ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/4/8
     2020 ᠣᠨ ᠤ 4 ᠰᠠᠷ᠎ᠠ ᠶᠢᠨ 7᠎ ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠦᠷᠭᠦᠯᠵᠢᠯᠡᠨ 49 ᠡᠳᠦᠷ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠳᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃      2020 ᠣᠨ ᠤ 4 ᠰᠠᠷ᠎ᠠ ᠶᠢᠨ 7᠎ ᠤ ᠡᠳᠦᠷ ᠤᠨ 7 ᠴᠠᠭ ᠠᠴᠠ 4 ᠰᠠᠷ᠎ᠠ ᠶᠢᠨ 8᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ 3 ᠨᠡᠮᠡᠭᠳᠡᠵᠦ᠂ ᠰᠡᠵᠢᠭᠯᠡᠯᠲᠡᠶ ᠡᠪᠡᠳᠴᠢᠨ ᠤ ᠵᠢᠱᠢᠶ᠎ᠡ 3 ᠨᠡᠮᠡᠭᠳᠡᠵᠡᠢ᠃      2020 ᠤᠨ ᠤ 4 ᠰᠠᠷ᠎ᠠ ᠶᠢᠨ 8᠎ ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠠᠬᠢ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 49 ᠪᠠᠶᠢᠵᠦ᠂ ᠰᠡᠵᠢᠭᠯᠡᠯᠳᠡᠢ ᠡᠪᠡᠳᠴᠢᠨ ᠤ ᠵᠢᠱᠢᠶ᠎ᠠ 35 ᠪᠤᠯᠵᠠᠢ᠃      2020 ᠣᠨ ᠤ 4 ᠰᠠᠷ᠎ᠠ ᠶᠢᠨ 7᠎ ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠬᠡᠢ ᠬᠠᠯᠳᠠᠪᠤᠷᠢᠯᠠᠭᠰᠠᠳ ᠭᠠᠷᠤᠬᠰᠠᠨ ᠦᠭᠡᠢ᠃      ᠳᠡᠭᠡᠷᠡᠬᠢ ᠡᠪᠡᠳᠴᠢᠲᠡᠨ ᠢ ᠪᠦᠬᠦᠨ ᠢ ᠲᠤᠬᠳᠠᠬᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠭᠦᠯᠵᠤ᠂ ᠨᠢᠬᠳᠠ ᠤᠢᠢᠷᠠᠳᠤᠬᠰᠠᠳ ᠢ ᠨᠢ ᠴᠥᠮ ᠲᠣᠭᠲᠠᠭᠰᠠᠨ ᠭᠠᠵᠠᠷ ᠲᠤ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠬᠯᠠᠯᠲᠠ ᠬᠢᠵᠦ᠂ ᠪᠥᠬᠦ ᠶᠠᠪᠤᠴᠠ ᠳᠤ ᠪᠢᠳᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ ᠪᠤᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠯᠢ ᠶᠢᠨ ᠭᠠᠳᠠᠨᠠᠬᠢ ᠬᠥᠮᠦᠰ ᠤᠨ ᠬᠥᠬᠡᠬᠤᠲᠠ ᠪᠠᠷ ᠦᠩᠭᠡᠷᠡᠭᠦ ᠲᠤᠬᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号