠᠨ ᠬᠡᠷᠡᠭᠯᠡᠬᠦ ᠶᠢ ᠲᠡᠷᠢᠭᠦᠨ ᠳᠤ ᠲᠠᠯᠪᠢᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠬᠢᠨᠠᠨ ᠬᠠᠮᠢᠶᠠᠷᠬᠤ ᠳᠤ ᠳᠥᠭᠦᠮ ᠪᠠᠶᠢᠯᠭᠠᠬᠤ ᠵᠠᠷᠴᠢᠮ ᠶᠣᠰᠣᠭᠠᠷ ᠲᠣᠭᠲᠠᠭᠠᠵᠤ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠵᠢᠷᠤᠮᠵᠢᠭᠤᠯᠬᠤ᠂ ᠳᠦᠷᠢᠮᠵᠢᠭᠦᠯᠬᠦ᠂ ᠪᠠᠷᠢᠮᠵᠢᠶᠠᠵᠢᠭᠤᠯᠬᠤ ᠶᠢᠨ ᠴᠢᠬᠤᠯᠠ ᠰᠢᠨᠵᠢ ᠲᠡᠮᠳᠡᠭ ᠪᠣᠯᠤᠨ᠎ᠠ᠃      ︽ᠪᠠᠷᠢᠮᠵᠢᠶ᠎ᠠ︾᠎ ᠳᠤ ᠴᠢᠩᠭ᠎ᠠ ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠪᠠᠲᠤᠯᠠᠭᠰᠠᠨ ᠪᠥᠭᠡᠳ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠱᠠᠭᠠᠷᠳᠠᠯᠭ᠎ᠠ ᠶᠢ ᠲᠣᠭᠲᠠᠭᠠᠪᠠ᠃ ︽ᠪᠠᠷᠢᠮᠵᠢᠶ᠎ᠠ︾᠎ ᠶᠢ ᠬᠡᠷᠡᠭᠵᠢᠭᠦᠯᠬᠦ ᠨᠢ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠳᠤᠷ᠎ᠠ ᠪᠠᠷ ᠢᠶᠠᠨ ᠭᠠᠳᠠᠭᠰᠢᠯᠠᠭᠤᠯᠤᠨ ᠤᠷᠤᠰᠬᠠᠵᠤ ᠪᠠᠶᠢᠭ᠎ᠠ ᠪᠠᠶᠢᠳᠠᠯ ᠢ ᠠᠯᠬᠤᠮ ᠠᠯᠬᠤᠮ ᠢᠶᠠᠷ ᠬᠤᠪᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠵᠢᠷᠤᠮᠵᠢᠭᠤᠯᠵᠤ᠂ ᠪᠣᠬᠢᠷ ᠤᠰᠤ ᠶᠢ ᠵᠠᠰᠠᠬᠤ ᠨᠣᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠮᠠᠨ ᠤ ᠣᠷᠣᠨ ᠤ ᠮᠠᠯᠴᠢᠨ ᠲᠠᠷᠢᠶᠠᠴᠢᠳ ᠤᠨ ᠠᠮᠢᠳᠤᠷᠠᠯ ᠤᠨ ᠣᠷᠴᠢᠨ ᠲᠣᠭᠤᠷᠢᠨ ᠢ ᠦᠨᠡᠨ ᠬᠦ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号