ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠮᠠᠨᠵᠤᠤᠷ ᠤᠨ ᠵᠠᠰᠠᠮᠠᠯ ᠵᠠᠮ ᠤᠨ | ᠬᠢᠯᠢ ᠶᠢᠨ ᠪᠣᠭᠤᠮᠲᠠ ᠪᠠᠷ ᠬᠢᠯᠢ ᠳᠤ ᠣᠷᠣᠬᠤ ᠬᠥᠮᠦᠰ ᠴᠣᠴᠢᠮᠠᠭ ᠨᠡᠮᠡᠭᠳᠡᠵᠦ᠂ ᠪᠣᠭᠤᠮᠲᠠ ᠶᠢᠨ ᠰᠢᠯᠭᠠᠨ | ᠪᠠᠶᠢᠴᠠᠭᠠᠬᠤ ᠬᠢᠵᠢᠭ ᠪᠠᠶᠢᠴᠠᠭᠠᠬᠤ ᠴᠢᠳᠠᠪᠤᠷᠢ ᠪᠣᠯᠤᠨ ᠬᠤᠲᠠ ᠶᠢᠨ ᠲᠣᠭᠤᠷᠢᠭ ᠤᠨ ᠲᠤᠰᠠᠭᠠᠷᠯᠠᠵᠤ ᠪᠠᠶᠢᠴᠠᠭᠠᠨ | ᠬᠡᠮᠵᠢᠬᠦ ᠴᠢᠳᠠᠪᠤᠷᠢ ᠨᠢ ᠨᠢᠭᠡᠨᠲᠡ ᠲᠦᠢᠯ ᠳᠤ ᠪᠠᠨ ᠲᠤᠯᠤᠭᠰᠠᠨ ᠪᠠᠶᠢᠳᠠᠯ ᠢ ᠦᠨᠳᠦᠰᠦᠯᠡᠨ᠂ ᠮᠠᠨᠵᠤᠤᠷ — | ᠬᠤᠶᠢᠲᠤ ᠪᠠᠶᠢᠭᠠᠯ ᠰᠺ ᠤᠨ ᠵᠠᠰᠠᠮᠠᠯ ᠵᠠᠮ ᠤᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠨᠡᠪᠲᠡᠷᠡᠬᠦ ᠵᠠᠮ ᠢ | 4 ᠳ᠋ᠦ᠋ᠭᠡᠷ ᠰᠠᠷ᠎ᠠ ᠶᠢᠨ 8 ᠤ ᠡᠳᠦᠷ ᠤᠨ 20 ᠴᠠᠭ ᠲᠤ ᠲᠦᠷ ᠬᠠᠭᠠᠬᠤ ᠪᠠᠷ ᠲᠣᠭᠲᠠᠪᠠ᠃ ᠡᠶᠢᠮᠦ ᠶᠢᠨ ᠲᠤᠯᠠ᠂ | ᠮᠠᠨᠵᠤᠤᠷ ᠤᠨ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠤᠨ ᠪᠣᠭᠤᠮᠲᠠ ᠶᠢᠨ ᠠᠶᠠᠨᠴᠢᠳ ᠤᠨ | ᠲᠡᠭᠡᠭᠡᠪᠦᠷᠢ ᠶᠢᠨ ᠨᠡᠪᠲᠡᠷᠡᠬᠦ ᠵᠠᠮ ᠨᠢᠭᠡᠨᠲᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠨᠦᠯᠦᠭᠡᠯᠡᠯ ᠢᠶᠠᠷ ᠪᠦᠬᠦᠨ ᠢ ᠬᠠᠭᠠᠵᠠᠶ᠃ | ᠮᠠᠨᠵᠤᠤᠷ ᠬᠤᠲᠠ ᠶᠢᠨ ᠵᠠᠰᠠᠭ ᠤᠨ ᠣᠷᠳᠣᠨ ᠤ ᠬᠠᠩᠭᠠᠭᠰᠠᠨ ᠲᠤᠭ᠎ᠠ ᠪᠠᠷᠢᠮᠲᠠ ᠠᠴᠠ ᠦᠵᠡᠪᠡᠯ᠂ | ᠣᠳᠣᠬᠠᠨ ᠪᠣᠯᠲᠠᠯ᠎ᠠ᠂ ᠮᠠᠨᠵᠤᠤᠷ ᠪᠣᠭᠤᠮᠲᠠ ᠪᠠᠷ ᠣᠷᠤᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 5᠂ | ᠰᠡᠵᠢᠭᠯᠡᠯᠲᠡᠢ ᠡᠪᠡᠳᠴᠢᠨ ᠤ ᠵᠢᠱᠢᠶ᠎ᠡ 8 ᠪᠣᠯᠵᠠᠢ᠃ ᠬᠢᠯᠢ ᠪᠠᠷ ᠣᠷᠣᠵᠤ ᠢᠷᠡᠭᠰᠡᠳ ᠲᠤ ᠨᠢᠭᠡᠨᠲᠡ ᠲᠥᠪᠯᠡᠷᠡᠭᠦᠯᠦᠨ | ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢᠨ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠭᠤᠯᠵᠤ᠂ | 396 ᠬᠥᠮᠦᠨ ᠪᠠᠰᠠ ᠲᠤᠰᠠᠭᠠᠷᠯᠠᠭᠰᠠᠨ ᠪᠠᠶᠢᠳᠠᠯ ᠳᠤ ᠣᠷᠣᠰᠢᠵᠤ ᠪᠠᠶᠢᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭ᠎ᠠ ᠨᠢᠮᠪᠠᠶ | ᠰᠠᠶᠢᠲᠤᠷ ᠠᠳᠬᠤᠬᠤ ᠶᠢᠨ ᠲᠥᠯᠥᠭᠡ᠂ ᠮᠠᠨᠵᠤᠤᠷ ᠪᠣᠭᠤᠮᠲᠠ᠂ ᠬᠢᠯᠢ ᠶᠢᠨ ᠪᠠᠶᠢᠴᠠᠭᠠᠯᠲᠠ᠂ ᠲᠡᠮᠦᠷ ᠵᠠᠮ᠂ | ᠪᠣᠭᠤᠮᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠡᠮ ᠡᠮᠨᠡᠯᠭᠡ ᠵᠡᠷᠭᠡ ᠰᠠᠯᠠᠭ᠎ᠠ ᠮᠥᠴᠢᠷ ᠤᠳ | ᠬᠠᠮᠲᠤᠷᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭ᠎ᠠ ᠨᠢᠮᠪᠠᠶ ᠠᠳᠬᠤᠬᠤ ᠶᠢᠨ ᠲᠥᠯᠥᠭᠡ᠂ ᠬᠤᠲᠠ ᠶᠢᠨ | ᠵᠠᠰᠠᠭ ᠤᠨ ᠣᠷᠳᠣᠨ ᠨᠢᠭᠡᠨᠲᠡ 8 ᠡᠮᠴᠢᠯᠡᠭᠡᠨ ᠤ ᠠᠩᠭᠢ ᠵᠣᠬᠢᠶᠠᠨ ᠪᠠᠶᠢᠭᠤᠯᠵᠤ᠂ ᠲᠣᠭᠲᠠᠭᠰᠠᠨ ᠴᠡᠭ ᠤᠨ | ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠩᠭᠢ ᠨᠢ ᠲᠤᠰᠠᠭᠠᠷᠯᠠᠭᠰᠠᠨ ᠡᠪᠡᠳᠴᠢᠲᠡᠨ ᠤ ᠥᠷᠥᠭᠡ ᠳᠤ ᠡᠭᠡᠯᠵᠢᠯᠡᠨ | ᠣᠷᠣᠵᠤ᠂ ᠪᠤᠰᠤᠳ ᠡᠮᠴᠢᠯᠡᠭᠡᠨ ᠤ ᠠᠩᠭᠢ ᠨᠢᠭᠡᠨᠲᠡ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ ᠴᠠᠭ | ᠢᠮᠠᠭᠲᠠ ᠲᠤᠰᠠᠯᠠᠬᠤ ᠪᠠᠷ ᠪᠡᠯᠡᠬᠡᠨ ᠪᠠᠶᠢᠨ᠎ᠠ᠃ |