| ᠦᠪᠦᠷ ᠵᠠᠰᠠᠭ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽2020 ᠣᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ︾ ᠶᠢ ᠨᠢᠭᠡᠨᠲᠡ ᠦᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠪᠠ᠂ ᠪᠤᠲᠠᠲᠠᠢ ᠲᠠᠢ ᠪᠠᠨ ᠤᠶᠠᠯᠳᠤᠭᠤᠯᠤᠨ᠂ | ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | | 2020 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ | | | | 2020 ᠣᠨ ᠤ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ | | | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ | ᠲᠠᠪᠣᠨ ᠵᠢᠯ︾ ᠤᠨ ᠲᠦᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠨᠢᠭᠡᠳᠦᠭᠡᠷ ᠵᠠᠭᠤᠨ ᠵᠢᠯ ᠤᠨ | ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠤ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠳᠤ | ᠰᠠᠶᠢᠲᠤᠷ ᠰᠠᠭᠤᠷᠢ ᠲᠠᠯᠪᠢᠵᠤ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠴᠢᠬᠤᠯᠠ ᠠᠴᠢ ᠬᠤᠯᠪᠣᠭᠳᠠᠯ ᠲᠠᠢ | ᠶᠤᠮ᠃ ᠣᠷᠣᠨ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ︽ᠳᠦᠷᠪᠡᠨ ᠦᠵᠡᠯ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠᠲᠤ ᠡᠭᠦᠷᠭᠡ ᠲᠠᠢ ᠨᠢᠭᠲᠠ | ᠤᠶᠠᠯᠳᠤᠭᠤᠯᠤᠨ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ | ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ | ᠦᠭᠡᠷᠡᠴᠢᠯᠡᠯᠲᠡ ᠨᠡᠭᠡᠭᠡᠯᠲᠡ ᠬᠢᠬᠦ ᠪᠠᠷ ᠬᠦᠳᠡᠯᠭᠡᠭᠴᠢ ᠬᠦᠴᠦᠨ ᠪᠣᠯᠭᠠᠬᠤ ᠶᠢ ᠪᠠᠷᠢᠮᠲᠠᠯᠠᠨ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠤ ᠢᠯᠠᠯᠲᠡ ᠶᠢ ᠡᠷᠡᠰ | ᠲᠡᠮᠡᠴᠡᠨ ᠣᠯᠵᠤ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ | ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ | ᠠᠷᠠᠳ ᠲᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠲᠦᠯᠲᠡᠢ | ᠲᠦᠯᠦᠪᠯᠡᠨ ᠠᠬᠢᠭᠤᠯᠵᠤ᠂ ᠠᠵᠤ ᠠᠬᠤᠢ ᠶᠢ ᠵᠦᠢ ᠵᠣᠬᠢᠰᠲᠠᠢ ᠬᠡᠪᠴᠢᠶᠡᠨ ᠳᠤ ᠠᠵᠢᠯᠯᠠᠭᠤᠯᠬᠤ ᠶᠢ ᠪᠠᠲᠤᠯᠠᠨ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠳᠤ | ᠮᠡᠳᠡᠷᠡᠭᠳᠡᠨ ᠲᠠᠭᠠᠰᠢᠶᠠᠭᠳᠠᠵᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠴᠢᠳᠠᠭᠰᠠᠨ ᠪᠠᠶᠢᠬᠤ ᠬᠡᠷᠡᠭᠲᠡᠢ᠃ | 2020 ᠣᠨ ᠤ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠠᠵᠢᠯ ᠣᠯᠣᠭᠰᠠᠳ ᠢ 22 ᠲᠦᠮᠡ ᠭᠠᠷᠤᠢ | ᠰᠢᠨ᠎ᠡ ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 5. | 5% ᠣᠷᠴᠢᠮ ᠳᠤ ᠪᠠᠶᠢᠯᠭᠠᠵᠤ᠂ ᠬᠤᠲᠠ ᠪᠠᠯᠭᠠᠰᠤᠨ ᠤ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ | ᠨᠤᠷᠮ᠎ᠠ ᠶᠢ 4.5% ᠲᠤᠳᠤᠷ᠎ᠠ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ | ᠦᠰᠦᠯᠲᠡ ᠶᠢᠨ ᠬᠡᠮᠵᠢᠶ᠎ᠡ ᠶᠢ 3.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ | ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠠᠯᠬᠤᠮ ᠳᠤ ᠪᠠᠶᠢᠯᠭᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠤᠳᠤᠬᠠᠨ ᠤ ᠪᠠᠶᠢᠳᠠᠯ ᠳᠤ ᠪᠠᠨ ᠰᠠᠭᠤᠷᠢᠯᠠᠨ᠂ | ᠠᠯᠤᠰ ᠬᠤᠯᠠ ᠶᠢ ᠪᠣᠳᠣᠯᠬᠢᠯᠠᠵᠤ᠂ ᠦᠪᠦᠷ ᠮᠣᠩᠭᠤᠯ ᠤᠨ ᠠᠵᠢᠯ ᠤᠨ ᠲᠣᠬᠠᠢ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠠᠢ | ᠨᠢᠭᠲᠠ ᠤᠶᠠᠯᠳᠤᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ | ᠤᠳᠠᠭᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠲᠤᠭᠤᠰᠢᠯᠠᠭᠤᠯᠤᠨ᠂ ᠲᠣᠭᠲᠠᠭᠤᠨ ᠢ ᠲᠡᠷᠢᠭᠦᠨ ᠪᠠᠶᠢᠷᠢᠨ ᠳᠤ | ᠲᠠᠯᠪᠢᠬᠤ ᠶᠢ ᠪᠠᠷᠢᠮᠲᠠᠯᠠᠵᠤ᠂ ︽ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠦᠭᠡᠢ ᠪᠠᠶᠢᠯᠭᠠᠬᠤ︾ | ᠴᠢᠭᠯᠡᠯᠲᠡ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ | ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠦᠳᠡᠯᠭᠡᠭᠦᠷ | ᠪᠣᠯᠭᠠᠬᠤ ᠪᠠ ᠦᠭᠡᠷᠡᠴᠢᠯᠡᠯᠲᠡ ᠨᠡᠭᠡᠭᠡᠯᠲᠡ ᠪᠠᠷ ᠬᠦᠳᠡᠯᠭᠡᠭᠴᠢ ᠬᠦᠴᠦᠨ ᠪᠣᠯᠭᠠᠵᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠵᠠᠮᠨᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠪᠠ ᠡᠬᠡ | ᠤᠯᠤᠰ ᠤᠨ ᠤᠮᠠᠷᠠᠲᠤ ᠬᠢᠯᠢ ᠶᠢᠨ ᠠᠮᠦᠷ ᠲᠥᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠣᠯᠭᠠᠨ᠎ᠠ᠃ | ᠨᠢᠭᠡ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ | ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ | ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠲᠤ ᠠᠷᠠᠯᠵᠢᠶ᠎ᠠ᠂ ᠭᠠᠳᠠᠭᠠᠲᠣ ᠪᠡᠯᠡ᠂ ᠪᠡᠯᠡ | ᠣᠷᠤᠭᠤᠯᠤᠯᠲᠠ᠂ ᠵᠢᠱᠢᠯᠲᠡ ᠲᠦᠰᠦᠭᠡᠯᠡᠯ ᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠤᠨ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠴᠢᠩᠭᠠᠷᠠᠭᠤᠯᠵᠤ᠂ ᠪᠦᠲᠦᠮᠵᠢᠲᠡᠢ ᠬᠡᠷᠡᠭᠴᠡᠭᠡ | ᠱᠠᠭᠠᠷᠳᠠᠯᠭ᠎ᠠ ᠶᠢᠨ ᠬᠡᠪᠴᠢᠶᠡᠵᠢᠯ ᠢ ᠢᠳᠡᠪᠬᠢᠲᠡᠢ ᠪᠠᠷ ᠥᠷᠭᠡᠳᠭᠡᠨ᠂ ᠠᠵᠤ ᠠᠬᠤᠢ ᠶᠢ ᠵᠦᠢ ᠵᠣᠬᠢᠰᠲᠠᠢ | ᠬᠡᠪᠴᠢᠶᠡᠨ ᠳᠤ ᠠᠵᠢᠯᠯᠠᠭᠤᠯᠬᠤ ᠶᠢ ᠦᠨᠡᠨ ᠬᠦ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ | ᠣᠷᠤᠭᠰᠢᠯᠠᠭᠤᠯᠬᠤ ᠶᠢ ᠠᠬᠢᠭᠤᠯᠤᠨ᠎ᠠ᠃ | ︵ᠨᠢᠭᠡ︶ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ᠨᠡᠩ ᠢᠳᠡᠪᠬᠢᠲᠡᠢ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ | ᠲᠡᠭᠦᠯᠳᠡᠷᠵᠢᠭᠦᠯᠵᠦ᠂ ᠠᠵᠢᠯ ᠣᠯᠭᠤᠬᠤ ᠶᠡᠷᠦᠩᠬᠡᠢ ᠬᠡᠮᠵᠢᠶ᠎ᠡ ᠶᠢ ᠲᠣᠭᠲᠠᠪᠤᠷᠢᠵᠢᠭᠤᠯᠤᠨ᠂ ᠠᠵᠢᠯ ᠣᠯᠭᠤᠯᠲᠠ ᠶᠢᠨ | ᠪᠦᠲᠦᠴᠡ ᠶᠢ ᠰᠠᠶᠢᠵᠢᠷᠠᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢᠶᠠᠷ ᠭᠤᠣᠯᠳᠠᠯᠭ᠎ᠠ ᠪᠣᠯᠭᠠᠭᠰᠠᠨ ᠵᠠᠯᠠᠭᠤᠴᠤᠳ᠂ ᠠᠵᠢᠯ ᠠᠯᠳᠠᠭᠰᠠᠳ ᠪᠠ ᠮᠠᠯᠴᠢᠨ | ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠰᠠᠶᠢᠲᠤᠷ | ᠠᠳᠬᠤᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ | ᠠᠵᠢᠯ ᠣᠯᠬᠤ ᠳᠤ ᠬᠦᠴᠢᠷᠲᠡᠢ ᠬᠦᠮᠦᠰ ᠢ ᠦᠨᠳᠦᠰᠦᠨ ᠠᠴᠠ ᠨᠢ ᠬᠠᠪᠰᠤᠷᠤᠨ ᠲᠡᠳᠭᠦᠬᠦ᠂ ᠨᠢᠭᠡ ᠨᠢ ᠴᠦ ᠠᠵᠢᠯ | ᠣᠯᠣᠭᠠᠳᠤᠢ ᠭᠡᠷ ᠪᠦᠯᠢ ᠳᠤ ᠬᠦᠳᠡᠯᠦᠩᠭᠦᠢ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠣᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯᠲᠠᠨ ᠬᠡᠷᠡᠭᠯᠡᠬᠦ᠂ ᠠᠵᠢᠯ ᠡᠷᠢᠬᠦ ᠶᠢᠨ | ᠬᠡᠷᠡᠭᠴᠡᠭᠡ ᠱᠠᠭᠠᠷᠳᠠᠯᠭ᠎ᠠ ᠶᠢ ᠪᠣᠯᠪᠠᠰᠤᠷᠠᠭᠤᠯᠤᠯ ᠤᠨ ᠮᠡᠳᠡᠭᠡ ᠵᠠᠩᠭᠢ ᠯᠤᠭ᠎ᠠ ᠶᠢᠨ ᠵᠠᠯᠭᠠᠯᠳᠤᠭᠤᠯᠤᠭᠰᠠᠨ | ᠲᠣᠭᠲᠠᠴᠠ ᠶᠢ ᠪᠠᠶᠢᠭᠤᠯᠤᠨ᠎ᠠ᠃ ᠦᠢᠯᠡᠰ ᠴᠤᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ | ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ᠴᠢᠩᠭᠠᠳᠬᠠᠨ᠎ᠠ᠃ ᠤᠷ᠎ᠠ ᠮᠡᠷᠭᠡᠰᠢᠯ ᠤᠨ ᠴᠢᠳᠠᠪᠤᠷᠢᠲᠠᠨ | ᠲᠤᠳᠠᠭᠳᠠᠵᠤ ᠪᠠᠶᠢᠭ᠎ᠠ ᠠᠰᠠᠭᠤᠳᠠᠯ ᠢ ᠲᠦᠷᠭᠡᠬᠡᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠᠨ | ᠳᠡᠭᠡᠭᠰᠢᠯᠡᠭᠦᠯᠬᠦ ᠠᠵᠢᠯᠯᠠᠭ᠎ᠠ ᠪᠠ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠬᠦ | ᠰᠤᠷᠤᠭᠴᠢ ᠪᠠᠨ ᠨᠡᠮᠡᠭᠳᠡᠭᠦᠯᠵᠦ ᠴᠢᠨᠠᠷ ᠴᠢᠨᠰᠠᠭ᠎ᠠ ᠪᠠᠨ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠦᠷᠢᠴᠡᠯ ᠢ ᠠᠷᠢᠯᠭᠠᠨ᠎ᠠ᠃ | ︵ᠬᠤᠶᠠᠷ︶ ᠪᠤᠳᠠᠳᠤ ᠴᠤᠭᠴᠠ ᠶᠢᠨ ᠠᠵᠤ ᠠᠬᠤᠢ ᠳᠤ ᠦᠢᠯᠡᠴᠢᠯᠡᠬᠦ ᠮᠦᠩᠭᠦᠨ ᠭᠦᠢᠯᠭᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠳᠠᠭᠠᠯᠠᠮᠵᠢ ᠶᠢᠨ ᠪᠡᠯᠡᠳᠭᠡᠯ ᠮᠦᠩᠭᠦᠨ ᠤ ᠨᠤᠷᠮ᠎ᠠ ᠶᠢ ᠬᠠᠨᠳᠤᠯᠭ᠎ᠠ ᠲᠠᠢ ᠪᠠᠷ | ᠪᠠᠭᠤᠷᠠᠭᠤᠯᠬᠤ ᠵᠡᠷᠭᠡ ᠤᠯᠤᠰ ᠤᠨ ᠵᠤᠭᠤᠰᠤᠨ ᠤ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠢ ᠰᠠᠶᠢᠲᠤᠷ | ᠬᠡᠷᠡᠭᠯᠡᠵᠦ᠂ ᠮᠦᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠪᠡᠯᠡ | ᠲᠣᠬᠢᠷᠠᠭᠤᠯᠭ᠎ᠠ ᠶᠢᠨ ᠪᠦᠲᠦᠴᠡ ᠪᠠ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠠᠨᠠᠢ ᠭᠤᠭᠴᠤᠭᠠᠨ ᠳᠤ ᠳᠡᠮᠵᠢᠯᠭᠡ ᠦᠵᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠦᠢᠯᠡᠳᠬᠦ ᠦᠢᠯᠡᠰ ᠤᠨ ᠤᠷᠲᠤᠪᠲᠣᠷ ᠪᠠ ᠤᠷᠲᠤ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢ | ᠴᠢᠩᠭᠠᠳᠬᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠪᠡᠯᠡ ᠲᠣᠬᠢᠷᠠᠭᠤᠯᠬᠤ ᠳᠤ ᠦᠨᠡᠲᠡᠢ ᠪᠠᠶᠢᠬᠤ ᠠᠰᠠᠭᠤᠳᠠᠯ ᠢ | ᠨᠡᠩ ᠰᠠᠶᠢᠲᠤᠷ ᠨᠠᠮᠳᠠᠭᠠᠵᠤ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠬᠦᠴᠦᠯᠡᠨ᠂ ᠢᠲᠡᠭᠡᠮᠵᠢᠲᠦ ᠵᠢᠭᠡᠯᠡᠯᠭᠡ | ᠲᠠᠯᠪᠢᠬᠤ ᠶᠢᠨ ᠰᠠᠭᠠᠳ ᠬᠠᠷᠰᠢ ᠶᠢ ᠨᠢ ᠠᠷᠢᠯᠭᠠᠵᠤ᠂ ᠰᠢᠭᠤᠳ ᠪᠡᠯᠡ ᠲᠣᠬᠢᠷᠠᠭᠤᠯᠬᠤ ᠬᠡᠪᠴᠢᠶᠡᠵᠢᠯ ᠢ ᠥᠷᠭᠡᠳᠭᠡᠨ᠂ | ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠦᠪᠡᠷ ᠤᠨ ᠥᠷᠲᠡᠭ ᠤᠨ ᠪᠠᠭᠤᠷᠠᠯᠲᠠ ᠶᠢ | ᠠᠬᠢᠭᠤᠯᠤᠨ᠎ᠠ᠃ ᠲᠦᠷᠦᠯ ᠵᠦᠢᠯ ᠤᠨ ᠪᠡᠯᠡ ᠮᠦᠩᠭᠦᠨ ᠤ ᠪᠠᠲᠤᠯᠠᠭ᠎ᠠ ᠶᠢ ᠴᠢᠩᠭᠠᠳᠬᠠᠵᠤ᠂ ᠤᠯᠤᠰ ᠤᠨ ᠡᠯ᠎ᠡ | ᠲᠦᠷᠦᠯ ᠤᠨ ᠪᠡᠯᠡ ᠮᠦᠩᠭᠦᠨ ᠤ ᠳᠡᠮᠵᠢᠯᠭᠡ ᠶᠢ ᠢᠳᠡᠪᠬᠢᠲᠡᠢ ᠴᠢᠷᠮᠠᠶᠢᠨ ᠣᠯᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠲᠡᠭᠲᠦ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ | ᠮᠦᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠭᠤᠷᠪᠠ ᠶᠢᠨ ᠪᠡᠯᠡ ᠲᠣᠬᠢᠷᠠᠭᠤᠯᠬᠤ ᠶᠢ ᠵᠠᠯᠭᠠᠯᠳᠤᠭᠤᠯᠬᠤ | ᠠᠵᠢᠯ ᠢᠶᠠᠨ ᠦᠷᠭᠦᠯᠵᠢᠯᠡᠨ ᠦᠷᠨᠢᠭᠦᠯᠵᠦ᠂ ᠵᠠᠰᠠᠭ ᠤᠨ ᠣᠷᠳᠣᠨ ᠤ ᠡᠯ᠎ᠡ ᠲᠦᠷᠦᠯ ᠤᠨ ᠪᠡᠯᠡ ᠣᠷᠤᠭᠤᠯᠤᠯᠲᠠ ᠶᠢᠨ | ᠰᠠᠭᠤᠷᠢ ᠮᠦᠩᠭᠦ ᠶᠢ ᠵᠢᠷᠤᠮᠵᠢᠭᠤᠯᠤᠨ ᠬᠥᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢ | ᠴᠢᠩᠭᠠᠷᠠᠭᠤᠯᠵᠤ᠂ ᠨᠡᠩ ᠣᠯᠠᠨ ᠪᠡᠯᠡ ᠮᠦᠩᠭᠦ ᠪᠠ ᠠᠵᠤ ᠦᠢᠯᠡᠰ ᠢ ᠮᠠᠨ ᠤ ᠣᠷᠣᠨ ᠳᠤ ᠪᠠᠨ ᠲᠠᠲᠠᠵᠤ | ᠠᠪᠴᠢᠷᠠᠨ᠎ᠠ᠃ | ︵ᠭᠤᠷᠪᠡ︶ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢ ᠲᠤᠭᠲᠠᠭᠤᠨ ᠪᠠᠶᠢᠯᠭᠠᠬᠤ ᠶᠢᠨ ᠳᠠᠭᠠᠤ ᠶᠠᠰᠤ | ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ ᠰᠢᠯᠢᠳᠡᠭᠵᠢᠭᠦᠯᠵᠦ ᠳᠡᠰ | ᠳᠡᠪᠰᠢᠭᠦᠯᠬᠦ ᠶᠢ ᠲᠦᠷᠭᠡᠳᠭᠡᠵᠦ᠂ ᠠᠵᠤ ᠠᠬᠤᠶᠢᠯᠠᠯ ᠤᠨ ᠬᠢᠨ ᠤ ᠣᠯᠠᠨ ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠨ | ᠥᠷᠭᠡᠳᠭᠡᠬᠦ ᠶᠢ ᠨᠢ ᠵᠣᠷᠢᠭᠵᠢᠭᠤᠯᠤᠨ᠂ ᠭᠠᠳᠠᠭᠠᠳᠤ ᠠᠷᠠᠯᠵᠢᠶᠠᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ | ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠵᠤ᠂ ᠨᠡᠩ ᠣᠯᠠᠨ ︽ᠮᠧᠩ ︵ᠬᠢᠲᠠᠳ ᠦᠰᠦᠭ︶ ᠦᠰᠦᠭᠲᠦ | ᠲᠡᠮᠲᠡᠭ︾ ᠲᠠᠢ ᠴᠢᠨᠠᠷ ᠰᠠᠶᠢᠲᠠᠢ ᠪᠦᠲᠦᠭᠡᠭᠳᠡᠭᠦᠨ ᠢ ᠭᠠᠳᠠᠭᠰᠢ ᠭᠠᠷᠭᠠᠬᠤ ᠶᠢ ᠨᠢ ᠠᠬᠢᠭᠤᠯᠤᠨ᠎ᠠ᠃ ᠬᠢᠯᠢ ᠶᠢᠨ | ᠠᠷᠠᠯᠵᠢᠶ᠎ᠠ ᠶᠢᠨ ᠪᠣᠯᠪᠠᠰᠤᠷᠠᠭᠤᠯᠬᠤ ᠣᠨᠴᠠᠯᠢᠭᠲᠤ ᠠᠵᠤ ᠦᠢᠯᠡᠰ ᠤᠨ ᠪᠦᠭᠡᠮᠨᠡᠷᠡᠯ ᠢ ᠪᠣᠢ ᠪᠣᠯᠭᠠᠵᠤ᠂ | ᠦᠢᠯᠡᠴᠢᠯᠡᠭᠡᠨ ᠤ ᠠᠷᠠᠯᠵᠢᠶ᠎ᠠ ᠶᠢ ᠶᠡᠭᠡ ᠪᠠᠷ ᠬᠥᠭᠵᠢᠭᠦᠯᠦᠨ᠂ ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ | ᠠᠵᠤ ᠠᠬᠤᠢ ᠶᠢ ᠢᠳᠡᠪᠬᠢᠲᠡᠢ ᠬᠥᠭᠵᠢᠭᠦᠯᠦᠨ᠎ᠡ᠃ ᠮᠠᠨ ᠤ ᠣᠷᠣᠨ ᠠᠴᠠ ᠠᠶᠠᠯᠠᠯ ᠢᠶᠠᠨ ᠡᠬᠢᠯᠡᠭᠦᠯᠵᠦ ᠪᠠᠶᠢᠭ᠎ᠠ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠴᠢᠨᠠᠷ ᠢ ᠰᠠᠶᠢᠵᠢᠷᠠᠭᠤᠯᠤᠨ ᠪᠠᠭᠲᠠᠭᠠᠮᠵᠢ ᠶᠢ | ᠨᠡᠮᠡᠭᠳᠡᠭᠦᠯᠬᠦ ᠶᠢ ᠨᠢ ᠳᠡᠮᠵᠢᠵᠦ᠂ ᠭᠠᠳᠠᠭᠠᠳᠤ ᠠᠴᠠ ᠣᠷᠤᠭᠤᠯᠤᠨ ᠭᠠᠳᠠᠭᠠᠳᠤ ᠳᠤ ᠭᠠᠷᠭᠠᠬᠤ ᠭᠦᠢᠯᠭᠡᠭᠡᠨ ᠶᠡᠬᠡᠲᠡᠢ | ᠪᠦᠲᠦᠭᠡᠭᠳᠡᠭᠦᠨ ᠢ ᠪᠤᠲᠠᠲᠠᠢ ᠭᠠᠵᠠᠷ ᠲᠤ ᠰᠠᠭᠤᠷᠢᠰᠢᠭᠤᠯᠵᠤ ᠪᠣᠯᠪᠠᠰᠤᠷᠠᠭᠤᠯᠬᠤ ᠶᠢ ᠠᠬᠢᠭᠤᠯᠵᠤ᠂ ᠪᠦᠬᠦ ᠵᠢᠯ ᠳᠠᠬᠢ | ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 260 ᠠᠶᠠᠯᠠᠭᠤᠯᠬᠤ ᠪᠠᠷ ᠴᠢᠷᠮᠠᠶᠢᠨ᠎ᠠ᠃ ᠭᠠᠳᠠᠭᠠᠳᠤ | ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠢ ᠪᠣᠯᠭᠠᠬᠤ ᠪᠠ ᠬᠥᠭᠵᠢᠭᠦᠯᠵᠦ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠪᠠ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ | ᠣᠷᠤᠭᠤᠯᠬᠤ ᠡᠷᠴᠢᠮ ᠢ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ | ᠪᠤᠭᠤᠮᠲᠠ ᠶᠢᠨ ᠣᠨᠴᠠᠭᠠᠢ ᠬᠢᠨᠠᠨ ᠬᠠᠮᠢᠶᠠᠷᠬᠤ ᠣᠷᠣᠨ ᠤ ᠲᠤᠭ᠎ᠠ ᠬᠡᠮᠵᠢᠶ᠎ᠡ ᠪᠠ ᠴᠢᠨᠠᠷ ᠴᠢᠨᠰᠠᠭ᠎ᠠ ᠶᠢ ᠠᠬᠢᠭᠤᠯᠤᠨ | ᠳᠡᠭᠡᠭᠰᠢᠯᠡᠭᠦᠯᠦᠨ᠎ᠡ᠃ ︽ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ | ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2019﹈ 23 ᠳ᠋ᠤᠭᠠᠷ | ᠲᠣᠭᠠᠲᠤ︶᠂ ︽ᠬᠢᠯᠢ ᠠᠯᠤᠰᠯᠠᠭᠰᠠᠨ ᠠᠷᠠᠯᠵᠢᠶ᠎ᠠ ᠪᠡᠯᠡ ᠣᠷᠤᠭᠤᠯᠤᠯᠲᠠ ᠳᠤ ᠳᠦᠭᠦᠮ ᠦᠵᠡᠭᠦᠯᠬᠦ ᠶᠢ ᠠᠬᠢᠭᠤᠯᠬᠤ | ᠲᠣᠬᠠᠢ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠮᠡᠳᠡᠭᠳᠡᠯ︾ | ︵ᠭᠤᠪᠢᠭᠤᠯᠭ᠎ᠠ ᠲᠠᠷᠬᠠᠭᠠᠭᠰᠠᠨ ﹇2019﹈ 28 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ | ︵ᠳᠥᠷᠪᠡ︶ ᠪᠦᠲᠦᠮᠵᠢᠲᠡᠢ ᠪᠡᠯᠡ ᠣᠷᠤᠭᠤᠯᠤᠯᠲᠠ ᠶᠢ ᠦᠨᠡᠨ ᠬᠦ ᠨᠡᠮᠡᠭᠳᠡᠭᠦᠯᠦᠨ᠎ᠡ᠃ ᠬᠠᠩᠭᠠᠯᠭ᠎ᠠ ᠶᠢᠨ | ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠪᠡᠯᠡ ᠣᠷᠤᠭᠤᠯᠤᠯᠲᠠ ᠶᠢᠨ ᠵᠠᠩᠬᠢᠯᠠᠭ᠎ᠠ ᠶᠢᠨ ᠴᠢᠨᠠᠷᠲᠠᠢ | ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠪᠡᠯᠡᠳᠭᠡᠮᠵᠢ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ᠂ ᠠᠮᠢ ᠠᠬᠤᠢ ᠶᠢᠨ ᠣᠷᠴᠢᠨ | ᠲᠣᠭᠤᠷᠢᠨ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠦᠪᠯᠡᠷᠡᠭᠦᠯᠵᠦ᠂ | ᠴᠢᠬᠤᠯᠠ ᠶᠡᠭᠡ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠨᠦᠬᠡᠴᠡᠯᠡᠬᠦ ᠠᠵᠢᠯ ᠢ ᠠᠬᠢᠭᠤᠯᠤᠨ ᠬᠡᠷᠡᠭᠵᠢᠭᠦᠯᠵᠦ᠂ | ᠪᠡᠯᠡ ᠣᠷᠤᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠪᠦᠬᠦ ᠵᠢᠯ ᠤᠨ ᠪᠡᠯᠡ ᠣᠷᠤᠭᠤᠯᠤᠯᠲᠠ ᠶᠢ 5% | ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ᠃ ᠪᠡᠯᠡ ᠣᠷᠤᠭᠤᠯᠤᠯᠲᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠪᠡᠯᠡ ᠣᠷᠤᠭᠤᠯᠤᠯᠲᠠ ᠶᠢᠨ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠭᠠᠵᠠᠷ ᠬᠡᠷᠡᠭᠯᠡᠬᠦ ᠪᠠ ᠲᠦᠯᠦᠪᠵᠢᠭᠦᠯᠬᠦ ᠳᠤ ︽ᠣᠯᠠᠨ ᠬᠢᠨᠠᠨ ᠬᠠᠷᠭᠤᠭᠤᠯᠤᠯᠲᠠ ᠶᠢ | ᠨᠡᠶᠢᠯᠡᠭᠦᠯᠵᠦ ᠨᠢᠭᠡ ᠪᠣᠯᠭᠠᠬᠤ᠂ ᠣᠯᠠᠨ ᠦᠨᠡᠮᠯᠡᠯ ᠢ ᠨᠡᠶᠢᠯᠡᠭᠦᠯᠵᠦ ᠨᠢᠭᠡ ᠪᠣᠯᠭᠠᠬᠤ︾ ᠶᠢ ᠠᠬᠢᠭᠤᠯᠵᠤ᠂ ᠪᠡᠯᠡ | ᠣᠷᠤᠭᠤᠯᠤᠯᠲᠠ ᠶᠢᠨ ᠲᠦᠪᠡᠭᠲᠡᠢ ᠠᠰᠠᠭᠤᠳᠠᠯ ᠢ ᠬᠤᠪᠢᠶᠠᠷᠢᠯᠠᠨ ᠰᠢᠢᠳᠪᠦᠷᠢᠯᠡᠵᠦ ᠵᠠᠰᠠᠬᠤ ᠲᠤᠰᠬᠠᠢ ᠠᠵᠢᠯᠯᠠᠭᠠᠨ ᠢ | ᠦᠷᠨᠢᠭᠦᠯᠵᠦ᠂ ᠠᠷᠠᠳ ᠤᠨ ᠳᠤᠮᠳᠠᠬᠢ ᠬᠦᠷᠦᠩᠭᠡ ᠮᠦᠩᠭᠦ ᠳᠤ ᠲᠠᠨᠢᠯᠴᠠᠭᠤᠯᠬᠤ ᠲᠦᠷᠦᠯ ᠵᠦᠢᠯ ᠤᠨ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ ᠳᠤᠮᠳᠠᠬᠢ ᠪᠡᠯᠡ | ᠣᠷᠤᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠴᠢᠬᠤᠯᠠ ᠶᠡᠭᠡ ᠲᠦᠷᠦᠯ ᠵᠦᠢᠯ ᠢᠶᠠᠨ | ᠨᠦᠬᠡᠴᠡᠯᠡᠬᠦ ᠶᠢ ᠦᠨᠡᠨ ᠬᠦ ᠰᠠᠶᠢᠲᠤᠷ ᠬᠢᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ | ᠢᠨᠵᠧᠨᠧᠷᠢᠩ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠡᠭᠦᠷᠭᠡ ᠳᠤ ᠠᠩᠬᠠᠷᠤᠯ ᠢᠶᠠᠨ ᠲᠦᠪᠯᠡᠷᠡᠭᠦᠯᠵᠦ᠂ ᠲᠤᠮᠤ | ᠠᠵᠢᠯ ᠶᠠᠪᠤᠳᠠᠯ ᠬᠦᠴᠢᠷᠲᠡᠢ ᠠᠵᠢᠯ ᠶᠠᠪᠤᠳᠠᠯ ᠪᠠᠴᠢᠮ ᠠᠵᠢᠯ ᠶᠠᠪᠤᠳᠠᠯ ᠤᠨ ᠲᠤᠭᠤᠷᠢᠨ ᠳᠤ᠂ ᠲᠦᠷᠦᠯ ᠵᠦᠢᠯ ᠤᠨ | ᠨᠦᠬᠡᠴᠡᠯᠡᠬᠦ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠲᠦᠷᠦᠯ ᠵᠦᠢᠯ ᠢ | ᠬᠦᠮᠦᠷᠭᠡ ᠳᠤ ᠣᠷᠤᠭᠤᠯᠬᠤ ᠨᠦᠬᠦᠴᠡᠯ ᠢ ᠴᠢᠩᠳᠠᠯᠠᠵᠤ᠂ ᠨᠠᠷᠢᠯᠢᠭᠵᠢᠭᠤᠯᠤᠨ ᠬᠠᠮᠢᠶᠠᠷᠬᠤ ᠬᠢᠷᠢ ᠲᠥᠪᠰᠢᠨ ᠢ | ᠳᠡᠭᠡᠭᠰᠢᠯᠡᠭᠦᠯᠦᠨ᠎ᠡ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ | ᠲᠦᠷᠦᠯ ᠵᠦᠢᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠦᠷᠦᠯ ᠵᠦᠢᠯ ᠤᠨ ᠪᠡᠯᠡ | ᠲᠣᠬᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ︽ᠪᠡᠯᠡ ᠮᠦᠩᠭᠦ ᠪᠠ ᠬᠦᠴᠦᠨ ᠵᠦᠢᠯ ᠨᠢ ᠲᠦᠷᠦᠯ | ᠵᠦᠢᠯ ᠢᠶᠠᠨ ᠳᠠᠭᠠᠬᠤ︾ ᠶᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠲᠦᠷᠦᠯ ᠵᠦᠢᠯ ᠤᠨ ᠬᠡᠷᠡᠭᠵᠢᠭᠦᠯᠬᠦ | ᠲᠣᠭᠲᠠᠴᠠ ᠶᠢ ᠪᠦᠷᠢᠨᠰᠢᠭᠦᠯᠵᠦ᠂ ᠲᠦᠷᠦᠯ ᠵᠦᠢᠯ ᠤᠨ ᠪᠣᠲᠠᠲᠠᠶᠢᠵᠢᠭᠳᠠᠨ ᠦᠷ᠎ᠡ ᠪᠦᠲᠦᠮᠵᠢ ᠲᠠᠢ ᠪᠣᠯᠬᠤ ᠶᠢ | ᠠᠬᠢᠭᠤᠯᠤᠨ᠎ᠠ᠃ | ︵ᠲᠠᠪᠤ︶ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠲᠣᠣᠷ ᠰᠦᠯᠵᠢᠶᠡᠵᠢᠭᠰᠡᠨ ᠬᠡᠯᠪᠡᠷᠢᠲᠦ ᠰᠠᠭᠤᠷᠢ ᠪᠡᠯᠡᠳᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠵᠠᠮ ᠬᠠᠷᠢᠯᠴᠠᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ | ᠪᠦᠲᠦᠭᠡᠨ ᠪᠠᠶᠢᠭᠤᠯᠤᠯᠲᠠ ᠶᠢᠨ ᠬᠦᠲᠦᠯᠪᠦᠷᠢ︾ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠰᠤᠨ ᠠᠰᠢᠭᠯᠠᠯᠲᠠ᠂ ᠡᠨᠧᠷᠬᠢ ᠶᠢᠨ ᠲᠣᠣᠷ ᠰᠦᠯᠵᠢᠶ᠎ᠡ᠂ ᠬᠤᠲᠠ ᠬᠦᠳᠡᠭᠡ ᠶᠢᠨ ᠰᠠᠭᠤᠷᠢ ᠪᠡᠯᠡᠳᠭᠡᠮᠵᠢ᠂ | ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ᠂ | ᠴᠢᠮᠡᠭᠡ ᠬᠤᠯᠪᠣᠭ᠎ᠠ ᠶᠢᠨ ᠰᠦᠯᠵᠢᠶ᠎ᠡ ᠶᠢ ᠪᠦᠲᠦᠭᠡᠨ ᠪᠠᠶᠢᠭᠤᠯᠬᠤ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ | ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠪᠤᠭᠤᠳᠤ ᠠᠴᠠ ᠢᠷᠭᠠᠢ | ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠬᠦᠬᠡᠬᠤᠲᠠ ᠶᠢᠨ ᠬᠤᠶᠠᠳᠤᠭᠠᠷ ᠱᠤᠭᠤᠮ ᠤᠨ ᠭᠠᠵᠠᠷ ᠳᠤᠤᠷᠠᠬᠢ | ᠲᠡᠮᠦᠷ ᠵᠠᠮ᠂ ᠬᠠᠶᠢᠯᠠᠷ ᠠᠴᠠ ᠮᠠᠨᠵᠤᠤᠷ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠪᠠ ᠮᠠᠯᠵᠢᠬᠤ | ᠲᠠᠷᠢᠶᠠᠯᠠᠬᠤ ᠣᠷᠣᠨ ᠤ ᠵᠠᠰᠠᠮᠠᠯ ᠵᠠᠮ᠂ ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠪᠦᠭᠡᠮᠨᠡᠷᠡᠯ᠂ | ᠡᠨᠧᠷᠬᠢ ᠶᠢᠨ ᠲᠡᠭᠡᠭᠡᠪᠦᠷᠢ ᠶᠢᠨ ᠨᠡᠪᠲᠡᠷᠡᠯ ᠵᠠᠮ ᠵᠡᠷᠭᠡ ᠬᠦᠷᠢᠶ᠎ᠡ ᠴᠠᠷᠠᠭᠠᠨ ᠤ ᠲᠦᠷᠦᠯ ᠵᠦᠢᠯ ᠢ ᠪᠦᠲᠦᠭᠡᠨ | ᠪᠠᠶᠢᠭᠤᠯᠬᠤ ᠪᠠᠨ ᠲᠦᠷᠭᠡᠳᠭᠡᠵᠦ᠂ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤ ᠶᠢᠨ ᠲᠡᠮᠦᠷ | ᠵᠠᠮ ᠤᠨ ᠬᠤᠯᠪᠣᠭᠠᠰᠤ ᠱᠤᠭᠤᠮ ᠢ ᠨᠡᠪᠲᠡᠷᠡᠭᠦᠯᠦᠨ ᠠᠵᠢᠯᠯᠠᠭᠤᠯᠬᠤ ᠶᠢ ᠠᠬᠢᠭᠤᠯᠤᠨ᠂ ᠬᠦᠬᠡᠬᠤᠲᠠ ᠶᠢᠨ ᠰᠢᠨ᠎ᠡ | ᠨᠢᠰᠬᠡᠯ ᠤᠨ ᠪᠠᠭᠤᠳᠠᠯ᠂ ᠰᠢᠯᠢ ᠶᠢᠨ ᠬᠤᠲᠠ ᠠᠴᠠ ᠲᠠᠶᠢᠽᠢ ᠬᠤᠲᠠ ᠬᠦᠷᠬᠦ ᠲᠥᠷᠭᠡᠨ ᠬᠤᠷᠳᠤ ᠶᠢᠨ ᠲᠡᠮᠦᠷ ᠵᠠᠮ᠂ | ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠦᠭᠡᠷᠡᠴᠢᠯᠡᠯᠲᠡ᠂ ᠤᠯᠠᠭᠠᠨᠬᠤᠲᠠ ᠠᠴᠠ | ᠷᠠᠰᠢᠶᠠᠨ ᠬᠦᠷᠬᠦ ᠲᠡᠮᠦᠷ ᠵᠠᠮ ᠢ ᠦᠭᠡᠷᠡᠴᠢᠯᠡᠨ ᠵᠠᠰᠠᠬᠤ᠂ ᠡᠷᠢᠶᠡᠨ ᠬᠤᠲᠠ ᠠᠴᠠ ᠭᠤᠸᠠᠩᠵᠧᠦ ᠬᠦᠷᠬᠦ ᠲᠡᠭᠡᠳᠦ | ᠬᠤᠷᠳᠤ ᠶᠢᠨ ᠲᠡᠮᠦᠷ ᠵᠠᠮ ᠤᠨ ᠡᠷᠢᠶᠡᠨ ᠠᠴᠠ ᠰᠠᠶᠢᠬᠠᠨᠲᠠᠯ᠎ᠠ ᠬᠦᠷᠬᠦ ᠬᠡᠰᠡᠭ᠂ ᠳᠠᠭ᠎ᠠ ᠶᠢᠨ ᠨᠠᠭᠤᠷ ᠤᠨ ᠠᠮᠢ | ᠠᠬᠤᠢ ᠳᠤ ᠪᠠᠴᠢᠮ ᠪᠠᠶᠢᠳᠠᠯ ᠢ ᠠᠷᠭᠠᠴᠠᠭᠠᠵᠤ ᠤᠰᠤ ᠨᠦᠬᠦᠪᠦᠷᠢᠯᠡᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ | ᠠᠬᠢᠭᠤᠯᠵᠤ᠂ ᠬᠤᠲᠠ ᠶᠢᠨ ᠶᠠᠪᠤᠳᠠᠯ ᠤᠨ ᠬᠤᠭᠤᠯᠠᠢ ᠭᠤᠣᠷᠰᠤ ᠶᠢᠨ ᠲᠣᠣᠷ᠂ ᠲᠡᠷᠭᠡᠨ ᠤ ᠵᠣᠭᠰᠤᠭᠠᠯ᠂ ᠭᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡ᠂ ᠬᠤᠲᠠ ᠬᠦᠳᠡᠭᠡ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ | ᠪᠡᠯᠡᠳᠭᠡᠮᠵᠢ ᠵᠡᠷᠭᠡ ᠶᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠬᠡᠬᠤᠲᠠ ᠳᠠᠬᠢ ᠤᠯᠤᠰ ᠤᠨ | ᠳᠡᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠪᠣᠯᠬᠤ ᠰᠢᠭᠤᠳ ᠬᠤᠯᠪᠣᠭᠳᠠᠬᠤ ᠴᠡᠭ ᠢ ᠪᠦᠲᠦᠭᠡᠨ | ᠪᠠᠶᠢᠭᠤᠯᠤᠨ᠎ᠠ᠃ | ︵ᠵᠢᠷᠭᠤᠭ᠎ᠠ︶ ᠬᠡᠷᠡᠭᠯᠡᠭᠡ ᠶᠢᠨ ᠬᠡᠪᠴᠢᠶᠡᠵᠢᠯ ᠢ ᠴᠢᠷᠮᠠᠶᠢᠨ ᠥᠷᠭᠡᠳᠭᠡᠨ᠎ᠡ᠃ ᠵᠠᠬ᠎ᠠ ᠳᠡᠯᠭᠡᠭᠦᠷ ᠤᠨ | ᠬᠠᠩᠭᠠᠯᠭ᠎ᠠ ᠬᠢᠭᠡᠳ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠯᠠᠨ ᠬᠥᠭᠵᠢᠭᠡᠵᠦ᠂ ᠣᠨᠴᠠᠯᠢᠭ ᠲᠠᠢ | ᠬᠡᠷᠡᠭᠯᠡᠭᠡ ᠶᠢᠨ ᠬᠠᠩᠭᠠᠯᠭ᠎ᠠ ᠶᠢ ᠢᠳᠡᠪᠬᠢᠲᠡᠢ ᠪᠠᠷ ᠥᠷᠭᠡᠳᠭᠡᠨ᠂ ᠨᠡᠷᠡᠲᠦ ᠲᠡᠮᠲᠡᠭ ᠢ ᠪᠣᠢ ᠪᠣᠯᠭᠠᠨ ᠳᠡᠯᠭᠡᠷᠡᠭᠦᠯᠬᠦ | ᠲᠦᠯᠦᠪᠯᠡᠭᠡ ᠶᠢ ᠬᠡᠷᠡᠭᠵᠢᠭᠦᠯᠵᠦ᠂ ᠨᠡᠩ ᠣᠯᠠᠨ ᠦᠪᠦᠷ ᠮᠣᠩᠭᠤᠯ ᠤᠨ ᠨᠡᠷᠡᠲᠦ ᠲᠡᠮᠲᠡᠭ ᠢ ᠪᠣᠢ ᠪᠣᠯᠭᠠᠨ᠂ | ᠬᠡᠷᠡᠭᠴᠡᠭᠡ ᠪᠠᠷ ᠬᠠᠩᠭᠠᠯᠭ᠎ᠠ ᠶᠢ ᠰᠢᠯᠢᠳᠡᠭᠵᠢᠭᠦᠯᠦᠨ᠂ ᠬᠠᠩᠭᠠᠯᠭ᠎ᠠ ᠪᠠᠷ ᠬᠡᠷᠡᠭᠴᠡᠭᠡ ᠶᠢ ᠠᠬᠢᠭᠤᠯᠤᠨ᠎ᠠ᠃ | ᠬᠤᠳᠠᠯᠳᠤᠭᠠᠨ ᠤ ᠬᠤᠪᠢᠰᠤᠯᠲᠠ ᠪᠠ ᠬᠡᠷᠡᠭᠯᠡᠭᠡ ᠶᠢᠨ ᠳᠡᠰ ᠳᠡᠪᠰᠢᠬᠦ ᠬᠠᠨᠳᠤᠰᠢ ᠳᠤ ᠵᠣᠬᠢᠴᠠᠭᠤᠯᠤᠨ᠂ ᠪᠣᠲᠠᠲᠠᠢ | ᠲᠠᠢ ᠪᠠᠨ ᠤᠶᠠᠯᠳᠤᠭᠤᠯᠤᠨ ᠬᠤᠳᠠᠯᠳᠤᠭᠠᠨ ᠤ ᠶᠠᠪᠠᠭᠠᠨ ᠵᠡᠭᠡᠯᠢ ᠶᠢ ᠦᠭᠡᠷᠡᠴᠢᠯᠡᠨ ᠰᠠᠶᠢᠵᠢᠷᠠᠭᠤᠯᠵᠤ᠂ ᠦᠳᠡᠰᠢ | ᠣᠷᠣᠢ ᠶᠢᠨ ᠬᠡᠷᠡᠭᠯᠡᠭᠡ ᠶᠢᠨ ᠠᠵᠤ ᠠᠬᠤᠢ᠂ ᠬᠡᠷᠡᠭᠴᠡᠭᠡ ᠪᠠᠷ ᠦᠢᠯᠡᠳᠬᠦ ᠬᠡᠷᠡᠭᠯᠡᠭᠡ᠂ ᠤᠶᠤᠨᠴᠢ ᠬᠡᠷᠡᠭᠯᠡᠭᠡ ᠵᠡᠷᠭᠡ | ᠬᠡᠷᠡᠭᠯᠡᠭᠡ ᠶᠢᠨ ᠰᠢᠨ᠎ᠡ ᠨᠡᠮᠡᠭᠳᠡᠯ ᠤᠨ ᠴᠡᠭ ᠢ ᠬᠥᠭᠵᠢᠭᠦᠯᠦᠨ᠎ᠡ᠃ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠭᠡᠬᠦ ᠶᠢ ᠨᠢ ᠠᠬᠢᠭᠤᠯᠵᠤ᠂ ᠨᠠᠰᠤᠵᠢᠯ ᠤᠨ ᠠᠰᠠᠷᠠᠮᠵᠢ᠂ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠵᠦ᠂ ᠰᠤᠷᠭᠠᠨ | ᠬᠦᠮᠦᠵᠢᠯ ᠰᠤᠶᠤᠯ᠂ ᠡᠷᠡᠭᠦᠯ ᠮᠡᠨᠳᠦ ᠡᠮᠴᠢᠯᠡᠭᠡ᠂ ᠵᠢᠭᠤᠯᠴᠢᠯᠠᠯ ᠰᠡᠯᠡᠭᠦᠴᠡᠯ ᠵᠡᠷᠭᠡ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠴᠢᠨᠠᠷ ᠰᠠᠶᠢᠲᠠᠢ ᠪᠠ | ᠣᠯᠠᠨ ᠶᠠᠩᠵᠤᠴᠢᠯᠠᠭᠰᠠᠨ ᠲᠡᠶᠢᠰᠢ ᠳᠡᠰ ᠳᠡᠪᠰᠢᠬᠦ ᠶᠢ ᠠᠬᠢᠭᠤᠯᠤᠨ᠎ᠠ᠃ ᠨᠡᠶᠢᠭᠡᠮ ᠲᠤᠭᠤᠷᠢᠭ ᠤᠨ ᠡᠮᠴᠢᠯᠡᠭᠡ᠂ | ᠨᠠᠰᠤᠵᠢᠯ ᠤᠨ ᠠᠰᠠᠷᠠᠮᠵᠢ᠂ ᠭᠡᠷ ᠠᠬᠤᠢ ᠵᠡᠷᠭᠡ ᠰᠠᠭᠤᠭᠠᠯᠢ ᠲᠣᠭᠤᠷᠢᠭ ᠤᠨ ᠳᠦᠬᠦᠷ ᠪᠡᠯᠡᠳᠭᠡᠮᠵᠢ ᠶᠢ | ᠲᠡᠭᠦᠯᠳᠡᠷᠵᠢᠭᠦᠯᠵᠦ᠂ ᠠᠷᠠᠳ ᠲᠤ ᠳᠦᠭᠦᠮ ᠦᠵᠡᠭᠦᠯᠬᠦ ᠬᠡᠷᠡᠭᠯᠡᠭᠡ ᠶᠢᠨ ᠬᠦᠷᠢᠶ᠎ᠡ ᠶᠢ ᠪᠠᠶᠢᠭᠤᠯᠤᠨ᠎ᠠ᠃ ᠮᠠᠯᠵᠢᠬᠤ | ᠲᠠᠷᠢᠶᠠᠯᠠᠬᠤ ᠣᠷᠣᠨ ᠤ ᠵᠠᠬ᠎ᠠ ᠳᠡᠯᠭᠡᠭᠦᠷ ᠢ ᠪᠦᠲᠦᠮᠵᠢᠲᠡᠢ ᠡᠬᠢᠯᠡᠭᠦᠯᠵᠦ᠂ ᠡᠯᠧᠺᠲᠷᠣᠨ ᠬᠤᠳᠠᠯᠳᠤᠭᠠᠨ ᠤ | ᠲᠡᠪᠴᠡᠩ ᠤᠨ ᠪᠠᠶᠢᠭᠤᠯᠤᠯᠲᠠ ᠶᠢ ᠠᠬᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠬᠡᠷᠡᠭᠯᠡᠭᠡ ᠪᠠᠷ ᠠᠷᠠᠳ ᠲᠤ | ᠠᠰᠢᠭ ᠬᠦᠷᠲᠡᠭᠡᠬᠦ ᠶᠢ ᠠᠬᠢᠭᠤᠯᠵᠤ᠂ ᠰᠤᠶᠤᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠵᠡᠷᠭᠡ ᠠᠵᠢᠯᠯᠠᠭ᠎ᠠ | ᠡᠷᠬᠢᠯᠡᠬᠦ ᠶᠢ ᠵᠣᠷᠢᠭᠵᠢᠭᠤᠯᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠨᠤᠭᠤᠳ ᠢ ᠳᠠᠭᠠᠭᠠᠨ ᠡᠷᠬᠢᠯᠡᠨ᠎ᠡ᠃ ᠣᠷᠣᠨ | ᠪᠦᠰᠡ ᠶᠢᠨ ᠣᠨᠴᠠᠯᠢᠭᠲᠤ ᠵᠢᠭᠤᠯᠴᠢᠯᠠᠯ ᠤᠨ ᠨᠡᠷᠡᠲᠦ ᠲᠡᠮᠲᠡᠭ ᠢ ᠪᠣᠢ ᠪᠣᠯᠭᠠᠵᠤ᠂ ︽ᠦᠪᠦᠷ ᠮᠣᠩᠭᠤᠯ ᠤᠨ ᠦᠨᠦᠷ | ᠠᠮᠲᠠ︾ ︽ᠦᠪᠦᠷ ᠮᠣᠩᠭᠤᠯ ᠤᠨ ᠳᠠᠭᠤᠤ ᠬᠥᠭᠵᠢᠮ︾ ︽ᠦᠪᠦᠷ ᠮᠣᠩᠭᠤᠯ ᠤᠨ ᠺᠢᠨᠣ᠋ ᠲᠧᠯᠸᠢᠰ︾ ᠬᠢᠭᠡᠳ | ︽ᠦᠪᠦᠷ ᠮᠣᠩᠭᠤᠯ ᠤᠨ ᠵᠢᠭᠤᠯᠴᠢᠯᠠᠯ︾ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ | ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠠᠵᠠ ᠳᠣᠬᠢᠶᠠᠯ ᠢ ᠠᠳᠬᠤᠨ ᠮᠦᠰᠦ | ᠴᠠᠰᠤᠨ ᠤ ᠵᠢᠭᠤᠯᠴᠢᠯᠠᠯ ᠢ ᠬᠥᠭᠵᠢᠭᠦᠯᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠵᠤ ᠭᠦᠨᠵᠡᠭᠡᠶᠢᠷᠡᠭᠦᠯᠦᠨ᠎ᠡ᠃ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠡᠷᠡᠭᠯᠡᠭᠴᠢᠳ ᠤᠨ ᠡᠷᠬᠡ ᠠᠰᠢᠭ ᠢ | ᠬᠠᠮᠠᠭᠠᠯᠠᠨ᠎ᠠ᠃ | ᠬᠤᠶᠠᠷ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ | ᠴᠢᠨᠠᠷ ᠰᠠᠶᠢᠲᠠᠢ ᠬᠥᠭᠵᠢᠯᠲᠡ ᠶᠢᠨ ᠪᠣᠭᠤᠮᠲᠠ ᠶᠢ ᠳᠠᠪᠠᠨ᠎ᠠ | ᠬᠠᠷᠠᠯᠲᠠᠲᠤ ᠡᠭᠦᠷᠭᠡ ᠲᠠᠢ ᠪᠠᠨ ᠬᠠᠷᠢᠴᠠᠭᠤᠯᠤᠨ᠂ ᠦᠷᠭᠦᠯᠵᠢᠯᠡᠨ ᠲᠦᠢᠯ ᠤᠨ ᠣᠨᠣᠪᠴᠢᠲᠠᠢ ᠪᠠᠷ | ᠬᠦᠴᠦᠯᠡᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠬᠤᠭᠤᠴᠠᠭ᠎ᠠ ᠶᠤᠰᠤᠭᠠᠷ ᠪᠦᠬᠦ | ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠱᠠᠲᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠵᠤ᠂ ᠰᠢᠰᠲ᠋ᠧᠮ ᠤᠨ | ᠴᠢᠨᠠᠷᠲᠠᠢ ᠮᠦᠩᠭᠦᠨ ᠭᠦᠢᠯᠭᠡᠭᠡᠨ ᠤ ᠲᠥᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ︵ᠨᠢᠭᠡ︶ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠨᠡᠩ | ᠴᠢᠨᠠᠷᠵᠢᠭᠤᠨ ᠢᠶᠠᠷ ᠲᠡᠮᠡᠴᠡᠨ ᠣᠯᠣᠨ᠎ᠠ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ | ᠲᠠᠢ ᠨᠢᠭᠲᠠ ᠤᠶᠠᠯᠳᠤᠭᠤᠯᠤᠨ᠂ ᠠᠵᠤ ᠦᠢᠯᠡᠰ᠂ ᠠᠵᠢᠯ ᠣᠯᠭᠤᠯᠲᠠ᠂ ᠠᠮᠢ ᠠᠬᠤᠢ᠂ ᠰᠤᠷᠭᠠᠨ ᠬᠦᠮᠦᠵᠢᠯ᠂ | ᠡᠷᠡᠭᠦᠯ ᠮᠡᠨᠳᠦ᠂ ᠬᠡᠷᠡᠭᠯᠡᠭᠡ᠂ ᠨᠡᠶᠢᠭᠡᠮ ᠤᠨ ᠪᠠᠲᠤᠯᠠᠭ᠎ᠠ᠂ ᠬᠠᠪᠰᠤᠷᠤᠨ ᠲᠡᠳᠭᠦᠬᠦ ᠬᠠᠮᠵᠢᠯᠴᠠᠭ᠎ᠠ ᠵᠡᠷᠭᠡ ᠲᠠᠯ᠎ᠠ ᠶᠢᠨ | ᠶᠠᠳᠠᠭᠤ ᠠᠴᠠ ᠠᠩᠬᠢᠵᠢᠷᠠᠭᠤᠯᠬᠤ ᠡᠯ᠎ᠡ ᠵᠦᠢᠯ ᠤᠨ ᠠᠷᠭ᠎ᠠ ᠠᠪᠴᠠᠯ ᠢ ᠴᠢᠩᠭᠠᠷᠠᠭᠤᠯᠵᠤ᠂ ᠶᠠᠳᠠᠭᠤ | ᠬᠦᠴᠢᠷᠳᠡᠯᠲᠡᠢ ᠶᠢᠨ ᠲᠣᠭᠠᠨ ᠠᠴᠠ ᠬᠠᠰᠤᠵᠤ ᠭᠠᠷᠭᠠᠬᠤ ᠪᠠᠷᠢᠮᠵᠢᠶ᠎ᠠ ᠪᠠ ᠬᠠᠰᠤᠵᠤ ᠭᠠᠷᠭᠠᠬᠤ ᠳᠡᠰ ᠳᠠᠷᠠᠭᠠᠯᠠᠯ ᠢ | ᠴᠢᠩᠭ᠎ᠠ ᠬᠡᠷᠡᠭᠵᠢᠭᠦᠯᠵᠦ᠂ ᠣᠳᠤ ᠪᠠᠶᠢᠭ᠎ᠠ ᠶᠠᠳᠠᠭᠤ ᠬᠦᠴᠢᠷᠳᠡᠯᠲᠡᠢ ᠬᠦᠮᠦᠨ ᠠᠮᠠ ᠶᠢ ᠶᠠᠳᠠᠭᠤ ᠠᠴᠠ | ᠠᠩᠬᠢᠵᠢᠷᠠᠭᠤᠯᠬᠤ ᠡᠭᠦᠷᠭᠡ ᠶᠢ ᠪᠡᠶᠡᠯᠡᠭᠦᠯᠦᠨ᠎ᠡ᠃ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ | ᠪᠠᠶᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ | ᠬᠦᠳᠡᠭᠡ ᠲᠤᠰᠬᠤᠨ ᠢᠶᠠᠨ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠯᠤᠭ᠎ᠠ ᠪᠦᠲᠦᠮᠵᠢᠲᠡᠢ | ᠵᠤᠯᠠᠭᠠᠭᠤᠯᠬᠤ ᠶᠢ ᠠᠬᠢᠭᠤᠯᠵᠤ᠂ ᠳᠠᠬᠢᠨ ᠶᠠᠳᠠᠭᠤᠷᠠᠭᠰᠠᠨ ᠬᠦᠮᠦᠨ ᠠᠮᠠ ᠪᠠ ᠶᠠᠳᠠᠭᠤᠷᠠᠭᠰᠠᠨ ᠬᠦᠮᠦᠨ ᠠᠮᠠ ᠶᠢ | ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ ᠠᠵᠢᠯ ᠢ ᠴᠠᠭ ᠲᠣᠬᠠᠢ ᠳᠤ ᠨᠢ ᠰᠠᠶᠢᠲᠤᠷ ᠬᠢᠨ᠎ᠡ᠃ ᠶᠠᠳᠠᠭᠤ ᠶᠢ | ᠲᠡᠳᠭᠦᠭᠰᠡᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠭᠦᠭᠰᠡᠨ ᠡᠳ᠋ | ᠬᠦᠷᠦᠩᠭᠡ ᠶᠢ ᠬᠡᠷᠡᠭᠯᠡᠬᠦ ᠦᠷ᠎ᠡ ᠠᠰᠢᠭ ᠢᠶᠠᠨ ᠳᠡᠭᠡᠭᠰᠢᠯᠡᠭᠦᠯᠦᠨ᠎ᠡ᠃ | ︵ᠬᠤᠶᠠᠷ︶ ᠬᠥᠬᠡ ᠣᠭᠲᠠᠷᠭᠤᠢ ᠬᠦᠬᠡᠮᠳᠦᠭ ᠤᠰᠤ ᠴᠡᠪᠡᠷ ᠬᠦᠷᠦᠰᠦ ᠶᠢ ᠬᠠᠮᠠᠭᠠᠯᠠᠬᠤ ᠳᠠᠶᠢᠯᠠᠯᠳᠤᠭᠠᠨ ᠢ | ᠰᠠᠶᠢᠲᠤᠷ ᠬᠢᠨ᠎ᠡ᠃ ᠠᠭᠠᠷ ᠮᠠᠨᠳᠡᠯ᠂ ᠤᠰᠤ᠂ ᠬᠦᠷᠦᠰᠦ ᠰᠢᠷᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ | ᠵᠢᠯ ᠤᠨ ᠰᠢᠪᠲᠤᠯᠤᠯᠲᠠ ᠶᠢᠨ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠰᠠᠪᠠ ᠭᠠᠵᠠᠷ᠂ ᠭᠤᠣᠯᠳᠠᠯᠭ᠎ᠠ ᠲᠠᠢ ᠠᠵᠢᠯ ᠲᠦᠷᠦᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ | ᠦᠷᠭᠦᠯᠵᠢᠯᠡᠨ ᠠᠬᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ | ᠵᠢᠴᠢ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ | ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠣᠯᠠᠨ ᠲᠠᠯ᠎ᠠ ᠠᠴᠠ ᠵᠡᠷᠭᠡ ᠪᠠᠷ ᠠᠳᠬᠤᠬᠤ ᠶᠢ | ᠪᠠᠷᠢᠮᠲᠠᠯᠠᠨ᠂ ᠠᠭᠠᠷ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠭᠤᠣᠯᠳᠠᠯᠭ᠎ᠠ ᠲᠠᠢ | ᠪᠣᠬᠢᠷᠳᠤᠯ ᠤᠨ ᠡᠬᠢ ᠢᠷᠡᠯᠲᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ | ᠴᠢᠩᠭᠠᠷᠠᠭᠤᠯᠤᠨ᠂ ᠬᠡᠮᠬᠡᠳᠡᠭ ᠨᠡᠭᠦᠷᠡᠰᠦ ᠶᠢᠨ ᠰᠢᠲᠠᠭᠠᠯᠭ᠎ᠠ᠂ ᠠᠵᠤ ᠦᠢᠯᠡᠳᠪᠦᠷᠢ ᠶᠢᠨ ᠪᠣᠬᠢᠷᠳᠤᠯ᠂ ᠠᠭᠤᠷᠬᠠᠢ | ᠨᠡᠭᠡᠭᠡᠨ ᠮᠠᠯᠲᠠᠬᠤ᠂ ᠬᠤᠲᠠ ᠶᠢᠨ ᠲᠤᠭᠤᠰᠤᠨ ᠤ ᠪᠣᠬᠢᠷᠳᠤᠯ᠂ ᠴᠠᠶᠢᠶ᠋ᠢᠦ ᠲᠣᠰᠣ ᠰᠢᠲᠠᠭᠠᠬᠤ ᠠᠴᠢᠶᠠᠨ ᠤ ᠮᠠᠰᠢᠨ | ᠲᠡᠷᠭᠡ ᠶᠢᠨ ᠪᠣᠬᠢᠷᠳᠤᠯ ᠵᠡᠷᠭᠡ ᠳᠤ ᠵᠠᠰᠠᠯᠲᠠ ᠬᠢᠬᠦ ᠶᠢ ᠲᠣᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠰᠠᠶᠢᠲᠤᠷ ᠠᠳᠬᠤᠵᠤ᠂ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ | ᠬᠤᠲᠠ ᠪᠠᠯᠭᠠᠰᠤᠨ ᠤ ᠴᠡᠪᠡᠷ ᠳᠤᠯᠠᠭᠠᠯᠠᠭ᠎ᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠰᠢᠵᠦ ᠬᠤᠯᠪᠣᠭᠠᠯᠠᠨ ᠵᠠᠰᠠᠬᠤ ᠶᠢ ᠴᠢᠩᠭᠠᠷᠠᠭᠤᠯᠤᠨ᠂ ᠲᠤᠰᠬᠠᠢ | ᠣᠷᠣᠨ ᠤ ᠳᠡᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠰ ᠤᠨ ᠬᠤᠲᠠ ᠶᠢᠨ ᠠᠭᠠᠷ ᠤᠨ ᠴᠢᠨᠠᠷ ᠴᠢᠨᠰᠠᠭ᠎ᠠ | ᠰᠢᠯᠢᠳᠡᠭ ᠰᠠᠶᠢᠨ ᠪᠠᠶᠢᠬᠤ ᠡᠳᠦᠷ ᠤᠨ ᠲᠣᠭᠠᠨ ᠤ ᠬᠠᠷᠢᠴᠠᠯ ᠢ 83.8% ᠳᠤ ᠬᠦᠷᠦᠭᠦᠯᠬᠦ ᠪᠠᠷ ᠦᠨᠡᠨ ᠬᠦ | ᠪᠠᠲᠤᠯᠠᠵᠤ᠂ ᠨᠠᠷᠢᠨ ᠮᠦᠬᠦᠯᠢᠭᠲᠦ ᠪᠤᠳᠠᠰ ︵PM2.5︶ ᠤᠨ ᠪᠠᠷᠢᠮᠵᠢᠶ᠎ᠠ ᠳᠤ ᠬᠦᠷᠦᠭᠡᠳᠦᠢ ᠲᠤᠰᠬᠠᠢ ᠣᠷᠣᠨ ᠤ | ᠳᠠᠰ ᠤᠨ ᠬᠤᠲᠠ ᠵᠢᠴᠢ ᠲᠡᠭᠦᠨ ᠠᠴᠠ ᠳᠡᠭᠡᠭᠰᠢᠬᠢ ᠳᠡᠰ ᠤᠨ ᠬᠤᠲᠠ ᠶᠢᠨ ᠮᠦᠬᠦᠯᠢᠭᠲᠦ ᠪᠤᠳᠠᠰ ᠤᠨ ᠥᠳᠭᠡᠴᠡ ᠶᠢ | 2015 ᠣᠨ ᠤ ᠬᠢ ᠠᠴᠠ 12% ᠪᠠᠭᠤᠷᠠᠭᠤᠯᠤᠨ᠎ᠠ᠃ ᠤᠰᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠦᠨᠡᠨ ᠬᠦ ᠰᠠᠶᠢᠵᠢᠷᠠᠭᠤᠯᠵᠤ᠂ ᠪᠤᠬᠢᠷᠳᠤᠯ ᠤᠨ ᠡᠬᠢ ᠢᠷᠡᠯᠲᠡ ᠪᠠ ᠤᠰᠤᠨ ᠤ ᠠᠮᠢ ᠠᠬᠤᠢ ᠶᠢᠨ ᠰᠢᠰᠲ᠋ᠧᠮ ᠢ | ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠪᠤᠬᠢᠷᠳᠤᠯ ᠭᠠᠳᠠᠭᠰᠢᠯᠠᠭᠤᠯᠬᠤ ᠶᠢᠨ ᠵᠥᠪᠰᠢᠶᠡᠷᠡᠯ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠴᠡᠪᠡᠷᠰᠢᠭᠦᠯᠦᠨ ᠦᠭᠡᠷᠡᠴᠢᠯᠡᠵᠦ ᠵᠠᠰᠠᠬᠤ ᠶᠢ | ᠲᠦᠷᠭᠡᠳᠭᠡᠨ᠂ ᠤᠤᠭᠤᠬᠤ ᠤᠰᠤᠨ ᠤ ᠤᠰᠤᠨ ᠰᠤᠷᠪᠣᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠷᠠᠭᠤᠯᠵᠤ᠂ | ᠭᠤᠣᠯᠳᠠᠯᠭ᠎ᠠ ᠲᠠᠢ ᠨᠠᠭᠤᠷ ᠴᠦᠬᠦᠷᠦᠮ ᠳᠤ ᠶᠡᠷᠦᠩᠬᠡᠶᠢᠯᠡᠭᠰᠡᠨ ᠵᠠᠰᠠᠯᠲᠠ ᠬᠢᠬᠦ ᠶᠢ ᠠᠬᠢᠭᠤᠯᠤᠨ᠂ ︽ᠭᠤᠷᠪᠠᠨ | ᠨᠠᠭᠤᠷ︾ ᠲᠤ ᠶᠡᠷᠦᠩᠬᠡᠶᠢᠯᠡᠭᠰᠡᠨ ᠵᠠᠰᠠᠯᠲᠠ ᠬᠢᠬᠦ ᠶᠢ ᠭᠦᠨᠵᠡᠭᠡᠶᠢᠷᠡᠭᠦᠯᠵᠦ᠂ ᠬᠦᠯᠦᠨ ᠨᠠᠭᠤᠷ ᠢ ᠶᠡᠷᠦᠩᠬᠡᠶᠢᠯᠡᠨ | ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠢ ᠦᠨᠡᠨ ᠬᠦ ᠪᠠᠲᠤᠯᠠᠨ ᠪᠡᠶᠡᠯᠡᠭᠦᠯᠦᠨ᠎ᠡ᠃ | ᠬᠦᠷᠦᠰᠦ ᠰᠢᠷᠣᠢ ᠶᠢᠨ ᠣᠷᠴᠢᠨ ᠨᠦᠬᠦᠴᠡᠯ ᠤᠨ ᠲᠥᠭᠰᠢᠭᠦᠷᠢ ᠶᠢ ᠬᠦᠴᠦᠯᠡᠨ ᠬᠠᠮᠢᠶᠠᠷᠴᠤ ᠡᠵᠡᠮᠰᠢᠨ᠂ ᠮᠠᠯ | ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠴᠢᠩᠭᠠᠳᠬᠠᠵᠤ᠂ ᠠᠵᠤ ᠦᠢᠯᠡᠳᠪᠦᠷᠢ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠷᠴᠢᠨ ᠨᠦᠬᠦᠴᠡᠯ ᠤᠨ ᠵᠥᠪᠰᠢᠶᠡᠷᠡᠨ ᠣᠷᠤᠭᠤᠯᠬᠤ ᠪᠠ | ᠬᠢᠨᠠᠨ ᠬᠠᠮᠢᠶᠠᠷᠬᠤ ᠶᠢ ᠴᠢᠩᠳᠠᠯᠠᠨ᠂ ᠬᠦᠨᠳᠦ ᠲᠡᠮᠦᠷᠯᠢᠭ ᠤᠨ ᠠᠵᠢᠯ ᠲᠦᠷᠦᠯ ᠤᠨ ᠪᠣᠬᠢᠷᠳᠤᠯ ᠢ ᠰᠡᠷᠭᠡᠶᠢᠯᠡᠨ | ᠡᠵᠡᠮᠰᠢᠬᠦ ᠪᠠᠨ ᠴᠢᠩᠭᠠᠳᠬᠠᠵᠤ᠂ ᠠᠶᠤᠯᠲᠠᠢ ᠬᠠᠶᠠᠭᠳᠠᠮᠠᠯ ᠡᠳ᠋ ᠢ ᠬᠢᠨᠠᠨ ᠬᠠᠮᠢᠶᠠᠷᠬᠤ ᠪᠠ ᠠᠰᠢᠭᠯᠠᠵᠤ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠦᠨ᠂ ᠬᠦᠷᠦᠰᠦ ᠰᠢᠷᠤᠢ ᠶᠢᠨ ᠣᠷᠴᠢᠨ ᠨᠦᠬᠦᠴᠡᠯ ᠤᠨ ᠠᠮᠦᠷ ᠲᠥᠪᠰᠢᠨ ᠢ ᠦᠨᠡᠨ | ᠬᠦ ᠪᠦᠲᠦᠮᠵᠢᠲᠡᠢ ᠪᠠᠲᠤᠯᠠᠨ᠎ᠠ᠃ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠵᠤ ᠰᠢᠢᠳᠪᠦᠷᠢᠯᠡᠬᠦ | ᠲᠣᠷᠰᠢᠯᠲᠠ ᠶᠢᠨ ᠴᠡᠭ ᠢ ᠠᠬᠢᠭᠤᠯᠵᠤ᠂ ᠬᠤᠭ ᠨᠣᠪᠰᠢ ᠶᠢ ᠲᠦᠷᠦᠯ ᠵᠦᠢᠯ ᠬᠤᠪᠢᠶᠠᠨ ᠰᠢᠢᠳᠪᠦᠷᠢᠯᠡᠬᠦ | ᠪᠡᠯᠡᠳᠭᠡᠮᠵᠢ ᠶᠢᠨ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠶᠢᠭᠤᠯᠤᠮᠵᠢ | ᠪᠦᠬᠦᠨ ᠤ ᠠᠮᠢᠳᠤᠷᠠᠯ ᠤᠨ ᠬᠤᠭ ᠨᠣᠪᠰᠢ ᠪᠠᠨ ᠲᠦᠷᠦᠯ ᠬᠤᠪᠢᠶᠠᠵᠤ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ︵ᠭᠤᠷᠪᠠ︶ ᠬᠦᠨᠳᠦ ᠶᠡᠭᠡ ᠲᠥᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠳᠠᠯᠳᠠ ᠥᠷᠢ | ᠥᠭᠴᠡᠭᠡ ᠶᠢᠨ ᠬᠠᠳᠠᠭᠠᠯᠠᠭᠳᠠᠴᠠ ᠶᠢ ᠯᠠᠪᠳᠠᠭᠤᠨ ᠢᠶᠠᠷ ᠠᠷᠢᠯᠭᠠᠵᠤ᠂ ᠣᠷᠣᠨ ᠨᠤᠲᠤᠭ ᠤᠨ ᠵᠢᠭᠡᠯᠡᠯᠭᠡ ᠶᠢᠨ | ᠲᠡᠮᠲᠡᠭᠲᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠳᠤᠮᠳᠠ ᠵᠢᠵᠢᠭ ᠠᠵᠤ ᠠᠬᠤᠶᠢᠯᠠᠯ ᠳᠤ ᠦᠷᠢᠲᠦᠵᠦ ᠪᠠᠶᠢᠭ᠎ᠠ ᠳᠠᠩᠰᠠᠨ ᠳᠠᠬᠢ ᠵᠤᠭᠤᠰ ᠢ ᠨᠢ ᠢᠯᠭᠠᠷᠠᠭᠤᠯᠬᠤ | ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠥᠷᠢ ᠥᠭᠴᠡᠭᠡ ᠶᠢᠨ ᠲᠥᠭᠰᠢᠭᠦᠷᠢ ᠶᠢᠨ ᠵᠡᠷᠭᠡ ᠳᠡᠰ ᠢ ᠲᠦᠷᠭᠡᠬᠡᠨ | ᠪᠠᠭᠤᠷᠠᠭᠤᠯᠤᠨ᠎ᠠ᠃ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠡᠵᠡᠮᠰᠢᠬᠦ ᠡᠷᠴᠢᠮ ᠢᠶᠠᠨ | ᠴᠢᠩᠭᠠᠷᠠᠭᠤᠯᠵᠤ᠂ ᠣᠷᠣᠨ ᠨᠤᠲᠤᠭ ᠲᠠᠬᠢ ᠬᠠᠤᠯᠢ ᠶᠢᠨ ᠡᠷᠬᠡᠲᠡᠨ ᠲᠠᠢ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠥᠭᠰᠢᠭᠦᠷᠢ ᠶᠢ ᠬᠢᠨᠠᠨ ᠡᠵᠡᠮᠰᠢᠵᠦ ᠰᠡᠷᠭᠡᠶᠢᠯᠡᠬᠦ ᠪᠠ ᠰᠢᠢᠳᠪᠦᠷᠢᠯᠡᠬᠦ ᠶᠢ ᠴᠢᠩᠭᠠᠷᠠᠭᠤᠯᠤᠨ᠂ | ᠪᠤᠭᠤᠳᠤ ᠶᠢᠨ ᠬᠤᠳᠠᠯᠳᠤᠭᠠᠨ ᠤ ᠪᠠᠩᠭᠢ ᠶᠢᠨ ᠰᠲ᠋ᠣᠺ ᠤᠨ ᠡᠷᠬᠡ ᠪᠠᠷ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ | ᠵᠦᠢ ᠪᠤᠰᠤ ᠵᠢᠭᠡᠯᠡᠯᠭᠡ ᠶᠢ ᠠᠷᠢᠯᠭᠠᠬᠤ ᠪᠠᠨ ᠠᠬᠢᠭᠤᠯᠵᠤ᠂ ᠢᠨᠲ᠋ᠧᠷ ᠰᠦᠯᠵᠢᠶᠡᠨ ᠤ ᠮᠦᠩᠭᠦᠨ ᠭᠦᠢᠯᠭᠡᠭᠡᠨ ᠢ | ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠰᠢᠰᠲ᠋ᠧᠮ ᠤᠨ ᠴᠢᠨᠠᠷᠲᠠᠢ ᠮᠦᠩᠭᠦᠨ | ᠭᠦᠢᠯᠭᠡᠭᠡᠨ ᠤ ᠲᠥᠭᠰᠢᠭᠦᠷᠢ ᠭᠠᠷᠭᠠᠬᠤ ᠦᠭᠡᠢ ᠪᠠᠲᠤᠯᠠᠬᠤ ᠱᠤᠭᠤᠮ ᠢ ᠪᠠᠲᠤ ᠰᠠᠬᠢᠨ᠎ᠠ᠃ ᠭᠠᠳᠠᠷ ᠲᠠᠯ᠎ᠠ ᠠᠴᠠ | ᠢᠷᠡᠬᠦ ᠳᠠᠭᠠᠷᠢᠯᠲᠠ ᠶᠢᠨ ᠲᠥᠭᠰᠢᠭᠦᠷᠢ ᠶᠢ ᠮᠦᠷᠳᠡᠨ ᠰᠡᠷᠭᠡᠶᠢᠯᠡᠵᠦ᠂ ᠣᠨᠣᠪᠴᠢᠲᠠᠢ ᠪᠠᠷ ᠦᠨᠡᠯᠡᠨ ᠵᠢᠱᠢᠵᠦ᠂ | ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ ᠲᠥᠭᠰᠢᠭᠦᠷᠢ ᠶᠢ ᠳᠣᠬᠢᠶᠠᠯ ᠪᠣᠯᠭᠠᠨ ᠬᠤᠪᠢᠷᠠᠭᠤᠯᠬᠤ ᠪᠠᠷ | ᠴᠢᠷᠮᠠᠶᠢᠨ ᠠᠵᠢᠯᠯᠠᠵᠤ᠂ ᠬᠤᠪᠢᠳᠠᠭᠰᠠᠨ ᠠᠵᠢᠯ ᠢᠶᠠᠨ ᠰᠠᠶᠢᠲᠤᠷ ᠭᠦᠢᠴᠡᠳᠭᠡᠨ᠎ᠡ᠃ | ᠭᠤᠷᠪᠠ᠂ ᠪᠤᠳᠠᠳᠤ ᠴᠤᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠥᠪᠰᠢᠨ ᠢ | ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠪᠢᠴᠢᠯ ᠪᠡᠶᠡᠲᠦ ᠴᠤᠭᠴᠠ ᠶᠢᠨ ᠠᠮᠢᠵᠢᠷᠠᠯ ᠤᠨ ᠬᠦᠴᠦᠨ ᠢ ᠴᠢᠩᠭᠠᠳᠬᠠᠵᠤ᠂ ᠰᠢᠨ᠎ᠡ ᠶᠢ ᠡᠭᠦᠳᠬᠦ ᠪᠠᠷ | ᠬᠦᠳᠡᠯᠭᠡᠭᠦᠷ ᠪᠣᠯᠭᠠᠬᠤ ᠶᠢ ᠴᠢᠩᠭᠠᠷᠠᠭᠤᠯᠤᠨ᠂ ᠠᠵᠤ ᠦᠢᠯᠡᠰ ᠤᠨ ᠰᠠᠭᠤᠷᠢ ᠴᠢᠳᠠᠪᠤᠷᠢ ᠪᠠ ᠠᠵᠤ ᠦᠢᠯᠡᠰ ᠤᠨ | ᠬᠡᠯᠬᠢᠶ᠎ᠡ ᠶᠢᠨ ᠤᠳᠤᠬᠢᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠳᠤᠬᠢᠴᠢᠯᠠᠭᠰᠠᠨ ᠠᠵᠤ ᠠᠬᠤᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ | ︵ᠨᠢᠭᠡ︶ ᠠᠵᠤ ᠦᠢᠯᠡᠰ ᠤᠨ ᠬᠡᠯᠬᠢᠶ᠎ᠡ ᠶᠢᠨ ᠬᠢᠷᠢ ᠲᠥᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠦᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ︽ᠳᠥᠷᠪᠡᠨ ᠣᠯᠠᠨ ᠳᠥᠷᠪᠡᠨ ᠴᠦᠬᠡᠨ︾ ︵ᠤᠯᠠᠮᠵᠢᠯᠠᠯᠲᠤ | ᠠᠵᠤ ᠦᠢᠯᠡᠰ ᠣᠯᠠᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠴᠦᠬᠡᠨ᠂ ᠳᠣᠣᠷ᠎ᠠ ᠵᠡᠷᠭᠡ ᠶᠢᠨ ᠠᠵᠤ | ᠦᠢᠯᠡᠰ ᠣᠯᠠᠨ᠂ ᠳᠡᠭᠡᠳᠦ ᠵᠡᠷᠭᠡ ᠶᠢᠨ ᠠᠵᠤ ᠦᠢᠯᠡᠰ ᠴᠦᠬᠡᠨ᠂ ᠡᠬᠢ ᠪᠠᠶᠠᠯᠢᠭ ᠤᠨ ᠬᠡᠯᠪᠡᠷᠢᠲᠦ ᠠᠵᠤ ᠦᠢᠯᠡᠰ | ᠣᠯᠠᠨ᠂ ᠦᠨᠳᠦᠷ ᠨᠡᠮᠡᠯᠲᠡ ᠥᠷᠲᠡᠭ ᠲᠠᠢ ᠠᠵᠤ ᠦᠢᠯᠡᠰ ᠴᠦᠬᠡᠨ᠂ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ | ᠠᠵᠤ ᠦᠢᠯᠡᠰ ᠣᠯᠠᠨ᠂ ᠬᠦᠷᠦᠩᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠲᠠᠷᠠᠭᠰᠠᠨ ᠬᠡᠯᠪᠡᠷᠢ ᠶᠢᠨ ᠠᠵᠤ | ᠦᠢᠯᠡᠰ ᠴᠦᠬᠡᠨ︶ ᠪᠠᠶᠢᠬᠤ ᠪᠠᠶᠢᠳᠠᠯ ᠢ ᠴᠢᠷᠮᠠᠶᠢᠨ ᠦᠭᠡᠷᠡᠴᠢᠯᠡᠵᠦ᠂ ᠠᠵᠤ ᠦᠢᠯᠡᠰ ᠢ ᠤᠷᠲᠤᠳᠬᠠᠬᠤ᠂ ᠠᠵᠤ | ᠦᠢᠯᠡᠰ ᠤᠨ ᠣᠯᠠᠨ ᠡᠰᠢᠵᠢᠬᠦ᠂ ᠠᠵᠤ ᠦᠢᠯᠡᠰ ᠤᠨ ᠳᠡᠰ ᠳᠡᠪᠰᠢᠬᠦ ᠶᠢ ᠬᠦᠴᠦᠯᠡᠨ ᠰᠠᠶᠢᠲᠤᠷ ᠠᠳᠬᠤᠨ᠎ᠠ᠃ | ᠤᠯᠠᠮᠵᠢᠯᠠᠯᠲᠤ ᠠᠵᠤ ᠦᠢᠯᠡᠰ ᠤᠨ ᠰᠢᠯᠢᠳᠡᠭᠵᠢᠵᠦ ᠳᠡᠰ ᠳᠡᠪᠰᠢᠬᠦ ᠶᠢ ᠠᠬᠢᠭᠤᠯᠵᠤ᠂ ᠲᠥᠭᠦᠭᠡᠷᠦᠮᠵᠢ ᠶᠢ | ᠰᠢᠨᠡᠳᠭᠡᠬᠦ ᠪᠠ ᠮᠡᠷᠭᠡᠵᠢᠯ ᠤᠨ ᠦᠭᠡᠷᠡᠴᠢᠯᠡᠯᠲᠡ ᠳᠠᠬᠢ ᠣᠷᠤᠭᠤᠯᠤᠯᠲᠠ ᠶᠢ ᠳᠡᠮᠵᠢᠨ ᠨᠡᠮᠡᠭᠳᠡᠭᠦᠯᠵᠦ᠂ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠢ ᠭᠦᠢᠴᠡᠳ ᠠᠰᠢᠭᠯᠠᠵᠤ ᠪᠠᠶᠢᠭᠠᠳ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ | ᠪᠣᠯᠣᠨ ᠨᠠᠷᠢᠯᠢᠭ ᠭᠦᠨ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠦᠨ᠂ ᠳᠡᠭᠡᠳᠦ ᠬᠡᠯᠬᠢᠶ᠎ᠡ ᠶᠢᠨ ᠠᠵᠤ | ᠠᠬᠤᠶᠢᠯᠠᠯ ᠢ ᠬᠦᠲᠦᠯᠦᠨ ᠵᠢᠯᠤᠭᠤᠳᠬᠤ ᠪᠠ ᠵᠣᠷᠢᠭᠵᠢᠭᠤᠯᠵᠤ ᠳᠣᠣᠷᠠᠳᠤ ᠬᠡᠯᠬᠢᠶᠡᠨ ᠤ ᠭᠦᠨ ᠪᠣᠯᠪᠠᠰᠤᠷᠠᠭᠤᠯᠬᠤ | ᠠᠵᠤ ᠦᠢᠯᠡᠰ ᠢ ᠬᠥᠭᠵᠢᠭᠦᠯᠵᠦ᠂ ᠪᠣᠯᠪᠠᠰᠤᠷᠠᠭᠤᠯᠵᠤ ᠤᠯᠠᠷᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠡᠷᠢᠭᠦᠨ ᠤ ᠦᠢᠯᠡᠳᠬᠦ ᠦᠢᠯᠡᠰ ᠤᠨ ᠪᠦᠭᠡᠮᠨᠡᠷᠡᠯ ᠢ ᠬᠥᠭᠵᠢᠭᠦᠯᠵᠦ᠂ ᠬᠢᠮᠢ ᠶᠢᠨ ᠠᠵᠤ ᠦᠢᠯᠡᠳᠪᠦᠷᠢ᠂ ᠲᠤᠨᠤᠭ | ᠲᠥᠭᠦᠭᠡᠷᠦᠮᠵᠢ ᠦᠢᠯᠡᠳᠬᠦ᠂ ᠪᠤᠯᠣᠳ ᠲᠡᠮᠦᠷ ᠭᠦᠨ ᠪᠣᠯᠪᠠᠰᠤᠷᠠᠭᠤᠯᠬᠤ᠂ ᠬᠦᠩᠭᠡᠨᠴᠠᠭᠠᠨ ᠵᠢᠴᠢ ᠲᠡᠭᠦᠨ ᠢ | ᠡᠳ᠋ᠰᠢᠭᠦᠯᠦᠨ ᠪᠣᠯᠪᠠᠰᠤᠷᠠᠭᠤᠯᠬᠤ᠂ ᠬᠤᠪᠣᠷ ᠰᠢᠷᠤᠢ᠂ ᠰᠦ ᠮᠢᠬ᠎ᠠ ᠨᠤᠤᠯᠤᠭᠤᠷ ᠢ ᠪᠣᠯᠪᠠᠰᠤᠷᠠᠭᠤᠯᠬᠤ ᠵᠡᠷᠭᠡ | ᠳᠠᠪᠠᠭᠤᠯᠢᠭ ᠲᠠᠢ ᠣᠨᠴᠠᠯᠢᠭᠲᠤ ᠬᠦᠷᠢᠶᠡᠨ ᠳᠤ ᠨᠢᠭᠡ ᠪᠦᠯᠦᠭ ᠠᠵᠤ ᠦᠢᠯᠡᠰ ᠤᠨ ᠪᠦᠭᠡᠮᠨᠡᠷᠡᠯ ᠢ ᠴᠤᠭᠴᠠᠯᠠᠨ᠎ᠠ᠃ | ᠤᠯᠤᠰ ᠤᠨ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠵᠤ᠂ ᠡᠨᠧᠷᠬᠢ ᠶᠢᠨ ᠬᠠᠩᠭᠠᠯᠭ᠎ᠠ ᠶᠢ ᠪᠠᠲᠤᠯᠠᠨ᠂ ᠨᠡᠭᠦᠷᠡᠰᠦ ᠶᠢ ᠠᠶᠤᠯ ᠦᠭᠡᠢ ᠪᠦᠭᠡᠳ ᠪᠣᠬᠢᠷᠳᠤᠯ ᠦᠭᠡᠢ | ᠨᠡᠭᠡᠭᠡᠨ ᠮᠠᠯᠲᠠᠬᠤ ᠪᠠ ᠴᠡᠪᠡᠷ ᠦᠨᠳᠦᠷ ᠪᠦᠲᠦᠮᠵᠢᠲᠡᠢ ᠪᠠᠷ ᠠᠰᠢᠭᠯᠠᠬᠤ ᠶᠢ ᠠᠬᠢᠭᠤᠯᠵᠤ᠂ ᠨᠡᠭᠦᠷᠡᠰᠦ ᠪᠠᠷ ᠬᠡᠢ | ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠶᠢ 25.3 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ᠂ | ᠨᠡᠭᠦᠷᠡᠰᠦ ᠪᠠᠷ ᠠᠯᠺᠧᠨ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠶᠢ 150 ᠲᠦᠮᠡᠨ ᠲᠤᠨ ᠰᠢᠨ᠎ᠡ ᠪᠠᠷ | ᠨᠡᠮᠡᠭᠳᠡᠭᠦᠯᠦᠨ᠎ᠡ᠃ ᠤᠯᠠᠭᠠᠨᠴᠠᠪ᠂ ᠰᠢᠯᠢ ᠶᠢᠨ ᠭᠤᠣᠯ ᠵᠡᠷᠭᠡ ᠰᠢᠨ᠎ᠡ ᠡᠨᠧᠷᠬᠢ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠶᠤᠨᠴᠢ ᠴᠠᠬᠢᠯᠭᠠᠨ ᠬᠦᠴᠦᠨ ᠤ ᠲᠣᠣᠷ ᠤᠨ ᠪᠠᠶᠢᠭᠤᠯᠤᠯᠲᠠ ᠶᠢ | ᠲᠦᠷᠭᠡᠳᠭᠡᠨ᠂ ᠤᠰᠤᠳᠦ᠋ᠷᠦᠭᠴᠢᠲᠦ ᠡᠨᠧᠷᠬᠢ ᠵᠡᠷᠭᠡ ᠰᠢᠨ᠎ᠡ ᠪᠠᠷ ᠪᠣᠢ ᠪᠣᠯᠣᠭᠰᠠᠨ ᠡᠨᠧᠷᠬᠢ ᠶᠢᠨ ᠠᠵᠤ ᠦᠢᠯᠡᠰ ᠢ | ᠬᠥᠭᠵᠢᠭᠦᠯᠵᠦ᠂ ᠡᠨᠧᠷᠬᠢ ᠶᠢᠨ ᠤᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠰᠢᠨ᠎ᠡ ᠪᠠᠷ ᠪᠣᠢ ᠪᠣᠯᠣᠭᠰᠠᠨ | ᠠᠵᠤ ᠦᠢᠯᠡᠰ ᠢ ᠪᠣᠢ ᠪᠣᠯᠭᠠᠬᠤ ᠪᠠ ᠪᠣᠵᠠᠭᠠᠶᠢᠷᠠᠭᠤᠯᠵᠤ᠂ ᠲᠣᠭᠠᠵᠢᠯᠠᠭᠰᠠᠨ ᠠᠵᠤ ᠠᠬᠤᠢ ᠶᠢ ᠶᠡᠭᠡ ᠪᠠᠷ | ᠬᠥᠭᠵᠢᠭᠦᠯᠦᠨ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠤᠨ ᠡᠮ ᠡᠮᠨᠡᠯᠭᠡ᠂ ᠳᠡᠭᠡᠳᠦ ᠵᠡᠷᠭᠡ ᠶᠢᠨ ᠲᠤᠨᠤᠭ | ᠲᠥᠭᠦᠭᠡᠷᠦᠮᠵᠢ ᠵᠡᠷᠭᠡ ᠠᠵᠤ ᠦᠢᠯᠡᠰ ᠢ ᠲᠥᠷᠭᠡᠳᠭᠡᠨ ᠬᠥᠭᠵᠢᠭᠦᠯᠵᠦ᠂ ᠵᠣᠬᠢᠶᠠᠮᠠᠯ ᠤᠶᠤᠨ᠂ ᠪᠣᠳᠠᠰᠯᠢᠭ | ᠬᠤᠯᠪᠣᠭᠠᠲᠤ ᠰᠦᠯᠵᠢᠶ᠎ᠡ᠂ ᠲᠤᠮᠤ ᠳ᠋ᠡᠶᠢᠲ᠋ᠠ᠂ ᠬᠡᠰᠡᠭ ᠤᠳ ᠤᠨ ᠬᠡᠯᠬᠢᠶ᠎ᠡ ᠵᠡᠷᠭᠡ ᠮᠡᠷᠭᠡᠵᠢᠯ ᠤᠨ ᠬᠡᠷᠡᠭᠯᠡᠭᠡᠨ ᠢ | ᠠᠬᠢᠭᠤᠯᠵᠤ᠂ 5G ᠴᠢᠮᠡᠭᠡ ᠬᠤᠯᠪᠣᠭᠠᠨ ᠤ ᠰᠦᠯᠵᠢᠶ᠎ᠡ ᠶᠢ ᠪᠦᠲᠦᠭᠡᠨ ᠪᠠᠶᠢᠭᠤᠯᠬᠤ ᠪᠠ ᠬᠡᠷᠡᠭᠯᠡᠵᠦ ᠳᠡᠯᠭᠡᠷᠡᠭᠦᠯᠬᠦ ᠶᠢ | ᠠᠬᠢᠭᠤᠯᠤᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠪᠤᠬᠢᠷᠳᠤᠯ ᠦᠭᠡᠢ | ᠪᠠᠷᠢᠯᠭ᠎ᠠ᠂ ᠤᠶᠤᠨᠴᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠦᠢᠯᠡᠴᠢᠯᠡᠭᠡᠨ ᠤ | ᠦᠢᠯᠡᠰ ᠲᠦᠪᠯᠡᠷᠡᠭᠰᠡᠨ ᠣᠷᠣᠨ ᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠦᠢᠯᠡᠳᠬᠦ ᠦᠢᠯᠡᠰ ᠬᠢᠭᠡᠳ | ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠮᠡᠳᠡᠭᠡ ᠵᠠᠩᠭᠢ ᠶᠢᠨ ᠦᠢᠯᠡᠴᠢᠯᠡᠭᠡ᠂ | ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ | ᠠᠵᠤ ᠦᠢᠯᠡᠳᠪᠦᠷᠢ ᠶᠢᠨ ᠵᠢᠷᠤᠭ ᠲᠦᠯᠦᠪᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ | ᠦᠢᠯᠡᠰ ᠤᠨ ᠲᠤᠳᠠᠭᠤᠳᠠᠯ ᠢ ᠨᠦᠬᠦᠪᠦᠷᠢᠯᠡᠵᠦ᠂ ᠣᠳᠣ ᠥᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢ ᠲᠦᠷᠭᠡᠳᠭᠡᠵᠦ᠂ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠢ ᠭᠠᠷᠠᠮ ᠤᠨ ᠬᠡᠯᠪᠡᠷᠢ ᠪᠦᠬᠦᠢ | ᠤᠯᠤᠰ ᠤᠨ ᠪᠠᠷᠠᠭᠠᠨ ᠤ ᠭᠦᠢᠯᠭᠡᠭᠡᠨ ᠤ ᠭᠦᠢᠰᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠶᠠᠷ︶ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ | ︽ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠦᠷᠢᠮ︾ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ | ᠰᠠᠶᠢᠵᠢᠷᠠᠭᠤᠯᠬᠤ ᠶᠢ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠬᠤᠷᠢᠭ᠎ᠠ ᠲᠠᠢ ᠵᠦᠢᠯᠡᠰ ᠤᠨ ᠨᠠᠷᠢᠨ | ᠳᠠᠩᠰᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠭᠡᠷᠡᠴᠢ ᠦᠨᠡᠮᠯᠡᠯ ᠢ ᠰᠠᠯᠭᠠᠬᠤ︾ | ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠳᠭᠦᠨ ᠦᠢᠯᠡᠳᠪᠦᠷᠢᠯᠡᠬᠦ | ᠵᠥᠪᠰᠢᠶᠡᠷᠡᠯ ᠠᠴᠠ ᠪᠤᠰᠤᠳ ᠵᠥᠪᠰᠢᠶᠡᠷᠡᠨ ᠣᠷᠤᠭᠤᠯᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠶᠡᠭᠡ | ᠬᠡᠮᠵᠢᠶ᠎ᠡ ᠪᠠᠷ ᠴᠤᠮᠬᠠᠳᠬᠠᠵᠤ᠂ ᠪᠠᠷᠢᠯᠭ᠎ᠠ ᠶᠢᠨ ᠠᠵᠤ ᠠᠬᠤᠶᠢᠯᠠᠯ ᠤᠨ ᠬᠢᠷᠢ ᠭᠡᠮ ᠤᠨ ᠲᠦᠷᠦᠯ ᠢᠯᠭᠠᠯ ᠪᠠ ᠵᠡᠷᠭᠡ | ᠳᠡᠰ ᠢ ᠪᠠᠭᠠᠰᠬᠠᠨ᠎ᠠ᠃ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ᠂ ᠦᠯᠦ ᠬᠦᠳᠡᠯᠬᠦ ᠬᠦᠷᠦᠩᠭᠡ ᠶᠢ ᠳᠠᠩᠰᠠᠯᠠᠨ | ᠲᠡᠮᠲᠡᠭᠯᠡᠬᠦ ᠴᠠᠭ ᠢ ᠤᠯᠠᠮ ᠨᠢᠭᠡ ᠠᠯᠬᠤᠮ ᠪᠤᠭᠤᠨᠢᠰᠬᠠᠨ᠎ᠠ᠃ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ | ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠭᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ | ᠰᠦᠢᠳᠭᠡᠯ ᠢ ᠤᠯᠠᠮ ᠨᠢᠭᠡ ᠠᠯᠬᠤᠮ ᠢᠯᠭᠠᠷᠠᠭᠤᠯᠵᠤ᠂ ᠪᠠᠷᠠᠭᠠᠨ ᠤ ᠭᠦᠢᠯᠭᠡᠭᠡ ᠶᠢᠨ ᠬᠦᠷᠢᠶᠡᠨ ᠳᠠᠬᠢ ᠵᠦᠢ ᠵᠣᠬᠢᠰ | ᠦᠭᠡᠢ ᠬᠤᠷᠢᠶᠠᠬᠤ ᠰᠦᠢᠳᠭᠡᠯ ᠢ ᠴᠡᠭᠴᠡᠯᠡᠨ ᠵᠠᠰᠠᠵᠤ᠂ ᠦᠢᠯᠡᠳᠬᠦ ᠦᠢᠯᠡᠰ ᠤᠨ ᠦᠪᠡᠷ ᠤᠨ ᠥᠷᠲᠡᠭ ᠢ | ᠦᠷᠭᠦᠯᠵᠢᠯᠡᠨ ᠪᠠᠭᠤᠷᠠᠭᠤᠯᠤᠨ᠎ᠠ᠃ ᠡᠷᠬᠡ ᠲᠡᠭᠰᠢ ᠦᠷᠢᠰᠦᠯᠳᠦᠭᠡᠨ ᠢ ᠤᠯᠠᠮ ᠨᠢᠭᠡ ᠠᠯᠬᠤᠮ ᠠᠬᠢᠭᠤᠯᠵᠤ᠂ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠶᠢᠨ ᠵᠢᠷᠤᠮᠵᠢᠯ ᠪᠠ ᠢᠯᠡ ᠲᠤᠳᠣ ᠶᠢᠨ ᠬᠡᠮᠵᠢᠶ᠎ᠡ ᠶᠢ ᠴᠢᠩᠭᠠᠳᠬᠠᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠡᠯᠧᠺᠲᠷᠣᠨ ᠵᠠᠰᠠᠭ ᠤᠨ ᠶᠠᠪᠤᠳᠠᠯ ᠢ ᠲᠦᠷᠭᠡᠳᠭᠡᠨ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠬᠥᠭᠵᠢᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠨᠡᠩ ᠰᠠᠶᠢᠨ ᠬᠥᠭᠵᠢᠯᠲᠡ ᠶᠢᠨ ᠣᠷᠴᠢᠨ ᠨᠦᠬᠦᠴᠡᠯ ᠢ ᠪᠣᠢ ᠪᠣᠯᠭᠠᠵᠤ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠣᠬᠠᠢ ᠦᠪᠡᠷᠲᠡᠭᠡᠨ ᠵᠠᠰᠠᠬᠤ ᠣᠷᠣᠨ ᠤ ᠠᠷᠭ᠎ᠠ | ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ︵ᠭᠤᠷᠪᠡ︶ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠵᠤ ᠬᠦᠲᠦᠯᠦᠨ ᠳᠠᠭᠠᠭᠤᠯᠬᠤ ᠶᠢ | ᠴᠢᠩᠭᠠᠷᠠᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠬᠥᠭᠵᠢᠭᠦᠯᠦᠨ | ᠮᠠᠨᠳᠤᠭᠤᠯᠬᠤ︾ ᠠᠵᠢᠯᠯᠠᠭ᠎ᠠ ᠶᠢ ᠠᠬᠢᠭᠤᠯᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠭᠡᠨ᠂ ᠤᠯᠤᠰ ᠤᠨ ᠡᠯ᠎ᠡ ᠲᠦᠷᠦᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠦᠷᠦᠯ ᠵᠦᠢᠯ ᠢ ᠢᠳᠡᠪᠬᠢᠲᠡᠢ ᠪᠠᠷ ᠣᠯᠵᠤ᠂ ᠬᠥᠭᠵᠢᠭᠰᠡᠨ ᠭᠠᠵᠠᠷ ᠣᠷᠣᠨ ᠤ ᠰᠤᠳᠤᠯᠤᠨ ᠨᠡᠭᠡᠭᠡᠬᠦ ᠪᠠᠶᠢᠭᠤᠯᠤᠮᠵᠢ | ᠯᠤᠭ᠎ᠠ ᠬᠠᠮᠲᠤᠷᠠᠨ ᠠᠵᠢᠯᠯᠠᠬᠤ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠳᠠᠬᠢ ᠠᠵᠤ ᠠᠬᠤᠶᠢᠯᠠᠯ ᠤᠨ ᠭᠤᠣᠯ ᠴᠤᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠤᠯᠤᠰ ᠤᠨ ᠳᠡᠰ ᠤᠨ ᠪᠠ ᠦᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡ ᠪᠦᠯᠦᠭ ᠭᠤᠣᠯᠳᠠᠯᠭ᠎ᠠ ᠲᠠᠢ | ᠲᠣᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ᠂ ᠢᠨᠵᠧᠨᠧᠷᠢᠩ ︵ᠰᠤᠳᠤᠯᠭᠠᠨ ᠤ | ᠲᠥᠪ︶ ᠤᠨ ᠲᠣᠷᠰᠢᠯᠲᠠ ᠶᠢᠨ ᠲᠠᠰᠤᠭ ᠪᠠ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ ᠡᠭᠦᠳᠦᠨ ᠪᠠᠶᠢᠭᠤᠯᠵᠤ᠂ | ᠵᠠᠩᠬᠢᠯᠠᠭ᠎ᠠ ᠶᠢᠨ ᠬᠦᠷᠢᠶᠡᠨ ᠤ ᠮᠡᠷᠭᠡᠵᠢᠯ ᠳᠤ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ | ᠲᠠᠪᠴᠠᠩ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠶᠠᠮᠦᠨ ᠪᠠ ᠦᠪᠡᠷᠲᠡᠭᠡᠨ ᠵᠠᠰᠠᠬᠤ | ᠣᠷᠣᠨ ᠤ ᠠᠵᠢᠯ ᠤᠨ ᠬᠠᠮᠲᠤᠷᠠᠨ ᠵᠦᠪᠳᠡᠯᠴᠡᠭᠰᠡᠨ ᠬᠤᠷᠠᠯ ᠤᠨ ᠭᠤᠣᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠤᠨ᠂ ᠬᠦᠬᠡᠬᠤᠲᠠ ᠪᠤᠭᠤᠳᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ | ᠡᠭᠦᠳᠦᠯᠲᠡ ᠲᠠᠢ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠶᠡᠭᠡ ᠪᠠᠷ ᠪᠣᠢ ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | 1000 ᠠᠴᠠ ᠳᠠᠪᠠᠭᠤᠯᠬᠤ ᠪᠠᠷ ᠴᠢᠷᠮᠠᠶᠢᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠰᠢᠨ᠎ᠡ ᠡᠭᠦᠳᠦᠯᠲᠡ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠢᠶᠠᠷ ᠢᠶᠠᠨ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠶᠢ | ᠠᠬᠢᠭᠤᠯᠵᠤ᠂ ᠰᠢᠨᠵᠢᠯᠡᠬᠦ ᠤᠬᠠᠭᠠᠨ ᠤ ᠲᠠᠯ᠎ᠠ ᠪᠠᠷ ᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭᠠᠨ ᠢ | ᠦᠷᠨᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠨ | ᠬᠡᠷᠡᠭᠯᠡᠭᠳᠡᠬᠦ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠢᠯᠡᠷᠡᠭᠦᠯᠬᠦ᠂ | ᠬᠦᠮᠦᠵᠢᠭᠦᠯᠬᠦ᠂ ᠣᠷᠤᠭᠤᠯᠬᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠳᠥᠷᠪᠡ᠂ ᠦᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ | ᠬᠥᠭᠵᠢᠭᠦᠯᠬᠦ ᠬᠦᠳᠡᠯᠭᠡᠭᠴᠢ ᠬᠦᠴᠦᠨ ᠢ ᠬᠥᠭᠵᠢᠭᠡᠨ᠎ᠡ | ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠨᠳᠦᠷ ᠲᠥᠪᠰᠢᠨ ᠪᠦᠬᠦᠢ | ᠨᠡᠭᠡᠭᠡᠯᠲᠡ ᠶᠢ ᠦᠷᠭᠡᠳᠭᠡᠬᠦ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠯᠦᠭᠡ ᠵᠣᠬᠢᠴᠠᠯᠳᠤᠭᠰᠠᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠦᠨ᠂ ᠦᠨᠳᠦᠷ ᠪᠠᠷᠢᠮᠵᠢᠶᠠᠲᠦ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠲᠦᠷᠭᠡᠳᠭᠡᠨ | ᠪᠠᠶᠢᠭᠤᠯᠵᠤ᠂ ᠤᠯᠤᠰ ᠤᠨ ᠲᠤᠳᠤᠭᠠᠲᠤ ᠪᠠ ᠣᠯᠠᠨ ᠤᠯᠤᠰ ᠤᠨ ᠲᠤᠮᠤ ᠵᠠᠬ᠎ᠠ ᠳᠡᠯᠭᠡᠭᠦᠷ ᠲᠤ ᠪᠦᠬᠦ ᠲᠠᠯ᠎ᠠ ᠪᠠᠷ | ᠠᠭᠤᠰᠤᠯᠴᠠᠨ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠠ ᠬᠦᠳᠡᠯᠭᠡᠭᠴᠢ ᠬᠦᠴᠦᠨ ᠢ | ᠴᠢᠩᠭᠠᠷᠠᠭᠤᠯᠤᠨ᠎ᠠ᠃ | ︵ᠨᠢᠭᠡ︶ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠵᠦ ᠲᠣᠬᠢᠷᠠᠭᠤᠯᠬᠤ ᠶᠢ ᠲᠦᠷᠭᠡᠳᠭᠡᠨ ᠠᠬᠢᠭᠤᠯᠤᠨ᠎ᠠ᠃ | ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠠᠷᠭ᠎ᠠ ᠮᠠᠶ᠋ᠢᠭ ᠤᠨ ᠲᠠᠯ᠎ᠠ ᠳᠤ ᠤᠯᠠᠮ ᠨᠢᠭᠡ ᠠᠯᠬᠤᠮ | ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠦᠮᠴᠢᠯᠡᠬᠦ ᠡᠷᠬᠡ ᠶᠢᠨ ᠳᠦᠷᠢᠮ ᠢ ᠪᠦᠷᠢᠨᠰᠢᠭᠦᠯᠦᠨ᠂ | ᠡᠬᠢ ᠪᠠᠶᠠᠯᠢᠭ ᠤᠨ ᠠᠰᠢᠭ ᠣᠷᠤᠯᠭ᠎ᠠ ᠶᠢ ᠵᠦᠢ ᠵᠣᠬᠢᠰᠲᠠᠢ ᠬᠤᠪᠢᠶᠠᠷᠢᠯᠠᠬᠤ ᠶᠢ ᠠᠬᠢᠭᠤᠯᠤᠨ᠎ᠠ᠃ ᠦᠢᠯᠡᠳᠪᠦᠷᠢᠯᠡᠬᠦ | ᠴᠢᠳᠠᠮᠵᠢ ᠶᠢ ᠦᠭᠡᠶᠢᠰᠭᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠭᠦᠷᠡᠰᠦ ᠦᠢᠯᠡᠳᠪᠦᠷᠢᠯᠡᠬᠦ ᠴᠢᠳᠠᠮᠵᠢ ᠶᠢ | ᠪᠦᠲᠦᠴᠡ ᠶᠢᠨ ᠴᠢᠨᠠᠷᠲᠠᠢ ᠪᠠᠷ ᠰᠢᠯᠢᠳᠡᠭᠵᠢᠭᠦᠯᠬᠦ ᠶᠢ ᠲᠦᠷᠭᠡᠳᠭᠡᠵᠦ᠂ ᠪᠤᠯᠣᠳ ᠲᠡᠮᠦᠷ ᠪᠠ ᠴᠠᠬᠢᠯᠭᠠᠨ ᠢᠶᠠᠷ | ᠵᠠᠳᠠᠯᠤᠭᠰᠠᠨ ᠬᠦᠩᠭᠡᠨᠴᠠᠭᠠᠨ ᠵᠡᠷᠭᠡ ᠦᠢᠯᠡᠳᠪᠦᠷᠢᠯᠡᠬᠦ ᠴᠢᠳᠠᠮᠵᠢ ᠪᠠᠨ ᠬᠠᠯᠠᠬᠤ ᠶᠢ ᠠᠬᠢᠭᠤᠯᠤᠨ᠎ᠠ᠃ ᠠᠭᠤᠷᠬᠠᠢ ᠶᠢᠨ | ᠡᠬᠢ ᠪᠠᠶᠠᠯᠢᠭ ᠬᠡᠷᠡᠭᠯᠡᠬᠦ ᠡᠷᠬᠡ ᠶᠢᠨ ᠦᠷᠢᠰᠦᠯᠳᠦᠭᠡᠨ ᠤ ᠴᠢᠨᠠᠷᠲᠠᠢ ᠬᠤᠳᠠᠯᠳᠤᠨ ᠰᠢᠯᠵᠢᠭᠦᠯᠬᠦ ᠶᠢ ᠪᠦᠬᠦ ᠲᠠᠯ᠎ᠠ ᠪᠠᠷ | ᠠᠬᠢᠭᠤᠯᠵᠤ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠳᠡᠰ ᠲᠦᠷᠦᠯ ᠬᠤᠪᠢᠶᠠᠨ ᠬᠤᠳᠠᠯᠳᠤᠨ | ᠰᠢᠯᠵᠢᠭᠦᠯᠬᠦ ᠳᠦᠷᠢᠮ ᠢ ᠪᠦᠷᠢᠨᠰᠢᠭᠦᠯᠦᠨ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠦᠨ᠎ᠡ | ᠲᠦᠯᠦᠪᠦᠷᠢᠲᠡᠢ ᠪᠠᠷ ᠡᠵᠡᠯᠡᠨ ᠬᠡᠷᠡᠭᠯᠡᠬᠦ ᠪᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠭᠠᠶᠢᠯᠢ | ᠰᠦᠢᠳᠭᠡᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠤᠨ ᠦᠭᠡᠷᠡᠴᠢᠯᠡᠯᠲᠡ ᠶᠢ | ᠭᠦᠨᠵᠡᠭᠡᠢ ᠠᠬᠢᠭᠤᠯᠵᠤ᠂ ᠲᠦᠯᠡᠰᠢᠨ ᠨᠡᠭᠦᠷᠡᠰᠦ ᠪᠠᠷ ᠭᠠᠷᠭᠠᠭᠰᠠᠨ ᠴᠠᠬᠢᠯᠭᠠᠨ ᠤ ᠦᠨ᠎ᠡ ᠬᠠᠩᠰᠢ ᠶᠢᠨ ᠪᠣᠢ ᠪᠣᠯᠬᠤ | ᠲᠣᠭᠲᠠᠴᠠ ᠳᠤ ᠦᠭᠡᠷᠡᠴᠢᠯᠡᠯᠲᠡ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠠᠬᠢᠯᠭᠠᠨ ᠬᠦᠴᠦᠨ ᠤ | ᠠᠷᠠᠯᠵᠢᠶ᠎ᠠ ᠶᠢᠨ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠳᠠᠮᠵᠢᠭᠤᠯᠵᠤ ᠲᠦᠭᠡᠭᠡᠬᠦ ᠴᠠᠬᠢᠯᠭᠠᠨ ᠤ | ᠦᠨ᠎ᠡ ᠬᠠᠩᠰᠢ ᠶᠢᠨ ᠦᠭᠡᠷᠡᠴᠢᠯᠡᠯᠲᠡ ᠶᠢ ᠠᠬᠢᠭᠤᠯᠤᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠳᠤ ᠠᠰᠢᠭᠲᠠᠢ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠎ᠠ᠃ ᠭᠠᠵᠠᠷ ᠰᠢᠷᠤᠢ ᠶᠢ | ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠤᠭ ᠤᠨ | ᠪᠠᠶᠢᠭᠰᠠᠨ ᠬᠡᠰᠡᠭ ᠢ ᠴᠢᠯᠦᠭᠡᠲᠡᠢ ᠪᠣᠯᠭᠠᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ ᠶᠢ ᠰᠢᠯᠵᠢᠭᠦᠯᠦᠨ ᠥᠭᠬᠦ᠂ ᠳᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ | ᠲᠡᠭᠦᠯᠳᠡᠷᠵᠢᠭᠦᠯᠦᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ | ︵ᠬᠤᠶᠠᠷ︶ ᠭᠤᠣᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠡᠳ᠋ ᠤᠨ | ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠡᠩ ᠤᠨ ᠴᠢᠨᠠᠷᠲᠠᠢ ᠵᠠᠷᠤᠯᠭ᠎ᠠ ᠶᠢ | ᠶᠡᠭᠡ ᠪᠠᠷ ᠪᠠᠭᠠᠰᠬᠠᠵᠤ᠂ ᠲᠦᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠤᠯᠤᠰ ᠤᠨ ᠦᠮᠴᠢᠯᠡᠯᠲᠦ | ᠮᠦᠩᠭᠦᠨ ᠭᠦᠢᠯᠭᠡᠭᠡᠨ ᠤ ᠬᠦᠷᠦᠩᠭᠡ ᠮᠦᠩᠭᠦ ᠶᠢᠨ ᠲᠦᠪᠯᠡᠷᠡᠩᠭᠦᠢ ᠪᠦᠭᠡᠳ ᠨᠢᠭᠡᠲᠦᠯᠲᠡᠢ ᠬᠢᠨᠠᠯᠲᠠ ᠬᠠᠮᠢᠶᠠᠷᠤᠯᠲᠠ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠲᠡ ᠶᠢ | ᠲᠦᠷᠭᠡᠳᠭᠡᠵᠦ᠂ ᠮᠦᠩᠭᠦᠨ ᠭᠦᠢᠯᠭᠡᠭᠡᠨ ᠤ ᠰᠢᠰᠲ᠋ᠧᠮᠵᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ | ᠣᠯᠠᠨ ᠳᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠵᠦ᠂ ᠬᠤᠲᠠ ᠶᠢᠨ | ᠬᠤᠳᠠᠯᠳᠤᠭᠠᠨ ᠤ ᠪᠠᠩᠭᠢ ᠪᠠ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶᠠᠨ ᠤ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ | ᠰᠲ᠋ᠣᠺ ᠪᠣᠯᠭᠠᠵᠤ ᠬᠤᠪᠢᠷᠠᠭᠤᠯᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠲᠦ ᠬᠦᠷᠦᠩᠭᠡ ᠮᠦᠩᠭᠦ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠯᠤᠰ ᠤᠨ ᠦᠮᠴᠢᠯᠡᠯᠲᠦ ᠠᠵᠤ | ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠤᠯᠤᠰ ᠤᠨ ᠦᠮᠴᠢᠯᠡᠯᠲᠦ ᠬᠦᠷᠦᠩᠭᠡ | ᠮᠦᠩᠭᠦ ᠪᠠᠷ ᠪᠡᠯᠡ ᠣᠷᠤᠭᠤᠯᠵᠤ᠂ ᠡᠵᠡᠩᠨᠡᠨ ᠠᠵᠢᠯᠯᠠᠬᠤ ᠺᠤᠮᠫᠠᠨᠢ ᠶᠢᠨ ᠲᠣᠷᠰᠢᠯᠲᠠ ᠶᠢᠨ ᠴᠡᠭ ᠤᠨ ᠠᠵᠢᠯ ᠢ | ᠠᠬᠢᠭᠤᠯᠤᠨ᠂ ᠬᠤᠯᠢᠮᠠᠭ ᠦᠮᠴᠢᠯᠡᠯᠲᠦ ᠶᠢᠨ ᠦᠭᠡᠷᠡᠴᠢᠯᠡᠯᠲᠡ ᠪᠠ ᠰᠲ᠋ᠣᠺ ᠤᠨ ᠡᠷᠬᠡ ᠶᠢᠨ ᠣᠯᠠᠨ ᠡᠰᠢᠵᠢᠯᠲᠡ ᠳᠤ | ᠪᠤᠳᠠᠳᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠨᠡᠶᠢᠭᠡᠮ ᠤᠨ ᠦᠢᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠦᠩᠭᠡᠷᠡᠭᠰᠡᠨ ᠤ ᠦᠯᠡᠳᠡᠭᠳᠡᠵᠦ ᠢᠷᠡᠭᠰᠡᠨ | ᠠᠰᠠᠭᠤᠳᠠᠯ ᠢ ᠰᠢᠢᠳᠪᠦᠷᠢᠯᠡᠬᠦ ᠠᠵᠢᠯ ᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠦᠨᠳᠦᠰᠦᠨ ᠡᠮ ᠤᠨ | ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠂ ᠣᠳᠣ ᠦᠶ᠎ᠡ ᠶᠢᠨ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠦᠷᠭᠡᠳᠭᠡᠨ ᠪᠠᠶᠢᠭᠤᠯᠵᠤ᠂ ᠬᠤᠰᠢᠭᠤ ᠰᠢᠶᠠᠨ ᠤ | ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢᠨ | ᠵᠠᠭᠪᠤᠷ ᠢ ᠢᠳᠡᠪᠬᠢᠲᠡᠢ ᠰᠦᠪᠡᠭᠴᠢᠯᠡᠨ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠦᠮᠦᠨ | ᠳᠤᠮᠳᠠᠴᠢ ᠳᠤ ᠣᠯᠭᠤᠬᠤ ᠡᠳ᠋ ᠤᠨ ᠵᠠᠰᠠᠭ ᠤᠨ ᠨᠦᠬᠦᠪᠦᠷᠢ ᠶᠢᠨ ᠪᠠᠷᠢᠮᠵᠢᠶ᠎ᠠ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ | ︵ᠭᠤᠷᠪᠠ︶ ᠪᠦᠬᠦ ᠲᠠᠯ᠎ᠠ ᠪᠠᠷ ᠭᠠᠳᠠᠭᠠᠳᠤ ᠨᠡᠭᠡᠭᠡᠯᠲᠡ ᠬᠢᠬᠦ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠶᠢᠭᠤᠯᠬᠤ ᠶᠢᠨ ᠲᠣᠭᠤᠷᠢᠨ ᠳᠤ ᠡᠯ᠎ᠡ ᠲᠦᠷᠦᠯ ᠤᠨ | ᠬᠠᠮᠲᠤᠷᠠᠯᠴᠠᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠤᠳᠤᠭᠠᠲᠤ | ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠤ ᠬᠢᠨ ᠢ ᠰᠠᠴᠤᠷᠠᠭᠠᠨ ᠳᠠᠶᠢᠴᠢᠯᠠᠭᠰᠠᠨ᠂ ᠡᠬᠢ ᠪᠠᠶᠠᠯᠢᠭ ᠢ | ᠬᠤᠷᠠᠭᠤᠯᠤᠨ ᠪᠦᠭᠡᠮᠨᠡᠷᠡᠭᠦᠯᠦᠭᠰᠡᠨ ᠪᠠ ᠲᠦᠪᠯᠡᠷᠡᠭᠦᠯᠵᠦ ᠬᠤᠪᠢᠶᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ | ᠨᠡᠪᠲᠡᠷᠡᠯᠴᠡᠭᠦᠯᠦᠭᠰᠡᠨ ᠪᠦᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠷᠢᠯᠳᠦᠭᠦᠯᠦᠨ᠎ᠡ᠃ ︽ᠨᠢᠭᠡ | ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠦᠢᠯᠡᠴᠢᠯᠡᠬᠦ ᠪᠠ ᠠᠭᠤᠰᠤᠯᠴᠠᠵᠤ᠂ | ᠰᠠᠭᠤᠷᠢ ᠪᠡᠯᠡᠳᠭᠡᠮᠵᠢ ᠶᠢᠨ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠡᠷᠢᠶᠡᠨ ᠬᠤᠲᠠ | — ᠤᠯᠠᠭᠠᠨᠪᠭᠠᠲᠣᠷ — ᠤᠯᠠᠭᠠᠨ ᠦᠳᠡ ᠬᠦᠷᠬᠦ ᠲᠡᠮᠦᠷ ᠵᠠᠮ ᠤᠨ ᠳᠤᠮᠳᠠ ᠱᠤᠭᠤᠮ ᠤᠨ ᠬᠡᠰᠡᠭ ᠤᠨ ᠳᠡᠰ | ᠳᠡᠪᠰᠢᠵᠦ ᠦᠭᠡᠷᠡᠴᠢᠯᠡᠬᠦ᠂ ᠳᠠᠯᠠᠢ ᠳᠠᠭᠠᠤ ᠶᠢᠨ 2 ᠳ᠋ᠤᠭᠠᠷ ᠨᠣᠮᠧᠷᠲᠤ ᠣᠯᠠᠨ ᠤᠯᠤᠰ ᠤᠨ ᠬᠤᠩᠭᠢᠯ ᠵᠡᠷᠭᠡ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠶᠢᠨ ᠪᠤᠭᠤᠮᠲᠠ ᠶᠢᠨ ᠰᠠᠭᠤᠷᠢ ᠪᠡᠯᠡᠳᠭᠡᠮᠵᠢ ᠪᠠ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠨᠵᠣᠣᠷ᠂ ᠡᠷᠢᠶᠡᠨ ᠬᠤᠲᠠ ᠶᠢᠨ ᠤᠯᠤᠰ ᠤᠨ ᠭᠤᠣᠯᠳᠠᠯᠭ᠎ᠠ | ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠣᠷᠰᠢᠯᠲᠠ ᠶᠢᠨ ᠣᠷᠣᠨ᠂ ᠡᠷᠢᠶᠡᠨ ᠬᠤᠲᠠ — ᠵᠠᠮ ᠤᠨ | ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠭᠠᠭᠴᠠᠮᠤᠳᠤ᠂ ᠡᠵᠡᠨ᠎ᠡ ᠵᠡᠷᠭᠡ ᠦᠪᠡᠷᠲᠡᠭᠡᠨ | ᠵᠠᠰᠠᠬᠤ ᠣᠷᠣᠨ ᠤ ᠬᠢᠯᠢ ᠳᠠᠭᠠᠤ ᠶᠢᠨ ᠭᠤᠣᠯᠳᠠᠯᠭ᠎ᠠ ᠲᠠᠢ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ | ᠲᠣᠷᠰᠢᠯᠲᠠ ᠶᠢᠨ ᠣᠷᠣᠨ᠂ ᠬᠦᠯᠦᠨ ᠪᠣᠶᠢᠷ ᠤᠨ ᠳᠤᠮᠳᠠᠳᠤ ᠣᠷᠣᠰ ᠮᠤᠩᠭᠤᠯ ᠤᠨ ᠬᠠᠮᠲᠤᠷᠠᠯᠴᠠᠭᠠᠨ ᠤ | ᠬᠤᠰᠢᠭᠤᠴᠢ ᠣᠷᠣᠨ ᠵᠡᠷᠭᠡ ᠭᠠᠳᠠᠭᠠᠲᠣ ᠨᠡᠭᠡᠭᠡᠯᠲᠡ ᠬᠢᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ᠎ᠡ᠃ ᠣᠯᠠᠨ ᠤᠯᠤᠰ ᠤᠨ ᠰᠤᠯᠢᠯᠴᠠᠭ᠎ᠠ ᠬᠠᠮᠲᠤᠷᠠᠯᠴᠠᠭᠠᠨ ᠤ ᠰᠢᠨ᠎ᠡ ᠵᠠᠬ᠎ᠠ ᠳᠡᠯᠭᠡᠭᠦᠷ ᠢ ᠢᠳᠡᠪᠬᠢᠲᠡᠢ | ᠨᠡᠭᠡᠭᠡᠨ ᠥᠷᠭᠡᠳᠭᠡᠵᠦ᠂ ᠡᠸᠦ᠋ᠷᠦᠫᠡ ᠠᠮᠧᠷᠢᠺᠠ᠂ ᠵᠡᠭᠦᠨ ᠡᠮᠦᠨᠡᠲᠦ ᠠᠽᠢᠶ᠎ᠠ᠂ ᠵᠡᠭᠦᠨ ᠬᠤᠶᠢᠲᠤ ᠠᠽᠢᠶ᠎ᠠ᠂ | ᠳᠤᠮᠳᠠᠳᠤ ᠠᠽᠢᠶ᠎ᠠ ᠵᠡᠷᠭᠡ ᠣᠷᠣᠨ ᠪᠦᠰᠡ ᠵᠢᠴᠢ ᠮᠠᠨ ᠤ ᠤᠯᠤᠰ ᠲᠠᠢ ᠴᠢᠯᠦᠭᠡᠲᠦ ᠠᠷᠠᠯᠵᠢᠶᠠᠨ ᠤ ᠬᠡᠯᠡᠯᠴᠡᠭᠡᠷ | ᠲᠣᠭᠲᠠᠭᠰᠠᠨ ᠤᠯᠤᠰ ︵ᠭᠠᠵᠠᠷ ᠣᠷᠣᠨ︶ ᠯᠤᠭ᠎ᠠ ᠶᠢᠨ ᠠᠷᠠᠯᠵᠢᠶᠠᠨ ᠤ ᠶᠠᠪᠤᠯᠴᠠᠭ᠎ᠠ ᠶᠢ ᠴᠢᠩᠭᠠᠳᠬᠠᠨ᠎ᠠ᠃ | ᠭᠠᠳᠠᠭᠠᠳᠤ ᠳᠤ ᠪᠡᠯᠡ ᠣᠷᠤᠭᠤᠯᠬᠤ ᠶᠢᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠬᠦᠲᠦᠯᠦᠨ | ᠵᠢᠯᠤᠭᠤᠳᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠢ᠂ | ᠪᠥᠸᠧᠬᠠᠢ ᠲᠠᠩᠬᠢᠰ ᠳᠠᠭᠠᠤ᠂ ᠵᠢᠶᠠᠩᠰᠤ ᠵᠧᠵᠢᠶᠠᠩ ᠱᠠᠩᠬᠠᠢ ᠭᠤᠸᠠᠩᠳᠦ᠋ᠩ᠂ ᠵᠡᠭᠦᠨ ᠬᠤᠶᠢᠲᠣ ᠶᠢᠨ ᠭᠤᠷᠪᠠᠨ | ᠮᠤᠵᠢ ᠵᠡᠷᠭᠡ ᠣᠷᠣᠨ ᠪᠦᠰᠡ ᠯᠦᠭᠡ ᠶᠢᠨ ᠰᠢᠯᠢᠳᠡᠭ ᠬᠠᠮᠲᠤᠷᠠᠯᠴᠠᠭᠠᠨ ᠤ ᠬᠠᠷᠢᠴᠠᠭ᠎ᠠ ᠶᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠬᠦᠬᠡᠮᠦ᠋ᠷᠡᠨ ᠤ ᠠᠵᠤ ᠠᠬᠤᠢ ᠶᠢᠨ ᠪᠦᠰᠡ᠂ ᠨᠠᠷᠮᠠᠢ ᠵᠦᠵᠢᠶᠠᠩ ᠮᠦᠷᠡᠨ ᠤ ᠭᠤᠷᠪᠠᠯᠵᠢᠨ | ᠬᠤᠶᠢᠭ ᠵᠡᠷᠭᠡ ᠣᠷᠣᠨ ᠪᠦᠰᠡ ᠯᠦᠭᠡ ᠶᠢᠨ ᠰᠢᠨ᠎ᠡ ᠬᠠᠮᠲᠤᠷᠠᠯᠴᠠᠭᠠᠨ ᠤ ᠬᠠᠷᠢᠴᠠᠭ᠎ᠠ ᠶᠢ ᠥᠷᠭᠡᠳᠭᠡᠬᠦ ᠪᠠᠨ | ᠢᠳᠡᠪᠬᠢᠲᠡᠢ ᠰᠦᠪᠡᠭᠴᠢᠯᠡᠵᠦ᠂ ᠤᠯᠤᠰ ᠤᠨ ᠲᠤᠳᠤᠭᠠᠳᠤ ᠶᠢᠨ ᠠᠵᠤ ᠦᠢᠯᠡᠰ ᠤᠨ ᠬᠡᠯᠬᠢᠶ᠎ᠡ᠂ ᠥᠷᠲᠡᠭ ᠤᠨ | ᠬᠡᠯᠬᠢᠶ᠎ᠡ ᠳᠤ ᠭᠦᠨᠵᠡᠭᠡᠢ ᠠᠭᠤᠰᠤᠯᠴᠠᠨ᠎ᠠ᠃ | ᠲᠠᠪᠤ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠦᠷᠭᠡᠳᠭᠡᠨ | ᠬᠡᠷᠡᠭᠵᠢᠭᠦᠯᠵᠦ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠳᠡᠭᠡ ᠲᠤᠰᠬᠤᠨ ᠤ ᠠᠵᠢᠯ ᠤᠨ ᠳᠦᠷᠢᠮ︾ ᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠢ | ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠩ ᠮᠠᠯ ᠠᠵᠤ ᠠᠬᠤᠢ ᠶᠢ ᠳᠡᠮᠵᠢᠵᠦ ᠬᠠᠮᠠᠭᠠᠯᠠᠬᠤ ᠳᠦᠷᠢᠮ ᠢ | ᠪᠠᠶᠢᠭᠤᠯᠤᠨ ᠲᠡᠭᠦᠯᠳᠡᠷᠵᠢᠭᠦᠯᠦᠨ᠎ᠡ᠃ | ︵ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠲᠦᠷᠭᠡᠳᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢ ᠬᠦᠴᠦᠲᠡᠢ ᠠᠳᠬᠤᠵᠤ᠂ | ᠮᠠᠯ ᠪᠡᠯᠴᠢᠭᠡᠷ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ ︽ᠠᠮᠤ ᠪᠤᠳᠠᠭ᠎ᠠ︾ ᠶᠢᠨ ᠮᠤᠵᠢ ᠶᠢᠨ | ᠳᠠᠷᠤᠭ᠎ᠠ ᠬᠠᠷᠢᠭᠤᠴᠠᠬᠤ ᠳᠦᠷᠢᠮ ᠪᠠ ︽ᠬᠤᠯᠢᠰᠢᠨ ᠢᠳᠡᠭᠡ︾ ᠶᠢᠨ ᠬᠤᠲᠠ ᠶᠢᠨ ᠳᠠᠷᠤᠭ᠎ᠠ ᠬᠠᠷᠢᠭᠤᠴᠠᠬᠤ | ᠳᠦᠷᠢᠮ ᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠣᠷᠣᠨ ᠪᠦᠰᠡ ᠶᠢᠨ ᠪᠠᠶᠢᠷᠢᠰᠢᠭᠤᠯᠤᠯᠲᠠ | ᠪᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠣᠨᠴᠠᠯᠢᠭ ᠲᠠᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠭᠡᠮᠨᠡᠷᠡᠯ ᠢ ᠪᠦᠲᠦᠭᠡᠨ | ᠪᠠᠶᠢᠭᠤᠯᠤᠨ᠎ᠠ᠃ ᠮᠠᠯ ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠮᠢ | ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠴᠢᠨᠠᠷᠵᠢᠭᠤᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠦᠨᠳᠦᠷ ᠪᠦᠲᠦᠮᠵᠢᠲᠦ ᠤᠰᠤ | ᠠᠷᠪᠢᠯᠠᠬᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠪᠠ ᠬᠤᠵᠢᠷᠯᠢᠭ ᠭᠠᠵᠠᠷ ᠢ ᠦᠭᠡᠷᠡᠴᠢᠯᠡᠵᠦ ᠪᠠᠶᠢᠭᠤᠯᠬᠤ ᠶᠢ | ᠲᠦᠷᠭᠡᠳᠭᠡᠨ ᠠᠬᠢᠭᠤᠯᠵᠤ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 300 ᠲᠦᠮᠡᠨ ᠮᠦ᠂ ᠦᠨᠳᠦᠷ | ᠪᠦᠲᠦᠮᠵᠢᠲᠦ ᠤᠰᠤ ᠠᠷᠪᠢᠯᠠᠬᠤ ᠲᠠᠷᠢᠶᠠᠨ ᠭᠠᠵᠠᠷ ᠤᠨ ᠲᠠᠯᠠᠪᠠᠢ ᠶᠢ 135 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ | ᠲᠦᠮᠦᠰᠦ ᠪᠠᠷ ᠭᠤᠣᠯᠯᠠᠬᠤ ᠠᠮᠤ ᠪᠤᠳᠠᠭ᠎ᠠ ᠪᠣᠯᠭᠠᠭᠰᠠᠨ ᠪᠦᠲᠦᠭᠡᠭᠳᠡᠭᠦᠨ ᠪᠠ ᠠᠵᠤ ᠦᠢᠯᠡᠰ ᠢ ᠨᠡᠭᠡᠭᠡᠨ | ᠬᠥᠭᠵᠢᠭᠦᠯᠬᠦ ᠪᠠᠨ ᠲᠦᠷᠭᠡᠳᠭᠡᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠭᠦᠨᠵᠡᠭᠡᠢ ᠦᠷᠨᠢᠭᠦᠯᠦᠨ᠂ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠤᠤᠯᠤᠭᠤᠷ ᠤᠨ ᠠᠵᠤ ᠦᠢᠯᠡᠰ ᠢ | ᠬᠥᠭᠵᠢᠭᠦᠯᠦᠨ ᠪᠣᠵᠠᠭᠠᠶᠢᠷᠠᠭᠤᠯᠵᠤ᠂ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠰᠡᠷᠭᠦᠭᠡᠬᠦ ᠪᠠᠨ ᠰᠠᠶᠢᠲᠤᠷ ᠠᠳᠬᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠭᠤᠯᠤᠭᠰᠠᠨ᠂ ᠵᠡᠷᠭᠡ ᠳᠡᠰᠴᠢᠯᠡᠭᠰᠡᠨ᠂ ᠳᠡᠭᠡᠳᠦ | ᠮᠡᠷᠭᠡᠵᠢᠭᠦᠯᠦᠭᠰᠡᠨ᠂ ᠮᠡᠳᠡᠭᠡ ᠵᠠᠩᠬᠢᠴᠢᠯᠠᠭᠰᠠᠨ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠣᠳᠣ | ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠢᠨᠵᠧᠨᠧᠷᠢᠩ ᠢ ᠬᠡᠷᠡᠭᠵᠢᠭᠦᠯᠦᠨ᠂ ᠭᠠᠷᠤᠯᠲᠠ ᠶᠢᠨ ᠣᠷᠣᠨ ᠳᠤ ᠨᠢ | ᠴᠡᠪᠡᠷᠰᠢᠭᠦᠯᠬᠦ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠳᠠᠷᠤᠬᠤ ᠡᠷᠴᠢᠮ ᠢᠶᠠᠨ ᠴᠢᠩᠭᠠᠷᠠᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠯᠵᠢᠬᠤ ᠲᠠᠷᠢᠶᠠᠯᠠᠬᠤ | ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ | ᠣᠳᠣ ᠦᠶ᠎ᠡ ᠶᠢᠨ ᠬᠦᠲᠦᠴᠢ ᠠᠵᠤ ᠠᠬᠤᠶᠢᠯᠠᠯ ᠢ ᠪᠣᠢ ᠪᠣᠯᠭᠠᠵᠤ᠂ ᠨᠡᠷᠡᠲᠦ ᠲᠡᠮᠲᠡᠭ ᠢᠶᠠᠷ ᠬᠦᠲᠦᠯᠦᠨ ᠳᠠᠭᠠᠭᠤᠯᠬᠤ | ᠪᠠᠶᠢᠯᠳᠤᠬᠤ ᠪᠣᠳᠣᠯᠭ᠎ᠠ ᠶᠢ ᠠᠬᠢᠭᠤᠯᠤᠨ᠂ ᠨᠢᠭᠡ ᠪᠦᠯᠦᠭ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ | ᠣᠷᠣᠨ ᠢ ᠴᠤᠭᠴᠠᠯᠠᠨ ᠪᠠᠶᠢᠭᠤᠯᠤᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠤ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ | ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ | ᠲᠦᠯᠦᠪᠵᠢᠭᠦᠯᠭᠡ ᠶᠢ ᠨᠢᠭᠡᠳᠭᠡᠭᠰᠡᠨ ᠬᠡᠷᠡᠭᠯᠡᠭᠡᠨ ᠤ ᠬᠡᠯᠪᠡᠷᠢ ᠪᠦᠬᠦᠢ ᠠᠶᠢᠯ ᠲᠤᠰᠬᠤᠨ ᠤ ᠲᠦᠯᠦᠪᠵᠢᠭᠦᠯᠭᠡ ᠶᠢ | ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠭᠡᠮᠵᠢ ᠶᠢᠨ ᠲᠠᠯ᠎ᠠ ᠪᠠᠷ ᠬᠢ ᠲᠤᠳᠠᠭᠤᠳᠠᠯ ᠢ | ᠲᠦᠷᠭᠡᠳᠭᠡᠨ ᠨᠦᠬᠦᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ᠂ ᠴᠠᠬᠢᠯᠭᠠᠨ ᠬᠠᠩᠭᠠᠬᠤ᠂ | ᠵᠠᠮ ᠱᠤᠭᠤᠮ᠂ ᠮᠡᠳᠡᠭᠡ ᠵᠠᠩᠭᠢ᠂ ᠭᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠰᠠᠭᠤᠷᠢ ᠪᠡᠯᠡᠳᠭᠡᠮᠵᠢ ᠶᠢᠨ | ᠨᠦᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠪᠦᠬᠦ | ᠲᠠᠯ᠎ᠠ ᠪᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠤᠬᠢᠷ ᠤᠰᠤ ᠬᠤᠭ ᠨᠣᠪᠰᠢ ᠶᠢ ᠰᠢᠢᠳᠪᠦᠷᠢᠯᠡᠬᠦ᠂ | ᠵᠣᠷᠯᠣᠩ ᠤᠨ ᠬᠤᠪᠢᠰᠤᠯᠲᠠ᠂ ᠲᠠᠷᠢᠮᠠᠯ ᠤᠨ ᠡᠰᠢ ᠰᠦᠷᠡᠯ ᠵᠢᠴᠢ ᠮᠠᠯ ᠵᠢᠭᠦᠷᠲᠡᠨ ᠲᠡᠵᠢᠭᠡᠪᠦᠷᠢ ᠶᠢᠨ ᠢᠯᠭᠠᠳᠠᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ ᠪᠠ ᠠᠶᠢᠯ ᠲᠤᠰᠬᠤᠨ ᠤ ᠳᠥᠷᠰᠦ ᠪᠠᠶᠢᠳᠠᠯ ᠢ ᠰᠠᠶᠢᠵᠢᠷᠠᠭᠤᠯᠬᠤ ᠶᠢ | ᠠᠬᠢᠭᠤᠯᠤᠨ᠎ᠠ᠃ ᠬᠦᠳᠡᠭᠡ ᠲᠤᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠦᠷᠨᠢᠭᠦᠯᠵᠦ᠂ | ᠬᠦᠳᠡᠭᠡ ᠲᠤᠰᠬᠤᠨ ᠢ ᠨᠤᠭᠤᠭᠠᠷᠠᠭᠤᠯᠵᠤ ᠭᠤᠶᠤᠵᠢᠭᠤᠯᠬᠤ ᠶᠢᠨ ᠵᠢᠱᠢᠶ᠎ᠡ ᠦᠵᠡᠭᠦᠯᠬᠦ ᠲᠤᠰᠬᠤᠨ ᠢ 1000 | ᠪᠠᠶᠢᠭᠤᠯᠵᠤ᠂ ᠤᠯᠤᠰ ᠤᠨ ᠳᠡᠰ ᠤᠨ ᠣᠢ ᠰᠢᠭᠤᠢ ᠲᠠᠢ ᠬᠦᠳᠡᠭᠡ ᠲᠤᠰᠬᠤᠨ ᠢ 300 ᠠᠴᠠ ᠳᠡᠭᠡᠭᠰᠢ ᠡᠭᠦᠳᠦᠨ | ᠪᠠᠶᠢᠭᠤᠯᠤᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠳᠤ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠭᠦᠨᠵᠡᠭᠡᠶᠢᠷᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ᠂ ᠵᠢᠵᠢᠭ ᠮᠠᠯᠵᠢᠬᠤ ᠲᠠᠷᠢᠶᠠᠯᠠᠬᠤ ᠡᠷᠦᠬᠡ ᠪᠠ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠤᠨ᠂ ᠵᠢᠵᠢᠭ ᠮᠠᠯᠵᠢᠬᠤ ᠲᠠᠷᠢᠶᠠᠯᠠᠬᠤ | ᠡᠷᠦᠬᠡ ᠳᠤ ᠬᠠᠨᠳᠤᠭᠤᠯᠤᠭᠰᠠᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠣᠯᠠᠨ | ᠵᠦᠢᠯ ᠤᠨ ᠬᠡᠯᠪᠡᠷᠢ ᠲᠠᠢ ᠵᠣᠬᠢᠬᠤ ᠬᠡᠪᠴᠢᠶᠡᠵᠢᠯᠲᠦ ᠡᠵᠡᠩᠨᠡᠯᠲᠡ ᠶᠢ ᠲᠣᠭᠲᠠᠭᠤᠨ ᠢᠶᠠᠷ ᠬᠥᠭᠵᠢᠭᠦᠯᠦᠨ᠎ᠡ᠃ | ᠬᠦᠲᠦᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠣᠭᠳᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠡᠬᠢ ᠪᠠᠶᠠᠯᠢᠭ ᠢ ᠡᠳ᠋ ᠬᠦᠷᠦᠩᠭᠡ ᠪᠣᠯᠭᠠᠨ ᠬᠤᠪᠢᠷᠠᠭᠤᠯᠬᠤ᠂ ᠪᠡᠯᠡ | ᠮᠦᠩᠭᠦ ᠶᠢ ᠬᠤᠪᠢ ᠣᠷᠤᠭᠤᠯᠤᠭᠰᠠᠨ ᠮᠦᠩᠭᠦ ᠪᠣᠯᠭᠠᠨ ᠬᠤᠪᠢᠷᠠᠭᠤᠯᠬᠤ᠂ ᠮᠠᠯᠴᠢᠨ ᠲᠠᠷᠢᠶᠠᠴᠢᠳ ᠢ ᠬᠤᠪᠢ | ᠣᠷᠤᠭᠤᠯᠤᠭᠴᠢ ᠪᠣᠯᠭᠠᠨ ᠬᠤᠪᠢᠷᠠᠭᠤᠯᠬᠤ ᠵᠡᠷᠭᠡ ᠦᠭᠡᠷᠡᠴᠢᠯᠡᠯᠲᠡ ᠶᠢᠨ ᠲᠣᠷᠰᠢᠯᠭ᠎ᠠ ᠶᠢ ᠳᠡᠯᠭᠡᠷᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢ ᠲᠠᠲᠠᠪᠤᠷᠢᠯᠠᠬᠤ᠂ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠤᠭᠤᠯᠬᠤ᠂ ᠣᠷᠣᠨ ᠰᠠᠭᠤᠴᠠ ᠶᠢᠨ | ᠰᠠᠭᠤᠷᠢ ᠭᠠᠵᠠᠷ ᠤᠨ ᠳᠦᠷᠢᠮ ᠤᠨ ᠦᠭᠡᠷᠡᠴᠢᠯᠡᠯᠲᠡ ᠶᠢᠨ ᠲᠣᠷᠰᠢᠯᠲᠠ ᠶᠢᠨ ᠴᠡᠭ ᠪᠣᠯᠤᠨ ᠨᠤᠲᠤᠭ ᠪᠡᠯᠴᠢᠭᠡᠷ ᠤᠨ | ︽ᠭᠤᠷᠪᠠᠨ ᠡᠷᠬᠡ ᠶᠢ ᠰᠠᠯᠭᠠᠬᠤ︾ ᠠᠵᠢᠯ ᠢ ᠲᠣᠭᠲᠠᠭᠤᠨ ᠢᠶᠠᠷ ᠠᠬᠢᠭᠤᠯᠤᠨ᠎ᠠ᠃ ᠬᠦᠳᠡᠭᠡ ᠲᠤᠰᠬᠤᠨ ᠤ | ᠵᠠᠰᠠᠯᠲᠠ ᠶᠢ ᠪᠦᠲᠦᠮᠵᠢᠲᠡᠢ ᠪᠡᠶᠡᠯᠡᠭᠦᠯᠬᠦ ᠠᠷᠭ᠎ᠠ ᠬᠡᠯᠪᠡᠷᠢ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ | ᠰᠦᠪᠡᠭᠴᠢᠯᠡᠵᠦ᠂ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮᠵᠢ ᠪᠣᠯᠣᠨ ᠵᠠᠰᠠᠬᠤ ᠴᠢᠳᠠᠪᠤᠷᠢ ᠶᠢᠨ | ᠤᠳᠤᠬᠢᠴᠢᠯᠠᠯᠲᠠ ᠶᠢᠨ ᠲᠣᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠨᠢᠭᠦᠯᠦᠨ᠎ᠡ᠃ | ᠵᠢᠷᠭᠤᠭ᠎ᠠ᠂ ᠬᠤᠲᠠ ᠬᠦᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ | ᠡᠬᠢ ᠪᠠᠶᠠᠯᠢᠭ ᠤᠨ ᠬᠦᠴᠦᠨ ᠵᠦᠢᠯ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ | ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠬᠦ ᠪᠠᠶᠢᠭᠤᠯᠤᠯ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠦᠬᠦᠪᠦᠷᠢᠯᠡᠭᠰᠡᠨ | ᠵᠦᠷᠢᠶᠡᠴᠢᠯᠡᠨ ᠵᠣᠬᠢᠴᠠᠭᠤᠯᠵᠤ ᠬᠥᠭᠵᠢᠬᠦ ᠣᠷᠣᠨ ᠪᠦᠰᠡ ᠶᠢᠨ ᠪᠠᠶᠢᠷᠢᠰᠢᠭᠤᠯᠤᠯᠲᠠ ᠪᠦᠷᠢᠯᠳᠦᠬᠦ ᠶᠢ ᠠᠬᠢᠭᠤᠯᠤᠨ᠂ | ᠣᠷᠣᠨ ᠪᠦᠰᠡ ᠶᠢᠨ ᠬᠤᠯᠪᠣᠭᠠᠯᠠᠯ᠂ ᠬᠤᠲᠠ ᠬᠦᠳᠡᠭᠡ ᠶᠢᠨ ᠠᠭᠤᠰᠤᠯᠴᠠᠯ᠂ ᠲᠤᠳᠤᠭᠠᠲᠤ ᠭᠠᠳᠠᠭᠠᠳᠤ ᠶᠢᠨ ᠰᠠᠭᠠᠳ | ᠦᠭᠡᠢ ᠨᠡᠪᠲᠡᠷᠡᠯ ᠢ ᠪᠦᠲᠦᠮᠵᠢᠲᠡᠢ ᠠᠬᠢᠭᠤᠯᠤᠨ᠎ᠠ᠃ | ︵ᠨᠢᠭᠡ︶ ᠲᠦᠪᠯᠡᠷᠡᠭᠦᠯᠦᠨ ᠪᠦᠭᠡᠮᠨᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠠᠵᠤ ᠦᠢᠯᠡᠳᠪᠦᠷᠢ ᠶᠢ ᠬᠦᠷᠢᠶᠡᠯᠡᠩ ᠲᠣᠭᠤᠷᠢᠭ | ᠲᠡᠶᠢᠰᠢ ᠲᠦᠪᠯᠡᠷᠡᠭᠦᠯᠬᠦ᠂ ᠮᠠᠯ ᠲᠠᠷᠢᠶᠠᠯᠠᠩ ᠢ ᠦᠢᠯᠡᠳᠪᠦᠷᠢᠯᠡᠯ ᠤᠨ ᠨᠦᠬᠦᠴᠡᠯ ᠢᠶᠠᠷ ᠨᠡᠯᠢᠶᠡᠳ ᠰᠠᠶᠢᠨ ᠭᠠᠵᠠᠷ | ᠣᠷᠣᠨ ᠲᠡᠶᠢᠰᠢ ᠲᠥᠪᠯᠡᠷᠡᠭᠦᠯᠬᠦ ᠪᠠᠷ ᠬᠦᠲᠦᠯᠦᠨ ᠵᠢᠯᠤᠭᠤᠳᠤᠨ᠎ᠠ᠃ ︽ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠬᠠᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠦᠪᠦᠷ ᠵᠠᠰᠠᠭ ᠲᠠᠷᠬᠠᠭᠠᠭᠰᠠᠨ ﹇2019﹈ 21 | ᠳ᠋ᠦ᠋ᠭᠡᠷ ᠲᠣᠭᠠᠲᠤ︶ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠡᠮᠬᠢᠯᠡᠨ ᠨᠡᠶᠢᠯᠡᠭᠦᠯᠬᠦ ᠪᠠ | ᠠᠵᠤ ᠦᠢᠯᠡᠰ ᠤᠨ ᠨᠢᠭᠡᠲᠦᠯᠲᠡᠢ ᠲᠦᠯᠦᠪᠯᠡᠬᠦ ᠠᠵᠢᠯ ᠢ ᠡᠮᠬᠢ ᠵᠢᠷᠤᠮ ᠲᠠᠢ ᠠᠬᠢᠭᠤᠯᠤᠨ᠂ ᠬᠦᠷᠢᠶᠡᠯᠡᠩ | ᠲᠣᠭᠤᠷᠢᠭ ᠤᠨ ᠬᠦᠨᠳᠡᠶᠢᠷᠡᠨ ᠬᠤᠭᠤᠰᠤᠷᠠᠭᠰᠠᠨ᠂ ᠠᠵᠤ ᠦᠢᠯᠡᠰ ᠤᠨ ᠢᠵᠢᠯᠢᠰᠢᠭᠰᠡᠨ᠂ ᠡᠬᠢ ᠪᠠᠶᠠᠯᠢᠭ ᠤᠨ ᠰᠣᠯᠠ | ᠲᠠᠯᠪᠢᠭᠳᠠᠭᠰᠠᠨ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠪᠠᠶᠢᠷᠢᠰᠢᠭᠤᠯᠤᠯᠲᠠ ᠨᠢ ᠵᠦᠢ ᠵᠣᠬᠢᠰᠲᠠᠢ᠂ | ᠪᠠᠶᠢᠷᠢ ᠰᠤᠯᠢᠪᠢᠴᠠᠨ ᠬᠥᠭᠵᠢᠭᠰᠡᠨ᠂ ᠴᠢᠳᠠᠮᠵᠢ ᠨᠢ ᠵᠣᠬᠢᠴᠠᠩᠭᠤᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ | ᠪᠠᠶᠢᠷᠢᠰᠢᠯ ᠢ ᠲᠦᠷᠭᠡᠳᠭᠡᠨ ᠪᠣᠢ ᠪᠣᠯᠭᠠᠨ᠎ᠠ᠃ ᠬᠦᠷᠢᠶᠡᠯᠡᠩ ᠲᠣᠭᠤᠷᠢᠭ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠳᠡᠮᠵᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠳᠤ ᠣᠷᠤᠭᠤᠯᠤᠯᠲᠠ ᠬᠢᠬᠦ ᠪᠠᠨ ᠨᠡᠮᠡᠭᠳᠡᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠶᠢ ᠲᠦᠷᠭᠡᠳᠭᠡᠵᠦ᠂ ᠦᠷ᠎ᠡ ᠠᠰᠢᠭ ᠤᠨ ᠭᠦᠢᠴᠡᠳᠭᠡᠯ ᠲᠤᠭ᠎ᠠ ᠪᠠᠷ | ᠭᠤᠣᠯ ᠪᠣᠯᠭᠠᠭᠰᠠᠨ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠤᠨ᠂ ᠨᠢᠭᠡᠴᠢ ᠲᠠᠯᠠᠪᠠᠢ ᠶᠢᠨ | ᠣᠷᠤᠭᠤᠯᠤᠯᠲᠠ ᠶᠢᠨ ᠡᠷᠴᠢᠮ ᠪᠠ ᠭᠠᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠷᠢᠶᠡᠯᠡᠩ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠣᠷᠣᠨ ᠪᠦᠰᠡ ᠶᠢᠨ ᠨᠡᠮᠡᠭᠳᠡᠯ ᠢ ᠳᠠᠶᠢᠴᠢᠯᠠᠬᠤ ᠲᠦᠢᠯ ᠢ ᠪᠣᠢ ᠪᠣᠯᠭᠠᠨ᠎ᠠ᠃ ︽ᠰᠢᠨ᠎ᠡ ᠴᠠᠭ | ᠦᠶ᠎ᠡ ᠳᠤ ᠪᠠᠷᠠᠭᠤᠨ ᠣᠷᠣᠨ ᠢ ᠶᠡᠭᠡ ᠪᠠᠷ ᠬᠥᠭᠵᠢᠭᠦᠯᠵᠦ ᠰᠢᠨ᠎ᠡ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠬᠤ | ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠦᠪᠦᠷ ᠨᠠᠮ ᠲᠠᠷᠬᠠᠭᠠᠭᠰᠠᠨ ﹇2019︶ 24 | ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠭᠦᠨᠵᠡᠭᠡᠢ ᠠᠬᠢᠭᠤᠯᠤᠨ᠎ᠠ᠃ ᠬᠦᠬᠡᠬᠤᠲᠠ ᠪᠤᠭᠤᠳᠤ | ᠣᠷᠳᠤᠰ ᠵᠢᠴᠢ ᠤᠯᠠᠭᠠᠨᠴᠠᠪ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠯ᠎ᠡ ᠭᠠᠵᠠᠷ ᠣᠷᠣᠨ ᠤ | ᠳᠠᠪᠠᠭᠤᠯᠢᠭ ᠲᠤ ᠪᠠᠨ ᠲᠦᠰᠢᠭᠯᠡᠨ ᠣᠨᠴᠠᠯᠢᠭ ᠢᠶᠠᠷ ᠢᠯᠡ ᠲᠣᠳᠣ᠂ ᠪᠠᠶᠢᠷᠢ ᠰᠤᠯᠪᠢᠴᠠᠵᠤ ᠬᠠᠷᠢᠯᠴᠠᠨ | ᠨᠦᠬᠦᠪᠦᠷᠢᠯᠡᠭᠰᠡᠨ᠂ ᠵᠣᠬᠢᠴᠠᠩᠭᠤᠢ ᠬᠥᠭᠵᠢᠭᠰᠡᠨ ᠠᠵᠤ ᠦᠢᠯᠡᠰ ᠤᠨ ᠰᠢᠰᠲ᠋ᠧᠮᠵᠢ ᠪᠠᠶᠢᠭᠤᠯᠬᠤ ᠶᠢ ᠳᠡᠮᠵᠢᠵᠦ᠂ | ᠣᠷᠣᠨ ᠪᠦᠰᠡ ᠶᠢᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠦᠬᠡᠬᠤᠲᠠ ᠪᠤᠭᠤᠳᠤ ᠣᠷᠳᠣᠰ ᠲᠡᠮᠡᠭᠡᠲᠦ | ᠬᠤᠲᠠ ᠶᠢᠨ ᠪᠦᠭᠡᠮᠨᠡᠷᠡᠯ ᠤᠨ ᠬᠥᠭᠵᠢᠯᠲᠡ ᠶᠢᠨ ᠲᠦᠯᠦᠪᠵᠢᠭᠦᠯᠭᠡ ᠶᠢ ᠠᠬᠢᠭᠤᠯᠤᠨ ᠨᠠᠶᠢᠳᠠᠪᠤᠷᠢᠵᠢᠭᠤᠯᠤᠨ᠎ᠠ᠃ | ᠵᠡᠭᠦᠨ ᠬᠡᠰᠡᠭ ᠤᠨ ᠠᠶᠢᠮᠠᠭ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠭᠠᠨᠬᠠᠳᠠ ᠪᠠ | ᠲᠦᠩᠯᠢᠶᠣᠣ ᠵᠡᠷᠭᠡ ᠣᠷᠣᠨ ᠪᠦᠰᠡ ᠶᠢᠨ ᠴᠢᠨᠠᠷᠲᠠᠢ ᠭᠤᠣᠯ ᠲᠥᠪ ᠪᠣᠯᠬᠤ ᠬᠤᠲᠠ ᠪᠠᠷ ᠭᠤᠣᠯᠳᠠᠯᠭ᠎ᠠ ᠪᠣᠯᠭᠠᠵᠤ᠂ | ᠴᠢᠬᠤᠯᠠ ᠶᠡᠭᠡ ᠲᠦᠷᠦᠯ ᠵᠦᠢᠯ ᠢ ᠵᠠᠯᠭᠠᠨ ᠠᠪᠴᠤ ᠪᠠᠶᠢᠷᠢᠰᠢᠭᠤᠯᠵᠤ᠂ ᠵᠡᠭᠦᠨ ᠬᠡᠰᠡᠭ ᠤᠨ ᠠᠶᠢᠮᠠᠭ ᠬᠤᠲᠠ ᠶᠢᠨ | ᠦᠭᠡᠷᠡᠴᠢᠯᠡᠯᠲᠡ ᠪᠠᠨ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠶᠢ ᠠᠬᠢᠭᠤᠯᠤᠨ᠂ ᠪᠤᠬᠢᠷᠳᠤᠯ ᠦᠭᠡᠢ ᠬᠥᠭᠵᠢᠬᠦ ᠪᠠ | ᠨᠡᠭᠡᠭᠡᠯᠲᠡ ᠲᠠᠢ ᠬᠥᠭᠵᠢᠬᠦ ᠶᠢᠨ ᠳᠠᠪᠠᠭᠤᠯᠢᠭ ᠢ ᠳᠡᠭᠡᠭᠰᠢᠯᠡᠭᠦᠯᠦᠨ᠎ᠡ᠃ ᠦᠬᠠᠢ ᠵᠢᠴᠢ ᠡᠷᠬᠢᠨ ᠲᠣᠭᠤᠷᠢᠨ ᠤ ᠭᠠᠵᠠᠷ | ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ | ᠣᠷᠣᠨ ᠤ ᠬᠡᠯᠪᠡᠷᠢ ᠪᠠᠨ ᠬᠤᠪᠢᠷᠠᠭᠤᠯᠵᠤ ᠬᠥᠭᠵᠢᠭᠰᠡᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ | ︵ᠭᠤᠷᠪᠠ︶ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠶᠡᠭᠡ ᠪᠠᠷ ᠬᠠᠮᠠᠭᠠᠯᠠᠬᠤ ᠶᠢ ᠬᠠᠮᠲᠤ ᠳᠤ ᠪᠠᠨ ᠰᠠᠶᠢᠲᠤᠷ ᠠᠳᠬᠤᠬᠤ ᠶᠢ | ᠪᠠᠷᠢᠮᠲᠠᠯᠠᠵᠤ᠂ ᠶᠡᠭᠡ ᠪᠠᠷ ᠵᠠᠰᠠᠬᠤ ᠶᠢ ᠬᠠᠮᠵᠢᠯᠴᠠᠨ ᠠᠬᠢᠭᠤᠯᠵᠤ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ | ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢᠨ ᠲᠦᠯᠦᠪᠵᠢᠭᠦᠯᠭᠡ︾ ᠪᠠ ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠨᠤᠲᠤᠭ | ᠳᠡᠪᠢᠭᠰᠡᠭᠡᠷ ᠤᠨ ᠣᠷᠣᠨ ᠵᠠᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ︽ᠬᠠᠲᠤᠨ ᠭᠤᠣᠯ ᠤᠨ | ᠦᠪᠦᠷ ᠮᠣᠩᠭᠤᠯ ᠤᠨ ᠬᠡᠰᠡᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠦᠩᠵᠢᠭᠦᠯᠦᠨ | ᠰᠡᠷᠭᠦᠭᠡᠬᠦ ᠠᠵᠢᠯᠯᠠᠭᠠᠨ ᠤ ᠲᠦᠯᠦᠪᠯᠡᠭᠡ︾ ᠶᠢ ᠬᠡᠷᠡᠭᠵᠢᠭᠦᠯᠵᠦ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠢᠬᠤᠯᠠ ᠶᠡᠭᠡ ᠤᠰᠤᠨ ᠠᠰᠢᠭᠯᠠᠯᠲᠠ ᠶᠢᠨ | ᠢᠨᠵᠧᠨᠧᠷᠢᠩ ᠢ ᠠᠬᠢᠭᠤᠯᠤᠨ ᠬᠡᠷᠡᠭᠵᠢᠭᠦᠯᠵᠦ᠂ ᠭᠤᠣᠯ ᠤᠨ ᠵᠠᠮ ᠢ ᠴᠡᠭᠴᠡᠯᠡᠨ ᠵᠠᠰᠠᠬᠤ᠂ ᠰᠦᠩ ᠬᠠᠯᠢᠶ᠎ᠠ ᠶᠢ | ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠪᠤᠷᠤᠲᠤᠬᠤᠢ ᠶᠢᠨ ᠤᠳᠤᠬᠢᠴᠢᠯᠠᠭᠰᠠᠨ ᠤᠰᠤᠨ ᠠᠰᠢᠭᠯᠠᠯᠲᠠ ᠶᠢᠨ ᠣᠷᠣᠨ ᠢ | ᠪᠦᠲᠦᠭᠡᠨ ᠪᠠᠶᠢᠭᠤᠯᠤᠨ᠎ᠠ᠃ ᠰᠠᠪᠠ ᠭᠠᠵᠠᠷ ᠤᠨ ᠠᠵᠤ ᠦᠢᠯᠡᠰ ᠤᠨ ᠪᠤᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ | ︵ᠳᠥᠷᠪᠡ︶ ᠬᠤᠲᠠ ᠬᠦᠳᠡᠭᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ᠃ ᠬᠦᠮᠦᠨ ᠠᠷᠠᠳ ᠢᠶᠠᠷ | ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠯᠠᠪᠳᠠᠭᠤᠨ ᠢᠶᠠᠷ ᠠᠬᠢᠭᠤᠯᠵᠤ᠂ ᠲᠥᠪ ᠬᠤᠲᠠ | ᠪᠠ ᠬᠤᠲᠠ ᠶᠢᠨ ᠪᠦᠭᠡᠮᠨᠡᠷᠡᠯ ᠤᠨ ᠶᠡᠷᠦᠩᠬᠡᠢ ᠳᠠᠭᠠᠭᠠᠴᠠ ᠶᠢ ᠨᠢ ᠳᠡᠭᠡᠭᠰᠢᠯᠡᠭᠦᠯᠦᠨ᠂ ᠲᠤᠮᠤ ᠳᠤᠮᠳᠠ ᠵᠢᠵᠢᠭ | ᠬᠤᠲᠠ ᠪᠠ ᠵᠢᠵᠢᠭ ᠬᠤᠲᠠ ᠪᠠᠯᠭᠠᠰᠤᠨ ᠤ ᠵᠣᠬᠢᠴᠠᠩᠭᠤᠢ ᠬᠥᠭᠵᠢᠬᠦ ᠶᠢ ᠠᠬᠢᠭᠤᠯᠵᠤ᠂ ᠬᠤᠲᠠ ᠪᠠᠯᠭᠠᠰᠤᠨ ᠤ | ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠠᠵᠤ ᠠᠬᠤᠢ ᠶᠢ ᠴᠡᠴᠡᠭᠯᠡᠭᠦᠯᠦᠨ | ᠬᠥᠭᠵᠢᠭᠦᠯᠵᠦ᠂ ᠠᠵᠤ ᠦᠢᠯᠡᠰ ᠪᠠ ᠬᠤᠲᠠ ᠶᠢᠨ ᠠᠭᠤᠰᠤᠯᠴᠠᠯ ᠢ ᠠᠬᠢᠭᠤᠯᠤᠨ᠂ ᠣᠨᠴᠠᠯᠢᠭᠲᠣ ᠵᠢᠵᠢᠭ | ᠪᠠᠯᠭᠠᠰᠤᠨ ᠤ ᠴᠢᠨᠠᠷ ᠰᠠᠶᠢᠲᠠᠢ ᠭᠥᠭᠵᠢᠯᠲᠡ ᠶᠢ ᠠᠬᠢᠭᠤᠯᠤᠨ᠎ᠠ᠃ ᠬᠤᠲᠠ ᠬᠦᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠤᠲᠠ ᠶᠢᠨ ᠰᠠᠭᠤᠷᠢ ᠪᠡᠯᠡᠳᠭᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠢ ᠮᠠᠯᠵᠢᠬᠤ | ᠲᠠᠷᠢᠶᠠᠯᠠᠬᠤ ᠣᠷᠣᠨ ᠲᠡᠶᠢᠰᠢ ᠥᠷᠭᠡᠳᠭᠡᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ | ᠳᠤᠯᠤᠭ᠎ᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠤᠨ᠎ᠠ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠢ ᠶᠢ ᠤᠷᠢᠳ ᠢᠶᠠᠷ | ᠪᠣᠳᠤᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠂ ᠠᠵᠤ ᠦᠢᠯᠡᠰ ᠢ ᠠᠮᠢ ᠠᠬᠤᠶᠢᠴᠢᠯᠠᠬᠤ᠂ ᠠᠮᠢ | ᠠᠬᠤᠢ ᠶᠢ ᠠᠵᠤ ᠦᠢᠯᠡᠰᠵᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠭᠦᠯᠬᠦ ᠶᠠᠪᠤᠴᠠ ᠳᠤ ᠦᠨᠳᠦᠷ ᠬᠢᠷᠢ | ᠲᠥᠪᠰᠢᠨ ᠢᠶᠠᠷ ᠬᠠᠮᠠᠭᠠᠯᠠᠬᠤ ᠶᠢ ᠠᠬᠢᠭᠤᠯᠤᠨ᠂ ᠦᠨᠳᠦᠷ ᠬᠢᠷᠢ ᠲᠥᠪᠰᠢᠨ ᠢᠶᠠᠷ ᠬᠠᠮᠠᠭᠠᠯᠠᠬᠤ ᠶᠠᠪᠤᠴᠠ ᠳᠤ ᠴᠢᠨᠠᠷ | ᠰᠠᠶᠢᠲᠠᠢ ᠬᠥᠭᠵᠢᠭᠦᠯᠬᠦ ᠶᠢ ᠠᠬᠢᠭᠤᠯᠤᠨ᠎ᠠ᠃ | ︵ᠨᠢᠭᠡ︶ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠎ᠠ᠃ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠲᠦᠯᠲᠡᠢ | ᠲᠦᠯᠦᠪᠯᠡᠵᠦ᠂ ᠠᠮᠢ ᠠᠬᠤᠢ ᠶᠢ ᠦᠩᠵᠢᠭᠦᠯᠦᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ | ᠰᠠᠶᠢᠲᠤᠷ ᠠᠳᠬᠤᠵᠤ᠂ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠤᠭᠤᠷᠢᠨ ᠤ ᠭᠠᠵᠠᠷ ᠣᠷᠣᠨ ᠳᠤ ᠲᠠᠷᠢᠶᠠᠯᠠᠬᠤ ᠶᠢ | ᠵᠣᠭᠰᠤᠭᠠᠵᠤ ᠣᠶᠢᠵᠢᠭᠤᠯᠬᠤ ᠪᠠ ᠡᠪᠡᠰᠦ ᠪᠡᠯᠴᠢᠭᠡᠷ ᠨᠤᠭᠤ ᠭᠠᠵᠠᠷ ᠢ ᠰᠡᠷᠭᠦᠭᠡᠬᠦ ᠲᠣᠷᠰᠢᠯᠲᠠ ᠶᠢᠨ ᠴᠡᠭ ᠤᠨ | ᠠᠵᠢᠯ ᠢ ᠦᠷᠨᠢᠭᠦᠯᠦᠨ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠦᠩᠵᠢᠭᠦᠯᠦᠨ ᠰᠡᠷᠭᠦᠭᠡᠬᠦ | ᠤᠯᠤᠰ ᠤᠨ ᠲᠣᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂1450 ᠲᠦᠮᠡᠨ ᠮᠦ ᠡᠪᠡᠰᠦ ᠲᠠᠷᠢᠵᠤ᠂ 1290 | ᠲᠦᠮᠡᠨ ᠮᠦ ᠣᠶᠢᠵᠢᠭᠤᠯᠵᠤ᠂ 924 ᠲᠦᠮᠡᠨ ᠮᠦ ᠬᠦᠷᠦᠰᠦ ᠰᠢᠷᠤᠢ ᠶᠢᠨ ᠢᠳᠡᠭᠳᠡᠯ ᠲᠠᠢ ᠭᠠᠵᠠᠷ ᠢ ᠶᠡᠷᠦᠩᠬᠡᠶᠢᠯᠡᠨ | ᠵᠠᠰᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠮᠢ ᠠᠬᠤᠢ ᠶᠢ ᠦᠩᠵᠢᠭᠦᠯᠦᠨ ᠰᠡᠷᠭᠦᠭᠡᠬᠦ | ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠣᠷᠰᠢᠯᠲᠠ ᠶᠢᠨ | ᠣᠷᠣᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ︽ᠤᠯᠤᠰ ᠤᠨ ᠠᠮᠢ ᠠᠬᠤᠢ ᠶᠢᠨ ᠪᠣᠯᠪᠠᠰᠤᠨ ᠤ | ᠲᠣᠷᠰᠢᠯᠲᠠ ᠶᠢᠨ ᠣᠷᠣᠨ ︵ᠦᠪᠦᠷ ᠮᠣᠩᠭᠤᠯ︶ ᠤ ᠬᠡᠷᠡᠭᠵᠢᠭᠦᠯᠬᠦ ᠲᠦᠰᠦᠯ︾ ᠢ ᠨᠠᠶᠢᠷᠠᠭᠤᠯᠤᠨ ᠵᠣᠬᠢᠶᠠᠵᠤ | ᠳᠡᠭᠡᠭᠰᠢ ᠮᠡᠳᠡᠭᠦᠯᠦᠨ᠎ᠡ᠃ ᠬᠦᠯᠦᠨ ᠪᠣᠶᠢᠷ ᠤᠨ ᠤᠯᠤᠰ ᠤᠨ ᠴᠡᠴᠡᠷᠯᠢᠭ ᠤᠨ ᠭᠤᠶᠤᠴᠢᠯᠠᠨ ᠮᠡᠳᠡᠭᠦᠯᠬᠦ ᠠᠵᠢᠯ ᠢ | ᠰᠠᠶᠢᠲᠤᠷ ᠬᠢᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢ | ᠪᠡᠶᠡᠯᠡᠭᠦᠯᠦᠨ᠎ᠡ᠃ | ︵ᠬᠤᠶᠠᠷ︶ ᠪᠤᠬᠢᠷᠳᠤᠯ ᠦᠭᠡᠢ ᠬᠥᠭᠵᠢᠯᠲᠡ ᠶᠢ ᠶᠡᠭᠡ ᠪᠠᠷ ᠠᠬᠢᠭᠤᠯᠤᠨ᠎ᠠ᠃ ᠡᠨᠧᠷᠬᠢ ᠶᠢᠨ ᠬᠤᠷᠣᠭᠳᠠᠵᠤ | ᠪᠠᠶᠢᠭ᠎ᠠ ᠶᠡᠷᠦᠩᠬᠡᠢ ᠬᠡᠮᠵᠢᠶ᠎ᠡ ᠪᠠ ᠬᠤᠷᠤᠭᠳᠠᠵᠤ ᠪᠠᠶᠢᠭ᠎ᠠ ᠡᠷᠴᠢᠮ ᠢ ᠴᠢᠩᠭ᠎ᠠ ᠡᠵᠡᠮᠰᠢᠬᠦ ᠪᠠᠨ ᠤᠯᠠᠮ ᠨᠢᠭᠡ ᠠᠯᠬᠤᠮ | ᠴᠢᠩᠭᠠᠳᠬᠠᠨ᠂ ᠪᠡᠯᠡ ᠣᠷᠤᠭᠤᠯᠤᠭᠰᠠᠨ ᠲᠦᠷᠦᠯ ᠵᠦᠢᠯ ᠳᠤ ᠡᠨᠧᠷᠬᠢ ᠠᠷᠪᠢᠯᠠᠬᠤ ᠲᠠᠯ᠎ᠠ ᠶᠢᠨ ᠬᠢᠨᠠᠨ | ᠪᠠᠶᠢᠴᠠᠭᠠᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠬᠢ ᠶᠢᠨ ᠬᠤᠷᠤᠭᠳᠠᠯ ᠤᠨ | ᠬᠢᠵᠠᠭᠠᠷᠯᠠᠬᠤ ᠲᠤᠭ᠎ᠠ ᠶᠢ ᠪᠠᠷᠢᠮᠵᠢᠶ᠎ᠠ ᠪᠠᠷ ᠬᠠᠷᠢᠴᠠᠭᠤᠯᠤᠨ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠦᠷᠨᠢᠭᠦᠯᠦᠨ᠂ | ᠡᠨᠧᠷᠬᠢ ᠶᠢᠨ ᠬᠤᠷᠤᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ ᠶᠢ ᠠᠬᠢᠭᠤᠯᠤᠨ᠎ᠠ᠃ ᠠᠵᠢᠯ ᠲᠦᠷᠦᠯ ᠤᠨ | ᠵᠥᠪᠰᠢᠶᠡᠷᠡᠨ ᠣᠷᠤᠭᠤᠯᠬᠤ ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠧᠷᠬᠢ ᠶᠢᠨ ᠬᠤᠷᠣᠭᠳᠠᠯ | ᠶᠡᠬᠡᠲᠡᠢ ᠠᠵᠤ ᠦᠢᠯᠡᠰ ᠤᠨ ᠦᠢᠯᠡᠳᠪᠦᠷᠢᠯᠡᠬᠦ ᠴᠢᠳᠠᠮᠵᠢ ᠶᠢᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠬᠢᠵᠠᠭᠠᠷᠯᠠᠨ᠎ᠠ᠃ | ᠪᠤᠬᠢᠷᠳᠤᠯ ᠦᠭᠡᠢ ᠠᠭᠤᠷᠬᠠᠢ ᠪᠠ ᠪᠤᠬᠢᠷᠳᠤᠯ ᠦᠭᠡᠢ ᠠᠭᠤᠷᠬᠠᠢ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠤᠬᠢᠷᠳᠤᠯ ᠦᠭᠡᠢ 128 ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ | ᠡᠬᠢ ᠪᠠᠶᠠᠯᠢᠭ ᠬᠡᠷᠡᠭᠯᠡᠬᠦ ᠡᠷᠬᠡ ᠶᠢ ᠪᠦᠬᠦ ᠲᠠᠯ᠎ᠠ ᠪᠠᠷ ᠵᠤᠭᠰᠤᠭᠠᠨ᠎ᠠ᠃ ᠪᠤᠬᠢᠷᠳᠤᠯ ᠦᠭᠡᠢ ᠴᠠᠬᠢᠯᠭᠠᠨ ᠭᠠᠷᠭᠠᠬᠤ | ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠯᠡᠰᠢᠨ ᠨᠡᠭᠦᠷᠡᠰᠦ ᠰᠢᠲᠠᠭᠠᠬᠤ ᠴᠠᠬᠢᠯᠭᠠᠨ | ᠥᠷᠲᠡᠭᠡ ᠶᠢᠨ ᠬᠡᠳᠦ ᠳᠣᠣᠷ᠎ᠠ ᠭᠠᠳᠠᠭᠰᠢᠯᠠᠭᠤᠯᠬᠤ ᠦᠭᠡᠷᠡᠴᠢᠯᠡᠯᠲᠡ ᠶᠢ 100 ᠲᠦᠮᠡᠨ ᠺᠢᠯᠤᠸᠠᠲ ᠠᠴᠠ ᠳᠡᠭᠡᠭᠰᠢ᠂ | ᠡᠨᠧᠷᠬᠢ ᠠᠷᠪᠢᠯᠠᠬᠤ ᠦᠭᠡᠷᠡᠴᠢᠯᠡᠯᠲᠡ ᠶᠢ 400 ᠲᠦᠮᠡᠨ ᠺᠢᠯᠤᠸᠠᠲ ᠣᠷᠴᠢᠮ ᠪᠡᠶᠡᠯᠡᠭᠦᠯᠵᠦ᠂ ᠨᠡᠭᠦᠷᠡᠰᠦ ᠪᠠᠷ | ᠴᠠᠬᠢᠯᠭᠠᠨ ᠭᠠᠷᠭᠠᠬᠤ ᠬᠤᠴᠤᠷᠤᠩᠭᠤᠢ ᠦᠢᠯᠡᠳᠪᠦᠷᠢᠯᠡᠬᠦ ᠴᠢᠳᠠᠮᠵᠢ ᠶᠢ 4.2 ᠲᠦᠮᠡᠨ ᠺᠢᠯᠣᠸᠠᠲ ᠰᠢᠭᠰᠢᠭᠳᠡᠭᠦᠯᠦᠨ᠎ᠡ᠃ | ᠪᠤᠬᠢᠷᠳᠤᠯ ᠦᠭᠡᠢ ᠬᠥᠭᠵᠢᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠪᠤᠬᠢᠷᠳᠤᠯ ᠦᠭᠡᠢ ᠠᠵᠤ ᠦᠢᠯᠡᠰ ᠤᠨ | ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠪᠤᠬᠢᠷᠳᠤᠯ ᠦᠭᠡᠢ ᠪᠣᠯᠭᠠᠬᠤ | ᠮᠡᠷᠭᠡᠵᠢᠯ ᠤᠨ ᠦᠭᠡᠷᠡᠴᠢᠯᠡᠨ ᠰᠢᠨᠡᠳᠭᠡᠬᠦ ᠶᠢ ᠳᠡᠮᠵᠢᠨ ᠦᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ | ᠦᠭᠡᠢ ᠦᠢᠯᠡᠳᠪᠦᠷᠢᠯᠡᠯ ᠪᠠ ᠬᠦᠷᠢᠶᠡᠯᠡᠩ ᠲᠣᠭᠤᠷᠢᠭ ᠤᠨ ᠡᠷᠬᠢᠯᠲᠡ ᠲᠠᠢ ᠦᠭᠡᠷᠡᠴᠢᠯᠡᠨ ᠰᠢᠨᠡᠳᠭᠡᠬᠦ ᠶᠢ ᠠᠬᠢᠭᠤᠯᠤᠨ᠂ | ᠪᠤᠬᠢᠷᠳᠤᠯ ᠦᠭᠡᠢ ᠬᠥᠭᠵᠢᠯᠲᠡ ᠶᠢᠨ ᠵᠦᠷᠢᠶᠡᠴᠢᠯᠡᠭᠰᠡᠨ ᠰᠢᠯᠭᠠᠨ ᠬᠢᠨᠠᠬᠤ ᠪᠠ ᠱᠠᠩᠨᠠᠵᠤ ᠨᠦᠬᠦᠪᠦᠷᠢᠯᠡᠬᠦ | ᠲᠣᠭᠲᠠᠴᠠ ᠶᠢ ᠪᠠᠶᠢᠭᠤᠯᠤᠨ᠎ᠠ᠃ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠬᠡᠷᠡᠭᠵᠢᠭᠦᠯᠵᠦ᠂ ᠪᠤᠬᠢᠷᠳᠤᠯ | ᠦᠭᠡᠢ ᠶᠢᠨ ᠵᠢᠱᠢᠶ᠎ᠡ ᠦᠵᠡᠭᠦᠯᠬᠦ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠎ᠠ᠃ | ︵ᠭᠤᠷᠪᠠ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ︽ᠭᠤᠷᠪᠠᠨ ᠱᠤᠭᠤᠮ ᠨᠢᠭᠡ ᠨᠠᠷᠢᠨ ᠳᠠᠩᠰᠠ︾ ︵ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢᠨ ᠬᠤᠷᠢᠭ᠎ᠠ ᠱᠤᠭᠤᠮ᠂ ᠡᠬᠢ ᠪᠠᠶᠠᠯᠢᠭ ᠢ | ᠠᠰᠢᠭᠯᠠᠬᠤ ᠶᠢᠨ ᠳᠡᠭᠡᠳᠦ ᠬᠢᠵᠠᠭᠠᠷ ᠱᠤᠭᠤᠮ ᠪᠠ ᠣᠷᠴᠢᠨ ᠲᠣᠭᠤᠷᠢᠨ ᠤ ᠵᠥᠪᠰᠢᠶᠡᠷᠡᠨ ᠣᠷᠤᠭᠤᠯᠬᠤ ᠨᠠᠷᠢᠨ | ᠳᠠᠩᠰᠠ︶ ᠶᠢᠨ ᠬᠠᠲᠠᠭᠤ ᠬᠢᠵᠠᠭᠠᠷᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠲᠤᠭᠤᠷᠢᠭ ᠬᠤᠪᠢᠶᠠᠨ ᠬᠠᠮᠢᠶᠠᠷᠴᠤ ᠡᠵᠡᠮᠰᠢᠬᠦ ᠰᠢᠰᠲ᠋ᠧᠮᠵᠢ ᠶᠢ ᠪᠠᠶᠢᠭᠤᠯᠤᠨ᠂ ᠣᠷᠣᠨ ᠪᠦᠰᠡ ᠶᠢᠨ | ᠣᠷᠣᠨ ᠵᠠᠢ ᠳᠠᠬᠢ ᠠᠮᠢ ᠠᠬᠤᠢ ᠶᠢᠨ ᠣᠷᠴᠢᠨ ᠲᠣᠭᠤᠷᠢᠨ ᠳᠤ ᠦᠨᠡᠯᠡᠯᠲᠡ ᠬᠢᠬᠦ ᠶᠢ ᠠᠬᠢᠭᠤᠯᠤᠨ᠎ᠠ᠃ ︽ᠭᠤᠷᠪᠠᠨ | ᠣᠷᠣᠨ ᠵᠠᠢ ᠭᠤᠷᠪᠠᠨ ᠱᠤᠭᠤᠮ︾ ︵ᠬᠤᠲᠠ ᠪᠠᠯᠭᠠᠰᠤᠨ ᠤ ᠣᠷᠣᠨ ᠵᠠᠢ᠂ ᠲᠠᠷᠢᠶᠠᠯᠠᠩ ᠤᠨ ᠣᠷᠣᠨ ᠵᠠᠢ᠂ ᠠᠮᠢ | ᠠᠬᠤᠢ ᠶᠢᠨ ᠣᠷᠣᠨ ᠵᠠᠢ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠦᠨᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠯᠲᠡ ᠶᠢᠨ | ᠵᠠᠭᠠᠭ ᠱᠤᠭᠤᠮ︶ ᠢ ᠬᠤᠪᠢᠶᠠᠷᠢᠯᠠᠨ ᠲᠣᠭᠲᠠᠭᠠᠬᠤ ᠪᠠ ᠴᠢᠩᠭ᠎ᠠ ᠰᠠᠬᠢᠵᠤ᠂ ᠦᠪᠡᠷᠲᠡᠭᠡᠨ ᠵᠠᠰᠠᠬᠤ ᠣᠷᠣᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠬᠡᠷᠡᠭᠵᠢᠭᠦᠯᠦᠨ᠎ᠡ᠃ ᠤᠯᠤᠰ ᠤᠨ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠳᠤ | ︽ᠬᠤᠷᠢᠭ᠎ᠠ ᠲᠠᠢ ᠪᠠᠶᠢᠯᠭᠠᠬᠤ ᠨᠠᠷᠢᠨ ᠳᠠᠩᠰᠠ︾ ᠶᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ | ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠬᠡᠷᠡᠭᠵᠢᠭᠦᠯᠬᠦ ᠶᠢᠨ ᠵᠢᠯᠤᠭᠤᠳᠬᠤ ᠰᠠᠨᠠᠯ ᠢ | ᠨᠡᠶᠢᠲᠡᠯᠡᠨ᠎ᠡ᠃ ᠠᠮᠢ ᠠᠬᠤᠢ ᠶᠢᠨ ᠨᠦᠬᠦᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠦᠷ᠎ᠡ ᠠᠰᠢᠭ ᠢ ᠪᠡᠯᠡ ᠮᠦᠩᠭᠦ ᠶᠢᠨ ᠬᠤᠪᠢᠶᠠᠷᠢᠯᠠᠯᠲᠠ ᠯᠤᠭ᠎ᠠ ᠬᠤᠯᠪᠣᠭᠳᠠᠭᠤᠯᠬᠤ ᠶᠢ | ᠬᠡᠷᠡᠭᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠳᠦᠷᠢᠮ ᠤᠨ | ᠦᠭᠡᠷᠡᠴᠢᠯᠡᠯᠲᠡ ᠶᠢ ᠦᠷᠨᠢᠭᠦᠯᠵᠦ᠂ ᠡᠨᠧᠷᠬᠢ ᠬᠡᠷᠡᠭᠯᠡᠬᠦ ᠡᠷᠬᠡ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠡᠷᠬᠡ᠂ | ᠪᠣᠬᠢᠷᠳᠤᠯ ᠪᠤᠳᠠᠰ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠳᠤ ᠦᠭᠡᠷᠡᠴᠢᠯᠡᠯᠲᠡ ᠬᠢᠬᠦ ᠶᠢ ᠠᠬᠢᠭᠤᠯᠤᠨ᠎ᠠ᠃ | ᠨᠠᠢᠮᠠ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠴᠢᠨᠠᠷ ᠰᠠᠶᠢᠲᠠᠢ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠬᠦᠷᠲᠡᠨ᠎ᠡ | ᠪᠣᠲᠠᠲᠠᠢ ᠠᠴᠠ ᠡᠭᠦᠰᠬᠦ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ ᠴᠢᠨᠠᠷ᠂ ᠰᠠᠭᠤᠷᠢᠯᠠᠬᠤ ᠴᠢᠨᠠᠷ᠂ | ᠰᠠᠭᠤᠷᠢ ᠠᠴᠠ ᠨᠢ ᠪᠠᠲᠤᠯᠠᠬᠤ ᠴᠢᠨᠠᠷ ᠢ ᠴᠢᠬᠤᠯᠠᠴᠢᠯᠠᠵᠤ᠂ ᠵᠠᠩᠬᠢᠯᠠᠭ᠎ᠠ ᠶᠢᠨ ᠴᠠᠭ ᠲᠠᠬᠢ ᠬᠦᠴᠢᠷᠳᠡᠯᠲᠡᠢ | ᠬᠦᠮᠦᠰ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠪᠦᠲᠦᠮᠵᠢᠲᠡᠢ ᠰᠠᠶᠢᠵᠢᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ | ᠶᠠᠪᠤᠴᠠ ᠳᠠᠬᠢ ᠳᠤᠪᠤᠶᠢᠮ᠎ᠠ ᠠᠰᠠᠭᠤᠳᠠᠯ ᠪᠠ ᠠᠨᠠᠢ ᠵᠦᠢᠯ ᠢ ᠬᠦᠴᠦᠯᠡᠨ ᠰᠢᠢᠳᠪᠦᠷᠢᠯᠡᠵᠦ᠂ ᠣᠯᠠᠨ ᠲᠦᠮᠡᠨ ᠤ | ᠬᠦᠷᠲᠡᠭᠡᠮᠵᠢᠲᠦ ᠰᠡᠳᠭᠢᠭᠳᠡᠯ᠂ ᠵᠣᠯ ᠵᠢᠷᠭᠠᠯᠲᠤ ᠰᠡᠳᠬᠢᠭᠳᠡᠯ᠂ ᠠᠮᠦᠷ ᠲᠥᠪᠰᠢᠨ ᠤ ᠰᠡᠳᠬᠢᠭᠳᠡᠯ ᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ | ︵ᠨᠢᠭᠡ︶ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠠᠷᠠᠳ ᠤᠨ ᠦᠨᠳᠦᠰᠦᠨ | ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠦᠲᠦᠮᠵᠢᠲᠡᠢ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ | ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠠᠴᠠ ᠨᠢ | ᠪᠠᠲᠤᠯᠠᠬᠤ᠂ ᠲᠦᠷ ᠴᠠᠭ ᠠᠪᠤᠷᠠᠨ ᠲᠤᠰᠠᠯᠠᠬᠤ ᠵᠡᠷᠭᠡ ᠳᠦᠷᠢᠮ ᠢ ᠰᠠᠶᠢᠲᠤᠷ ᠬᠡᠷᠡᠭᠵᠢᠭᠦᠯᠦᠨ᠎ᠡ᠃ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠣᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠭᠤᠬᠤ ᠶᠢ | ᠪᠠᠲᠤᠯᠠᠨ᠎ᠠ᠃ ᠪᠣᠷᠣ ᠰᠠᠭᠤᠷᠢᠰᠢᠯ ᠤᠨ ᠲᠣᠭᠤᠷᠢᠭ᠂ ᠬᠤᠲᠠ ᠪᠠᠯᠭᠠᠰᠤᠨ ᠳᠠᠬᠢ ᠬᠠᠭᠤᠴᠢᠷᠠᠭᠰᠠᠨ ᠪᠠ ᠬᠠᠭᠤᠴᠢᠨ | ᠰᠠᠭᠤᠭᠠᠯᠢ ᠲᠣᠭᠤᠷᠢᠭ ᠤᠨ ᠦᠭᠡᠷᠡᠴᠢᠯᠡᠨ ᠰᠢᠨᠡᠳᠭᠡᠬᠦ ᠶᠢ ᠦᠷᠭᠦᠯᠵᠢᠯᠡᠨ ᠠᠬᠢᠭᠤᠯᠵᠤ᠂ ᠳᠦᠷᠢᠶᠡᠰᠦᠨ ᠣᠷᠣᠨ | ᠰᠠᠭᠤᠴᠠ ᠶᠢ ᠶᠡᠭᠡ ᠪᠠᠷ ᠬᠥᠭᠵᠢᠭᠦᠯᠵᠦ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ | ᠬᠡᠷᠡᠭᠵᠢᠭᠦᠯᠬᠦ᠂ ᠭᠠᠵᠠᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠭᠡᠷ ᠪᠠᠶᠢᠰᠢᠩ ᠤᠨ ᠦᠨ᠎ᠡ ᠬᠠᠩᠰᠢ ᠶᠢ | ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠲᠠᠯ᠎ᠠ ᠪᠠᠷ ᠬᠢ ᠭᠡᠷ ᠪᠠᠶᠢᠰᠢᠩ ᠭᠠᠵᠠᠷ | ᠬᠦᠷᠦᠩᠭᠡ ᠶᠢᠨ ᠵᠠᠬ᠎ᠠ ᠳᠡᠯᠭᠡᠭᠦᠷ ᠤᠨ ᠤᠷᠲᠤ ᠬᠤᠭᠤᠴᠠᠭᠠᠨ ᠤ ᠬᠠᠮᠢᠶᠠᠷᠴᠤ ᠲᠣᠬᠢᠷᠠᠭᠤᠯᠤᠨ ᠡᠵᠡᠮᠰᠢᠬᠦ | ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠩᠭᠡᠷᠡᠭᠰᠡᠨ ᠤ | ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢ ᠠᠬᠢᠭᠤᠯᠤᠨ᠎ᠠ᠃ ᠡᠬᠢ ᠪᠠᠶᠠᠯᠢᠭ ᠢ | ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠶᠢ ᠴᠢᠩᠭᠠᠳᠬᠠᠵᠤ᠂ ᠭᠠᠭ᠋ᠠᠢ ᠶᠢᠨ ᠮᠢᠬᠠᠨ ᠤ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠨᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠮᠢᠬ᠎ᠠ ᠦᠨᠳᠡᠭᠡ | ᠨᠤᠭᠤᠭ᠎ᠠ᠂ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ᠂ | ᠡᠮᠴᠢᠯᠡᠭᠡ᠂ ᠰᠤᠷᠭᠠᠨ ᠬᠦᠮᠦᠵᠢᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠦᠨ᠎ᠡ ᠪᠠ ᠰᠦᠢᠳᠭᠡᠯ ᠳᠤ | ᠬᠢᠨᠠᠯᠲᠠ ᠬᠠᠮᠢᠶᠠᠷᠤᠯᠲᠠ ᠬᠢᠬᠦ ᠶᠢ ᠴᠢᠩᠭᠠᠷᠠᠭᠤᠯᠤᠨ᠂ ᠨᠡᠶᠢᠭᠡᠮ ᠤᠨ ᠠᠪᠤᠷᠠᠯ ᠲᠤᠰᠠᠯᠠᠮᠵᠢ ᠪᠠ ᠪᠠᠲᠤᠯᠠᠭ᠎ᠠ ᠶᠢᠨ | ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ ᠯᠦᠭᠡ ᠬᠤᠯᠪᠣᠭᠳᠠᠭᠤᠯᠵᠤ ᠬᠤᠯᠪᠣᠭᠠᠯᠠᠨ ᠬᠦᠳᠡᠯᠦᠯᠴᠡᠬᠦ | ᠲᠣᠭᠲᠠᠴᠠ ᠶᠢ ᠴᠠᠭ ᠲᠣᠬᠠᠢ ᠳᠤ ᠨᠢ ᠡᠬᠢᠯᠡᠭᠦᠯᠦᠨ᠎ᠡ᠃ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠪᠠ | ᠨᠢᠯᠬᠠᠰ ᠢ ᠠᠰᠠᠷᠠᠨ ᠬᠠᠷᠠᠭᠠᠯᠵᠠᠬᠤ ᠠᠰᠠᠭᠤᠳᠠᠯ ᠢ ᠴᠢᠬᠤᠯᠠᠴᠢᠯᠠᠨ ᠰᠠᠶᠢᠲᠤᠷ ᠰᠢᠢᠳᠪᠦᠷᠢᠯᠡᠵᠦ᠂ ᠡᠮᠴᠢᠯᠡᠭᠡᠨ ᠤ | ᠰᠣᠪᠢᠯᠠᠯᠲᠠ ᠪᠠ ᠡᠷᠡᠭᠦᠯᠵᠢᠯ ᠤᠨ ᠰᠣᠪᠢᠯᠠᠯᠲᠠ ᠤᠨ ᠤᠶᠠᠯᠳᠤᠯ ᠢ ᠭᠦᠨᠵᠡᠭᠡᠢ ᠠᠬᠢᠭᠤᠯᠤᠨ᠂ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠬᠡᠦᠬᠡᠳ ᠢ ᠣᠶᠢᠷ᠎ᠠ ᠬᠠᠪᠢ ᠳᠤ ᠪᠠᠨ ᠣᠯᠠᠨ | ᠵᠦᠢᠯ ᠤᠨ ᠬᠡᠯᠪᠡᠷᠢ ᠪᠠᠷ ᠨᠠᠶᠢᠳᠠᠨ ᠠᠰᠠᠷᠠᠭᠤᠯᠬᠤ ᠳᠦᠭᠦᠮ ᠳᠦᠳᠡ ᠦᠢᠯᠡᠴᠢᠯᠡᠭᠡ ᠶᠢ ᠬᠥᠭᠵᠢᠭᠦᠯᠦᠨ᠎ᠡ᠃ | ︵ᠬᠤᠶᠠᠷ︶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠶᠡᠭᠡ ᠪᠠᠷ ᠬᠥᠭᠵᠢᠭᠦᠯᠦᠨ᠎ᠡ᠃ ᠰᠤᠷᠭᠠᠨ | ᠬᠦᠮᠦᠵᠢᠯ ᠤᠨ ᠦᠢᠯᠡᠰ ᠤᠨ ᠬᠥᠭᠵᠢᠯᠲᠡ ᠶᠢ ᠨᠡᠩ ᠲᠥᠪ ᠭᠤᠣᠯᠴᠢ ᠨᠡᠩ ᠴᠢᠨᠠᠷ ᠴᠢᠨᠰᠠᠭ᠎ᠠ ᠲᠠᠢ ᠪᠣᠯᠭᠠᠬᠤ ᠶᠢ | ᠠᠬᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ | ᠬᠡᠷᠡᠭᠵᠢᠭᠦᠯᠦᠨ᠂ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠲᠠᠢ ᠪᠦᠭᠡᠳ | ᠲᠡᠩᠴᠡᠭᠦᠷᠢᠲᠡᠢ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠳᠠᠭᠠᠯᠳᠤᠨ ᠨᠡᠭᠦᠭᠰᠡᠨ ᠦᠷ᠎ᠡ ᠬᠡᠦᠬᠡᠳ ᠤᠨ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠳᠤ ᠣᠷᠤᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ | ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠱᠠᠲᠤ ᠦᠶ᠎ᠡ ᠶᠢᠨ ᠲᠦᠭᠡᠮᠡᠯᠵᠢᠭᠦᠯᠬᠦ | ᠰᠢᠪᠲᠤᠯᠤᠯᠲᠠ ᠶᠢᠨ ᠲᠦᠯᠦᠪᠯᠡᠭᠡ ᠶᠢ ᠬᠡᠷᠡᠭᠵᠢᠭᠦᠯᠵᠦ᠂ ︽ᠬᠤᠣᠰ ᠲᠡᠷᠢᠭᠦᠨ ᠳᠡᠰ︾ ᠤᠨ ᠪᠠᠶᠢᠭᠤᠯᠤᠯᠲᠠ ᠶᠢ | ᠲᠦᠷᠭᠡᠳᠭᠡᠨ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠠᠵᠤ ᠦᠢᠯᠡᠰ ᠪᠠ ᠵᠢᠭᠠᠨ | ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠦ᠂ ᠦᠨᠳᠦᠰᠦᠲᠡᠨ ᠤ ᠰᠤᠷᠭᠠᠨ ᠬᠦᠮᠦᠵᠢᠯ ᠢ ᠡᠩ | ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ᠂ ᠣᠨᠴᠠᠭᠠᠢ | ᠰᠤᠷᠭᠠᠨ ᠬᠦᠮᠦᠵᠢᠯ᠂ ᠦᠷᠭᠦᠯᠵᠢᠯᠡᠭᠰᠡᠨ ᠰᠤᠷᠭᠠᠨ ᠬᠦᠮᠦᠵᠢᠯ ᠢ ᠨᠢᠭᠡᠲᠦᠯᠲᠡᠢ ᠲᠦᠯᠦᠪᠯᠡᠨ ᠬᠥᠭᠵᠢᠭᠦᠯᠵᠦ᠂ | ︽ᠢᠨᠲ᠋ᠧᠷ ᠰᠦᠯᠵᠢᠶ᠎ᠡ + ᠰᠤᠷᠭᠠᠨ ᠬᠦᠮᠦᠵᠢᠯ︾ ᠢ ᠠᠬᠢᠭᠤᠯᠤᠨ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ | ᠦᠭᠡᠷᠡᠴᠢᠯᠡᠯᠲᠡ ᠶᠢ ᠴᠢᠩᠭᠠᠳᠬᠠᠨ᠎ᠠ᠃ ᠡᠷᠡᠭᠦᠯ ᠡᠩᠬᠡ ᠦᠪᠦᠷ ᠮᠣᠩᠭᠤᠯ ᠤᠨ ᠠᠵᠢᠯᠯᠠᠭᠠᠨ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠠᠷᠤᠳᠠᠯ ᠪᠣᠯᠬᠤ | ᠡᠳ᠋ ᠤᠨ ᠵᠠᠰᠠᠭ ᠤᠨ ᠬᠦᠮᠦᠨ ᠳᠤᠮᠳᠠᠴᠢ ᠨᠦᠬᠦᠪᠦᠷᠢ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ | ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ | ᠬᠡᠴᠡᠭᠦᠦ ᠡᠪᠡᠳᠴᠢᠨ ᠡᠮᠭᠡᠭ ᠢ ᠣᠨᠣᠰᠢᠯᠠᠨ ᠡᠮᠨᠡᠵᠦ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠪᠠ | ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠢ ᠠᠬᠢᠭᠤᠯᠵᠤ᠂ ᠮᠤᠩᠭᠤᠯ | ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠬᠡᠷᠡᠭᠵᠢᠭᠦᠯᠦᠨ᠎ᠡ᠃ ᠰᠤᠶᠤᠯ ᠤᠨ ᠴᠡᠴᠡᠭᠯᠡᠯᠲᠡ | ᠬᠥᠭᠵᠢᠯᠲᠡ ᠶᠢ ᠠᠬᠢᠭᠤᠯᠵᠤ᠂ ᠰᠤᠶᠤᠯ ᠤᠨ ᠬᠦᠷᠢᠶᠡᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ | ᠨᠡᠶᠢᠲᠡ ᠶᠢᠨ ᠰᠤᠶᠤᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠰᠤᠶᠤᠯ ᠤᠨ | ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠵᠦ᠂ ᠤᠯᠠᠭᠠᠨᠮᠦ᠋ᠴᠢᠷ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠤᠳᠠᠰ ᠤᠨ ᠪᠤᠰᠤ ᠰᠤᠶᠤᠯ ᠤᠨ ᠥᠪ ᠤᠨ ᠲᠠᠯᠠᠪᠠᠢ | ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ | ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠠᠷᠠᠳ ᠣᠯᠠᠨ ᠤ | ᠬᠡᠷᠡᠭᠴᠡᠭᠡ ᠱᠠᠭᠠᠷᠳᠠᠯᠭ᠎ᠠ ᠪᠠᠷ ᠴᠢᠩᠭ᠎ᠠ᠂ ᠲᠦᠭᠡᠮᠡᠯ ᠬᠠᠷᠠᠭᠠᠯᠵᠠᠯ ᠤᠨ ᠴᠢᠨᠠᠷ ᠢᠶᠠᠷ ᠰᠠᠶᠢᠨ ᠨᠢᠭᠡ ᠪᠦᠯᠦᠭ ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠭᠡᠮᠵᠢ ᠶᠢ ᠪᠠᠶᠢᠭᠤᠯᠵᠤ᠂ ᠬᠥᠯ ᠪᠦᠮᠪᠦᠭᠡᠨ ᠤ ᠦᠭᠡᠷᠡᠴᠢᠯᠡᠯᠲᠡ | ᠬᠥᠭᠵᠢᠯᠲᠡ ᠶᠢ ᠠᠬᠢᠭᠤᠯᠤᠨ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ︾ ᠤᠨ ᠮᠦᠰᠦ ᠴᠠᠰᠤᠨ ᠤ ᠦᠪᠡᠳᠡᠭᠰᠢ ᠴᠤᠭᠯᠠᠭᠠᠨ ᠢ ᠰᠠᠶᠢᠲᠤᠷ ᠡᠷᠬᠢᠯᠡᠨ᠎ᠡ᠃ | ︵ᠭᠤᠷᠪᠠ︶ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠦᠷᠭᠡᠳᠭᠡᠨ ᠲᠡᠭᠦᠯᠳᠡᠷᠵᠢᠭᠦᠯᠦᠨ᠎ᠡ᠃ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ | ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠤ ᠠᠮᠦᠷ | ᠲᠥᠪᠰᠢᠨ ᠢ ᠲᠤᠰᠬᠠᠶᠢᠯᠠᠨ ᠴᠡᠭᠴᠡᠯᠡᠵᠦ ᠵᠠᠰᠠᠬᠤ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ | ᠰᠠᠶᠢᠲᠤᠷ ᠠᠳᠬᠤᠵᠤ᠂ ᠦᠢᠯᠡᠳᠪᠦᠷᠢᠯᠡᠯ ᠤᠨ ᠠᠮᠦᠷ ᠲᠥᠪᠰᠢᠨ ᠤ ᠲᠠᠯ᠎ᠠ ᠳᠤ ᠣᠨᠴᠠ ᠬᠦᠨᠳᠦ ᠶᠡᠭᠡ ᠠᠳᠡᠯ | ᠭᠠᠷᠬᠤ ᠶᠢ ᠰᠡᠷᠭᠡᠶᠢᠯᠡᠨ ᠬᠤᠷᠢᠭᠯᠠᠨ᠎ᠠ᠃ ᠬᠦᠨᠳᠦ ᠶᠡᠭᠡ ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠡᠵᠡᠮᠰᠢᠬᠦ ᠶᠢ | ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠡᠵᠡᠮᠰᠢᠬᠦ ᠪᠠ | ᠪᠠᠴᠢᠮ ᠠᠪᠤᠷᠠᠨ ᠲᠤᠰᠠᠯᠠᠬᠤ ᠶᠢ ᠰᠠᠶᠢᠲᠤᠷ ᠬᠢᠨ᠎ᠡ᠃ ᠬᠠᠷᠢᠭᠤᠴᠠᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ | ᠲᠥᠭᠰᠢᠭᠦᠷᠢ ᠡᠭᠦᠰᠬᠦ ᠳᠠᠯᠳᠠ ᠭᠡᠮ ᠢ ᠴᠢᠩᠭ᠎ᠠ ᠠᠩᠬᠠᠷᠴᠤ᠂ ᠢᠳᠡᠭᠡᠨ ᠤ ᠪᠠ ᠡᠮ ᠤᠨ ᠵᠦᠢᠯ ᠤᠨ ᠠᠮᠦᠷ | ᠲᠥᠪᠰᠢᠨ ᠤ ᠰᠡᠷᠭᠡᠶᠢᠯᠡᠬᠦ ᠱᠤᠭᠤᠮ ᠪᠠ ᠬᠤᠷᠢᠭ᠎ᠠ ᠱᠤᠭᠤᠮ ᠢ ᠡᠷᠡᠰ ᠰᠠᠬᠢᠨ᠎ᠠ᠃ ︽ᠬᠠᠷ᠎ᠠ ᠪᠦᠯᠦᠭᠲᠡᠨ ᠬᠠᠷᠬᠢᠰ | ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ᠭᠤᠷᠪᠠᠨ ᠵᠢᠯ ᠤᠨ ᠶᠡᠷᠦᠩᠬᠡᠢ | ᠬᠠᠷᠠᠯᠲᠠ ᠶᠢ ᠴᠢᠩᠭ᠎ᠠ ᠪᠠᠷᠢᠮᠲᠠᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠬᠢᠯᠢ ᠬᠢᠵᠠᠭᠠᠷ ᠣᠷᠣᠨ ᠢᠶᠠᠨ ᠬᠦᠴᠦᠷᠭᠡᠭᠵᠢᠭᠦᠯᠦᠨ᠂ ᠰᠡᠷᠭᠡᠶᠢᠯᠡᠯᠲᠡ ᠶᠢ ᠪᠠᠬᠢᠵᠢᠭᠦᠯᠬᠦ ᠪᠠᠷ | ᠬᠦᠴᠦᠯᠡᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠰᠢᠬᠦ | ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠠᠵᠠᠷ ᠰᠢᠨᠵᠢᠯᠡᠭᠡᠨ᠂ ᠴᠠᠭ | ᠠᠭᠤᠷ᠂ ᠬᠡᠮᠵᠢᠨ ᠵᠢᠷᠤᠬᠤ ᠵᠡᠷᠭᠡ ᠠᠵᠢᠯ ᠢ ᠰᠠᠶᠢᠲᠤᠷ ᠬᠢᠨ᠎ᠡ᠃ | 2020 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠡᠭᠦᠷᠭᠡ ᠪᠡᠷᠬᠡ | ᠬᠠᠲᠠᠭᠤᠵᠢᠯᠲᠠᠢ ᠪᠠᠶᠢᠨ᠎ᠠ᠂ ᠣᠷᠣᠨ ᠳᠠᠶᠠᠭᠠᠷ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠦᠪᠦᠷ ᠮᠣᠩᠭᠤᠯ ᠤᠨ ᠠᠵᠢᠯ ᠤᠨ ᠲᠣᠬᠠᠢ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠪᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠯᠲᠠ ᠶᠢᠨ ᠰᠢᠰᠲ᠋ᠧᠮᠵᠢ ᠪᠠ | ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠶᠡᠭᠡ ᠪᠠᠷ ᠠᠬᠢᠭᠤᠯᠤᠨ᠂ ᠨᠠᠮ ᠠᠴᠠ ᠠᠵᠤ ᠠᠬᠤᠢ ᠶᠢᠨ ᠠᠵᠢᠯ ᠢ | ᠤᠳᠤᠷᠢᠳᠬᠤ ᠳᠦᠷᠢᠮ ᠤᠨ ᠳᠠᠪᠠᠭᠤᠯᠢᠭ ᠢ ᠦᠨᠡᠨ ᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠵᠤ ᠬᠤᠪᠢᠷᠠᠭᠤᠯᠤᠨ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠦᠲᠦᠮᠵᠢᠲᠡᠢ ᠰᠠᠶᠢᠲᠤᠷ | ᠬᠢᠵᠦ᠂ ᠭᠤᠣᠯᠳᠠᠯᠭ᠎ᠠ ᠶᠢ ᠦᠷᠭᠦᠯᠵᠢᠯᠡᠨ ᠠᠳᠬᠤᠬᠤ᠂ ᠲᠤᠳᠠᠭᠤᠳᠠᠯ ᠢᠶᠠᠨ ᠨᠦᠬᠦᠪᠦᠷᠢᠯᠡᠬᠦ᠂ ᠠᠨᠠᠢ ᠵᠦᠢᠯ ᠢᠶᠠᠨ | ᠴᠢᠩᠭᠠᠷᠠᠭᠤᠯᠬᠤ ᠶᠢ ᠦᠷᠭᠦᠯᠵᠢᠯᠡᠨ ᠠᠳᠬᠤᠵᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠪᠣᠳᠠᠳᠠᠶᠢᠵᠢᠵᠦ | ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠬᠤᠯᠠ ᠶᠡᠭᠡ ᠢᠨᠵᠧᠨᠧᠷᠢᠩ ᠤᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠴᠢᠬᠤᠯᠠ ᠶᠡᠭᠡ ᠦᠭᠡᠷᠡᠴᠢᠯᠡᠯᠲᠡ ᠶᠢᠨ ᠪᠤᠳᠠᠲᠠᠢ | ᠦᠷ᠎ᠡ ᠪᠦᠲᠦᠮᠵᠢ ᠣᠯᠬᠤ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠠᠭᠤᠤ ᠶᠡᠭᠡ | ᠢᠯᠠᠯᠲᠠ ᠶᠢ ᠡᠷᠡᠰ ᠲᠡᠮᠡᠴᠡᠨ ᠤᠯᠤᠨ᠎ᠠ᠃ ᠴᠢᠬᠤᠯᠠ ᠶᠡᠭᠡ ᠬᠠᠨᠳᠤᠰᠢ ᠶᠢ ᠡᠵᠡᠮᠳᠡᠵᠦ᠂ ᠦᠪᠡᠷᠲᠡᠭᠡᠨ ᠵᠠᠰᠠᠬᠤ | ᠣᠷᠣᠨ ᠤ ᠪᠣᠲᠠᠲᠠᠢ ᠳᠤ ᠰᠠᠭᠤᠷᠢᠯᠠᠨ᠂ ᠤᠯᠤᠰ ᠤᠨ ᠡᠯ᠎ᠡ ᠲᠦᠷᠦᠯ ᠤᠨ ᠲᠦᠯᠦᠪᠵᠢᠭᠦᠯᠭᠡ ᠯᠦᠭᠡ ᠤᠷᠭᠠᠨᠢᠭ ᠢᠶᠠᠷ | ᠵᠤᠯᠭᠠᠭᠤᠯᠬᠤ ᠶᠢ ᠴᠢᠩᠭᠠᠳᠬᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠬᠥᠭᠵᠢᠯᠲᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠲᠤᠷ | ᠰᠠᠭᠤᠷᠢ ᠲᠠᠯᠪᠢᠬᠤ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |