ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ ᠪᠣᠢ
ᠨᠡᠶᠢᠲᠡᠯᠡᠭᠰᠡᠨ ᠴᠠᠭ᠄
2020/5/12
     5 ᠳ᠋ᠤᠭᠠᠷ ᠰᠠᠷ᠎ᠠ ᠶᠢᠨ 9᠎ ᠤ ᠡᠳᠦᠷ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠵᠢᠨᠢᠩ ᠠᠴᠠ ᠡᠷᠢᠶᠡᠨ ᠬᠦᠷᠬᠦ ᠣᠯᠠᠨ ᠤᠯᠤᠰ ᠤᠨ ᠭᠤᠤᠯ ᠱᠤᠭᠤᠮ ᠳᠡᠭᠡᠷ᠎ᠡ ᠠᠶᠠᠯᠠᠵᠤ ᠪᠠᠶᠢᠨ᠎ᠠ᠃ ᠬᠢᠵᠢᠭ ᠤᠨ ᠨᠥᠯᠥᠭᠡ ᠠᠴᠠ ᠪᠣᠯᠵᠣ᠂ ᠧᠦ᠋ᠷᠣᠫᠠ ᠲᠢᠪ ᠤᠨ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠲᠡᠭᠡᠭᠡᠪᠦᠷᠢ ᠶᠢᠨ ᠭᠤᠤᠯᠳᠠᠯᠭ᠎ᠠ ᠲᠠᠢ ᠭᠤᠭᠴᠤᠭ᠎ᠠ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ︽ᠨᠢᠭᠡ ᠤᠳᠠᠭ᠎ᠠ ᠳᠤ ᠪᠣᠭᠤᠮᠲᠠ ᠳᠤ ᠮᠡᠳᠡᠭᠦᠯᠬᠦ᠂ ᠨᠢᠭᠡ ᠤᠳᠠᠭ᠎ᠠ ᠳᠤ ᠪᠠᠶᠢᠴᠠᠭᠠᠨ ᠰᠢᠯᠭᠠᠬᠤ᠂ ᠨᠢᠭᠡ ᠤᠳᠠᠭ᠎ᠠ ᠳᠤ ᠦᠩᠭᠡᠷᠡᠭᠦᠯᠬᠦ︾ ᠪᠣᠭᠤᠮᠲᠠ ᠪᠠᠷ ᠥᠩᠭᠡᠷᠡᠬᠦ ᠵᠠᠭᠪᠤᠷ ᠢ ᠬᠡᠷᠡᠭᠵᠢᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡᠨ ᠤ ᠰᠠᠭᠠᠳ ᠥᠬᠡᠶ ᠨᠡᠪᠲᠡᠷᠡᠬᠦ ᠳᠤ ᠨᠠᠶᠢᠳᠠᠪᠤᠷᠢᠲᠠᠶ ᠪᠠᠲᠤᠯᠠᠭ᠎ᠠ ᠬᠠᠩᠭᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号