ᠣᠶᠢᠷ᠎ᠠ ᠳᠤ᠂ ᠠᠷᠠᠳ ᠤᠨ ᠶᠠᠪᠤᠳᠠᠯ ᠤᠨ ᠶᠠᠮᠤᠨ ︽2019 ᠣᠨ ᠤ ᠬᠦᠴᠢᠷᠳᠡᠯᠲᠡᠶ ᠣᠯᠠᠨ ᠲᠦᠮᠡᠨ ᠢ | ᠠᠪᠤᠷᠠᠨ ᠲᠤᠰᠠᠯᠠᠬᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠲᠤᠬᠠᠶ ᠮᠡᠳᠡᠭᠡᠯᠡᠯ︾ ᠢ | ᠳᠠᠷᠤᠮᠠᠯᠯᠠᠨ ᠲᠠᠷᠬᠠᠭᠠᠵᠤ᠂ ᠮᠠᠨ ᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠨᠢ | ︽ᠰᠢᠯᠢᠳᠡᠭ︾ ᠳᠡᠰ ᠪᠠᠶᠢᠵᠤ᠂ ᠪᠥᠬᠦ ᠤᠯᠤᠰ ᠲᠤ ᠲᠡᠷᠢᠭᠦᠯᠡᠪᠡ᠃ 2017 ᠣᠨ ᠠᠴᠠ ᠣᠲᠣ ᠪᠣᠯᠲᠠᠯ᠎ᠠ᠂ | ᠮᠠᠨ ᠤ ᠣᠷᠣᠨ ᠤ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠨᠢᠭᠡᠨᠲᠡ ᠭᠤᠷᠪᠠᠨ ᠵᠢᠯ | ᠳᠠᠷᠠᠭᠠᠯᠠᠨ ᠪᠥᠬᠦ ᠤᠯᠤᠰ ᠲᠤ ᠲᠡᠷᠢᠭᠦᠯᠡᠪᠡ᠃ | ᠣᠶᠢᠯᠠᠭᠠᠭᠰᠠᠨ ᠢᠶᠠᠷ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ ᠪᠣᠯ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠬᠦᠴᠢᠷᠳᠡᠯᠲᠡᠶ | ᠣᠯᠠᠨ ᠲᠦᠮᠡᠨ ᠢ ᠠᠪᠤᠷᠠᠨ ᠲᠤᠰᠠᠯᠠᠬᠤ ᠪᠠᠯᠠ ᠮᠥᠩᠭᠦ ᠶᠢ ᠬᠤᠪᠢᠶᠠᠷᠢᠯᠠᠬᠤ ᠲᠠᠯ᠎ᠠ ᠪᠠᠷ ᠬᠢ ᠴᠢᠬᠤᠯᠠ ᠱᠠᠩᠨᠠᠨ | ᠬᠥᠬᠢᠭᠦᠯᠬᠦ ᠬᠦᠴᠦᠨ ᠵᠦᠢᠯ ᠪᠣᠯᠤᠨ᠎ᠠ᠃ ᠤᠢᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠠᠮᠢᠳᠤᠷᠠᠯ ᠤᠨ ᠬᠦᠷᠢᠶ᠎ᠡ ᠪᠣᠯᠤᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠴᠢᠷᠮᠠᠶᠢᠨ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ᠂ ᠡᠬᠢ ᠪᠠᠶᠠᠯᠢᠭ ᠢ ᠨᠢᠭᠡᠳᠦᠯᠲᠡᠢ | ᠲᠥᠯᠥᠪᠵᠢᠭᠦᠯᠬᠦ᠂ ᠪᠡᠯᠡ ᠮᠥᠩᠭᠦ ᠶᠢᠨ ᠪᠠᠲᠤᠯᠠᠭ᠎ᠠ᠂ ᠴᠢᠳᠠᠪᠤᠷᠢ ᠶᠢᠨ ᠪᠠᠶᠢᠭᠤᠯᠤᠯᠲᠠ᠂ ᠮᠡᠳᠡᠭᠡ ᠵᠠᠩᠬᠢᠴᠢᠯᠠᠯᠲᠠ ᠶᠢᠨ | ᠪᠠᠶᠢᠭᠤᠯᠤᠯᠲᠠ᠂ ᠪᠠᠷᠢᠮᠵᠢᠶ᠎ᠠ ᠲᠣᠭᠲᠠᠭᠠᠬᠤ᠂ ᠠᠪᠤᠷᠠᠨ ᠲᠤᠰᠠᠯᠠᠭᠤᠯᠤᠭᠴᠢᠳ ᠢ ᠬᠠᠮᠢᠶᠠᠷᠬᠤ᠂ ᠪᠡᠯᠡ ᠮᠥᠩᠭᠦ ᠶᠢ | ᠬᠡᠷᠡᠭᠵᠢᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠨᠡᠶᠢᠭᠡᠮ ᠤᠨ ᠬᠢᠨ ᠲᠠᠭᠠᠰᠢᠶᠠᠯ ᠤᠨ ᠨᠤᠷᠮ᠎ᠠ ᠵᠡᠷᠭᠡ ᠲᠠᠯ᠎ᠠ ᠪᠠᠷ | ᠨᠡᠯᠢᠶᠡᠳ ᠰᠠᠶᠢᠨ ᠬᠥᠭᠵᠢᠯᠲᠡ ᠲᠠᠢ ᠪᠣᠯᠵᠠᠢ᠃ | ᠨᠢᠭᠡ ᠳᠤ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ 2019 ᠣᠨ ᠳᠤ᠂ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠨᠢ ᠲᠣᠰ ᠲᠣᠰ ᠰᠠᠷ᠎ᠠ ᠳᠤ | ᠬᠥᠮᠦᠨ ᠳᠤᠮᠳᠠᠴᠢ ᠪᠠᠷ 692 ᠲᠥᠭᠦᠷᠢᠭ ᠪᠠ ᠵᠢᠯ ᠳᠤ ᠬᠥᠮᠦᠨ ᠳᠤᠮᠳᠠᠴᠢ ᠪᠠᠷ 5914 ᠲᠥᠭᠦᠷᠢᠭ ᠲᠤ ᠬᠦᠷᠴᠦ᠂ | ᠲᠣᠰ ᠲᠣᠰ ᠪᠥᠬᠦ ᠤᠯᠤᠰ ᠤᠨ 8 ᠳ᠋ᠤᠭᠠᠷ ᠪᠠ 9 ᠳ᠋ᠦ᠋ᠭᠡᠷ ᠪᠠᠶᠢᠷᠢᠨ ᠳᠤ ᠲᠣᠳᠣᠷᠠᠪᠠ᠃ ᠬᠤᠲᠠ ᠬᠥᠳᠡᠭᠡ ᠶᠢᠨ | ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠨᠢ ᠲᠣᠰ ᠲᠣᠰ ᠰᠠᠷ᠎ᠠ ᠳᠤ ᠬᠥᠮᠦᠨ | ᠳᠤᠮᠳᠠᠴᠢ ᠪᠠᠷ 1192 ᠲᠥᠭᠦᠷᠢᠭ ᠪᠠ ᠵᠢᠯ ᠳᠤ ᠬᠥᠮᠦᠨ ᠳᠤᠮᠳᠠᠴᠢ ᠪᠠᠷ 9727 ᠲᠥᠭᠦᠷᠢᠭ ᠲᠤ ᠬᠦᠷᠪᠡ᠃ | ᠬᠤᠶᠠᠷ ᠲᠤ ᠨᠡᠶᠢᠭᠡᠮ ᠤᠨ ᠠᠪᠤᠷᠠᠨ ᠲᠤᠰᠠᠯᠠᠬᠤ ᠳᠦᠷᠢᠮ ᠢ ᠲᠠᠰᠤᠷᠠᠯᠲᠠ ᠦᠭᠡᠢ ᠪᠦᠷᠢᠨᠰᠢᠭᠦᠯᠪᠡ᠃ | ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠪᠢᠴᠢᠭ ᠬᠠᠷ᠎ᠠ ᠶᠢᠨ ᠬᠡᠷᠡᠭᠯᠡᠯᠲᠡ ᠶᠢᠨ | ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ᠪᠠ ︽ᠬᠥᠳᠡᠯᠮᠥᠷᠢ ᠶᠢᠨ | ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠪᠤᠷᠠᠨ ᠲᠤᠰᠠᠯᠠᠬᠤ ᠪᠠᠲᠤᠯᠠᠨ | ᠳᠠᠭᠠᠭᠠᠯᠲᠠ ᠶᠢᠨ ᠠᠵᠢᠯ ᠢ ᠪᠦᠷᠬᠦᠭᠦᠯᠦᠭᠡᠳᠦᠢ ᠶᠢ ᠨᠢ ︿ᠪᠠᠷᠢᠮᠵᠢᠶ᠎ᠠ ᠳᠤ ᠬᠦᠷᠦᠭᠦᠯᠬᠦ﹀ ᠲᠤᠰᠬᠠᠢ ᠠᠵᠢᠯᠯᠠᠭ᠎ᠠ ᠶᠢᠨ | ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠨᠠᠭᠠᠳᠤ ᠵᠠᠬ᠎ᠠ ᠶᠢᠨ | ᠪᠠᠲᠤᠯᠠᠭ᠎ᠠ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠲᠤᠯᠠᠨ ᠳᠠᠭᠠᠭᠠᠬᠤ ᠠᠵᠢᠯ ᠢ ᠴᠢᠩᠭᠠᠷᠠᠭᠤᠯᠪᠠ᠃ ᠡᠭᠦᠨ ᠤ | ᠬᠠᠮᠲᠤ ᠲᠦᠷ ᠴᠠᠭ ᠠᠪᠤᠷᠠᠨ ᠲᠤᠰᠠᠯᠠᠬᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠦᠴᠢᠷᠳᠡᠯᠲᠡᠢ ᠤᠯᠠᠨ | ᠲᠦᠮᠡᠨ ᠤ ᠬᠦᠴᠢᠷ ᠵᠣᠪᠠᠭᠤᠷᠢ ᠶᠢ ᠴᠠᠭ ᠲᠤᠬᠠᠢ ᠳᠤ ᠨᠢ ᠰᠢᠢᠳᠪᠦᠷᠢᠯᠡᠵᠦ ᠥᠭᠪᠡ᠃ | ᠭᠤᠷᠪᠠ ᠳᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠦᠢᠯ ᠤᠨ ᠣᠨᠤᠪᠴᠢᠲᠠᠢ ᠬᠠᠮᠢᠶᠠᠷᠤᠯᠲᠠ ᠶᠢ | ᠲᠦᠯᠬᠢᠨ ᠠᠬᠢᠭᠤᠯᠪᠠ᠃ ᠬᠡᠷ ᠪᠦᠯᠢ ᠶᠢᠨ ᠠᠵᠤ ᠠᠮᠢᠳᠤᠷᠠᠯ ᠤᠨ ᠪᠠᠶᠢᠳᠠᠯ ᠢ ᠬᠠᠷᠭᠤᠭᠤᠯᠬᠤ ᠲᠣᠭᠲᠠᠴᠠ ᠶᠢᠨ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠪᠥᠬᠦ ᠤᠯᠤᠰ ᠤᠨ ᠬᠡᠪᠴᠢᠶᠡᠨ ᠳᠤ ︽ᠶᠠᠮᠤᠨ᠂ ᠮᠤᠵᠢ᠂ ᠬᠤᠲᠠ᠂ | ᠰᠢᠶᠠᠨ︾ ᠳᠥᠷᠪᠡᠨ ᠱᠠᠲᠤᠨ ᠤ ᠰᠦᠯᠵᠢᠶ᠎ᠡ ᠶᠢ ᠤᠷᠢᠳᠠᠪᠠᠷ ᠨᠡᠪᠲᠡᠷᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 19 ᠰᠠᠯᠠᠭ᠎ᠠ ᠮᠥᠴᠢᠷ ᠯᠦᠭᠡ | ᠨᠠᠰᠤᠵᠢᠯ ᠤᠨ ᠠᠰᠠᠷᠠᠮᠵᠢ ᠶᠢᠨ ᠮᠥᠩᠭᠦ ᠠᠪᠬᠤ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠵᠡᠷᠭᠡ 40 | ᠵᠦᠢᠯ ᠤᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠨᠡᠶᠢᠭᠡᠮ ᠤᠨ ᠠᠪᠤᠷᠠᠨ ᠲᠤᠰᠠᠯᠠᠭᠤᠯᠬᠤ | ᠬᠦᠮᠦᠰ ᠪᠠ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢ ᠮᠠᠭᠠᠳᠯᠠᠨ ᠲᠣᠭᠲᠠᠭᠠᠬᠤ ᠶᠢᠨ | ᠣᠨᠣᠪᠴᠢᠲᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠨᠢ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ᠂ ᠣᠨᠴᠠᠭᠠᠶ ᠨᠡᠶᠢᠲᠡ ᠴᠣᠭᠴᠠ ᠂ ᠣᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠤᠯᠠᠮ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠨᠡᠶᠢᠭᠡᠮ ᠤᠨ ᠦᠨᠳᠦᠰᠦᠨ ᠦᠢᠯᠡᠴᠢᠯᠡᠭᠡ ᠵᠡᠷᠭᠡ ᠡᠭᠦᠷᠭᠡ | ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃ |