ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠪᠠᠴᠢᠮ ᠴᠢᠬᠤᠯᠠ ᠬᠤᠭᠤᠴᠠᠭᠠᠨ ᠳᠤ ᠣᠷᠣᠵᠤ᠂ ᠮᠠᠨ ᠤ ᠣᠷᠣᠨ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/4/8
     ᠬᠠᠪᠤᠷ ᠤᠨ ᠠᠭᠤᠷ ᠣᠷᠣᠭᠰᠠᠨ ᠠᠴᠠ ᠨᠠᠭᠠᠰᠢ᠂ ᠲᠤᠬᠠᠶ ᠶᠢᠨ ᠭᠠᠵᠠᠷ ᠤᠨ ᠬᠤᠷ᠎ᠠ ᠲᠤᠨᠳᠠᠰᠤ ᠪᠠᠭ᠎ᠠ᠂ ᠠᠭᠠᠷ ᠤᠨ ᠳᠤᠯᠠᠭᠠᠨ ᠦᠨᠳᠦᠷᠰᠢᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠵᠡᠷᠭᠡ ᠳᠡᠰ ᠦᠷᠭᠦᠯᠵᠢᠯᠡᠨ ᠳᠡᠭᠡᠭᠰᠢᠯᠡᠪᠡ᠃ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ ᠪᠥᠬᠦ ᠣᠷᠣᠨ ᠎ ᠤ ᠭᠠᠯ ᠤᠨ ᠠᠶᠤᠯ ᠤᠨ ᠵᠡᠷᠭᠡ ᠲᠠᠰ ᠨᠡᠯᠢᠶᠡᠳ ᠦᠨᠳᠦᠷ ᠪᠠᠶᠢᠭ᠎ᠠ ᠭᠠᠯ ᠢ ᠰᠡᠷᠭᠡᠶᠢᠯᠡᠬᠦ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠴᠢᠮ ᠴᠢᠬᠤᠯᠠ ᠬᠤᠭᠤᠴᠠᠭ᠎ᠠ ᠶᠢ ᠠᠷᠭᠠᠴᠠᠭᠠᠵᠤ ᠪᠤᠢ᠃      ᠣᠳᠣᠬᠠᠨ ᠤ ᠠᠭᠤᠯᠠᠨ ᠳᠤ ᠭᠠᠷᠴᠤ ᠣᠶ ᠰᠢᠭᠤᠶ ᠪᠠᠷ ᠲᠣᠭᠤᠷᠢᠭᠰᠠᠳ ᠤᠨ ᠲᠦᠷᠭᠡᠨ ᠨᠡᠮᠡᠭᠳᠡᠵᠦ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠥᠪᠥᠷ ᠮᠣᠩᠭᠤᠯ ᠤᠨ ᠡᠯ᠎ᠡ ᠭᠠᠵᠠᠷ ᠤᠳ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠤ ᠲᠣᠭᠤᠷᠢᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠣᠷᠣᠨ᠂ ᠭᠠᠯ ᠤᠨ ᠠᠶᠤᠯ ᠶᠡᠬᠡᠲᠡᠶ ᠣᠷᠣᠨ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠣᠯᠠᠨ ᠡᠭᠦᠰᠬᠦ ᠣᠷᠣᠨ ᠳᠤ ᠠᠭᠤᠯᠠ ᠶᠢ ᠪᠢᠲᠡᠭᠦᠮᠵᠢᠯᠡᠨ ᠴᠢᠩᠭ᠎ᠠ ᠰᠡᠷᠭᠡᠶᠢᠯᠡᠯᠲᠡ ᠬᠢᠵᠦ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠪᠤᠯᠠᠰᠢᠨ ᠳᠤ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠡᠪᠡᠰᠦ ᠰᠢᠲᠠᠭᠠᠬᠤ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠪᠠ᠃      ᠡᠭᠦᠨ ᠤ ᠬᠠᠮᠲᠤ᠂ ᠮᠠᠨ ᠤ ᠣᠷᠣᠨ ᠤ ᠡᠯ᠎ᠡ ᠬᠤᠰᠢᠭᠤ ᠰᠢᠶᠠᠨ ᠰᠢᠭᠤᠶᠢᠲᠤ ᠣᠷᠣᠨ ᠤ ᠨᠤᠲᠤᠭ ᠪᠡᠯᠴᠢᠭᠡᠷ ᠎ ᠤᠨ ᠦᠶᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠪᠠᠷᠢᠯᠭ᠎ᠠ ᠪᠠᠷᠢᠬᠤ ᠨᠢᠭᠡᠴᠢ᠂ ᠦᠶᠯᠡᠳᠪᠦᠷᠢᠯᠡᠯ ᠤᠨ ᠨᠢᠭᠡᠴᠢ᠂ ᠠᠶᠢᠯ ᠲᠣᠰᠬᠤᠨ ᠲᠠᠷᠠᠬᠠᠶ ᠪᠤᠲᠠᠷᠬᠠᠶ ᠡᠷᠦᠬᠡ ᠵᠡᠷᠭᠡ ᠳᠤ ᠭᠠᠯ ᠤᠨ ᠠᠶᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠬᠢᠵᠦ᠂ ︽ᠠᠭᠤᠯᠠ᠂ ᠭᠤᠤ᠂ ᠣᠢ ᠰᠢᠭᠤᠶ ᠶᠢᠨ ᠪᠦᠰᠡ︾᠎ ᠶᠢ ᠴᠡᠪᠡᠷᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠢ ᠴᠠᠭ ᠲᠤᠬᠠᠶ ᠳᠤ ᠨᠢ ᠠᠷᠢᠯᠭᠠᠪᠠ᠃      ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠮᠠᠨ ᠤ ᠣᠷᠣᠨ ᠤ ᠡᠯ᠎ᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ ᠪᠡᠯᠡᠳᠬᠡᠯ ᠲᠠᠶᠢᠨ ᠤ ᠪᠠᠶᠢᠳᠠᠯ ᠳᠤ ᠤᠷᠢᠳᠴᠢᠯᠠᠨ ᠣᠷᠣᠵᠤ᠂ ᠴᠤᠭᠯᠠᠭᠤᠯᠤᠨ ᠪᠠᠶᠢᠷᠢᠯᠠᠭᠤᠯᠤᠭᠰᠠᠨ ᠭᠠᠯ ᠤᠨᠲᠠᠷᠠᠭᠠᠬᠤ ᠡᠩᠨᠡᠭᠡ ᠳᠤ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠲᠤᠰᠬᠠᠶ ᠮᠡᠷᠭᠡᠵᠢᠯ ᠤᠨ ᠡᠩᠨᠡᠭᠡᠨ ᠤ ᠭᠠᠯ ᠤᠨᠲᠠᠷᠠᠭᠠᠬᠤ ᠰᠡᠷᠭᠡᠶᠢᠯᠡᠨ ᠬᠠᠮᠠᠭᠠᠯᠠᠬᠤ ᠪᠠ ᠬᠢᠵᠢᠭ ᠢ ᠰᠡᠷᠭᠡᠶᠢᠯᠡᠨ ᠬᠠᠮᠠᠭᠠᠯᠠᠯᠲᠠ ᠬᠢᠬᠦ ᠲᠣᠨᠣᠭᠯᠠᠯ ᠤᠨ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠭᠠᠯ ᠤᠨᠲᠠᠷᠠᠭᠠᠵᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠡᠷᠲᠡᠬᠡᠨ ᠲᠣᠭᠲᠠᠭᠠᠵᠤ᠂ ᠭᠠᠯ ᠤᠨ ᠪᠠᠶᠢᠳᠠᠯ ᠨᠢ ᠲᠣᠳᠣᠷᠬᠠᠶ ᠦᠭᠡᠢ᠂ ᠴᠢᠮᠡᠭᠡ ᠬᠤᠯᠪᠣᠭ᠎ᠠ ᠨᠡᠪᠲᠡᠷᠡᠬᠦ ᠪᠠᠷ ᠠᠨᠠᠢ᠂ ᠲᠠᠷᠬᠠᠭᠠᠬᠤ ᠨᠢ ᠬᠦᠴᠦᠨ ᠦᠭᠡᠢ ᠠᠴᠠ ᠪᠣᠯᠵᠤ ᠬᠥᠮᠦᠨ ᠬᠠᠷ᠎ᠠ ᠠᠳᠡᠵᠦ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号