4 ᠰᠠᠷ᠎ᠠ ᠶᠢᠨ 8 ᠤ ᠡᠳᠤᠷ᠂ 2020 ᠤᠨ ᠤ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ | ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠳᠤ | ᠡᠬᠢᠯᠡᠪᠡ᠃ | | | | | ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠡ ᠬᠦᠨᠳᠤᠳᠤ ᠲᠠᠷᠤᠭ᠎ᠠ᠂ ᠪᠦᠬᠦ ᠤᠷᠤᠨ ᠤ ︽ᠬᠡᠷᠡᠯ ᠬᠡᠬᠡ ᠶᠢᠨ ᠠᠶᠠᠯᠠᠯ︾ | ᠨᠡᠶᠢᠬᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠤᠨ ᠡᠷᠬᠢᠯᠡᠭᠴᠢ | ᠬᠡᠰᠢᠬᠦᠨ ᠪᠦ᠋ ᠰᠢᠶᠤᠤ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠭᠰᠠᠠ ᠪᠦᠬᠡᠳ ᠴᠠᠭᠠᠨ ᠬᠠᠷᠠᠩ | ᠡᠪᠡᠳᠴᠢᠳᠡᠨ ᠤ ᠠᠰᠢᠬ ᠬᠦᠷᠳᠡᠭᠰᠡᠳ ᠤᠨ ᠲᠦᠯᠥᠬᠡᠯᠡᠭᠴᠢ ᠳᠤ ᠲᠤᠬᠤᠨᠢᠭᠤᠯᠬᠤ ᠪᠤᠳᠠᠰ ᠤᠯᠭᠤᠪᠠ᠃ ᠲᠦᠩᠯᠢᠶᠤᠤ | ᠬᠤᠳᠠ ᠶᠢᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ | ᠬᠠᠷᠢᠭᠤᠴᠠᠯᠭᠠᠳᠠᠨ ᠵᠢᠴᠢ ᠡᠪᠡᠳᠴᠢᠳᠡᠨ ᠤ ᠲᠦᠯᠥᠬᠡᠯᠡᠭᠴᠢ ᠡᠬᠢᠯᠡᠯᠳᠡ ᠶᠢᠨ ᠶᠤᠰᠤᠯᠠᠯ ᠲᠡᠬᠡᠷ᠎ᠡ ᠦᠬᠡ ᠬᠡᠯᠡᠪᠡ᠃ | ᠡᠬᠢᠯᠡᠯᠳᠡ ᠶᠢᠨ ᠶᠤᠰᠤᠯᠠᠯ ᠤᠨ ᠲᠠᠷᠠᠭ᠎ᠠ᠂ ᠪᠦ᠋ ᠰᠢᠶᠤᠤ ᠯᠢᠨ ᠴᠠᠭᠠᠨ ᠬᠠᠷᠠᠩ ᠡᠪᠡᠳᠴᠢᠨ ᠤ ᠮᠠᠰᠠ ᠵᠠᠰᠠᠯ | ᠬᠢᠯᠬᠡᠭᠰᠡᠡ ᠡᠪᠡᠳᠴᠢᠳᠡᠨ ᠢ ᠡᠷᠬᠢᠨ ᠦᠵᠡᠵᠥ᠂ ᠲᠡᠳᠡᠨ ᠤ ᠨᠢᠳᠤᠨ ᠤ ᠪᠦᠳᠡᠬᠡᠯᠬᠡ ᠶᠢ ᠠᠪᠴᠦ ᠦᠭᠴᠦ᠂ ᠮᠠᠰᠠ | ᠵᠠᠰᠠᠯ ᠬᠢᠭᠰᠡᠡ ᠤ ᠲᠠᠷᠠᠭᠠᠬᠢ ᠡᠷᠡᠬᠦᠯᠵᠢᠯ ᠤᠨ ᠪᠠᠶᠢᠳᠠᠯ ᠢ ᠨᠠᠷᠢᠨ ᠯᠠᠪᠯᠠᠨ ᠠᠰᠠᠭᠤᠵᠥ᠂ ᠲᠡᠳᠡᠨ ᠤ ᠡᠷᠳᠡᠬᠡᠨ ᠬᠠᠷᠠᠭ᠎ᠠ | ᠤᠷᠤᠬᠤ ᠶᠢ ᠵᠦᠩᠨᠡᠪᠡ᠃ ᠲᠡᠷᠡ ᠡᠪᠡᠳᠴᠢᠳᠡᠨ ᠳᠤ᠂ ︽ᠨᠢᠳᠤ ᠬᠡᠷᠡᠯ ᠬᠡᠬᠡ ᠲᠠᠢ ᠪᠤᠯ ᠰᠡᠳᠬᠢᠯ ᠴᠦ ︿ᠬᠡᠬᠡ﹀ ᠲᠠᠢ | ᠪᠤᠯᠵᠥ᠂ ᠠᠮᠢᠳᠤᠷᠠᠬᠤ ᠶᠢᠨ ᠵᠤᠷᠢᠭ ᠬᠦᠪᠴᠢᠯᠡᠭᠳᠡᠨ᠎ᠡ︾ ᠬᠡᠵᠥ ᠲᠤᠳᠤᠨᠤ ᠪᠠᠷ ᠬᠡᠯᠡᠪᠡ᠃ | ᠪᠦ᠋ ᠰᠢᠶᠤᠤ ᠯᠢᠨ᠂ ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ | ᠲᠠᠶᠢᠯᠠᠯᠳᠤᠭᠠᠨ ᠤ ᠰᠡᠬᠦᠯ ᠬᠤᠷᠢᠶᠠᠬᠤ ᠵᠢᠯ ᠮᠦᠨ᠂ ︽ᠭᠡᠷᠡᠯ ᠭᠡᠭᠡ ᠶᠢᠨ ᠠᠶᠠᠯᠠᠯ︾ ᠬᠡᠬᠦ ᠡᠨᠡ ᠬᠦ ᠠᠷᠠᠳ ᠲᠤ | ᠠᠰᠢᠭ ᠬᠦᠷᠳᠡᠭᠡᠬᠦ ᠶᠠᠳᠠᠭᠤ ᠶᠢ ᠲᠡᠳᠬᠦᠬᠦ ᠢᠨᠵᠧᠨᠧᠷᠢᠩ ᠢ ᠰᠡᠳᠬᠢᠯ ᠲᠠᠯᠪᠢᠨ ᠬᠠᠶᠢᠷ᠎ᠡ ᠰᠡᠳᠬᠢᠯᠭᠡ ᠲᠠᠢ ᠪᠠᠷ | ᠰᠠᠶᠢᠳᠤᠷ ᠬᠢᠵᠤ᠂ ᠨᠡᠩ ᠤᠯᠠᠨ ᠶᠠᠳᠠᠭᠤ ᠬᠦᠴᠢᠷᠳᠡᠯᠳᠠᠢ ᠭᠡᠷ ᠪᠦᠯᠢ ᠶᠢᠨ ᠬᠢᠨ ᠳᠤ ᠨᠠᠮ ᠪᠤᠯᠤᠨ ᠵᠠᠰᠠᠭ ᠤᠨ | ᠤᠷᠳᠤᠨ ᠤ ᠬᠠᠶᠢᠷ᠎ᠡ ᠬᠠᠯᠠᠮᠵᠢ ᠶᠢ ᠦᠨᠡᠨ ᠬᠦ ᠮᠡᠳᠡᠷᠡᠬᠦᠯᠵᠤ᠂ ᠨᠡᠶᠢᠭᠡᠮ ᠤᠨ ᠡᠯ᠎ᠡ ᠡᠳᠡᠭᠡᠳ ᠤᠨ ᠬᠢᠨ ᠤ ᠬᠠᠯᠠᠮᠵᠢᠯᠠᠯ | ᠬᠦᠨᠳᠦᠳᠭᠡᠯ ᠢ ᠮᠡᠳᠡᠷᠡᠬᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠳᠤ ᠬᠦᠴᠤᠨ ᠴᠢᠳᠠᠯ ᠢᠶᠠᠨ | ᠡᠷᠬᠦᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠤᠢᠢᠯᠠᠭᠠᠬᠰᠡᠨ ᠢᠶᠠᠷ᠂ ᠡᠨᠡ ᠵᠢᠯ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ | ᠨᠠᠶᠢᠳᠠ ᠶᠢᠨ ᠠᠰᠠᠷᠠᠮᠵᠢ ᠶᠢᠨ ᠠᠵᠢᠯᠯᠠᠭ᠎ᠠ ᠨᠢ ᠠᠷᠠᠳ ᠲᠦᠮᠡᠨ ᠤ ᠡᠷᠡᠬᠦᠯ ᠮᠠᠨᠳᠤ ᠶᠢ ᠠᠩᠬᠠᠷᠤᠨ ᠬᠠᠯᠠᠮᠵᠢᠯᠠᠵᠤ᠂ | ᠤᠨᠤᠴᠠᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠬᠦᠴᠤᠨ ᠨᠡᠮᠡᠷᠢᠯᠡᠵᠤ᠂ ︽ᠬᠦᠮᠦᠯᠢᠭ ᠦᠵᠡᠯ᠂ ᠲᠦᠬᠡᠮᠡᠯ | ᠬᠠᠶᠢᠷ᠎ᠡ᠂ ᠨᠠᠮᠡᠷᠢ ᠬᠠᠨᠳᠢᠪ︾ ᠭᠡᠬᠦ ᠤᠯᠠᠭᠠᠨ ᠵᠠᠭᠠᠯᠮᠠᠶᠢᠳᠠᠨ ᠤ ᠵᠤᠷᠢᠭ ᠰᠠᠨᠠᠭ᠎ᠠ ᠶᠢ ᠲᠠᠮᠵᠢᠭᠤᠯᠤᠨ | ᠦᠢᠯᠡᠳᠦᠯᠭᠡᠵᠢᠬᠦᠯᠵᠤ᠂ ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ | ᠠᠭᠤᠰᠤᠯᠴᠠᠭᠤᠯᠬᠤ ᠪᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠲᠡᠭᠡᠷ᠎ᠡ ᠦᠷᠬᠦᠯᠵᠢᠯᠡᠨ ᠬᠦᠴᠤᠯᠠᠬᠦ ᠪᠤᠯᠤᠨ᠎ᠡ᠃ | ᠪᠦᠬᠦ ᠵᠢᠯ ᠳᠤ ᠮᠠᠨ ᠤ ᠤᠷᠤᠨ ᠤ ᠶᠠᠳᠠᠭᠤ ᠬᠦᠴᠢᠷᠳᠡᠯᠳᠠᠢ ᠭᠡᠷ ᠪᠦᠯᠢ ᠶᠢᠨ ᠬᠢᠨ ᠤ ᠴᠠᠭᠠᠨ ᠬᠠᠷᠠᠩ | ᠡᠪᠡᠳᠴᠢᠳᠠᠨ ᠳᠤ ᠦᠨ᠎ᠡ ᠲᠦᠯᠦᠪᠤᠷᠢ ᠦᠭᠡᠢ ᠪᠠᠷ ᠬᠠᠷᠠᠭ᠎ᠠ ᠤᠷᠤᠭᠤᠯᠬᠤ ᠮᠠᠰᠡ ᠵᠠᠰᠠᠯ 3000 — 5000 | ᠵᠢᠱᠢᠶ᠎ᠡ ᠬᠢᠵᠤ᠂ ᠰᠢᠨ᠎ᠡ ᠪᠠᠷ ᠨᠡᠮᠡᠭᠳᠡᠭᠰᠡᠨ ᠶᠠᠳᠠᠭᠤ ᠬᠦᠴᠢᠷᠳᠡᠯᠳᠠᠢ ᠭᠡᠷ ᠪᠦᠯᠢ ᠶᠢᠨ ᠬᠢᠨ ᠤ ᠴᠠᠭᠠᠨ ᠬᠠᠷᠠᠩ | ᠡᠪᠡᠳᠴᠢᠳᠡᠨ ᠳᠤ ᠦᠨ᠎ᠡ ᠲᠦᠯᠤᠪᠤᠷᠢ ᠦᠭᠡᠢ ᠮᠡᠰᠡ ᠵᠠᠰᠠᠯ ᠬᠢᠬᠦ ᠶᠢ ᠪᠦᠬᠦᠨ ᠢ ᠪᠦᠷᠬᠦᠬᠦᠯᠬᠦ ᠪᠠᠷ ᠲᠦᠯᠦᠪᠯᠡᠵᠤ ᠪᠤᠢ︔ | ᠵᠠᠯᠠᠭᠤᠴᠤᠳ ᠪᠠᠭᠠᠴᠤᠳ ᠤᠨ ᠨᠢᠳᠤᠨ ᠤ ᠡᠷᠡᠬᠦᠯ ᠮᠠᠨᠳᠤ ᠶᠢ ᠰᠢᠭᠰᠢᠨ ᠪᠠᠶᠢᠴᠠᠭᠠᠬᠤ ᠶᠢ 30 ᠲᠦᠮᠠᠨ | ᠬᠦᠮᠦᠨ ᠠᠴᠠ ᠲᠡᠭᠡᠭᠰᠢ ᠬᠢᠬᠦ ᠶᠢ ᠪᠠᠶᠡᠯᠡᠬᠦᠯᠵᠤ᠂ ᠬᠠᠮᠤᠷᠬᠤ ᠬᠦᠷᠢᠶ᠎ᠡ ᠬᠡᠪᠴᠢᠶ᠎ᠡ ᠨᠢ 57 ᠶᠠᠳᠠᠭᠤ ᠬᠦᠴᠢᠷᠳᠡᠯᠳᠠᠢ | ᠬᠤᠰᠢᠭᠤ ᠰᠢᠶᠠᠨ ᠠᠴᠠ ᠦᠷᠭᠡᠵᠢᠭᠡᠳ ᠪᠦᠬᠦ ᠤᠷᠤᠨ ᠤ 103 ᠬᠤᠰᠢᠭᠤ ᠰᠢᠶᠠᠨ ︵ᠬᠤᠳᠠ ᠲᠤᠭᠤᠷᠢᠭ︶ ᠳᠤ | ᠬᠦᠷᠴᠤ᠂ ᠶᠠᠳᠠᠭᠤ ᠬᠦᠴᠢᠷᠳᠡᠯᠳᠠᠢ ᠭᠡᠷ ᠪᠦᠯᠢ ᠶᠢᠨ ᠭᠡᠤᠭᠡᠳ ᠪᠠᠭᠠᠴᠤᠳ᠂ ᠵᠠᠯᠠᠭᠤᠴᠤᠳ ᠪᠠᠭᠠᠴᠤᠳ ᠲᠤ ᠦᠨ᠎ᠡ | ᠲᠦᠯᠦᠪᠤᠷᠢ ᠦᠭᠡᠢ ᠪᠠᠷ ᠨᠢᠳᠤᠨ ᠰᠢᠯ 1000 ᠵᠢᠱᠢᠶ᠎ᠡ ᠲᠠᠭᠠᠷᠠᠭᠤᠯᠵᠤ᠂ ᠬᠠᠷᠠᠭ᠎ᠠ ᠡᠷᠡᠬᠦᠯᠵᠢᠬᠦᠯᠵᠤ ᠵᠠᠯᠠᠷᠠᠭᠤᠯᠬᠤ | ᠮᠠᠰᠠ ᠵᠠᠰᠠᠯ 200 ᠵᠢᠱᠢᠶ᠎ᠡ ᠬᠢᠬᠦ ᠶᠢ ᠪᠡᠶᠡᠯᠡᠬᠦᠯᠬᠦ ᠪᠠᠷ ᠲᠦᠯᠦᠪᠯᠡᠵᠤ ᠪᠤᠢ︔ ︽ᠨᠢᠭᠡ ᠪᠦᠰᠡ ᠨᠢᠭᠡ ᠵᠠᠮ · ᠭᠡᠷᠡᠯ | ᠭᠡᠭᠡ ᠶᠢᠨ ᠠᠶᠠᠯᠠᠯ︾ ᠮᠤᠩᠭᠤᠯ ᠤᠯᠤᠰ ᠤᠨ ᠠᠵᠢᠯᠯᠠᠭ᠎ᠠ ᠶᠢ ᠦᠷᠬᠦᠯᠵᠢᠯᠡᠨ ᠵᠤᠬᠢᠶᠠᠨ ᠪᠠᠶᠢᠭᠤᠯᠤᠨ ᠭᠡᠷᠡᠭᠵᠢᠬᠦᠯᠵᠤ᠂ | ᠵᠢᠯ ᠤᠨ ᠲᠤᠳᠤᠷ᠎ᠡ ᠮᠤᠩᠭᠤᠯ ᠤᠯᠤᠰ ᠤᠨ ᠴᠠᠭᠠᠨ ᠬᠠᠷᠠᠩ ᠡᠪᠡᠳᠴᠢᠳᠡᠨ ᠳᠤ ᠦᠨ᠎ᠡ ᠲᠦᠯᠦᠪᠤᠷᠢ ᠦᠭᠡᠢ ᠪᠠᠷ | ᠬᠠᠷᠠᠭ᠎ᠠ ᠤᠷᠤᠭᠤᠯᠬᠤ ᠮᠠᠰᠠ ᠵᠠᠰᠠᠯ ᠢ 300 — 500 ᠵᠢᠱᠢᠶ᠎ᠡ ᠬᠢᠬᠦ ᠪᠠᠷ ᠲᠦᠯᠦᠪᠯᠡᠵᠤ ᠪᠤᠢ᠃ | | |