ᠡᠭᠦᠯᠡᠨ 2020 ᠲᠤᠮᠳᠠᠳᠤ ᠤᠯᠤᠰ ᠤᠨ ᠲᠦᠷᠦᠯ ᠲᠡᠮᠳᠡᠭᠳᠤ ᠶᠢᠨ ᠡᠳᠦᠷᠯᠢᠭ ᠤᠨ ᠦᠪᠤᠷ ᠮᠤᠩᠭᠤᠯ ᠤᠨ ᠡᠬᠦᠯᠡᠨ ᠦᠵᠡᠬᠦᠯᠭᠡ ᠶᠢᠨ ᠤᠷᠳᠤᠨ 5 ᠰᠠᠷ᠎ᠠ ᠶᠢᠨ 10᠎ ᠤ ᠡᠳᠤᠷ ᠡᠷᠤᠭᠡ ᠪᠠᠨ ᠰᠡᠬᠦᠪᠡ  ᠮᠠ ᠰᠢᠦᠧᠠᠢ ᠵᠢᠶᠦ᠋ᠨ ᠦᠪᠤᠷ ᠮᠤᠩᠭᠤᠯ ᠤᠨ ᠬᠤᠪᠢᠶᠠᠷᠢ ᠲᠠᠯᠠᠪᠠᠢ ᠶᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2020/5/11
     5 ᠰᠠᠷ᠎ᠠ ᠶᠢᠨ 10᠎ ᠤ ᠡᠳᠤᠷ᠂ ︽ᠡᠬᠦᠯᠡᠨ 2020 ᠲᠤᠮᠳᠠᠳᠤ ᠤᠯᠤᠰ ᠤᠨ ᠲᠦᠷᠦᠯ ᠲᠡᠮᠳᠡᠭᠳᠤ ᠶᠢᠨ ᠡᠳᠦᠷᠯᠢᠭ ᠤᠨ ᠦᠪᠤᠷ ᠮᠤᠩᠭᠤᠯ ᠤᠨ ᠡᠬᠦᠯᠡᠨ ᠦᠵᠡᠬᠦᠯᠭᠡ ᠶᠢᠨ ᠤᠷᠳᠤᠨ︾ ᠡᠷᠤᠭᠡ ᠪᠠᠨ ᠰᠡᠬᠦᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠠᠷᠢᠬᠦᠯᠡᠭᠴᠢ ᠮᠠ ᠰᠢᠦᠧᠠᠢ ᠵᠢᠶᠦ᠋ᠨ ᠦᠪᠤᠷ ᠮᠤᠩᠭᠤᠯ ᠤᠨ ᠬᠤᠪᠢᠶᠠᠷᠢ ᠲᠠᠯᠠᠪᠠᠢ ᠎ ᠶᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃      5 ᠰᠠᠷ᠎ᠠ ᠶᠢᠨ 10᠎ ᠤ ᠡᠳᠤᠷ ᠪᠤᠯ ᠮᠠᠨ ᠤ ᠤᠯᠤᠰ ᠤᠨ ᠲᠦᠷᠪᠡᠳᠡᠬᠢ ︽ᠲᠤᠮᠳᠠᠳᠤ ᠤᠯᠤᠰ ᠤᠨ ᠲᠦᠷᠦᠯ ᠲᠡᠮᠳᠡᠭᠳᠤ ᠶᠢᠨ ᠡᠳᠦᠷᠯᠢᠭ︾ ᠪᠤᠯᠤᠨ᠎ᠠ᠃ 2020 ᠣᠨ ᠤ ᠲᠤᠮᠳᠠᠳᠤ ᠤᠯᠤᠰ ᠤᠨ ᠲᠦᠷᠦᠯ ᠲᠡᠮᠳᠡᠭᠳᠤ ᠶᠢᠨ ᠡᠳᠦᠷᠯᠢᠭ ᠨᠢ ᠡᠬᠦᠯᠡᠨ ᠠᠵᠢᠯᠯᠠᠭ᠎ᠠ ᠡᠷᠬᠢᠯᠡᠬᠦ ᠬᠡᠯᠪᠡᠷᠢ ᠪᠠᠷ ᠭᠤᠷᠪᠠᠨ ᠬᠡᠮᠵᠢᠯᠳᠤ ᠬᠡᠶᠢᠰᠪᠤᠷᠢ ᠠᠬᠤᠢ ᠵᠡᠷᠭᠡ ᠮᠡᠷᠭᠡᠵᠢᠯ ᠎ ᠢ ᠬᠡᠷᠡᠭᠯᠡᠨ᠂ ︽ᠲᠤᠮᠳᠠᠳᠤ ᠤᠯᠤᠰ ᠤᠨ ᠲᠦᠷᠦᠯ ᠲᠡᠮᠳᠡᠭᠳᠤ ᠶᠢ ᠲᠡᠯᠡᠬᠡᠢ ᠨᠡᠶᠢᠳᠡ ᠪᠠᠷ ᠬᠠᠮᠳᠤ ᠪᠠᠷ ᠡᠳ᠋ᠯᠡᠬᠦ︔ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ ᠴᠢᠨᠠᠷᠯᠢᠭ ᠠᠮᠢᠳᠤᠷᠠᠬᠤ︔ ᠪᠦᠬᠦ ᠪᠦᠮᠪᠤᠷᠴᠡᠭ ᠢᠶᠠᠷ ᠬᠢᠵᠢᠭ ᠲᠠᠢ ᠲᠡᠮᠡᠴᠡᠵᠤ ᠲᠦᠷᠦᠯ ᠲᠡᠮᠳᠡᠭᠳᠤ ᠶᠢᠨ ᠬᠦᠴᠦᠨ ᠢ ᠪᠤᠶᠢᠵᠢᠭᠤᠯᠬᠤ︾ ᠬᠡᠬᠦ ᠭᠤᠤᠯ ᠰᠡᠳᠤᠪ ᠤᠨ ᠲᠤᠭᠤᠷᠢᠨ ᠳᠤ᠂ ᠲᠤᠮᠳᠠᠳᠤ ᠤᠯᠤᠰ ᠪᠤᠯᠤᠨ ᠲᠡᠯᠡᠬᠡᠢ ᠲᠠᠬᠢᠨ ᠳᠤ ᠨᠢᠭᠡᠨ ᠤᠳᠠᠭᠠᠨ ᠤ ᠭᠤᠶᠢᠳᠠ ᠰᠠᠶᠢᠬᠠᠨ ᠮᠠᠷᠲᠠᠭᠳᠠᠰᠢ ᠦᠭᠡᠢ ᠡᠬᠦᠯᠡᠨ ᠴᠤᠭᠯᠠᠭᠠᠨ ᠢ ᠦᠷᠨᠢᠬᠦᠯᠵᠡᠢ᠃      ᠦᠪᠤᠷ ᠮᠤᠩᠭᠤᠯ ᠤᠨ ᠡᠬᠦᠯᠡᠨ ᠦᠵᠡᠬᠦᠯᠬᠡ ᠶᠢᠨ ᠤᠷᠳᠤᠨ ᠢ ᠦᠪᠡᠷᠳᠡᠭᠡᠨ ᠵᠠᠰᠠᠬᠤ ᠤᠷᠤᠨ ᠤ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠡ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠤᠢᠢᠯᠡᠳᠪᠤᠷᠢ ᠪᠠ ᠮᠡᠳᠡᠭᠡ ᠵᠠᠩᠬᠢᠵᠢᠯᠳᠡ ᠶᠢᠨ ᠲᠢᠩᠬᠢᠮ ᠵᠡᠷᠭᠡ ᠬᠠᠮᠢᠶ᠎ᠠ ᠪᠦᠬᠦᠢ ᠨᠢᠭᠡᠴᠢ ᠲᠠᠢ ᠬᠠᠮᠳᠤᠷᠠᠨ ᠪᠡᠯᠡᠳᠭᠡᠪᠡ᠃ ᠦᠪᠤᠷ ᠮᠤᠩᠭᠤᠯ ᠤᠨ ᠡᠬᠦᠯᠡᠨ ᠦᠵᠡᠬᠦᠯᠭᠡ ᠶᠢᠨ ᠤᠷᠳᠤᠨ ᠨᠢ ︽ᠲᠡᠬᠦᠯᠢᠨ ᠲᠠᠪᠬᠢᠭ᠎ᠠ ᠦᠪᠤᠷ ᠮᠤᠩᠭᠤᠯ︾᠎ ᠢᠶᠠᠷ ᠭᠤᠤᠯ ᠰᠡᠳᠤᠪ ᠪᠤᠯᠭᠠᠨ᠂ ᠮᠠᠨ ᠤ ᠤᠷᠤᠨ ᠤ ᠤᠢᠢᠷ᠎ᠠ ᠶᠢᠨ ᠵᠢᠯ ᠤᠨ ᠲᠤᠷᠰᠢᠬᠢ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢᠨ ᠦᠷ᠎ᠠ ᠪᠦᠳᠦᠭᠡᠯ ᠢ ᠲᠡᠯᠭᠡᠨ ᠦᠵᠡᠬᠦᠯᠵᠤ᠂ ᠮᠠᠨ ᠤ ᠤᠷᠤᠨ ᠤ ᠪᠡᠶ᠎ᠠ ᠪᠠᠨ ᠲᠠᠭᠠᠭᠠᠭᠰᠠᠨ ᠨᠡᠷᠡᠳᠤ ᠲᠦᠷᠦᠯ ᠲᠡᠮᠳᠡᠭᠳᠤ ᠪᠤᠯᠤᠨ ᠰᠢᠨ᠎ᠠ ᠶᠢ ᠡᠬᠦᠳᠬᠦ ᠬᠡᠯᠪᠡᠷᠢ ᠶᠢᠨ ᠠᠵᠤ ᠠᠬᠤᠢᠢᠯᠡᠯ ᠢ ᠲᠡᠯᠭᠡᠨ ᠦᠵᠡᠬᠦᠯᠵᠤ᠂ ᠦᠪᠤᠷ ᠮᠤᠩᠭᠤᠯ ᠤᠨ ᠨᠡᠷᠡᠳᠤ ᠲᠦᠷᠦᠯ ᠲᠡᠮᠳᠡᠭᠳᠤ ᠶᠢ ᠪᠦᠬᠦ ᠤᠯᠤᠰ ᠴᠢᠨᠠᠭᠰᠢᠯᠠᠨ ᠲᠡᠯᠡᠬᠡᠢ ᠲᠠᠶᠢᠰᠢ ᠬᠦᠭᠵᠢᠬᠦ ᠶᠢ ᠲᠦᠯᠬᠢᠨ ᠠᠬᠢᠭᠤᠯᠪᠠ᠃      ᠡᠬᠦᠯᠡᠨ ᠦᠵᠡᠭᠦᠯᠭᠡ ᠶᠢᠨ ᠬᠡᠷᠡᠭᠴᠡᠭᠡ ᠶᠢ ᠬᠠᠩᠭᠠᠬᠤ ᠶᠢᠨ ᠲᠦᠯᠦᠭᠡ᠂ ᠦᠪᠤᠷ ᠮᠤᠩᠭᠤᠯ ᠤᠨ ᠡᠬᠦᠯᠡᠨ ᠦᠵᠡᠬᠦᠯᠭᠡ ᠶᠢᠨ ᠤᠷᠳᠤᠨ ᠨᠢ ᠪᠠᠰᠠ ᠰᠤᠯᠪᠢᠴᠠᠭ᠎ᠠ ᠦᠬᠡᠢ ᠲᠤᠭᠤᠷᠢᠨ ᠦᠵᠡᠬᠦ ᠵᠠᠮ ᠱᠤᠭᠤᠮ ᠵᠢᠴᠢ ᠬᠤᠤᠰ ᠴᠢᠭᠯᠡᠯ ᠢᠶᠠᠷ 4 ᠭᠠᠷᠬᠤ ᠡᠬᠦᠳᠡ ᠲᠤᠬᠢᠷᠠᠭᠤᠯᠵᠤ᠂ ︽ᠦᠪᠤᠷ ᠮᠤᠩᠭᠤᠯ ᠤᠨ ᠪᠤᠬᠢᠷᠳᠤᠯ ᠦᠬᠡᠢ ᠮᠠᠯ ᠠᠵᠤ ᠠᠬᠤᠢ ᠲᠠᠷᠢᠶᠠᠯᠠᠩ︾ ︵ᠰᠦ ᠶᠢᠨ ᠤᠢᠢᠯᠡᠰ ᠪᠠᠭᠳᠠᠨ᠎ᠠ︶ ︽ᠦᠪᠤᠷ ᠮᠤᠩᠭᠤᠯ ᠤᠨ ᠤᠢᠢᠯᠡᠳᠭᠡᠯ︾ ︵ᠢᠮᠠᠭᠠᠨ ᠨᠤᠤᠯᠤᠭᠤᠷ ᠪᠠᠭᠳᠠᠨ᠎ᠠ︶ ︽ᠦᠪᠤᠷ ᠮᠤᠩᠭᠤᠯ ᠤᠨ ᠰᠤᠶᠤᠯ ᠵᠢᠭᠤᠯᠴᠢᠯᠡᠯ︾ ︵ᠠᠮᠢ ᠠᠬᠤᠢ ᠪᠠᠭᠳᠠᠨ᠎ᠠ︶ ︽ᠦᠪᠤᠷ ᠮᠤᠩᠭᠤᠯ ᠤᠨ ᠦᠨᠤᠷ ᠠᠮᠳᠠ︾ ︽ᠦᠪᠤᠷ ᠮᠤᠩᠭᠤᠯ ᠤᠨ ᠮᠤᠩᠭᠤᠯ ᠡᠮ ᠡᠮᠨᠡᠯᠭᠡ︾ ᠬᠡᠬᠦ ᠲᠠᠪᠤᠨ ᠲᠤᠮᠤ ᠬᠡᠰᠡᠭ ᠬᠤᠪᠢᠶᠠᠵᠤ᠂ ᠮᠠᠨ ᠤ ᠤᠷᠤᠨ ᠤ ᠨᠢᠬᠡᠳᠤᠭᠡᠷ ᠬᠤᠶᠠᠳᠤᠭᠠᠷ ᠭᠤᠷᠪᠠᠳᠤᠭᠠᠷ ᠠᠵᠤ ᠤᠢᠢᠯᠡᠰ ᠢ ᠬᠠᠮᠤᠷᠤᠭᠰᠠᠨ 60 ᠨᠡᠷᠡᠳᠤ ᠠᠵᠤ ᠠᠬᠤᠢᠢᠯᠡᠯ ᠤᠨ ᠲᠦᠷᠦᠯ ᠲᠡᠮᠳᠡᠭ ᠤᠨ ᠦᠯᠢᠬᠡᠷ ᠢ ᠲᠦᠪᠯᠡᠷᠡᠬᠦᠯᠦᠨ ᠲᠡᠯᠭᠡᠨ ᠦᠵᠡᠬᠦᠯᠦᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号