ᠪᠦᠬᠦ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠬ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠦᠨᠡᠯᠠᠯᠳᠠ ᠵᠢᠴᠢ ᠪᠦᠬᠦ ᠤᠷᠤᠨ ᠤ ᠠᠮᠤ ᠪᠤᠳᠠᠭ᠎ᠠ ᠪᠤᠯᠤᠨ ᠡᠳ᠋ ᠪᠤᠳᠠᠰ ᠨᠦᠬᠡᠴᠡᠯᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/4/9
     4 ᠰᠠᠷ᠎ᠠ ᠶᠢᠨ 8᠎ ᠤ ᠡᠳᠤᠷ᠂ ᠪᠦᠬᠦ ᠤᠷᠤᠨ ᠤ ᠠᠮᠤ ᠪᠤᠳᠠᠭᠠᠨ ᠤ ᠠᠮᠤᠷ ᠲᠦᠪᠰᠢᠨ ᠤ ᠠᠶᠢᠮᠠᠬ ᠬᠤᠳᠠ ᠶᠢᠨ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠦᠨᠡᠯᠠᠯᠳᠠ ᠵᠢᠴᠢ ᠪᠦᠬᠦ ᠤᠷᠤᠨ ᠤ ᠠᠮᠤ ᠪᠤᠳᠠᠭ᠎ᠠ ᠪᠤᠯᠤᠨ ᠡᠳ᠋ ᠪᠤᠳᠠᠰ ᠨᠦᠬᠡᠴᠡᠯᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ᠃ ᠬᠤᠷᠠᠯ ᠠᠴᠠ ᠶᠠᠷᠤᠩᠬᠡᠢ ᠱᠦᠵᠢ ᠰᠢ ᠶᠢᠨ ᠫᠢᠩ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠲᠤᠬᠠᠢ ᠴᠢᠬᠤᠯᠠ ᠵᠢᠭᠠᠪᠤᠷᠢ ᠪᠤᠯᠤᠨ ᠲᠦᠪ ᠤᠨ ᠬᠤᠯᠪᠤᠬᠳᠠᠯ ᠪᠦᠬᠦᠢ ᠤᠳᠤᠷᠢᠳᠬᠤ ᠨᠦᠬᠦᠳ ᠤᠨ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ 2020 ᠤᠨ ᠤ ᠠᠮᠤ ᠪᠤᠳᠠᠭ᠎ᠠ ᠪᠤᠯᠤᠨ ᠡᠳ᠋ ᠪᠤᠳᠠᠰ ᠨᠦᠬᠡᠴᠡᠯᠡᠬᠦ ᠠᠵᠢᠯ ᠤᠨ ᠭᠤᠤᠯᠳᠠᠯᠭ᠎ᠠ ᠲᠠᠢ ᠡᠬᠦᠷᠬᠡ ᠶᠢ ᠲᠤᠬᠢᠷᠠᠭᠤᠯᠤᠨ ᠪᠠᠶᠢᠷᠢᠯᠠᠭᠤᠯᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠤᠰᠬᠠᠢᠢᠯᠠᠨ ᠬᠤᠷᠠᠯ ᠳᠤ ᠴᠤᠬᠤᠯᠠᠪᠤᠷᠢ ᠦᠭᠴᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠬᠤᠷᠠᠯ ᠠᠴᠠ᠂ ᠡᠨᠡ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠤᠪᠵᠢᠬᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠂ ᠬᠡᠨᠡᠳᠳᠡ ᠭᠠᠷᠤᠬᠰᠠᠨ ᠬᠢᠵᠢᠭ ᠤᠨ ᠪᠠᠶᠢᠳᠠᠯ ᠤᠨ ᠶᠡᠭᠡ ᠰᠢᠯᠭᠠᠯᠳᠠ ᠳᠤ᠂ ᠠᠮᠤ ᠪᠤᠳᠠᠭ᠎ᠠ ᠪᠤᠯᠤᠨ ᠡᠳ᠋ ᠪᠤᠳᠠᠰ ᠨᠦᠬᠡᠴᠡᠯᠡᠬᠦ ᠠᠵᠢᠯ ᠢ ᠰᠠᠶᠢᠳᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃ ᠡᠯ᠎ᠠ ᠭᠠᠵᠠᠷ ᠤᠷᠤᠨ ᠡᠯ᠎ᠠ ᠬᠤᠯᠪᠤᠬᠳᠠᠯ ᠪᠦᠬᠦᠢ ᠨᠢᠬᠡᠴᠢ ᠶᠢᠨ ᠬᠢᠨ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠳᠡᠬᠡᠯ︾᠎ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠤ᠂ ᠨᠠᠮ ᠤᠨ ᠲᠦᠪ ᠬᠤᠷᠢᠶ᠎ᠠ᠂ ᠲᠦᠷᠤ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠢᠵᠤ᠂ ᠯᠠᠪᠳᠠᠭᠤᠨ ᠪᠠᠳᠤᠳᠠᠢ ᠠᠵᠢᠯᠯᠠᠵᠤ᠂ ᠡᠨᠡ ᠵᠢᠯ ᠤᠨ ᠲᠤᠭᠳᠠᠭᠠᠬᠰᠠᠨ ᠬᠠᠷᠠᠯᠳᠠ ᠡᠬᠦᠷᠬᠡ ᠶᠢ ᠪᠡᠶᠡᠯᠡᠬᠦᠯᠬᠦ ᠶᠢ ᠪᠠᠳᠤᠯᠠᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠠᠷᠭ᠎ᠠ ᠪᠦᠬᠦᠨ ᠢ ᠰᠦᠪᠡᠭᠴᠢᠯᠠᠵᠤ ᠪᠠᠶᠢᠭᠠᠳ ᠠᠮᠤ ᠪᠤᠳᠠᠭᠠᠨ ᠤ ᠭᠠᠷᠤᠯᠲᠠ ᠶᠢ ᠲᠤᠭᠳᠠᠭᠤᠨ ᠪᠠᠶᠢᠯᠭᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠨᠢᠬᠡᠳᠤᠯᠳᠠᠢ ᠲᠦᠯᠤᠪᠵᠢᠬᠦᠯᠤᠨ ᠰᠠᠶᠢᠳᠤᠷ ᠬᠢᠵᠤ᠂ ︽ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠶᠢ ᠪᠦᠷ ᠰᠠᠭᠠᠳᠠᠭᠠᠬᠤ ᠦᠬᠡᠢ ᠪᠠᠶᠢᠬᠤ︾᠎ ᠶᠢ ᠬᠦᠢᠴᠡᠳᠬᠡᠬᠦ ᠭᠡᠷᠡᠭᠳᠠᠢ᠃ ᠠᠮᠤ ᠪᠤᠲᠠᠭ᠎ᠠ ᠨᠦᠭᠡᠴᠡᠯᠡᠬᠦ ᠪᠠᠶᠢᠭᠤᠯᠤᠮᠵᠢ ᠲᠤᠬᠳᠠᠴᠠ ᠶᠢᠨ ᠦᠬᠡᠷᠡᠴᠢᠯᠠᠯᠳᠠ ᠶᠢ ᠴᠢᠨᠠᠬᠰᠢᠳᠠ ᠬᠦᠨᠵᠡᠬᠡᠶᠢᠷᠡᠬᠦᠯᠵᠤ᠂ ᠠᠮᠤ ᠪᠤᠲᠠᠭ᠎ᠠ ᠨᠦᠬᠡᠴᠠᠯᠡᠬᠦ ᠠᠵᠢᠯᠯᠠᠭᠠᠨ ᠤ ᠲᠤᠬᠳᠠᠴᠠ ᠶᠢ ᠲᠡᠬᠦᠯᠳᠡᠷᠵᠢᠬᠦᠯᠵᠤ᠂ ᠠᠮᠤ ᠪᠤᠳᠠᠭ᠎ᠠ ᠡᠳ᠋ ᠪᠤᠳᠠᠰ ᠤᠨ ᠪᠠᠴᠢᠮ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠤ᠂ ᠬᠦᠨᠳᠤ ᠶᠡᠭᠡ ᠠᠶᠤᠯ ᠲᠦᠭᠰᠢᠬᠦᠷᠢ ᠶᠢ ᠰᠡᠷᠬᠡᠶᠢᠯᠡᠨ ᠨᠠᠮᠳᠠᠭᠠᠬᠤ᠂ ᠬᠤᠷᠸ᠎ᠠ ᠡᠵᠡᠮᠰᠢᠯ ᠲᠤᠬᠢᠷᠠᠭᠤᠯᠭ᠎ᠠ ᠳᠤ ᠦᠢᠯᠡᠴᠢᠯᠡᠬᠦ ᠪᠤᠯᠤᠨ ᠬᠡᠨᠡᠳᠳᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠬᠦᠴᠤᠯᠠᠨ ᠲᠡᠭᠡᠭᠰᠢᠯᠡᠬᠦᠯᠬᠦ ᠭᠡᠷᠡᠭᠳᠠᠢ᠃ ᠤᠳᠤᠬᠢᠴᠢᠯᠠᠬᠰᠠᠨ ᠠᠮᠤ ᠪᠤᠳᠠᠭᠠᠨ ᠤ ᠠᠵᠤ ᠤᠢᠢᠯᠡᠰ ᠤᠨ ᠰᠢᠰᠲ᠋ᠧᠮ ᠢ ᠲᠦᠷᠬᠡᠨ ᠪᠠᠶᠢᠭᠤᠯᠵᠤ᠂ ︽ᠦᠪᠤᠷ ᠮᠤᠩᠭᠤᠯ ᠨᠡᠷᠡᠮᠵᠢᠳᠦ︾ ᠲᠦᠷᠤᠯ ᠲᠡᠮᠳᠡᠭ ᠢ ᠬᠦᠴᠦᠷᠭᠡᠭᠵᠢᠬᠦᠯᠤᠨ ᠪᠤᠵᠠᠭᠠᠢᠢᠷᠠᠭᠤᠯᠵᠤ᠂ ᠦᠪᠤᠷ ᠮᠤᠩᠭᠤᠯ ᠤᠨ ᠪᠤᠬᠢᠷᠳᠤᠯ ᠦᠬᠡᠢ᠂ ᠤᠷᠭᠠᠨᠢᠬ᠂ ᠠᠷᠢᠭᠤᠨ ᠴᠡᠪᠡᠷ ᠰᠢᠯᠢᠳᠡᠭ ᠠᠮᠤ ᠪᠤᠳᠠᠭ᠎ᠠ ᠲᠤᠰᠤ ᠶᠢ ᠪᠦᠬᠦ ᠤᠯᠤᠰ ᠲᠤ ᠲᠠᠨᠢᠯᠴᠠᠭᠤᠯᠤᠨ ᠲᠡᠯᠬᠡᠷᠡᠬᠦᠯᠬᠦ ᠭᠡᠷᠡᠭᠳᠠᠢ᠃ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠰᠢᠯᠭᠠᠨ ᠦᠨᠡᠯᠡᠬᠦ ᠡᠷᠴᠢᠮ ᠢᠶᠠᠨ ᠴᠢᠩᠭᠠᠷᠠᠭᠤᠯᠵᠤ᠂ ᠬᠢᠨᠠᠯᠳᠠ ᠲᠠᠯᠪᠢᠵᠤ ᠪᠠᠶᠢᠴᠠᠭᠠᠯᠳᠠ ᠬᠢᠬᠦ ᠪᠠᠨ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠵᠠᠰᠠᠬ ᠵᠠᠬᠢᠷᠭᠠᠨ ᠤ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠪᠤᠳᠠᠳᠠᠢ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠤᠯᠤᠨ ᠪᠠᠶᠢᠯᠳᠤᠬᠤ ᠪᠤᠳᠤᠯᠭ᠎ᠠ ᠶᠢᠨ ᠪᠠᠴᠢᠮ ᠠᠷᠭᠠᠴᠠᠭᠠᠬᠤ ᠡᠳ᠋ ᠪᠤᠳᠠᠰ ᠤᠨ ᠨᠦᠬᠡᠴᠠ ᠶᠢᠨ ᠠᠮᠤᠷ ᠲᠦᠪᠰᠢᠨ ᠳᠤ ᠦᠪᠤᠷ ᠮᠤᠩᠭᠤᠯ ᠤᠨ ᠬᠤᠪᠢ ᠨᠡᠮᠡᠷᠢ ᠶᠢ ᠦᠵᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号