| | | 5 ᠰᠠᠷ᠎ᠠ ᠶᠢᠨ 11 ᠠᠴᠠ 12 ᠤᠨ ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ | ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠱᠠᠨ | ᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 5 ᠰᠠᠷ᠎ᠠ ᠶᠢᠨ 11 ᠤ ᠦᠳᠡ ᠶᠢᠨ ᠬᠤᠶᠢᠨ᠎ᠠ᠂ ᠰᠢ ᠶᠢᠨ ᠫᠢᠩ | ᠳ᠋ᠠᠲ᠋ᠦ᠋ᠩ ᠬᠤᠳᠠ ᠶᠢᠨ ᠶᠦᠨᠵᠸᠦ ᠲᠤᠭᠤᠷᠢᠭ ᠤᠨ ᠤᠷᠭᠠᠨᠢᠭ ᠰᠢᠷ᠎ᠠ ᠴᠡᠴᠡᠭ ᠤᠨ ᠪᠠᠷᠢᠮᠵᠢᠶᠠᠵᠢᠭᠤᠯᠤᠭᠰᠠᠨ | ᠲᠠᠷᠢᠮᠠᠯ ᠤᠨ ᠰᠠᠭᠤᠷᠢᠨ ᠳᠤ᠂ ᠶᠠᠭ ᠰᠠᠶᠢᠬᠠᠨ ᠬᠦᠳᠡᠯᠮᠦᠷᠢᠯᠡᠵᠤ ᠪᠠᠶᠢᠭᠰᠠᠨ ᠲᠤᠰᠬᠤᠨ ᠤ ᠠᠷᠠᠳ ᠲᠠᠢ ᠲᠤᠳᠤᠨᠤ ᠪᠠᠷ | ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | | | | | 5 ᠰᠠᠷ᠎ᠠ ᠶᠢᠨ 11 ᠠᠴᠠ 12 ᠤᠨ ᠡᠳᠦᠷ ᠪᠤᠯᠳᠠᠯ᠎ᠠ᠂ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ᠂ | ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠬᠦᠯᠡᠭᠴᠢ ᠰᠢ ᠶᠢᠨ ᠫᠢᠩ ᠱᠠᠨ | ᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 5 ᠰᠠᠷ᠎ᠠ ᠶᠢᠨ 12 ᠤᠨ ᠦᠳᠡ ᠶᠢᠨ ᠡᠮᠦᠨ᠎ᠠ᠂ ᠰᠢ ᠶᠢᠨ ᠫᠢᠩ | ᠲᠠᠶᠢᠶᠤᠸᠠᠨ ᠤ ᠪᠤᠯᠤᠳ ᠲᠡᠮᠤᠷ ᠤᠨ ᠵᠢᠪᠡᠷᠡᠬᠦ ᠦᠭᠡᠢ ᠪᠤᠯᠤᠳ ᠤᠨ ᠨᠠᠷᠢᠯᠢᠭ ᠪᠦᠰᠡᠳᠤ ᠪᠤᠯᠤᠳ ᠤᠨ ᠬᠢᠵᠠᠭᠠᠷᠳᠤ | ᠺᠤᠮᠫᠠᠨᠢ ᠶᠢᠨ ᠦᠢᠯᠡᠳᠪᠤᠷᠢᠯᠡᠯ ᠤᠨ ᠲᠠᠰᠤᠭ ᠲᠤ ᠰᠢᠨᠵᠢᠯᠡᠨ ᠪᠠᠶᠢᠴᠠᠭᠠᠵᠤ᠂ ᠠᠵᠤ ᠠᠬᠤᠢᠢᠯᠡᠯ ᠤᠨ ᠠᠵᠢᠯᠳᠠᠨ | ᠠᠵᠢᠯᠴᠢᠨ ᠲᠠᠢ ᠲᠤᠳᠤᠨᠤ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠢ ᠤᠤᠢ ᠰᠡᠭᠦᠳᠡᠷᠯᠡᠪᠡ | | ᠰᠢᠨᠬᠤᠸᠠ ᠬᠤᠷᠢᠶᠠᠨ ᠤ ᠲᠠᠶᠢᠶᠤᠸᠠᠨ ᠤ 5 ᠰᠠᠷ᠎ᠠ ᠶᠢᠨ 12 ᠤᠨ ᠴᠠᠬᠢᠯᠭᠠᠨ ᠮᠡᠳᠡᠭᠡ ᠨᠠᠮ ᠤᠨ ᠲᠦᠪ | ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠬᠦᠯᠡᠭᠴᠢ ᠰᠢ ᠶᠢᠨ ᠫᠢᠩ ᠤᠢᠢᠷ᠎ᠠ ᠳᠤ ᠱᠠᠨ ᠰᠢ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠲᠦᠷᠪᠡᠳᠦᠭᠡᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠠ | ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠠ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ | ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠬᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠠᠴᠠ ᠪᠤᠯᠤᠭᠰᠠᠨ | ᠠᠰᠢᠬ ᠦᠭᠡᠢ ᠨᠦᠯᠦᠭᠡ ᠶᠢ ᠴᠢᠷᠮᠠᠶᠢᠨ ᠢᠯᠠᠨ ᠲᠠᠪᠠᠵᠦ᠂ ᠴᠢᠨᠠᠷ ᠰᠠᠶᠢᠳᠠᠢ ᠪᠠᠷ ᠬᠡᠯᠪᠡᠷᠢ ᠶᠢ ᠬᠤᠪᠢᠷᠠᠭᠤᠯᠤᠨ | ᠬᠦᠭᠵᠢᠭᠦᠯᠬᠦ ᠲᠠᠯ᠎ᠠ ᠪᠠᠷ ᠨᠡᠩ ᠶᠡᠭᠡ ᠠᠯᠬᠤᠮ ᠢ ᠠᠯᠬᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠵᠦ ᠰᠢᠢᠳᠪᠤᠷᠢᠳᠦ ᠢᠯᠠᠯᠳᠠ ᠶᠢ ᠤᠯᠬᠤ ᠬᠠᠷᠠᠯᠳᠠ ᠡᠬᠦᠷᠭᠡ ᠶᠢ | ᠪᠡᠶᠡᠯᠡᠬᠦᠯᠬᠦ ᠶᠢ ᠪᠠᠳᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠠᠰᠢᠬᠳᠠᠢ ᠪᠠᠶᠢᠳᠠᠯ ᠢ ᠠᠮᠵᠢᠨ | ᠱᠠᠨ ᠰᠢ ᠶᠢᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ | ᠦᠢᠯᠡᠳᠦᠯᠭᠡᠵᠢᠬᠦᠯᠦᠭᠰᠡᠨ ᠰᠢᠨ᠎ᠠ ᠬᠠᠭᠤᠳᠠᠰᠤ ᠶᠢ ᠪᠢᠴᠢᠭᠯᠡᠬᠦ ᠭᠡᠷᠡᠭᠲᠡᠢ ᠭᠡᠵᠦ ᠴᠢᠬᠤᠯᠠᠴᠢᠯᠠᠵᠠᠢ᠃ | ᠵᠤᠨ ᠤ ᠡᠬᠢᠨ ᠰᠠᠷ᠎ᠠ ᠳᠤ᠂ ᠱᠠᠨ ᠰᠢ ᠶᠢᠨ ᠡᠭᠡ ᠭᠠᠵᠠᠷ ᠲᠤ ᠠᠭᠤᠯᠠ ᠨᠢᠷᠤᠭᠤᠳ ᠬᠦᠭᠡᠷᠡᠨ᠂ ᠲᠦᠮᠡᠨ | ᠪᠤᠳᠠᠰ ᠲᠦᠯᠵᠢᠨ ᠠᠮᠢᠯᠠᠨ᠎ᠠ᠃ 5 ᠰᠠᠷ᠎ᠠ ᠶᠢᠨ 11 ᠠᠴᠠ 12 ᠤᠨ ᠡᠳᠦᠷ ᠪᠤᠯᠳᠠᠯ᠎ᠠ᠂ ᠰᠢ ᠶᠢᠨ ᠫᠢᠩ ᠱᠠᠨ ᠰᠢ | ᠮᠤᠵᠢ ᠶᠢᠨ ᠨᠠᠮ ᠤᠨ ᠬᠤᠷᠢᠶᠠᠨ ᠤ ᠱᠦᠵᠢ ᠯᠸᠦ ᠶᠠᠩ ᠱᠧᠩ ᠪᠠ ᠮᠤᠵᠢ ᠶᠢᠨ ᠳᠠᠷᠤᠭ᠎ᠠ ᠯᠢᠨ ᠡᠤ ᠶᠢᠨ ᠪᠠᠷ᠎ᠠ | ᠪᠤᠯᠤᠯᠭ᠎ᠠ ᠲᠠᠢ ᠪᠠᠷ᠂ ᠤᠷᠢᠳ ᠬᠤᠵᠢᠳ ᠳ᠋ᠠᠲ᠋ᠦ᠋ᠩ᠂ ᠲᠠᠶᠢᠶᠤᠸᠠᠨ ᠵᠡᠷᠭᠡ ᠭᠠᠵᠠᠷ ᠢᠶᠠᠷ ᠬᠦᠷᠴᠦ᠂ ᠬᠦᠳᠡᠭᠡ ᠠᠵᠤ | ᠠᠬᠤᠢ ᠶᠢᠨ ᠠᠵᠤ ᠦᠢᠯᠡᠰ ᠤᠨ ᠰᠠᠭᠤᠷᠢᠨ᠂ ᠨᠡᠬᠦᠳᠡᠯ ᠠᠷᠠᠳ ᠤᠨ ᠰᠢᠨ᠎ᠠ ᠲᠤᠰᠬᠤᠨ᠂ ᠲᠡᠦᠭᠡ ᠶᠢᠨ ᠲᠤᠷᠠᠰᠬᠠᠯᠳᠦ | ᠵᠦᠢᠯ ᠢ ᠬᠠᠮᠠᠭᠠᠯᠠᠬᠤ ᠨᠢᠭᠡᠴᠢ᠂ ᠦᠭᠡᠷᠡᠴᠢᠯᠡᠯᠳᠠ ᠶᠢᠨ ᠵᠢᠱᠢᠶ᠎ᠠ ᠦᠵᠡᠬᠦᠯᠬᠦ ᠤᠷᠤᠨ ᠪᠠ ᠠᠵᠤ ᠠᠬᠤᠢᠢᠯᠠᠯ ᠢᠶᠠᠷ | ᠬᠦᠨᠵᠡᠭᠡᠶᠢᠷᠡᠨ᠂ ᠪᠠᠶᠢᠩᠭᠤᠵᠢᠬᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠦᠭᠵᠢᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ | ᠰᠢᠪᠳᠤᠯᠬᠤ ᠦᠷ᠎ᠠ ᠪᠦᠳᠦᠭᠡᠯ ᠢ ᠪᠠᠬᠢᠵᠢᠬᠦᠯᠬᠦ ᠲᠤᠬᠠᠢ ᠪᠠᠶᠢᠴᠠᠭᠠᠨ ᠰᠤᠳᠤᠯᠪᠠ᠃ | 11 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠳ᠋ᠠᠲ᠋ᠦ᠋ᠩ ᠬᠤᠳᠠ ᠶᠢᠨ ᠶᠦᠨᠵᠸᠦ | ᠲᠤᠭᠤᠷᠢᠭ ᠲᠤ ᠢᠷᠡᠵᠦ᠂ ᠤᠷᠭᠠᠨᠢᠭ ᠰᠢᠷ᠎ᠠ ᠴᠡᠴᠡᠭ ᠤᠨ ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠳᠤ | ᠰᠢᠨᠵᠢᠯᠡᠨ ᠪᠠᠶᠢᠴᠠᠭᠠᠵᠠᠢ᠃ ᠳ᠋ᠠᠲ᠋ᠦ᠋ᠩ ᠤᠨ ᠰᠢᠷ᠎ᠠ ᠴᠡᠴᠡᠭ ᠤᠨ ᠲᠠᠷᠢᠮᠠᠯ ᠨᠢ 600 ᠭᠠᠷᠤᠢ ᠵᠢᠯ ᠤᠨ ᠲᠡᠦᠭᠡ ᠲᠠᠢ᠂ | ᠲᠤᠬᠠᠢ ᠶᠢᠨ ᠭᠠᠵᠠᠷ ᠤᠨ ᠭᠤᠤᠯ ᠪᠤᠯᠬᠤ ᠠᠵᠤ ᠦᠢᠯᠡᠰ ᠪᠤᠯᠤᠨ᠎ᠠ᠃ ᠤᠢᠢᠷ᠎ᠠ ᠶᠢᠨ ᠵᠢᠯ ᠳᠤ᠂ ᠳᠠᠭᠠᠭᠤᠯᠤᠬᠴᠢ | ᠠᠵᠤ ᠠᠬᠤᠢᠢᠯᠠᠯ᠂ ᠬᠤᠷᠰᠢᠶ᠎ᠠ ᠶᠢᠨ ᠳᠠᠭᠠᠭᠤᠯᠭ᠎ᠠ ᠪᠠᠷ᠂ ᠰᠢᠷ᠎ᠠ ᠴᠡᠴᠡᠭ ᠤᠨ ᠭᠠᠷᠤᠯᠳᠠ ᠪᠠ ᠶᠠᠰᠤ ᠴᠢᠨᠠᠷ | ᠲᠤᠭᠳᠠᠪᠤᠷᠢᠵᠢᠵᠦ᠂ ᠪᠤᠷᠤᠯᠠᠭᠤᠯᠭ᠎ᠠ ᠪᠠ ᠦᠨ᠎ᠠ ᠬᠠᠩᠰᠢ ᠨᠢ ᠴᠦ ᠪᠠᠳᠤᠯᠠᠭ᠎ᠠ ᠲᠠᠢ ᠪᠤᠯᠵᠤ᠂ ᠨᠢᠳᠤᠨᠤᠨ ᠶᠠᠳᠠᠭᠤ | ᠬᠦᠴᠢᠷᠳᠡᠯᠳᠠᠢ ᠡᠷᠦᠭᠡ ᠶᠢ ᠲᠠᠶᠢᠴᠢᠯᠡᠨ ᠡᠷᠦᠭᠡ ᠳᠤᠮᠳᠠᠴᠢ ᠳᠤ ᠲᠦᠮᠡ ᠭᠠᠷᠤᠢ ᠲᠦᠬᠦᠷᠢᠭ ᠤᠨ ᠤᠷᠤᠯᠭ᠎ᠠ ᠲᠠᠢ | ᠪᠤᠯᠭᠠᠵᠠᠢ᠃ ᠰᠢ ᠶᠢᠨ ᠫᠢᠩ ᠲᠠᠷᠢᠶᠠᠨ ᠳᠤᠮᠳᠠ ᠤᠷᠤᠵᠦ᠂ ᠰᠢᠷ᠎ᠠ ᠴᠡᠴᠡᠭ ᠤᠨ ᠤᠷᠭᠤᠴᠠ ᠶᠢᠨ ᠪᠠᠶᠢᠳᠠᠯ ᠢ | ᠪᠠᠶᠢᠴᠠᠭᠠᠨ ᠦᠵᠡᠪᠡ᠃ ᠲᠠᠷᠢᠶᠠᠨ ᠭᠠᠵᠠᠷ ᠲᠤ ᠠᠵᠢᠯᠯᠠᠵᠦ ᠪᠠᠶᠢᠭᠰᠠᠨ ᠲᠤᠰᠬᠤᠨ ᠤ ᠠᠷᠠᠳ ᠬᠦᠷᠢᠶᠡᠯᠡᠨ ᠢᠷᠡᠬᠦ ᠳᠤ᠂ | ᠰᠢ ᠶᠢᠨ ᠫᠢᠩ ᠳᠡᠳᠡᠨ ᠠᠴᠠ ᠰᠢᠷ᠎ᠠ ᠴᠡᠴᠡᠭ ᠤᠨ ᠬᠠᠮᠢᠶᠠᠷᠤᠯᠳᠠ᠂ ᠵᠠᠬ᠎ᠠ ᠳᠡᠯᠭᠡᠬᠦᠷ ᠤᠨ ᠦᠨ᠎ᠠ ᠬᠠᠩᠰᠢ᠂ | ᠪᠦᠳᠦᠭᠡᠭᠳᠡᠬᠦᠨ ᠤ ᠪᠤᠷᠤᠯᠠᠭᠤᠯᠭ᠎ᠠ ᠵᠡᠷᠭᠡ ᠪᠠᠶᠢᠳᠠᠯ ᠢ ᠤᠢᠢᠯᠠᠭᠠᠵᠠᠢ᠃ ᠲᠡᠷᠡ᠂ ᠨᠤᠳᠤᠭ ᠤᠨ ᠠᠬ᠎ᠠ ᠳᠡᠬᠦᠦ ᠨᠠᠷ | ᠶᠠᠳᠠᠭᠤ ᠠᠴᠠ ᠠᠩᠬᠢᠵᠢᠷᠠᠭᠰᠠᠨ ᠤ ᠳᠠᠷᠠᠭ᠎ᠠ ᠭᠡᠷᠬᠢᠨ ᠶᠠᠳᠠᠭᠤ ᠠᠴᠠ ᠠᠩᠬᠢᠵᠢᠷᠠᠭᠰᠠᠨ ᠦᠷ᠎ᠠ ᠪᠦᠳᠦᠭᠡᠯ ᠢᠶᠠᠨ | ᠪᠠᠬᠢᠵᠢᠬᠦᠯᠬᠦ᠂ ᠲᠠᠬᠢᠨ ᠶᠠᠳᠠᠭᠤᠷᠠᠬᠤ ᠶᠢ ᠰᠡᠷᠭᠡᠶᠢᠯᠡᠵᠦ᠂ ᠨᠤᠳᠤᠬ ᠤᠨ ᠠᠬ᠎ᠠ ᠳᠡᠬᠦᠦ ᠨᠠᠷ ᠤᠨ ᠦᠷᠬᠦᠯᠵᠢᠯᠡᠨ | ᠤᠷᠤᠯᠭ᠎ᠠ ᠪᠠᠨ ᠨᠡᠮᠡᠭᠳᠡᠬᠦᠯᠵᠦ ᠴᠢᠨᠡᠭᠡᠯᠢᠭᠵᠢᠬᠦ ᠶᠢ ᠪᠠᠳᠤᠯᠠᠬᠤ ᠪᠤᠯ ᠮᠢᠨᠤ ᠬᠠᠮᠤᠭ ᠠᠴᠠ ᠠᠩᠬᠠᠷᠴᠦ ᠪᠠᠶᠢᠭ᠎ᠠ ᠶᠠᠪᠤᠳᠠᠯ | ᠪᠤᠯᠤᠨ᠎ᠠ᠃ ᠲᠠ ᠨᠠᠷ ᠰᠢᠷ᠎ᠠ ᠴᠡᠴᠡᠭ ᠤᠨ ᠠᠵᠤ ᠦᠢᠯᠡᠰ ᠢ ᠰᠠᠶᠢᠳᠤᠷ ᠬᠠᠮᠠᠭᠠᠯᠠᠵᠦ᠂ ᠰᠠᠶᠢᠳᠤᠷ ᠬᠦᠭᠵᠢᠬᠦᠯᠦᠨ᠂ | ᠲᠤᠮᠤ ᠠᠵᠤ ᠦᠢᠯᠡᠰ ᠪᠤᠯᠭᠠᠨ ᠪᠤᠵᠠᠭᠠᠢᠢᠷᠠᠭᠤᠯᠵᠦ᠂ ᠪᠦᠬᠦ ᠤᠯᠤᠰ ᠤᠨ ᠨᠡᠷᠡᠳᠦ ᠲᠦᠷᠦᠯ ᠳᠡᠮᠳᠡᠭ ᠪᠤᠯᠭᠠᠨ | ᠴᠤᠬᠴᠠᠯᠠᠵᠦ᠂ ᠰᠢᠷ᠎ᠠ ᠴᠡᠴᠡᠭ ᠢ ᠨᠤᠳᠤᠭ ᠤᠨ ᠠᠬ᠎ᠠ ᠳᠡᠬᠦᠦ ᠨᠠᠷ ᠤᠨ ︽ᠴᠢᠨᠡᠭᠡᠯᠢᠭᠵᠢᠯ ᠤᠨ ᠴᠡᠴᠡᠭ︾ | ᠪᠤᠯᠭᠠᠬᠤ ᠶᠢ ᠬᠦᠰᠡᠵᠦ ᠪᠠᠶᠢᠨ᠎ᠠ ᠭᠡᠵᠦ ᠵᠢᠭᠠᠵᠦ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠦ | ᠨᠠᠮ ᠠᠷᠠᠳ ᠤᠨ ᠲᠦᠯᠦᠭᠡ ᠠᠵᠢᠯ ᠬᠢᠵᠦ᠂ ᠠᠷᠠᠳ ᠲᠦᠮᠡᠨ ᠳᠤ ᠪᠤᠶᠠᠨ ᠦᠢᠯᠡᠳᠴᠦ ᠦᠭᠬᠦ ᠶᠢ ᠬᠠᠮᠤᠭ ᠤᠨ | ᠴᠢᠬᠤᠯᠠ ᠵᠠᠰᠠᠬ ᠤᠨ ᠠᠵᠢᠯ ᠤᠨ ᠠᠮᠵᠢᠯᠳᠠ ᠪᠤᠯᠭᠠᠵᠦ᠂ ᠤᠯᠠᠨ ᠲᠦᠮᠡᠨ ᠳᠤ ᠬᠡᠳᠦᠢ ᠤᠯᠠᠨ ᠰᠠᠶᠢᠨ ᠶᠠᠪᠤᠳᠠᠯ | ᠪᠤᠳᠠᠳᠤ ᠶᠠᠪᠤᠳᠠᠯ ᠬᠢᠵᠦ ᠦᠭᠬᠦᠭᠰᠡᠨ ᠢᠶᠠᠷ ᠵᠠᠰᠠᠭ ᠤᠨ ᠠᠵᠢᠯ ᠤᠨ ᠠᠮᠵᠢᠯᠳᠠ ᠶᠢ ᠰᠢᠯᠭᠠᠬᠤ ᠴᠢᠬᠤᠯᠠ ᠪᠠᠷᠢᠮᠵᠢᠶ᠎ᠠ | ᠪᠤᠯᠭᠠᠳᠠᠭ ᠶᠤᠮ ᠭᠡᠵᠦ ᠴᠢᠬᠤᠯᠠᠴᠢᠯᠠᠵᠠᠢ᠃ ᠲᠠᠷᠢᠮᠠᠯ ᠤᠨ ᠰᠠᠭᠤᠷᠢᠨ ᠠᠴᠠ ᠭᠠᠷᠤᠭᠠᠳ ᠰᠢ ᠶᠢᠨ ᠫᠢᠩ ᠤᠢᠢᠷ᠎ᠠ | ᠬᠠᠪᠢ ᠳᠠᠬᠢ ᠶᠦᠨᠵᠸᠦ ᠲᠤᠭᠤᠷᠢᠭ ᠤᠨ ᠰᠢᠫᠢᠩ ᠪᠠᠯᠭᠠᠰᠤ ᠶᠢᠨ ᠹᠠᠩᠴᠧᠩ ᠰᠢᠨ᠎ᠠ ᠲᠤᠰᠬᠤᠨ ᠳᠤ ᠰᠢᠨᠵᠢᠯᠡᠨ | ᠪᠠᠶᠢᠴᠠᠭᠠᠪᠠ᠃ ᠲᠤᠰ ᠲᠤᠰᠬᠤᠨ ᠪᠤᠯ ᠤᠨᠳᠤᠤ ᠭᠠᠵᠠᠷ ᠨᠡᠬᠦᠯᠭᠡᠭᠰᠡᠨ ᠲᠤᠰᠬᠤᠨ ᠪᠤᠯᠤᠨ᠎ᠠ᠂ ᠠᠳᠡ ᠲᠠᠩᠰᠠᠯᠠᠵᠦ | ᠺᠠᠷᠲᠯᠠᠬᠰᠠᠨ ᠶᠠᠳᠠᠭᠤ ᠬᠦᠴᠢᠷᠳᠡᠯᠳᠠᠢ 77 ᠡᠷᠦᠭᠡ ᠶᠢᠨ 158 ᠬᠦᠮᠦᠨ ᠠᠮᠠ ᠪᠤᠢ᠂ 2018 ᠤᠨ ᠳᠤ ᠠᠳᠡ | ᠨᠡᠭᠦᠵᠦ ᠢᠷᠡᠭᠰᠡᠨ ᠠᠴᠠ ᠨᠠᠭᠠᠰᠢ᠂ ᠰᠢᠷ᠎ᠠ ᠴᠡᠴᠡᠭ ᠤᠨ ᠤᠨᠴᠠᠯᠢᠬᠳᠤ ᠠᠵᠤ ᠦᠢᠯᠡᠰ ᠵᠡᠷᠭᠡ ᠶᠢ ᠬᠦᠭᠵᠢᠬᠦᠯᠬᠦ ᠳᠤ | ᠲᠦᠰᠢᠭᠯᠡᠨ ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠬᠰᠠᠨ ᠪᠠᠶᠢᠨ᠎ᠠ᠃ ᠰᠢ ᠶᠢᠨ ᠫᠢᠩ ᠲᠤᠰᠬᠤᠨ ᠤ ᠤᠷ᠎ᠠ | ᠮᠡᠷᠭᠡᠵᠢᠯ ᠤᠨ ᠪᠤᠯᠪᠠᠰᠤᠷᠠᠯ ᠤᠨ ᠦᠢᠯᠡᠴᠢᠯᠡᠭᠡᠨ ᠤ ᠦᠷᠳᠡᠭᠡ ᠳᠤ ᠤᠷᠤᠵᠦ᠂ ᠰᠢᠨ᠎ᠠ ᠲᠤᠰᠬᠤᠨ ᠤ ᠤᠨᠳᠤᠤ | ᠭᠠᠵᠠᠷ ᠲᠤ ᠨᠡᠬᠦᠯᠭᠡᠨ ᠶᠠᠳᠠᠭᠤ ᠶᠢ ᠳᠡᠳᠬᠦᠭᠰᠡᠨ ᠪᠠᠶᠢᠳᠠᠯ ᠢ ᠤᠢᠢᠯᠠᠭᠠᠨ᠂ ᠰᠢᠷ᠎ᠠ ᠴᠡᠴᠡᠭ ᠤᠨ ᠠᠵᠤ ᠦᠢᠯᠡᠰ ᠤᠨ | ᠬᠤᠯᠪᠤᠭᠳᠠᠯ ᠪᠦᠬᠦᠢ ᠪᠦᠳᠦᠭᠡᠭᠳᠡᠬᠦᠨ ᠤ ᠳᠡᠯᠭᠡᠨ ᠦᠵᠡᠬᠦᠯᠭᠡ ᠶᠢ ᠪᠠᠶᠢᠴᠠᠭᠠᠨ ᠦᠵᠡᠵᠦ᠂ ᠳ᠋ᠠᠲ᠋ᠦ᠋ᠩ ᠬᠤᠳᠠ ᠶᠢᠨ | ᠠᠵᠤ ᠦᠢᠯᠡᠰ ᠢᠶᠠᠷ ᠶᠠᠳᠠᠭᠤ ᠶᠢ ᠳᠡᠳᠬᠦᠬᠦ᠂ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠠᠵᠢᠯ ᠢ ᠦᠷᠨᠢᠬᠦᠯᠵᠦ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠠ ᠪᠦᠳᠦᠭᠡᠯ ᠢ ᠪᠠᠬᠢᠵᠢᠬᠦᠯᠦᠭᠰᠡᠨ ᠠᠷᠭ᠎ᠠ ᠭᠡᠮᠵᠢᠶ᠎ᠠ ᠶᠢ | ᠨᠤᠳᠠᠯᠠᠪᠠ᠃ ᠲᠡᠷᠡ᠂ ᠤᠨᠳᠤᠤ ᠭᠠᠵᠠᠷ ᠲᠤ ᠨᠡᠬᠦᠯᠭᠡᠬᠦ ᠨᠢ ᠰᠠᠭᠤᠷᠢᠰᠢᠬᠤ ᠳᠤ ᠲᠤᠬᠢᠯᠢᠭ ᠪᠤᠯᠭᠠᠬᠤ ᠠᠰᠠᠭᠤᠳᠠᠯ ᠢ | ᠰᠢᠢᠳᠪᠤᠷᠢᠯᠡᠬᠦ ᠲᠡᠳᠦᠢ ᠦᠭᠡᠢ ᠨᠡᠩ ᠴᠦ ᠤᠯᠠᠨ ᠲᠦᠮᠡᠨ ᠢ ᠴᠢᠨᠡᠭᠡᠯᠢᠭᠵᠢᠬᠦᠯᠬᠦ ᠶᠢᠨ ᠲᠦᠯᠦᠭᠡ ᠶᠤᠮ᠃ ᠤᠨᠳᠤᠤ | ᠭᠠᠵᠠᠷ ᠲᠤ ᠨᠡᠬᠦᠯᠭᠡᠭᠰᠡᠨ ᠤ ᠳᠠᠷᠠᠭᠠᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠦ᠂ ᠪᠤᠳᠠᠳᠠᠢ ᠪᠠᠶᠢᠳᠠᠯ ᠲᠠᠢ | ᠤᠶᠠᠯᠳᠤᠭᠤᠯᠤᠨ ᠬᠦᠳᠡᠭᠡ ᠲᠤᠰᠬᠤᠨ ᠤ ᠠᠵᠤ ᠦᠢᠯᠡᠰ ᠢ ᠬᠦᠭᠵᠢᠬᠦᠯᠵᠦ᠂ ᠠᠵᠤ ᠦᠢᠯᠡᠰ ᠤᠨ ᠲᠦᠷᠦᠯ ᠵᠦᠢᠯ ᠢ | ᠨᠢᠮᠪᠠᠢ ᠰᠤᠩᠭᠤᠨ᠂ ᠠᠮᠵᠢᠯᠳᠠ ᠤᠯᠬᠤ ᠨᠤᠷᠮ᠎ᠠ ᠪᠠ ᠦᠷᠬᠦᠯᠵᠢᠯᠡᠬᠦ ᠬᠦᠭᠵᠢᠯᠳᠠ ᠶᠢ ᠪᠠᠳᠤᠯᠠᠬᠤ ᠭᠡᠷᠡᠭᠲᠡᠢ᠃ ᠤᠯᠠᠨ | ᠲᠦᠮᠡᠨ ᠳᠤ ᠠᠰᠢᠬ ᠬᠦᠷᠳᠡᠭᠡᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠠᠵᠤ ᠦᠢᠯᠡᠰ ᠤᠨ ᠳᠡᠮᠵᠢᠯᠭᠡ᠂ | ᠮᠦᠩᠬᠦᠨ ᠬᠦᠢᠯᠭᠡᠭᠡᠨ ᠤ ᠢᠳᠡᠭᠡᠮᠵᠢᠳᠦ ᠵᠢᠭᠡᠯᠡᠯᠭᠡ᠂ ᠬᠦᠳᠡᠭᠡ ᠠᠵᠤ ᠠᠬᠤᠢ ᠶᠢᠨ ᠳᠠᠭᠠᠳᠬᠠᠯ ᠵᠡᠷᠭᠡ ᠲᠠᠯ᠎ᠠ ᠪᠠᠷ | ᠲᠦᠷᠦ ᠶᠢᠨ ᠪᠤᠳᠤᠯᠭ᠎ᠠ ᠲᠤᠬᠳᠠᠭᠠᠨ᠂ ᠬᠦᠳᠡᠭᠡ ᠲᠤᠰᠬᠤᠨ ᠤ ᠠᠵᠤ ᠠᠬᠤᠢ ᠶᠢᠨ ᠬᠦᠭᠵᠢᠯᠳᠠ ᠳᠤ ᠬᠦᠴᠦᠳᠠᠢ | ᠲᠤᠯᠭᠠᠭᠤᠷᠢᠯᠠᠯ ᠬᠠᠩᠭᠠᠬᠤ ᠭᠡᠷᠡᠭᠲᠡᠢ᠃ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ | ᠭᠡᠰᠢᠬᠦᠨ ᠺᠠᠳ᠋ᠷ ᠬᠦᠳᠡᠭᠡ ᠲᠤᠰᠬᠤᠨ ᠤ ᠠᠵᠤ ᠦᠢᠯᠡᠰ ᠤᠨ ᠲᠦᠷᠦᠯ ᠵᠦᠯ ᠤᠨ ᠵᠤᠬᠢᠶᠠᠨ ᠪᠠᠶᠢᠭᠤᠯᠤᠬᠴᠢ᠂ | ᠠᠬᠢᠭᠤᠯᠤᠬᠴᠢ ᠪᠤᠯᠬᠤ ᠪᠠᠷ ᠪᠠᠷᠠᠬᠤ ᠦᠭᠡᠢ ᠪᠠᠰᠠ ᠤᠯᠠᠨ ᠲᠦᠮᠡᠨ ᠤ ᠠᠰᠢᠬ ᠲᠤᠰᠠ ᠶᠢᠨ ᠬᠠᠮᠠᠭᠠᠯᠠᠬᠴᠢ ᠪᠤᠯᠬᠤ | ᠭᠡᠷᠡᠭᠲᠡᠢ ᠭᠡᠵᠦ ᠵᠢᠭᠠᠵᠦ ᠭᠠᠷᠭᠠᠪᠠ᠃ ᠰᠢ ᠶᠢᠨ ᠫᠢᠩ ᠦᠷᠭᠡᠨ ᠤᠯᠠᠨ ᠦᠨᠳᠦᠰᠦᠨ ᠱᠠᠳᠤᠨ ᠤ ᠺᠠᠳ᠋ᠷ ᠤᠨ ᠶᠠᠳᠠᠭᠤ | ᠬᠦᠴᠢᠷᠳᠡᠯᠳᠠᠢ ᠬᠦᠮᠦᠰ ᠢ ᠬᠠᠪᠰᠤᠷᠤᠨ ᠶᠠᠳᠠᠭᠤ ᠠᠴᠠ ᠠᠩᠬᠢᠵᠢᠷᠠᠭᠤᠯᠬᠤ ᠶᠢᠨ ᠲᠦᠯᠦᠭᠡ ᠭᠠᠷᠭᠠᠭᠰᠠᠨ ᠰᠢᠷᠭᠠᠭᠤ | ᠴᠢᠷᠮᠠᠶᠢᠯᠭ᠎ᠠ ᠶᠢ ᠨᠤᠳᠠᠯᠠᠵᠦ ᠪᠠᠶᠢᠬᠤ ᠪᠠᠨ ᠢᠯᠡᠳᠭᠡᠵᠡᠢ᠃ | ᠨᠡᠬᠦᠵᠥ ᠢᠷᠡᠭᠰᠡᠡ ᠡᠷᠦᠬᠡ ᠪᠠᠢ ᠭᠤᠤ ᠱᠠᠨ ᠤ ᠬᠡᠷ ᠲᠤ᠂ ᠰᠢ ᠶᠢᠨ ᠫᠢᠩ ᠬᠦᠷᠢᠶ᠎ᠡ ᠬᠠᠰᠢᠶ᠎ᠠ᠂ ᠵᠤᠴᠢᠨ ᠤ | ᠲᠢᠩᠬᠢᠮ᠂ ᠲᠤᠭᠤᠭᠠᠨ ᠬᠡᠷ᠂ ᠵᠤᠷᠯᠤᠩ ᠢ ᠨᠢ ᠪᠠᠶᠢᠴᠠᠭᠠᠨ ᠦᠵᠡᠭᠰᠡᠡ ᠪᠦᠬᠡᠳ ᠬᠡᠷ ᠤᠨ ᠬᠦᠮᠥᠰ ᠲᠠᠢ ᠬᠠᠮᠳᠤ ᠪᠠᠷ | ᠬᠠᠨᠵᠤ ᠢᠷᠮᠡᠭᠳᠡᠨ ᠰᠠᠭᠤᠵᠥ ᠵᠤᠭᠤᠭ ᠲᠡᠯᠬᠡᠪᠡ᠃ ᠪᠠᠢ ᠭᠤᠤ ᠱᠠᠨ ᠶᠡᠷᠤᠩᠬᠡᠢ ᠱᠦᠵᠢ ᠳᠤ᠂ ᠲᠡᠳᠡᠨ ᠤ ᠬᠢᠨ | ᠦᠩᠬᠡᠷᠡᠭᠰᠡᠡ ᠳᠤ ᠨᠦᠬᠡᠨ ᠬᠡᠷ ᠲᠤ ᠰᠠᠭᠤᠵᠥ ᠪᠠᠶᠢᠵᠠᠢ᠂ ᠦᠨᠦᠳᠦᠷ ᠬᠦᠷᠢᠶ᠎ᠡ ᠬᠠᠰᠢᠶ᠎ᠠ ᠲᠠᠢ ᠲᠤᠮᠤ ᠸᠠᠭᠠᠷ ᠤᠨ | ᠪᠠᠶᠢᠰᠢᠩ ᠳᠤ ᠨᠡᠬᠦᠵᠦ᠂ ᠤᠢᠢᠷ᠎ᠠ ᠬᠠᠪᠢ ᠳᠠᠭᠠᠨ ᠬᠦᠯᠥᠰᠦᠨ ᠠᠵᠢᠯ ᠬᠢᠵᠥ᠂ ᠠᠮᠢᠳᠤᠷᠠᠯ ᠤᠨ ᠨᠦᠬᠦᠴᠡᠯ ᠶᠡᠭᠡ ᠪᠠᠷ | ᠰᠠᠶᠢᠵᠢᠷᠠᠪᠠ᠂ ᠨᠢᠳᠤᠨᠤᠨ ᠬᠦᠤ ᠨᠢ ᠪᠡᠷᠢ ᠪᠠᠭᠤᠯᠭᠠᠵᠥ᠂ ᠡᠨᠡ ᠵᠢᠯ ᠡᠪᠦᠬᠡᠨ ᠬᠦᠭᠰᠢᠨ ᠬᠤᠶᠠᠭᠤᠯᠠ ᠤᠮᠪᠤᠯᠤ ᠲᠠᠢ | ᠪᠤᠯᠵᠥ᠂ ᠠᠮᠢᠳᠤᠷᠠᠯ ᠶᠠᠪᠤᠬᠤ ᠲᠤᠳᠤᠮ ᠰᠠᠶᠢᠵᠢᠷᠠᠵᠥ ᠪᠠᠶᠢᠨ᠎ᠠ ᠬᠡᠵᠥ ᠬᠡᠯᠡᠵᠥ ᠦᠭᠪᠡ᠃ ᠰᠢ ᠶᠢᠨ ᠫᠢᠩ᠂ ᠡᠪ | ᠬᠠᠮᠳᠤ ᠨᠠᠮ ᠨᠢᠬᠡ ᠰᠡᠳᠬᠢᠯ ᠨᠢᠬᠡ ᠵᠤᠷᠢᠭ ᠢᠶᠠᠷ ᠠᠷᠠᠳ ᠲᠦᠮᠡᠨ ᠳᠤ ᠠᠰᠢᠬ ᠤᠯᠭᠤᠵᠥ ᠪᠠᠶᠢᠨ᠎ᠠ᠂ ᠤᠳᠤ | ᠰᠠᠭᠤᠳᠬᠠᠯ ᠠᠪᠬᠤ ᠦᠬᠡᠢ᠂ ᠭᠠᠶᠢᠯᠢ ᠲᠠᠳᠠᠪᠤᠷᠢᠯᠠᠬᠤ ᠦᠬᠡᠢ᠂ ᠰᠦᠢᠳᠬᠡᠯ ᠬᠤᠷᠢᠶᠠᠬᠤ ᠦᠬᠡᠢ᠂ ᠠᠮᠤ ᠪᠤᠳᠠᠭ᠎ᠠ | ᠲᠤᠰᠢᠶᠠᠬᠤ ᠦᠬᠡᠢ ᠪᠤᠯᠵᠥ᠂ ᠬᠠᠷᠢᠨ ᠶᠠᠳᠠᠭᠤ ᠬᠦᠴᠢᠷᠳᠡᠯᠳᠡᠢ ᠤᠯᠠᠨ ᠲᠦᠮᠡᠨ ᠳᠤ ᠡᠮ ᠲᠠᠩ ᠬᠦᠷᠬᠡᠵᠥ᠂ ᠬᠡᠷ | ᠪᠠᠶᠢᠰᠢᠩ ᠪᠡᠷᠢᠵᠥ ᠦᠭᠭᠦᠨ᠂ ᠮᠡᠷᠬᠡᠵᠢᠯ ᠰᠤᠷᠭᠠᠵᠥ᠂ ᠪᠠᠶᠠᠵᠢᠯ ᠤᠨ ᠵᠠᠮ ᠢ ᠡᠷᠢᠵᠥ ᠦᠭᠴᠦ ᠪᠠᠶᠢᠨ᠎ᠠ᠂ ᠨᠤᠳᠤᠭ ᠤᠨ | ᠠᠬ᠎ᠠ ᠲᠡᠬᠦᠤ ᠨᠠᠷ ᠤᠨ ᠠᠮᠢᠳᠤᠷᠠᠯ ᠤᠯᠠᠮ ᠰᠠᠶᠢᠵᠢᠷᠠᠬᠤ ᠶᠤᠮ᠃ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠵᠥ ᠰᠢᠢᠳᠪᠤᠷᠢᠳᠤ ᠢᠯᠠᠯᠳᠠ ᠤᠯᠬᠤ ᠪᠠ ᠴᠢᠨᠡᠭᠡᠯᠢᠭ | ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠠᠬᠦᠯ ᠬᠤᠷᠢᠶᠠᠬᠤ ᠤᠨ ᠪᠤᠯᠤᠨ᠎ᠠ᠂ ᠠᠷᠭ᠎ᠠ ᠪᠦᠬᠦᠨ ᠢ ᠰᠦᠪᠡᠭᠴᠢᠯᠡᠵᠥ | ᠪᠠᠶᠢᠭᠠᠳ ᠶᠠᠳᠠᠭᠤ ᠠᠴᠠ ᠠᠩᠬᠢᠵᠢᠷᠠᠭᠤᠯᠵᠥ ᠪᠤᠭᠤᠮᠳᠠ ᠰᠢᠪᠳᠤᠯᠤᠬᠰᠠᠠ ᠦᠷ᠎ᠡ ᠪᠦᠳᠦᠬᠡᠯ ᠢᠶᠠᠨ ᠰᠠᠶᠢᠳᠤᠷ | ᠪᠠᠬᠢᠵᠢᠬᠦᠯᠵᠥ᠂ ᠵᠠᠯᠭᠠᠭᠠᠳ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠠᠵᠢᠯ ᠢ ᠰᠠᠶᠢᠳᠤᠷ ᠬᠢᠵᠥ᠂ | ᠨᠤᠳᠤᠭ ᠤᠨ ᠠᠬ᠎ᠠ ᠲᠡᠬᠦᠤ ᠨᠡᠷ ᠤᠨ ᠠᠮᠢᠳᠤᠷᠠᠯ ᠢ ᠤᠯᠠᠮ ᠰᠠᠶᠢᠵᠢᠷᠠᠭᠤᠯᠬᠤ ᠬᠡᠷᠡᠭᠳᠡᠢ᠃ ᠤᠨᠳᠤᠤ ᠭᠠᠵᠠᠷ | ᠨᠡᠬᠦᠭᠰᠡᠡ ᠤᠯᠠᠨ ᠲᠦᠮᠡᠨ ᠠᠳᠠᠯᠢ ᠪᠤᠰᠤ ᠲᠤᠰᠬᠤᠨ ᠠᠴᠠ ᠢᠷᠡᠵᠥ᠂ ᠦᠩᠬᠡᠷᠡᠭᠰᠡᠡ ᠳᠤ ᠲᠠᠷᠠᠬᠠᠢ ᠪᠤᠳᠠᠷᠬᠠᠢ | ᠰᠠᠭᠤᠷᠢᠰᠢᠵᠥ ᠪᠠᠶᠢᠬᠰᠠᠠ ᠠᠴᠠ ᠪᠠᠨ ᠤᠳᠤ ᠲᠦᠪᠯᠡᠷᠡᠨ ᠰᠠᠭᠤᠷᠢᠰᠢᠬᠤ ᠪᠤᠯᠪᠠ᠃ ᠨᠡᠶᠢᠬᠡᠮ ᠲᠤᠭᠤᠷᠢᠭ ᠤᠨ | ᠪᠠᠶᠢᠭᠤᠯᠤᠯᠳᠠ ᠪᠤᠯᠤᠨ ᠬᠠᠮᠢᠶᠠᠷᠤᠯᠳᠠ ᠶᠢ ᠴᠢᠩᠭᠠᠳᠬᠠᠵᠥ᠂ ᠨᠡᠶᠢᠬᠡᠮ ᠲᠤᠭᠤᠷᠢᠭ ᠤᠨ ᠤᠷᠴᠢᠨ ᠲᠤᠭᠤᠷᠢᠨ ᠤ | ᠵᠠᠰᠠᠯᠳᠠ ᠶᠢ ᠴᠢᠩᠭᠠᠳᠬᠠᠵᠥ᠂ ᠬᠦᠳᠡᠭᠡ ᠲᠤᠰᠬᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠪᠤᠯᠤᠨ | ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠦᠷᠨᠢᠬᠦᠯᠵᠥ᠂ ᠤᠯᠠᠨ ᠲᠦᠮᠡᠨ ᠤ ᠰᠢᠨ᠎ᠡ | ᠤᠷᠤᠨ ᠰᠠᠭᠤᠴᠠ ᠳᠤ ᠰᠠᠭᠤᠵᠥ᠂ ᠰᠢᠨ᠎ᠡ ᠠᠮᠢᠳᠤᠷᠠᠯ ᠢ ᠡᠳ᠋ᠯᠡᠬᠦ ᠶᠢ ᠦᠨᠡᠨ ᠬᠦ ᠪᠠᠳᠤᠯᠠᠬᠤ ᠬᠡᠷᠡᠭᠳᠡᠢ ᠬᠡᠵᠥ | ᠪᠠᠶᠠᠷᠳᠠᠢ ᠬᠡᠯᠡᠵᠦ ᠪᠠᠶᠢᠯ᠎ᠠ᠃ | ᠲᠤᠰᠬᠤᠨ ᠠᠴᠠ ᠰᠠᠯᠬᠤ ᠦᠶ᠎ᠡ ᠳᠤ᠂ ᠲᠤᠰᠬᠤᠨ ᠤ ᠠᠷᠠᠳ ᠶᠡᠷᠤᠩᠬᠡᠢ ᠱᠦᠵᠢ ᠲᠠᠢ ᠰᠠᠯᠬᠤ ᠶᠤᠰᠤ | ᠭᠦᠢᠴᠡᠳᠭᠡᠪᠡ᠃ ᠰᠢ ᠶᠢᠨ ᠫᠢᠩ ᠨᠤᠳᠤᠭ ᠤᠨ ᠠᠬ᠎ᠠ ᠲᠡᠬᠦᠤ ᠨᠡᠷ ᠤᠨ ᠠᠮᠢᠳᠤᠷᠠᠯ ᠵᠤᠯ ᠵᠢᠷᠭᠠᠯ ᠲᠠᠢ ᠰᠠᠶᠢᠨ | ᠰᠠᠶᠢᠬᠠᠨ ᠪᠤᠯᠬᠤ ᠶᠢ ᠬᠦᠰᠡᠨ ᠵᠦᠩᠨᠡᠪᠡ᠃ | ᠤᠷᠤᠢ ᠨᠢ᠂ ᠰᠢ ᠶᠢᠨ ᠫᠢᠩ ᠶᠦᠨᠭᠠᠩ ᠤᠨ ᠴᠢᠯᠠᠭᠤᠨ ᠠᠭᠤᠢ ᠳᠤ ᠬᠦᠷᠴᠦ ᠰᠢᠨᠵᠢᠯᠡᠨ ᠪᠠᠶᠢᠴᠠᠭᠠᠪᠠ᠃ | ᠶᠦᠨᠭᠠᠩ ᠤᠨ ᠴᠢᠯᠠᠭᠤᠨ ᠠᠭᠤᠢ ᠶᠢ 1500 ᠵᠢᠯ ᠤᠨ ᠡᠮᠤᠨ᠎ᠡ ᠪᠠᠶᠢᠭᠤᠯᠤᠬᠰᠠᠨ ᠶᠤᠮ᠂ ᠲᠤᠮᠳᠠᠳᠤ | ᠭᠠᠳᠠᠭᠠᠳᠤ ᠶᠢᠨ ᠰᠤᠶᠤᠯ᠂ ᠲᠤᠮᠳᠠᠳᠤ ᠤᠯᠤᠰ ᠤᠨ ᠴᠦᠬᠡᠨ ᠲᠤᠭᠠᠳᠤ ᠦᠨᠳᠦᠰᠤᠳᠡᠨ ᠤ ᠰᠤᠶᠤᠯ ᠪᠤᠯᠤᠨ | ᠲᠤᠮᠳᠠᠳᠤ ᠤᠷᠤᠨ ᠤ ᠰᠤᠶᠤᠯ ᠢ ᠠᠭᠤᠰᠤᠯᠴᠠᠭᠤᠯᠤᠭᠰᠠᠠ ᠰᠤᠶᠤᠯ ᠤᠷᠠᠯᠢᠭ ᠤᠨ ᠡᠷᠳᠡᠨᠢᠰ ᠤᠨ ᠰᠠᠩ ᠪᠤᠯᠤᠨ᠎ᠠ᠃ | ᠰᠢ ᠶᠢᠨ ᠫᠢᠩ ᠱᠤᠭᠤᠮᠠᠯ᠂ ᠬᠠᠨ᠎ᠠ ᠶᠢᠨ ᠵᠢᠷᠤᠭ ᠢ ᠨᠠᠷᠢᠨ ᠪᠠᠶᠢᠴᠠᠭᠠᠨ ᠦᠵᠡᠵᠥ᠂ ᠠᠵᠢᠯᠳᠠᠳ ᠠᠴᠠ ᠴᠢᠯᠠᠭᠤᠨ | ᠠᠭᠤᠢ ᠶᠢᠨ ᠲᠡᠤᠬᠡ ᠰᠤᠶᠤᠯ ᠤᠨ ᠦᠪ ᠢ ᠬᠠᠮᠠᠭᠠᠯᠠᠵᠥ ᠪᠠᠶᠢᠬᠤ ᠵᠡᠷᠬᠡ ᠪᠠᠶᠢᠳᠠᠯ ᠢ ᠯᠠᠪᠯᠠᠨ ᠠᠰᠠᠭᠤᠵᠥ ᠪᠠᠶᠢᠯ᠎ᠠ᠃ | ᠲᠡᠷᠡ᠂ ᠶᠦᠨᠭᠠᠩ ᠤᠨ ᠴᠢᠯᠠᠭᠤᠨ ᠠᠭᠤᠢ ᠪᠤᠯ ᠲᠡᠯᠡᠬᠡᠢ ᠶᠢᠨ ᠰᠤᠶᠤᠯ ᠤᠨ ᠦᠪ ᠪᠤᠯᠤᠨ᠎ᠠ᠂ ᠶᠦᠨᠭᠠᠩ ᠤᠨ | ᠴᠢᠯᠠᠭᠤᠨ ᠠᠭᠤᠢ ᠶᠢ ᠰᠠᠶᠢᠳᠤᠷ ᠬᠠᠮᠠᠭᠠᠯᠠᠬᠤ ᠨᠢ ᠲᠤᠮᠳᠠᠳᠤ ᠤᠯᠤᠰ ᠤᠨ ᠠᠴᠢ ᠬᠤᠯᠪᠤᠭᠳᠠᠯ ᠲᠠᠢ ᠪᠠᠷ ᠪᠠᠷᠠᠬᠤ | ᠦᠬᠡᠢ᠂ ᠲᠡᠯᠡᠬᠡᠢ ᠶᠢᠨ ᠠᠴᠢ ᠬᠤᠯᠪᠤᠭᠳᠠᠯ ᠲᠠᠢ ᠶᠤᠮ᠃ ᠲᠡᠤᠬᠡ ᠰᠤᠶᠤᠯ ᠤᠨ ᠦᠪ ᠪᠤᠯ ᠲᠠᠬᠢᠵᠥ ᠪᠤᠢ ᠪᠤᠯᠬᠤ | ᠦᠬᠡᠢ᠂ ᠤᠷᠤᠯᠠᠭᠤᠯᠵᠥ ᠪᠤᠯᠤᠰᠢ ᠦᠬᠡᠢ ᠡᠷᠬᠢᠮ ᠨᠠᠨᠳᠢᠨ ᠡᠬᠢ ᠪᠠᠶᠠᠯᠢᠭ ᠪᠤᠯᠤᠨ᠎ᠠ᠂ ᠬᠠᠮᠠᠭᠠᠯᠠᠬᠤ ᠶᠢ ᠢᠮᠠᠬᠳᠠ | ᠲᠡᠷᠢᠬᠦᠨ ᠳᠤ ᠲᠠᠯᠪᠢᠬᠤ ᠬᠡᠷᠡᠭᠳᠡᠢ᠃ ᠵᠢᠭᠤᠯᠴᠢᠯᠠᠯ ᠢ ᠬᠦᠭᠵᠢᠬᠦᠯᠬᠦ ᠳᠤ ᠬᠠᠮᠠᠭᠠᠯᠠᠬᠤ ᠪᠠᠷ ᠤᠷᠢᠳᠠᠯ ᠪᠤᠯᠭᠠᠬᠤ | ᠬᠡᠷᠡᠭᠳᠡᠢ᠂ ᠬᠡᠳᠤ ᠬᠤᠳᠠᠯᠳᠤᠭᠠᠴᠢᠯᠠᠵᠥ ᠪᠤᠯᠬᠤ ᠦᠬᠡᠢ᠂ ᠵᠢᠭᠤᠯᠴᠢᠯᠠᠯ ᠢ ᠬᠦᠮᠥᠰ ᠤᠨ ᠲᠤᠮᠳᠠᠳᠤ ᠶᠢᠨ ᠰᠤᠶᠤᠯ ᠢ | ᠤᠢᠢᠯᠠᠭᠠᠬᠤ᠂ ᠰᠤᠶᠤᠯ ᠤᠨ ᠢᠳᠡᠬᠡᠯ ᠢᠶᠠᠨ ᠴᠢᠩᠭᠠᠳᠬᠠᠬᠤ ᠶᠠᠪᠤᠴᠠ ᠪᠤᠯᠭᠠᠬᠤ ᠬᠡᠷᠡᠭᠳᠡᠢ᠃ ᠶᠦᠨᠭᠠᠩ ᠤᠨ | ᠴᠢᠯᠠᠭᠤᠨ ᠠᠭᠤᠢ ᠳᠤ ᠠᠭᠤᠯᠤᠬᠳᠠᠵᠥ ᠪᠠᠶᠢᠭ᠎ᠠ ᠦᠨᠳᠦᠰᠦᠳᠡᠨ ᠨᠦᠭᠦᠳ ᠤᠨ ᠰᠤᠯᠢᠯᠴᠠᠭ᠎ᠠ ᠶᠠᠪᠤᠯᠴᠠᠭ᠎ᠠ | ᠠᠭᠤᠰᠤᠯᠴᠠᠯ ᠤᠨ ᠲᠡᠤᠬᠡᠨ ᠠᠭᠤᠯᠤᠬᠳᠠᠬᠤᠨ ᠢ ᠬᠦᠨᠵᠡᠬᠡᠢ ᠠᠭᠤᠳᠠᠯᠵᠥ᠂ ᠲᠤᠮᠳᠠᠳᠤ ᠶᠢᠨ ᠦᠨᠳᠦᠰᠦᠳᠡᠨ ᠤ | ᠬᠠᠮᠳᠤ ᠶᠢᠨ ᠴᠤᠭᠴᠠ ᠶᠢᠨ ᠤᠬᠠᠮᠰᠠᠷ ᠢ ᠴᠢᠩᠭᠠᠳᠬᠠᠬᠤ ᠬᠡᠷᠡᠭᠳᠡᠢ ᠬᠡᠵᠥ ᠴᠢᠬᠤᠯᠠᠴᠢᠯᠠᠪᠠ᠃ ᠵᠢᠭᠤᠯᠴᠢᠯᠠᠬᠰᠠᠳ | ᠶᠡᠷᠤᠩᠬᠡᠢ ᠱᠦᠵᠢ ᠶᠢ ᠦᠵᠡᠬᠡᠳ᠄ ︽ᠶᠡᠷᠤᠩᠬᠡᠢ ᠱᠦᠵᠢ ᠰᠠᠶᠢᠨ ᠪᠠᠶᠢᠨ᠎ᠠ ᠤᠤ︕︾ ᠬᠡᠵᠥ ᠦᠨᠳᠤᠷ | ᠲᠠᠭᠤᠨ ᠢᠶᠠᠷ ᠬᠠᠰᠬᠢᠷᠴᠦ ᠪᠠᠶᠢᠯ᠎ᠠ᠃ ᠰᠢ ᠶᠢᠨ ᠫᠢᠩ ᠤᠯᠠᠨ ᠤ ᠵᠦᠭ ᠭᠠᠷ ᠲᠠᠯᠠᠯᠤᠨ ᠮᠡᠨᠳᠤᠴᠢᠯᠡᠭᠰᠡᠡ ᠪᠦᠬᠡᠳ | ᠦᠵᠡᠮᠵᠢ ᠶᠢᠨ ᠤᠷᠤᠨ ᠤ ᠠᠵᠢᠯᠳᠠᠳ ᠲᠤ ᠬᠢᠵᠢᠭ ᠤᠨ ᠪᠠᠶᠢᠳᠠᠯ ᠤᠨ ᠪᠠᠶᠢᠩᠭᠤᠵᠢᠬᠰᠠᠠ ᠰᠡᠷᠬᠡᠶᠢᠯᠡᠨ ᠡᠵᠡᠮᠳᠡᠬᠦ | ᠠᠵᠢᠯ ᠢ ᠬᠢᠵᠥ ᠪᠠᠶᠢᠭ᠎ᠠ ᠪᠠᠶᠢᠳᠠᠯ ᠲᠤᠤᠷ᠎ᠡ ᠬᠦᠳᠦᠯᠥᠨ ᠵᠢᠯᠤᠭᠤᠳᠬᠤ ᠪᠠᠨ ᠴᠢᠩᠭᠠᠳᠬᠠᠵᠥ᠂ ᠬᠦᠮᠤᠨ ᠤ ᠲᠤᠭ᠎ᠠ ᠶᠢ | ᠬᠢᠵᠠᠭᠠᠷᠯᠠᠵᠥ᠂ ᠬᠦᠮᠥᠰ ᠶᠡᠭᠡ ᠬᠡᠪᠴᠢᠶ᠎ᠡ ᠪᠠᠷ ᠴᠤᠭᠯᠠᠷᠠᠵᠥ ᠬᠢᠵᠢᠭ ᠲᠠᠬᠢᠨ ᠡᠬᠦᠰᠬᠦ ᠠᠴᠠ ᠵᠠᠶᠢᠯᠠᠰᠬᠢᠬᠦ ᠬᠡᠷᠡᠭᠳᠡᠢ | ᠬᠡᠵᠥ ᠵᠠᠬᠢᠪᠠ᠃ | ᠱᠠᠨ ᠰᠢ ᠪᠤᠯ ᠪᠦᠬᠦ ᠤᠯᠤᠰ ᠤᠨ ᠠᠩᠬᠠᠳᠠᠭᠴᠢ ᠪᠦᠬᠦ ᠮᠤᠵᠢ ᠶᠢᠨ᠂ ᠪᠦᠬᠦ ᠤᠷᠤᠨ ᠪᠠᠶᠢᠷᠢ ᠶᠢᠨ᠂ | ᠰᠢᠰᠲ᠋ᠧᠮ ᠤᠨ ᠴᠢᠨᠠᠷᠳᠠᠢ ᠤᠯᠤᠰ ᠤᠨ ᠡᠬᠢ ᠪᠠᠶᠠᠯᠢᠭ ᠤᠨ ᠬᠡᠯᠪᠡᠷᠢ ᠶᠢᠨ ᠠᠵᠥ ᠠᠬᠤᠢ ᠶᠢᠨ ᠬᠡᠯᠪᠡᠷᠢ ᠶᠢ | ᠬᠤᠪᠢᠷᠠᠭᠤᠯᠬᠤ ᠶᠡᠷᠤᠩᠬᠡᠶᠢᠯᠡᠭᠰᠡᠡ ᠢᠵᠢ ᠪᠦᠷᠢᠳᠦᠭᠰᠡᠡ ᠦᠬᠡᠷᠡᠴᠢᠯᠡᠯᠳᠡ ᠶᠢᠨ ᠲᠤᠷᠰᠢᠯᠳᠠ ᠶᠢᠨ ᠤᠷᠤᠨ ᠪᠤᠯᠤᠨ᠎ᠠ᠃ | 12 ᠤᠨ ᠦᠳᠡ ᠶᠢᠨ ᠡᠮᠤᠨ᠎ᠡ᠂ ᠰᠢ ᠶᠢᠨ ᠫᠢᠩ ᠱᠠᠨ ᠰᠢ ᠶᠢᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ | ᠶᠡᠷᠤᠩᠬᠡᠶᠢᠯᠡᠭᠰᠡᠡ ᠦᠬᠡᠷᠡᠴᠢᠯᠡᠯᠳᠡ ᠶᠢᠨ ᠵᠢᠱᠢᠶ᠎ᠡ ᠦᠵᠡᠬᠦᠯᠬᠦ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠦᠪ ᠤᠨ ᠦᠬᠡᠷᠡᠴᠢᠯᠡᠯᠳᠡ ᠰᠢᠨᠡᠴᠢᠯᠡᠯᠳᠡ ᠶᠢᠨ ᠦᠵᠡᠬᠦᠯᠬᠡ ᠶᠢᠨ ᠲᠢᠩᠬᠢᠮ ᠳᠤ ᠢᠷᠡᠵᠥ᠂ ᠵᠢᠱᠢᠶ᠎ᠡ ᠦᠵᠡᠬᠦᠯᠬᠦ | ᠤᠷᠤᠨ ᠤ ᠪᠦᠳᠦᠬᠡᠨ ᠪᠠᠶᠢᠭᠤᠯᠤᠯᠳᠠ ᠪᠤᠯᠤᠨ ᠡᠵᠡᠩᠨᠡᠯᠳᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠴᠦ᠂ | ᠰᠢᠨ᠎ᠡ ᠡᠬᠦᠳᠦᠯᠳᠡ ᠶᠢᠨ ᠦᠢᠯᠡᠳᠬᠦᠨ ᠤ ᠦᠵᠡᠬᠦᠯᠬᠡ ᠶᠢ ᠪᠠᠶᠢᠴᠠᠭᠠᠨ ᠦᠵᠡᠪᠡ᠃ ᠰᠢ ᠶᠢᠨ ᠫᠢᠩ᠂ ᠤᠷᠳᠤ | ᠬᠤᠭᠤᠴᠠᠭᠠᠨ ᠤ ᠲᠤᠷᠰᠢ᠂ ᠱᠠᠨ ᠰᠢ ᠨᠡᠬᠦᠷᠡᠰᠤ ᠪᠠᠷ ᠬᠦᠭᠵᠢᠵᠥ᠂ ᠨᠡᠬᠦᠷᠡᠰᠤ ᠪᠠᠷ ᠬᠦᠴᠢᠷᠳᠡᠵᠥ᠂ ᠨᠡᠬᠦᠷᠡᠰᠤ ᠶᠢ | ᠯᠡ ᠡᠵᠡᠩᠨᠡᠬᠡᠳ ᠠᠵᠥ ᠦᠢᠯᠡᠰ ᠨᠢ ᠲᠠᠩ ᠴᠤᠯᠭᠤᠢ ᠪᠤᠯᠪᠠ᠃ ᠬᠦᠭᠵᠢᠯᠳᠡ ᠶᠢᠨ ᠬᠡᠯᠪᠡᠷᠢ ᠪᠠᠨ ᠬᠤᠪᠢᠷᠡᠭᠤᠯᠬᠤ | ᠶᠡᠷᠤᠩᠬᠡᠶᠢᠯᠡᠭᠰᠡᠡ ᠦᠬᠡᠷᠡᠴᠢᠯᠡᠯᠳᠡ ᠶᠢᠨ ᠵᠢᠱᠢᠶ᠎ᠡ ᠦᠵᠡᠬᠦᠯᠬᠦ ᠤᠷᠤᠨ ᠢ ᠪᠦᠳᠦᠬᠡᠨ ᠪᠠᠶᠢᠭᠤᠯᠬᠤ ᠪᠤᠯ ᠨᠠᠮ ᠤᠨ | ᠲᠦᠪ ᠬᠤᠷᠢᠶ᠎ᠡ ᠠᠴᠠ ᠱᠠᠨ ᠰᠢ ᠳᠤ ᠲᠠᠭᠠᠭᠠᠯᠭᠠᠭᠰᠠᠠ ᠴᠢᠬᠤᠯᠠ ᠡᠬᠦᠷᠬᠡ ᠪᠤᠯᠬᠤ ᠪᠦᠬᠡᠳ ᠱᠠᠨ ᠰᠢ ᠶᠢᠨ | ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠪᠡᠶᠡᠯᠡᠬᠦᠯᠬᠦ ᠵᠠᠩᠬᠢᠯᠠᠭ᠎ᠠ ᠶᠢᠨ ᠠᠷᠭ᠎ᠠ ᠪᠤᠯᠤᠨ᠎ᠠ᠃ ᠱᠠᠨ ᠰᠢ ᠶᠢᠨ ᠬᠢᠨ | ᠲᠤᠯᠭᠠᠮ ᠪᠤᠳᠤᠯ ᠲᠠᠢ ᠪᠤᠯᠬᠤ ᠬᠡᠷᠡᠭᠳᠠᠢ᠂ ᠨᠡᠩ ᠴᠦ ᠠᠯᠤᠰ ᠬᠡᠳᠤ ᠶᠢᠨ ᠪᠠᠶᠢᠯᠳᠤᠬᠤ ᠪᠤᠳᠤᠯᠭ᠎ᠠ ᠶᠢᠨ | ᠲᠦᠯᠥᠪᠯᠡᠭᠡ ᠲᠠᠢ ᠪᠠᠶᠢᠬᠤ ᠬᠡᠷᠡᠭᠳᠠᠢ᠂ ᠵᠦᠪ ᠪᠠᠶᠢᠪᠠᠯ ᠦᠷᠬᠦᠯᠵᠢᠯᠡᠨ ᠪᠠᠷᠢᠮᠳᠠᠯᠠᠵᠥ᠂ ᠤᠷᠳᠤ ᠬᠤᠭᠤᠴᠠᠭ᠎ᠠ ᠪᠠᠷ | ᠪᠠᠷᠢᠮᠳᠠᠯᠠᠬᠤ ᠬᠡᠷᠡᠭᠳᠡᠢ᠂ ᠠᠬᠢᠨ ᠲᠠᠬᠢᠨ ᠬᠤᠪᠢᠷᠠᠭᠤᠯᠵᠦ ᠪᠤᠯᠬᠤ ᠦᠬᠡᠢ᠂ ᠡᠷᠳᠡᠬᠡᠨ ᠬᠡᠯᠪᠡᠷᠢ ᠪᠠᠨ ᠬᠤᠪᠢᠷᠠᠭᠤᠯᠤᠨ | ᠬᠦᠭᠵᠢᠬᠦ ᠰᠢᠨ᠎ᠡ ᠵᠠᠮ ᠢ ᠡᠷᠢᠵᠥ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠲᠠᠶᠢᠶᠤᠸᠠᠨ ᠤ ᠪᠤᠯᠤᠳ ᠲᠡᠮᠤᠷ ᠤᠨ ᠵᠢᠪᠡᠷᠡᠬᠦ ᠦᠭᠡᠢ ᠪᠤᠯᠤᠳ ᠤᠨ ᠨᠠᠷᠢᠯᠢᠭ | ᠪᠦᠰᠡᠳᠤ ᠪᠤᠯᠤᠳ ᠤᠨ ᠬᠢᠵᠠᠭᠠᠷᠳᠤ ᠺᠤᠮᠫᠠᠨᠢ ᠳᠤ ᠬᠦᠷᠴᠤ ᠰᠢᠨᠵᠢᠯᠡᠨ ᠪᠠᠶᠢᠴᠠᠭᠠᠪᠠ᠃ ᠡᠨᠡ ᠬᠦ ᠠᠵᠤ ᠠᠬᠤᠢᠢᠯᠠᠯ ᠨᠢ | ᠲᠡᠷᠢᠬᠦᠨ ᠤ ᠦᠢᠯᠡᠳᠪᠤᠷᠢᠯᠡᠯ ᠤᠨ ᠤᠷ᠎ᠡ ᠮᠡᠷᠭᠡᠰᠢᠯ ᠳᠡᠭᠡᠨ ᠰᠠᠭᠤᠷᠢᠯᠡᠵᠤ᠂ ︽ᠭᠡᠳᠤ ᠨᠢᠮᠭᠡᠨ᠂ ᠭᠡᠳᠤ ᠵᠢᠭᠳᠡ᠂ | ᠭᠡᠳᠤ ᠬᠠᠳᠠᠭᠤ︾ ᠦᠢᠯᠡᠳᠬᠦᠨ ᠤ ᠤᠨᠴᠠᠯᠢᠭ ᠢᠶᠠᠷ ᠢᠶᠠᠨ ᠦᠳᠳᠡᠷ ᠲᠦᠷᠭᠡᠨ ᠬᠦᠭᠵᠢᠪᠡ᠃ ᠰᠢ ᠶᠢᠨ ᠫᠢᠩ | ᠦᠢᠯᠡᠳᠪᠤᠷᠢ ᠶᠢᠨ ᠲᠠᠰᠤᠭ ᠲᠤ ᠤᠷᠤᠵᠤ᠂ ᠠᠵᠤ ᠠᠬᠤᠢᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠰᠡᠨ | ᠦᠢᠯᠡᠳᠬᠦᠨ ᠤ ᠲᠡᠯᠭᠡᠨ ᠦᠵᠡᠬᠦᠯᠭᠡ ᠶᠢ ᠪᠠᠶᠢᠴᠠᠭᠠᠨ ᠦᠵᠡᠵᠤ᠂ ᠠᠵᠤ ᠠᠬᠤᠢᠢᠯᠠᠯ ᠤᠨ ᠠᠵᠢᠯᠯᠠᠭᠠᠨ ᠤ ᠪᠠᠶᠢᠳᠠᠯ ᠢ | ᠤᠢᠢᠯᠠᠭᠠᠪᠠ᠃ ᠬᠢᠯᠠᠭᠠᠷ ᠮᠠᠰᠢᠨ ᠴᠤᠬᠴᠠᠯᠠᠪᠤᠷᠢ ᠶᠢᠨ ᠡᠮᠤᠨ᠎ᠡ᠂ ᠰᠢ ᠶᠢᠨ ᠫᠢᠩ 0.02 ᠮᠢᠯᠢᠮᠧᠲᠷ ᠯᠡ ᠵᠤᠵᠠᠭᠠᠨ | ᠵᠢᠪᠡᠷᠡᠬᠦ ᠦᠭᠡᠢ ᠪᠤᠯᠤᠳ ᠤᠨ ᠢᠯᠳᠡᠰᠤ ᠶᠢᠨ ︽ᠭᠡᠳᠤ ᠨᠢᠮᠭᠡᠨ ᠪᠤᠯᠤᠳ︾ ᠦᠢᠯᠡᠳᠬᠦᠨ ᠢ ᠮᠠᠰᠢ ᠤᠷᠮ᠎ᠡ ᠲᠠᠢ | ᠰᠤᠨᠢᠷᠬᠠᠪᠠ᠃ ᠰᠢ ᠶᠢᠨ ᠫᠢᠩ᠂ ᠦᠢᠯᠡᠳᠬᠦᠨ ᠪᠤᠯᠤᠨ ᠮᠡᠷᠭᠡᠵᠢᠯ ᠪᠤᠯ ᠠᠵᠤ ᠠᠬᠤᠢᠢᠯᠠᠯ ᠤᠨ ᠤᠷᠤᠰᠢᠨ | ᠲᠤᠬᠳᠠᠨᠢᠬᠤ ᠦᠨᠳᠤᠰᠤ ᠮᠦᠨ᠃ ᠠᠵᠤ ᠠᠬᠤᠢᠢᠯᠠᠯ ᠤᠨ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠬᠦᠳᠬᠦ ᠲᠡᠯ᠎ᠡ ᠪᠠᠷ ᠴᠤᠴᠠᠯᠳᠠ ᠦᠭᠡᠢ ᠴᠢᠷᠮᠠᠶᠢᠵᠤ᠂ ᠵᠤᠷᠢᠬᠳᠠᠢ ᠪᠠᠷ ᠦᠨᠳᠤᠷ ᠤᠷᠬᠢᠯ ᠳᠤ ᠠᠪᠠᠷᠢᠵᠤ᠂ | ᠲᠡᠷᠢᠬᠦᠨ ᠤ ᠦᠢᠯᠡᠳᠬᠦ ᠦᠢᠯᠡᠰ ᠤᠨ ᠬᠦᠭᠵᠢᠯᠳᠠ ᠶᠢ ᠲᠤᠯᠭᠠᠭᠤᠷᠢᠯᠠᠬᠤ ᠲᠠᠯ᠎ᠡ ᠪᠠᠷ ᠨᠡᠩ ᠶᠡᠭᠡ ᠰᠢᠨ᠎ᠡ ᠠᠯᠬᠤᠮ ᠢ | ᠠᠯᠬᠤᠬᠤ ᠭᠡᠷᠡᠭᠳᠠᠢ᠃ ᠤᠳᠤᠬᠠᠨ ᠳᠤ᠂ ᠪᠦᠬᠦ ᠤᠯᠤᠰ ᠤᠨ ᠬᠢᠵᠢᠭ ᠢ ᠰᠡᠷᠭᠡᠶᠢᠯᠡᠬᠦ ᠠᠵᠢᠯ ᠰᠢᠨ᠎ᠡ ᠱᠠᠳᠤᠨ ᠳᠤ | ᠤᠷᠤᠪᠠ᠂ ᠯᠤᠳᠤ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠮᠵᠢ ᠤᠯᠬᠤ ᠶᠢᠨ ᠵᠡᠷᠭᠡ ᠪᠠᠷ ᠭᠠᠳᠠᠨ᠎ᠡ ᠠᠴᠠ | ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ ᠲᠠᠬᠢᠨ ᠡᠬᠦᠰᠬᠦ ᠶᠢ ᠰᠡᠷᠭᠡᠶᠢᠯᠡᠬᠦ | ᠲᠠᠷᠤᠯᠳᠠ ᠳᠤ ᠲᠤᠯᠭᠠᠷᠠᠵᠤ ᠪᠠᠶᠢᠨ᠎ᠡ᠂ ᠠᠵᠤ ᠠᠬᠤᠢᠢᠯᠠᠯ ᠤᠨ ᠬᠢᠨ ᠠᠯᠮᠠᠶᠢᠷᠠᠨ ᠲᠠᠶᠢᠪᠤᠰᠢᠷᠠᠵᠤ ᠡᠷᠴᠢ ᠪᠠᠨ | ᠰᠤᠯᠠᠷᠠᠭᠤᠯᠵᠤ ᠪᠤᠯᠬᠤ ᠦᠭᠡᠢ᠂ ᠡᠯ᠎ᠡ ᠵᠦᠢᠯ ᠤᠨ ᠰᠡᠷᠭᠡᠶᠢᠯᠡᠯᠳᠠ ᠶᠢᠨ ᠠᠷᠭ᠎ᠠ ᠬᠡᠮᠵᠢᠶ᠎ᠡ ᠶᠢ ᠦᠷᠬᠦᠯᠵᠢᠯᠡᠨ ᠴᠢᠩᠭ᠎ᠠ | ᠠᠳᠬᠤᠵᠤ ᠪᠤᠳᠠᠳᠠᠢ ᠠᠳᠬᠤᠨ ᠨᠠᠷᠢᠯᠢᠭ ᠠᠳᠬᠤᠵᠤ᠂ ᠨᠡᠩ ᠰᠠᠶᠢᠨ ᠢᠶᠠᠷ ᠠᠵᠢᠯ ᠢᠶᠠᠨ ᠰᠡᠷᠬᠦᠭᠡᠵᠤ | ᠦᠢᠯᠡᠳᠪᠤᠷᠢᠯᠡᠯ ᠢᠶᠠᠨ ᠰᠡᠷᠬᠦᠭᠡᠵᠤ᠂ ᠠᠶᠤᠯᠬᠦᠢ ᠦᠢᠯᠡᠳᠪᠤᠷᠢᠯᠡᠯ᠂ ᠡᠷᠡᠬᠦᠯ ᠡᠩᠭᠡ ᠦᠢᠯᠡᠳᠪᠤᠷᠢᠯᠡᠯ ᠢ ᠪᠠᠶᠠᠯᠡᠬᠦᠯᠵᠤ᠂ | ᠠᠯᠳᠠᠬᠰᠡᠨ ᠴᠠᠭ ᠬᠤᠭᠤᠴᠠᠭ᠎ᠠ ᠪᠠᠨ ᠡᠭᠡᠬᠦᠯᠦᠨ ᠠᠪᠴᠢᠷᠠᠵᠤ᠂ ᠡᠨᠡ ᠵᠢᠯ ᠤᠨ ᠬᠠᠷᠠᠯᠳᠠ ᠡᠬᠦᠷᠭᠡ ᠪᠠᠨ ᠴᠢᠷᠮᠠᠶᠢᠨ | ᠪᠡᠶᠡᠯᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠹᠧᠨᠾᠧ ᠭᠤᠤᠯ ᠪᠤᠯ ᠱᠠᠨ ᠰᠢ ᠶᠢᠨ ᠡᠵᠢ ᠭᠤᠤᠯ ᠪᠤᠯᠬᠤ ᠪᠦᠭᠡᠳ ᠪᠠᠰᠠ ᠬᠠᠳᠤᠨ ᠭᠤᠤᠯ ᠤᠨ | ᠬᠤᠶᠠᠳᠤᠭᠠᠷ ᠶᠡᠭᠡ ᠰᠠᠯᠪᠤᠷᠢ ᠤᠷᠤᠰᠬᠠᠯ ᠪᠤᠯᠤᠨ᠎ᠠ᠂ ᠲᠠᠶᠢᠶᠤᠸᠠᠨ ᠬᠤᠳᠠ ᠶᠢᠨ ᠲᠤᠭᠤᠷᠢᠭ ᠲᠤ 9 ᠭᠤᠤᠯ ᠰᠠᠯᠪᠤᠷᠢ | ᠤᠷᠤᠰᠬᠠᠯ ᠪᠤᠢ᠃ ᠲᠡᠤᠭᠡᠨ ᠰᠢᠯᠳᠠᠭᠠᠨ ᠠᠴᠠ ᠪᠤᠯᠵᠤ᠂ ᠹᠧᠨᠾᠧ ᠭᠤᠤᠯ ᠤᠨ ᠤᠰᠤ ᠨᠢ ᠨᠢᠭᠡ ᠦᠶ᠎ᠡ ᠬᠦᠨᠳᠤ | ᠨᠤᠴᠢᠳᠠᠢ ᠪᠤᠬᠢᠷᠳᠤᠵᠤ ᠦᠡᠭᠭᠡᠷᠡᠪᠡ᠃ 2017 ᠤᠨ ᠤ 6 ᠰᠠᠷ᠎ᠡ ᠳᠤ᠂ ᠰᠢ ᠶᠢᠨ ᠫᠢᠩ ᠱᠠᠨ ᠰᠢ ᠳᠤ ᠰᠢᠨᠵᠢᠯᠡᠨ | ᠪᠠᠶᠢᠴᠠᠭᠠᠬᠤ ᠳᠠᠭᠠᠨ ᠹᠧᠨᠾᠧ ᠭᠤᠤᠯ ᠤᠨ ︽ᠤᠰᠤᠨ ᠤ ᠬᠡᠮᠵᠢᠶ᠎ᠡ ᠶᠢ ᠨᠢ ᠨᠡᠮᠡᠭᠳᠡᠭᠦᠯᠵᠦ᠂ ᠤᠰᠤᠨ ᠤ ᠴᠢᠨᠠᠷ ᠢ ᠨᠢ | ᠰᠠᠶᠢᠵᠢᠷᠠᠭᠤᠯᠤᠨ᠂ ᠦᠵᠡᠮᠵᠢ ᠶᠢ ᠨᠢ ᠭᠤᠶᠤᠵᠢᠭᠤᠯᠬᠤ︾ ᠱᠠᠭᠠᠷᠳᠠᠯᠭ᠎ᠠ ᠲᠤᠷᠠᠳᠪᠠ᠃ ᠹᠧᠨᠾᠧ ᠭᠤᠤᠯ ᠤᠨ | ᠤᠰᠤᠨ ᠤ ᠴᠢᠨᠠᠷ ᠢ ᠲᠡᠭᠡᠭᠰᠢᠯᠡᠬᠦᠯᠵᠤ᠂ ᠬᠤᠳᠠ ᠶᠢᠨ ᠠᠮᠢ ᠠᠬᠤᠢ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ | ᠲᠦᠯᠦᠭᠡ᠂ ᠲᠠᠶᠢᠶᠤᠸᠠᠨ ᠬᠤᠳᠠ ︽ᠶᠢᠰᠦᠨ ᠭᠤᠤᠯ︾ ᠢ ᠶᠡᠷᠤᠩᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ | 2018 ᠤᠨ ᠳᠤ ᠪᠦᠬᠦ ᠲᠠᠯ᠎ᠡ ᠪᠠᠷ ᠠᠵᠢᠯ ᠢᠶᠠᠨ ᠲᠠᠭᠤᠰᠬᠠᠪᠠ᠃ 12 ᠤᠨ ᠦᠳᠠ ᠳᠤ᠂ ᠰᠢ ᠶᠢᠨ ᠫᠢᠩ ᠹᠧᠨᠾᠧ | ᠭᠤᠤᠯ ᠤᠨ ᠲᠠᠶᠢᠶᠤᠸᠠᠨ ᠤ ᠬᠤᠳᠠ ᠶᠢᠨ ᠲᠤᠭᠤᠷᠢᠭ ᠲᠠᠬᠢ ᠵᠢᠨᠶᠠᠩ ᠬᠦᠬᠦᠷᠭᠡ ᠶᠢᠨ ᠭᠡᠰᠡᠭ ᠲᠤ ᠲᠤᠰᠬᠠᠢᠢᠯᠠᠨ | ᠬᠦᠷᠴᠤ᠂ ᠲᠠᠶᠢᠶᠤᠸᠠᠨ ᠬᠤᠳᠠ ᠶᠢᠨ ᠹᠧᠨᠾᠧ ᠭᠤᠤᠯ ᠵᠢᠴᠢ ︽ᠶᠢᠰᠦᠨ ᠭᠤᠤᠯ︾ ᠢ ᠶᠡᠷᠤᠩᠭᠡᠶᠢᠯᠡᠨ ᠵᠠᠰᠬᠠᠤ᠂ | ᠰᠠᠪᠠ ᠭᠠᠵᠠᠷ ᠤᠨ ᠠᠮᠢ ᠠᠬᠤᠢ ᠶᠢ ᠵᠠᠰᠠᠨ ᠰᠡᠷᠬᠦᠭᠡᠬᠦ ᠵᠡᠷᠭᠡ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ | ᠹᠧᠨᠾᠧ ᠭᠤᠤᠯ ᠤᠨ ᠤᠰᠤᠨ ᠤ ᠵᠠᠰᠠᠯᠳᠠ ᠵᠢᠴᠢ ᠬᠤᠶᠠᠷ ᠬᠦᠪᠡᠭᠡᠨ ᠤ ᠠᠮᠢ ᠠᠬᠤᠢ ᠶᠢᠨ ᠬᠠᠮᠠᠭᠠᠯᠠᠯᠳᠠ᠂ | ᠬᠤᠳᠠ ᠶᠢᠨ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠭᠤᠤᠯ ᠤᠨ ᠬᠦᠪᠡᠭᠡ ᠲᠠᠭᠠᠤ | ᠶᠠᠪᠠᠭᠠᠨ ᠢᠶᠠᠷ ᠪᠠᠶᠢᠴᠠᠭᠠᠨ ᠦᠵᠡᠵᠤ᠂ ᠲᠠᠶᠢᠶᠤᠸᠠᠨ ᠤ ᠹᠧᠨᠾᠧ ᠭᠤᠤᠯ ᠤᠨ ᠬᠦᠪᠡᠭᠡ ᠲᠠᠭᠠᠤ ᠠᠮᠢ ᠠᠬᠤᠢ ᠤᠷᠴᠢᠨ | ᠲᠤᠭᠤᠷᠢᠨ ᠤ ᠯᠤᠳᠤ ᠶᠡᠭᠡ ᠬᠤᠪᠢᠷᠠᠯᠳᠠ ᠳᠤ ᠪᠠᠶᠠᠷᠯᠠᠵᠤ ᠪᠠᠶᠢᠬᠤ ᠪᠠᠨ ᠢᠯᠡᠳᠭᠡᠪᠡ᠃ ᠰᠢ ᠶᠢᠨ ᠫᠢᠩ᠂ ᠹᠧᠨᠾᠧ | ᠭᠤᠤᠯ ᠢ ᠵᠠᠰᠠᠬᠤ ᠨᠢ ᠱᠠᠨ ᠰᠢ ᠶᠢᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠠᠵᠤ ᠠᠬᠤᠢ ᠶᠢᠨ | ᠬᠦᠭᠵᠢᠯᠳᠠ ᠲᠠᠢ ᠬᠤᠯᠪᠤᠬᠳᠠᠬᠤ ᠪᠦᠭᠡᠳ ᠪᠠᠰᠠ ᠲᠠᠶᠢᠶᠤᠸᠠᠨ ᠴᠢᠨᠠᠬᠰᠢᠯᠠᠪᠠᠯ ᠱᠠᠨ ᠰᠢ ᠶᠢᠨ ᠲᠡᠤᠭᠡ ᠰᠤᠶᠤᠯ ᠤᠨ | ᠤᠯᠠᠮᠵᠢᠯᠠᠯ ᠲᠠᠢ ᠬᠤᠯᠪᠤᠬᠳᠠᠨ᠎ᠠ᠃ ᠠᠭᠤᠯᠠ ᠤᠰᠤ ᠤᠢ ᠮᠤᠳᠤ ᠨᠠᠭᠤᠷ ᠪᠦᠷᠢᠳᠤ ᠨᠤᠳᠤᠭ ᠪᠡᠯᠴᠢᠭᠡᠷ ᠢ ᠨᠢᠭᠡ | ᠴᠤᠬᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠬᠦᠭᠡᠬᠦ ᠶᠢ ᠪᠠᠷᠢᠮᠳᠠᠯᠠᠵᠤ᠂ ᠰᠠᠪᠠ ᠭᠠᠵᠠᠷ ᠤᠨ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠶᠢ ᠠᠬᠢᠭᠤᠯᠬᠤ ᠪᠠ ᠡᠨᠧᠷᠬᠢ ᠶᠢᠨ ᠬᠤᠪᠢᠰᠬᠠᠯ ᠢ ᠠᠬᠢᠭᠤᠯᠬᠤ᠂ ᠪᠤᠬᠢᠷᠳᠦᠯ ᠦᠭᠡᠢ | ᠦᠢᠯᠡᠳᠪᠤᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠭᠡᠷᠡᠭᠵᠢᠬᠦᠯᠬᠦ᠂ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠬᠦᠭᠵᠢᠬᠦ ᠶᠢ ᠠᠬᠢᠭᠤᠯᠬᠤ ᠶᠢ ᠨᠢᠭᠡᠳᠦᠯᠳᠠᠢ ᠲᠦᠯᠦᠪᠵᠢᠬᠦᠯᠵᠤ᠂ ᠠᠭᠤᠯᠠ ᠶᠢ ᠵᠠᠰᠬᠠᠤ᠂ ᠤᠰᠤ ᠶᠢ | ᠵᠠᠰᠠᠬᠤ᠂ ᠠᠭᠠᠷ ᠮᠠᠨᠳᠠᠯ ᠤᠨ ᠪᠤᠬᠢᠷᠳᠦᠯ ᠢ ᠵᠠᠰᠬᠠᠤ᠂ ᠬᠤᠳᠠ ᠶᠢ ᠵᠠᠰᠠᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ | ᠦᠷᠬᠦᠯᠵᠢᠯᠡᠨ ᠬᠦᠴᠤᠯᠠᠵᠤ᠂ ︽ᠦᠵᠡᠰᠬᠦᠯᠡᠩᠳᠤ ᠰᠠᠶᠢᠬᠠᠨ ᠲᠠᠶᠢᠶᠤᠸᠠᠨ ᠬᠤᠳᠠ︾ ᠶᠢᠨ ᠬᠦᠭᠵᠢᠶᠠᠨᠳᠤ ᠪᠠᠶᠢᠳᠠᠯ ᠢ | ᠲᠠᠬᠢᠨ ᠢᠯᠡᠷᠡᠬᠦᠯᠵᠤ᠂ ᠲᠠᠶᠢᠶᠤᠸᠠᠨ ᠤ ᠲᠠᠳᠠᠬᠤ ᠬᠦᠴᠤᠨ᠂ ᠨᠦᠯᠦᠭᠡᠯᠡᠬᠦ ᠬᠦᠴᠤᠨ ᠢ ᠲᠠᠰᠤᠷᠠᠯᠳᠠ ᠦᠭᠡᠢ | ᠴᠢᠩᠭᠠᠳᠬᠠᠵᠤ᠂ ᠲᠠᠶᠢᠶᠤᠸᠠᠨ ᠤ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠨᠡᠮᠡᠭᠳᠡᠬᠦᠯᠬᠦ ᠭᠡᠷᠡᠭᠳᠠᠢ ᠭᠡᠵᠦ ᠵᠢᠭᠠᠵᠦ ᠭᠠᠷᠭᠠᠪᠠ᠃ ᠭᠤᠤᠯ ᠤᠨ ᠬᠦᠪᠡᠭᠡ ᠪᠠᠷ᠂ ᠮᠠᠰᠢ | ᠤᠯᠠᠨ ᠬᠤᠳᠠ ᠶᠢᠨ ᠠᠷᠠᠳ ᠶᠠᠭ ᠰᠠᠶᠢᠬᠠᠨ ᠰᠡᠯᠡᠬᠦᠴᠡᠨ ᠲᠤᠭᠤᠷᠢᠵᠤ ᠪᠠᠶ᠎ᠡ ᠪᠠᠨ ᠴᠢᠬᠢᠷᠠᠭᠵᠢᠭᠤᠯᠵᠦ ᠪᠠᠶᠢᠯ᠎ᠡ᠂ | ᠶᠡᠷᠤᠩᠭᠡᠢ ᠱᠦᠵᠢ ᠶᠢᠨ ᠬᠦᠷᠴᠤ ᠢᠷᠡᠭᠰᠡᠨ ᠢ ᠤᠯᠵᠤ ᠦᠵᠡᠭᠡᠳ᠂ ᠪᠠᠶᠠᠷᠯᠡᠯᠳᠤᠨ ᠬᠦᠭᠡᠷᠤᠯᠳᠤᠵᠤ ᠪᠦᠬᠦᠳᠡᠭᠡᠷ | ᠬᠦᠷᠢᠶᠠᠯᠡᠨ ᠢᠷᠡᠵᠤ ᠶᠡᠷᠤᠩᠭᠡᠢ ᠱᠦᠵᠢ ᠲᠠᠢ ᠮᠡᠨᠳᠦᠴᠢᠯᠡᠨ᠎ᠡ᠃ ᠰᠢ ᠶᠢᠨ ᠫᠢᠩ ᠤᠯᠠᠨ ᠤ ᠪᠡᠶ᠎ᠡ ᠮᠠᠬᠠᠪᠤᠳ ᠡᠷᠡᠬᠦᠯ | ᠴᠢᠬᠢᠷᠠᠭ᠂ ᠠᠵᠤ ᠠᠮᠢᠳᠤᠷᠠᠯ ᠪᠠᠶᠠᠷ ᠬᠦᠷ ᠲᠠᠢ ᠪᠠᠶᠢᠬᠤ ᠶᠢ ᠬᠦᠰᠡᠨ ᠵᠦᠡᠭᠨᠡᠪᠡ᠃ | 12 ᠤᠨ ᠦᠳᠠ ᠶᠢᠨ ᠬᠤᠶᠢᠨ᠎ᠡ᠂ ᠰᠢ ᠶᠢᠨ ᠫᠢᠩ ᠱᠠᠨ ᠰᠢ ᠮᠤᠵᠢ ᠶᠢᠨ ᠨᠠᠮ ᠤᠨ ᠬᠤᠷᠢᠶ᠎ᠡ ᠪᠤᠯᠤᠨ | ᠮᠤᠵᠢ ᠶᠢᠨ ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠱᠠᠨ ᠰᠢ ᠶᠢᠨ ᠡᠯ᠎ᠡ | ᠵᠦᠢᠯ ᠤᠨ ᠠᠵᠢᠯ ᠢ ᠨᠤᠳᠠᠯᠠᠪᠠ᠃ ᠰᠢ ᠶᠢᠨ ᠫᠢᠩ᠂ ᠤᠳᠤᠬᠠᠨ ᠳᠤ ᠮᠠᠨ ᠤ ᠤᠯᠤᠰ ᠭᠠᠳᠠᠨ᠎ᠡ ᠠᠴᠠ ᠬᠠᠯᠳᠠᠪᠤᠷᠢᠯᠡᠨ | ᠤᠷᠤᠵᠤ ᠢᠷᠠᠬᠦ ᠶᠢ ᠰᠡᠷᠭᠡᠶᠢᠯᠡᠬᠦ ᠲᠠᠷᠤᠯᠳᠠ ᠦᠷᠬᠦᠯᠵᠢᠯᠡᠨ ᠨᠡᠮᠡᠭᠳᠡᠵᠦ᠂ ᠤᠯᠤᠰ ᠤᠨ ᠲᠤᠳᠤᠭᠠᠳᠤ ᠳᠤ ᠬᠢᠵᠢᠭ ᠤᠨ | ᠪᠠᠶᠢᠳᠠᠯ ᠲᠠᠬᠢᠨ ᠡᠬᠦᠰᠬᠦ ᠠᠶᠤᠯ ᠲᠦᠭᠰᠢᠬᠦᠷᠢ ᠤᠷᠤᠰᠢᠬᠰᠠᠭᠠᠷ ᠪᠠᠶᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠨᠡ ᠬᠦ ᠰᠢᠵᠢᠮ ᠢ ᠴᠢᠩᠭᠠᠯᠠᠵᠦ᠂ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠵᠤ᠂ | ᠲᠤᠳᠤᠭᠠᠳᠤ ᠳᠠᠭᠠᠨ ᠲᠠᠬᠢᠨ ᠡᠬᠦᠰᠬᠦ ᠶᠢ ᠰᠡᠷᠭᠡᠶᠢᠯᠡᠬᠦ ᠶᠢ ᠪᠠᠷᠢᠮᠳᠠᠯᠠᠵᠤ᠂ ᠪᠠᠶᠢᠡᠭᠭᠤᠵᠢᠬᠰᠡᠨ ᠰᠡᠷᠭᠡᠶᠢᠯᠡᠨ ᠡᠵᠡᠮᠳᠡᠬᠦ | ᠲᠤᠬᠳᠠᠴᠠ ᠶᠢ ᠲᠡᠬᠦᠯᠳᠡᠷᠵᠢᠬᠦᠯᠵᠤ᠂ ᠬᠢᠵᠢᠭ ᠤᠨ ᠪᠠᠶᠢᠳᠠᠯ ᠤᠨ ᠰᠢᠨ᠎ᠡ ᠪᠠᠷ ᠦᠷᠪᠢᠰᠦᠨ ᠲᠡᠯᠭᠡᠷᠡᠬᠦ ᠴᠡᠭ ᠢ ᠡᠷᠡᠰ | ᠰᠡᠷᠭᠡᠶᠢᠯᠡᠵᠤ᠂ ᠶᠠᠭᠠᠬᠢᠬᠰᠡᠨ ᠴᠤ ᠤᠷᠢᠳᠤᠬᠢ ᠴᠢᠷᠮᠠᠶᠢᠯᠭ᠎ᠠ ᠪᠠᠨ ᠲᠠᠯᠠᠭᠠᠷᠳᠠᠭᠤᠯᠵᠦ ᠪᠤᠯᠬᠤ ᠦᠭᠡᠢ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠠᠵᠤ ᠠᠬᠤᠢᠢᠯᠠᠯ ᠤᠨ ᠤᠢᠢᠯᠡᠳᠪᠤᠷᠢᠯᠡᠯ ᠡᠵᠡᠩᠨᠠᠯᠳᠠ ᠪᠠᠨ ᠰᠡᠷᠬᠦᠬᠡᠬᠦ ᠳᠤ ᠲᠤᠯᠭᠠᠷᠠᠵᠤ | ᠪᠦᠬᠦᠢ ᠡᠯ᠎ᠠ ᠵᠦᠢᠯ ᠤᠨ ᠬᠦᠴᠢᠷᠳᠠᠯ ᠪᠤᠯᠤᠨ ᠠᠰᠠᠭᠤᠳᠠᠯ ᠢ ᠨᠡᠩ ᠴᠠᠬ ᠲᠤᠬᠠᠢ ᠳᠤᠨᠢ ᠪᠦᠳᠤᠮᠵᠢᠳᠠᠢ ᠪᠠᠷ | ᠰᠢᠢᠳᠪᠤᠷᠢᠯᠠᠵᠤ᠂ ᠳᠤᠳᠤᠭᠠᠳᠤ ᠭᠡᠷᠡᠭᠴᠡᠭᠡ ᠶᠢ ᠦᠷᠬᠡᠳᠬᠡᠬᠦ ᠡᠯ᠎ᠠ ᠵᠦᠢᠯ ᠤᠨ ᠲᠦᠷᠤ ᠶᠢᠨ ᠪᠤᠳᠤᠯᠭ᠎ᠠ ᠠᠷᠭ᠎ᠠ | ᠬᠡᠮᠵᠢᠶ᠎ᠠ ᠶᠢ ᠪᠤᠳᠠᠳᠠᠢ ᠠᠳᠬᠤᠵᠤ᠂ ᠪᠤᠳᠠᠳᠤ ᠴᠤᠬᠴᠠ ᠶᠢᠨ ᠠᠵᠤ ᠠᠬᠤᠢ ᠢᠯᠠᠩᠭᠤᠶ᠎ᠠ ᠤᠢᠢᠯᠡᠳᠬᠦ ᠤᠢᠢᠯᠡᠰ ᠢ | ᠬᠦᠴᠦᠷᠭᠡᠭᠵᠢᠬᠦᠯᠤᠨ ᠰᠢᠯᠢᠳᠡᠭᠵᠢᠬᠦᠯᠵᠤ᠂ ᠴᠢᠬᠤᠯᠡ ᠶᠡᠭᠡ ᠪᠡᠯᠡ ᠤᠷᠤᠭᠤᠯᠤᠯᠳᠠ ᠶᠢᠨ ᠲᠦᠷᠤᠯ ᠵᠦᠢᠯ ᠤᠨ | ᠲᠠᠭᠠᠭᠤᠯᠬᠤ ᠤᠢᠢᠯᠡᠳᠤᠯ ᠢ ᠪᠠᠳᠠᠷᠠᠭᠤᠯᠵᠤ᠂ ᠡᠨᠧᠷᠬᠢ ᠶᠢᠨ ᠬᠤᠪᠢᠰᠬᠠᠯ ᠤᠨ ᠶᠠᠷᠤᠩᠬᠡᠶᠢᠯᠡᠭᠰᠡᠨ ᠦᠬᠡᠷᠡᠴᠢᠯᠠᠯᠳᠠ ᠶᠢᠨ | ᠲᠤᠷᠰᠢᠯᠳᠠ ᠶᠢᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠠᠵᠤ ᠤᠢᠢᠯᠡᠰ ᠤᠨ ᠪᠦᠳᠤᠴᠠ ᠳᠤ | ᠲᠤᠬᠢᠷᠠᠭᠤᠯᠤᠯᠳᠠ ᠬᠢᠵᠤ ᠰᠢᠯᠢᠳᠡᠭᠵᠢᠬᠦᠯᠬᠦ ᠶᠢ ᠦᠷᠬᠦᠯᠵᠢᠯᠠᠨ ᠠᠬᠢᠭᠤᠯᠵᠤ᠂ ᠨᠢᠬᠡ ᠪᠦᠯᠦᠭ ᠬᠤᠪᠢᠰᠤᠯᠳᠠ ᠶᠢᠨ | ᠴᠢᠨᠠᠷᠳᠠᠢ᠂ ᠬᠦᠳᠤᠯᠤᠨ ᠲᠠᠶᠢᠴᠢᠯᠠᠬᠤ ᠴᠢᠨᠠᠷᠳᠠᠢ᠂ ᠪᠡᠯᠭᠡ ᠲᠡᠮᠳᠡᠭ ᠤᠨ ᠴᠢᠨᠠᠷᠳᠠᠢ ᠠᠷᠭ᠎ᠠ ᠬᠡᠮᠵᠢᠶ᠎ᠠ ᠶᠢ | ᠭᠡᠷᠡᠭᠵᠢᠬᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ ᠶᠢ ᠡᠬᠦᠳᠬᠦ ᠶᠢ ᠶᠡᠭᠡ ᠪᠠᠷ ᠴᠢᠩᠭᠠᠳᠬᠠᠵᠤ᠂ | ᠰᠢᠨ᠎ᠠ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ᠂ ᠰᠢᠨ᠎ᠠ ᠮᠡᠷᠬᠡᠵᠢᠯ᠂ ᠰᠢᠨ᠎ᠠ ᠮᠠᠲ᠋ᠧᠷᠢᠶᠠᠯ᠂ ᠰᠢᠨ᠎ᠠ | ᠲᠤᠨᠤᠭᠯᠠᠯ᠂ ᠰᠢᠨ᠎ᠠ ᠤᠢᠢᠯᠡᠳᠬᠦᠨ᠂ ᠰᠢᠨ᠎ᠠ ᠡᠵᠡᠩᠨᠠᠯᠳᠠ ᠶᠢᠨ ᠬᠡᠯᠪᠡᠷᠢ ᠶᠢᠨ ᠲᠠᠯ᠎ᠠ ᠪᠠᠷ ᠲᠠᠰᠤᠷᠠᠯᠳᠠ ᠦᠬᠡᠢ | ᠰᠢᠪᠳᠤᠯᠤᠯᠳᠠ ᠭᠠᠷᠭᠠᠵᠦ᠂ ᠤᠯᠤᠰ ᠤᠨ ᠦᠮᠴᠢᠯᠠᠯ ᠤᠨ ᠠᠵᠤ ᠠᠬᠤᠢᠢᠯᠠᠯ ᠤᠯᠤᠰ ᠤᠨ ᠦᠮᠴᠢᠯᠠᠯ ᠤᠨ ᠡᠳ᠋ | ᠬᠦᠷᠤᠩᠬᠡ᠂ ᠡᠳ᠋ ᠤᠨ ᠵᠠᠰᠠᠬ ᠭᠠᠶᠢᠯᠢ ᠲᠠᠳᠠᠪᠤᠷᠢ ᠮᠦᠩᠬᠦᠨ ᠬᠦᠢᠯᠬᠡᠬᠡ᠂ ᠬᠤᠳᠠᠯᠳᠤᠭ᠎ᠠ ᠡᠷᠬᠢᠯᠡᠬᠦ ᠤᠷᠴᠢᠨ | ᠨᠦᠬᠦᠴᠠᠯ᠂ ᠠᠷᠠᠳ ᠤᠨ ᠡᠵᠡᠩᠨᠠᠯᠳᠠ ᠶᠢᠨ ᠠᠵᠤ ᠠᠬᠤᠢ᠂ ᠳᠤᠳᠤᠭᠠᠳᠤ ᠭᠡᠷᠡᠭᠴᠡᠭᠡ ᠶᠢ ᠦᠷᠬᠡᠳᠬᠡᠬᠦ᠂ ᠬᠤᠳᠠ | ᠬᠦᠳᠡᠭᠡ ᠶᠢ ᠠᠭᠤᠰᠤᠯᠴᠠᠭᠤᠯᠬᠤ ᠵᠡᠷᠬᠡ ᠭᠤᠤᠯᠳᠠᠯᠭ᠎ᠠ ᠲᠠᠢ ᠦᠬᠡᠷᠡᠴᠢᠯᠠᠯᠳᠠ ᠶᠢᠨ ᠬᠦᠷᠢᠶᠠᠨ ᠳᠤ ᠪᠡᠷᠭᠡ ᠶᠢ ᠳᠠᠪᠠᠨ | ᠬᠦᠴᠢᠷ ᠢ ᠲᠤᠭᠤᠯᠵᠦ᠂ ᠭᠠᠳᠠᠭᠠᠳᠤ ᠨᠡᠭᠡᠭᠡᠯᠳᠠ ᠶᠢᠨ ᠪᠠᠶᠢᠭᠤᠯᠤᠮᠵᠢ ᠲᠤᠭᠳᠠᠴᠠ ᠶᠢ ᠪᠠᠶᠢᠭᠤᠯᠤᠨ | ᠲᠡᠬᠦᠯᠳᠡᠷᠵᠢᠬᠦᠯᠵᠤ᠂ ᠬᠦᠴᠦᠷᠭᠡᠭᠵᠢᠬᠦ ᠪᠠᠷ ᠬᠦᠴᠤᠯᠠᠨ ᠴᠢᠷᠮᠠᠶᠢᠵᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ | ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠᠨ ᠮᠦᠩᠬᠦᠨ ᠠᠭᠤᠯᠠ ᠮᠦᠨ ᠬᠡᠬᠦ | ᠤᠢᠢᠯᠠᠭᠠᠭᠳᠠᠬᠤᠨ ᠢ ᠪᠠᠳᠤ ᠪᠤᠢ ᠪᠤᠯᠭᠠᠵᠤ᠂ ︽ᠢᠦ ᠢᠤᠢ ᠶᠢᠨ ᠵᠤᠷᠢᠬ ᠰᠠᠨᠠᠭ᠎ᠠ︾ ᠶᠢ ᠪᠠᠳᠠᠷᠠᠭᠤᠯᠵᠤ᠂ ᠠᠭᠤᠯᠠ | ᠤᠰᠤ ᠲᠠᠷᠢᠶᠠᠨ ᠭᠠᠵᠠᠷ ᠨᠠᠭᠤᠷ ᠪᠦᠷᠢᠳᠤ ᠨᠤᠳᠤᠬ ᠪᠡᠯᠴᠢᠬᠡᠷ ᠢ ᠰᠢᠰᠲ᠋ᠧᠮ ᠲᠠᠢ ᠵᠠᠰᠠᠬᠤ ᠶᠢ ᠠᠬᠢᠭᠤᠯᠵᠤ᠂ ︽ | ᠬᠤᠶᠠᠷ ᠠᠭᠤᠯᠠ ᠲᠤᠯᠤᠭᠠᠨ ᠭᠤᠤᠯ ᠨᠢᠬᠡ ᠰᠠᠪᠠ ᠭᠠᠵᠠᠷ︾ ᠤᠨ ᠠᠮᠢ ᠠᠬᠤᠢ ᠶᠢ ᠰᠡᠷᠬᠦᠬᠡᠨ ᠵᠠᠰᠠᠬᠤ ᠶᠢ ᠰᠠᠶᠢᠳᠤᠷ | ᠠᠳᠬᠤᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ | ᠬᠦᠭᠵᠢᠯᠳᠠ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠳᠤᠳᠠᠢ ᠭᠡᠷᠡᠭᠵᠢᠬᠦᠯᠵᠤ᠂ ᠲᠦᠷᠢᠮ ᠤᠨ | ᠰᠢᠨ᠎ᠠ ᠶᠢ ᠡᠬᠦᠳᠬᠦ ᠶᠢ ᠲᠦᠷᠬᠡᠳᠬᠡᠵᠤ᠂ ᠲᠦᠷᠢᠮ ᠤᠨ ᠭᠡᠷᠡᠭᠵᠢᠬᠦᠯᠤᠯᠳᠠ ᠶᠢ ᠴᠢᠩᠭᠠᠳᠬᠠᠨ᠂ ᠪᠤᠬᠢᠷᠳᠤᠯ ᠦᠬᠡᠢ | ᠤᠢᠢᠯᠡᠳᠪᠤᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠪᠦᠷᠢᠯᠳᠤᠬᠦᠯᠬᠦ ᠪᠠᠷ ᠬᠦᠳᠤᠯᠤᠨ ᠵᠢᠯᠤᠭᠤᠳᠴᠦ᠂ ᠪᠤᠬᠢᠷᠳᠤᠯ ᠢ | ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠵᠤ᠂ ᠱᠠᠨ ᠰᠢ ᠶᠢᠨ | ᠬᠠᠳᠤᠨ ᠭᠤᠤᠯ ᠲᠠᠭᠠᠤ ᠤᠷᠤᠨ ᠤ ᠬᠢᠨ ᠬᠠᠮᠠᠭᠠᠯᠠᠬᠤ ᠶᠠᠪᠤᠴᠠ ᠳᠤ ᠨᠡᠬᠡᠬᠡᠨ ᠬᠦᠭᠵᠢᠬᠦᠯᠵᠤ᠂ ᠨᠡᠬᠡᠬᠡᠨ ᠬᠦᠭᠵᠢᠬᠦᠯᠬᠦ | ᠶᠠᠪᠤᠴᠠ ᠳᠤ ᠬᠠᠮᠠᠭᠠᠯᠠᠬᠤ ᠶᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠰᠠᠭᠤᠷᠢ ᠶᠢ ᠪᠠᠬᠢᠵᠢᠬᠦᠯᠵᠤ᠂ ᠠᠮᠤ | ᠪᠤᠳᠠᠭᠠᠨ ᠤ ᠤᠢᠢᠯᠡᠳᠪᠤᠷᠢᠯᠡᠯ ᠢ ᠲᠦᠷᠤ ᠶᠢᠨ ᠪᠤᠳᠤᠯᠭ᠎ᠠ ᠪᠠᠷ ᠲᠡᠮᠵᠢᠬᠦ ᠡᠷᠴᠢᠮ ᠢ ᠴᠢᠩᠭᠠᠷᠠᠭᠤᠯᠵᠤ᠂ ᠲᠠᠷᠢᠶᠠᠨ | ᠭᠠᠵᠠᠷ ᠤᠨ ᠤᠯᠠᠭᠠᠨ ᠱᠤᠭᠤᠮ ᠢ ᠪᠠᠳᠦ ᠰᠠᠬᠢᠵᠤ᠂ ᠬᠦᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠳᠤᠴᠠ ᠶᠢᠨ ᠴᠢᠨᠠᠷᠳᠠᠢ ᠦᠬᠡᠷᠡᠴᠢᠠᠯᠯᠳᠠ ᠶᠢ ᠬᠦᠨᠵᠡᠬᠡᠢ ᠠᠬᠢᠭᠤᠯᠵᠤ᠂ ᠬᠦᠳᠡᠭᠡ ᠠᠵᠤ ᠠᠬᠤᠢ ᠬᠦᠳᠡᠭᠡ | ᠲᠤᠰᠬᠤᠨ ᠤ ᠰᠠᠭᠤᠷᠢ ᠲᠦᠬᠦᠬᠡᠷᠤᠮᠵᠢ ᠶᠢᠨ ᠪᠦᠳᠤᠬᠡᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠃ ᠦᠯᠡᠳᠡᠵᠤ | ᠪᠠᠶᠢᠭ᠎ᠠ ᠶᠠᠳᠠᠭᠤ ᠬᠦᠴᠢᠷᠳᠠᠯᠳᠠᠢ ᠬᠦᠮᠤᠰ ᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠤᠷ ᠬᠢᠵᠤ᠂ ᠤᠨᠳᠤᠤ | ᠭᠠᠵᠠᠷ ᠲᠤ ᠨᠡᠬᠦᠯᠬᠡᠨ ᠶᠠᠳᠠᠭᠤ ᠶᠢ ᠲᠡᠳᠬᠦᠬᠦ ᠬᠤᠶᠢᠰᠢᠳᠠ ᠶᠢᠨ ᠲᠡᠮᠵᠢᠯᠭᠡ ᠶᠢ ᠰᠠᠶᠢᠳᠤᠷ ᠬᠢᠵᠤ᠂ ᠲᠠᠬᠢᠨ | ᠶᠠᠳᠠᠭᠤᠷᠠᠬᠤ ᠶᠢ ᠬᠢᠨᠠᠨ ᠭᠡᠮᠵᠢᠵᠦ ᠰᠡᠷᠡᠮᠵᠢᠯᠡᠬᠦ ᠪᠠ ᠬᠦᠳᠡᠯᠤᠩᠬᠦᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠬᠦᠯᠤᠨ | ᠮᠠᠨᠳᠤᠭᠤᠯᠬᠤ ᠶᠢ ᠤᠷᠭᠠᠨᠢᠬ ᠢᠶᠠᠷ ᠤᠶᠠᠯᠳᠤᠭᠤᠯᠬᠤ ᠶᠢ ᠠᠬᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ | ᠪᠠᠷᠢᠮᠳᠠᠯᠠᠵᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ | ᠬᠢᠵᠤ᠂ ᠤᠯᠠᠨ ᠲᠦᠮᠡᠨ ᠢ ᠦᠨᠡᠨ ᠬᠦ ᠬᠠᠪᠰᠤᠷᠤᠨ ᠪᠤᠳᠠᠳᠠᠢ ᠬᠦᠴᠢᠷᠳᠠᠯ ᠢ ᠨᠢ ᠰᠢᠢᠳᠪᠤᠷᠢᠯᠡᠨ ᠦᠭᠴᠤ᠂ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠵᠦ᠂ ᠠᠵᠢᠯ ᠤᠯᠭᠤᠯᠳᠠ ᠶᠢ ᠤᠷᠢᠳ ᠢᠶᠠᠷ ᠪᠤᠳᠤᠯᠬᠢᠯᠠᠬᠤ | ᠪᠠᠶᠢᠯᠳᠤᠬᠤ ᠪᠤᠳᠤᠯᠭ᠎ᠠ ᠪᠤᠯᠤᠨ ᠠᠵᠢᠯ ᠤᠯᠭᠤᠬᠤ ᠢᠳᠡᠪᠬᠢᠳᠠᠢ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠶᠡᠭᠡ ᠲᠡᠭᠡᠳᠤ ᠰᠤᠷᠭᠠᠭᠤᠯᠢ ᠠᠴᠠ ᠲᠡᠬᠦᠰᠬᠦ ᠤᠶᠤᠳᠠᠨ᠂ ᠴᠡᠷᠢᠭ ᠠᠴᠠ ᠬᠠᠯᠠᠬᠳᠠᠬᠰᠠᠳ᠂ ᠬᠦᠯᠤᠰᠤᠨ ᠲᠠᠷᠢᠶᠠᠴᠢᠨ᠂ | ᠬᠤᠳᠠ ᠪᠠᠯᠭᠠᠰᠤ ᠶᠢᠨ ᠬᠦᠴᠢᠷᠳᠠᠯᠳᠠᠢ ᠬᠦᠮᠤᠰ ᠵᠡᠷᠬᠡ ᠭᠤᠤᠯᠳᠠᠯᠭ᠎ᠠ ᠲᠠᠢ ᠬᠦᠮᠤᠰ ᠲᠤ ᠠᠵᠢᠯ ᠤᠯᠭᠤᠬᠤ ᠠᠵᠢᠯ ᠢ | ᠲᠤᠪᠤᠶᠢᠮ᠎ᠠ ᠰᠠᠶᠢᠳᠤᠷ ᠬᠢᠵᠤ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠳᠤ ᠢᠯᠡᠷᠡᠭᠰᠡᠨ ᠤᠯᠠᠨ ᠨᠠᠶᠢᠳᠠ ᠶᠢᠨ | ᠡᠷᠡᠬᠦᠯ ᠬᠠᠮᠠᠭᠠᠯᠠᠯ ᠤᠨ ᠰᠢᠰᠲ᠋ᠧᠮ ᠤᠨ ᠲᠠᠯ᠎ᠠ ᠪᠠᠷ ᠬᠢ ᠲᠤᠳᠠᠭᠤᠳᠠᠯ ᠪᠠᠭᠤᠷᠠᠢ ᠲᠠᠯ᠎ᠠ ᠶᠢ ᠲᠦᠷᠬᠡᠨ ᠨᠦᠬᠦᠪᠤᠷᠢᠯᠠᠵᠤ᠂ | ᠨᠡᠶᠢᠬᠡᠮ ᠤᠨ ᠵᠠᠰᠠᠯᠳᠠ ᠶᠢᠨ ᠭᠤᠤᠯᠳᠠᠯᠭ᠎ᠠ ᠶᠢ ᠦᠨᠳᠤᠰᠤᠨ ᠱᠠᠳᠤ ᠲᠡᠶᠢᠰᠢ ᠬᠡᠯᠪᠠᠶᠢᠯᠬᠡᠬᠦ ᠭᠡᠷᠡᠭᠳᠠᠢ ᠬᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠡᠯᠪᠡᠭ ᠪᠠᠶᠠᠯᠢᠬ ᠠᠭᠤᠯᠭ᠎ᠠ ᠲᠠᠢ ᠲᠡᠤᠬᠡ ᠰᠤᠶᠤᠯ᠂ ᠬᠤᠪᠢᠰᠬᠠᠯ ᠤᠨ ᠰᠤᠶᠤᠯ ᠤᠨ ᠡᠬᠢ | ᠪᠠᠶᠠᠯᠢᠬ ᠢ ᠬᠦᠢᠴᠡᠳ ᠠᠭᠤᠳᠠᠯᠤᠨ ᠠᠰᠢᠬᠯᠠᠵᠦ ᠰᠤᠶᠤᠯ ᠤᠨ ᠪᠠᠶᠢᠭᠤᠯᠤᠯᠳᠠ ᠶᠢ ᠴᠢᠩᠭᠠᠳᠬᠠᠬᠤ ᠭᠡᠷᠡᠭᠳᠠᠢ᠂ | ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢᠨ ᠤᠬᠠᠭᠤᠯᠭ᠎ᠠ ᠬᠦᠮᠤᠵᠢᠯ ᠢ ᠴᠦᠬᠦᠷᠡᠰᠢ ᠦᠬᠡᠢ | ᠦᠷᠨᠢᠭᠦᠯᠵᠦ᠂ ᠰᠢᠯᠢᠳᠡᠭ ᠤᠯᠠᠮᠵᠢᠯᠠᠯᠳᠤ ᠰᠤᠶᠤᠯ ᠢ ᠬᠦᠨ ᠠᠭᠤᠳᠠᠯᠵᠤ᠂ ᠦᠷᠬᠡᠨ ᠤᠯᠠᠨ ᠲᠦᠮᠡᠨ ᠢ ᠬᠦᠳᠤᠯᠤᠨ | ᠵᠢᠯᠤᠭᠤᠳᠴᠦ ᠶᠤᠰᠤ ᠰᠤᠷᠳᠠᠬᠤᠨ ᠭᠡᠪ ᠪᠤᠯᠪᠠᠰᠤᠷᠠᠯ ᠢ ᠲᠡᠭᠡᠭᠰᠢᠯᠡᠬᠦᠯᠵᠤ᠂ ᠰᠠᠶᠢᠨ ᠰᠠᠶᠢᠬᠠᠨ ᠬᠡᠪ ᠰᠤᠷᠳᠠᠯ ᠢ ᠪᠤᠢ | ᠪᠤᠯᠭᠠᠵᠤ᠂ ᠰᠤᠶᠤᠯ ᠤᠨ ᠢᠳᠡᠬᠡᠯ ᠢ ᠴᠢᠩᠭᠠᠳᠬᠠᠬᠤ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠤᠯᠤᠰ ᠲᠦᠷᠤ ᠶᠢᠨ ᠪᠠᠶᠢᠭᠤᠯᠤᠯᠳᠠ ᠪᠠᠷ ᠶᠠᠷᠤᠩᠬᠡᠶᠢᠯᠡᠨ ᠵᠢᠯᠤᠭᠤᠳᠤᠭᠤᠯᠬᠤ ᠶᠢ | ᠪᠠᠷᠢᠮᠳᠠᠯᠠᠵᠤ᠂ ᠨᠠᠮ ᠤᠨ ᠳᠤᠳᠤᠭᠠᠳᠤ ᠶᠢᠨ ᠤᠯᠤᠰ ᠲᠦᠷᠤ ᠶᠢᠨ ᠠᠮᠢ ᠠᠬᠤᠢ ᠶᠢᠨ ᠪᠠᠶᠢᠭᠤᠯᠤᠯᠳᠠ ᠶᠢ ᠴᠦᠬᠦᠷᠡᠰᠢ | ᠦᠬᠡᠢ ᠰᠠᠶᠢᠳᠤᠷ ᠠᠳᠬᠤᠵᠤ᠂ ᠬᠦᠰᠯᠠᠩ ᠢᠳᠡᠬᠡᠯ ᠪᠢᠰᠢᠷᠠᠯ ᠤᠨ ᠬᠦᠮᠤᠵᠢᠯ ᠢ ᠴᠢᠩᠭᠠᠳᠬᠠᠵᠤ᠂ ᠭᠤᠤᠯ ᠰᠡᠳᠤᠪᠳᠤ | ᠬᠦᠮᠤᠵᠢᠯ ᠤᠨ ᠦᠷ᠎ᠡ ᠪᠦᠳᠦᠭᠡᠯ ᠢ ᠪᠠᠬᠢᠵᠢᠬᠦᠯᠤᠨ ᠬᠦᠨᠵᠡᠬᠡᠶᠢᠷᠡᠬᠦᠯᠵᠤ᠂ ᠤᠯᠤᠰ ᠲᠦᠷᠤ ᠶᠢᠨ ᠰᠠᠬᠢᠯᠭ᠎ᠠ ᠪᠠᠳᠤ | ᠪᠤᠯᠤᠨ ᠤᠯᠤᠰ ᠲᠦᠷᠤ ᠶᠢᠨ ᠶᠤᠰᠤ ᠲᠦᠷᠢᠮ ᠢ ᠴᠢᠩᠭ᠎ᠠ ᠵᠢᠷᠤᠮᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ | ᠪᠤᠯᠬᠤ ᠦᠭᠡᠢ᠂ ᠢᠯᠵᠠᠷᠠᠬᠤ ᠶᠢ ᠦᠯᠤ ᠪᠤᠳᠤᠬᠤ ᠶᠢ ᠨᠢᠬᠡ ᠴᠤᠬᠴᠠᠵᠢᠭᠤᠯᠤᠨ ᠠᠬᠢᠭᠤᠯᠵᠤ᠂ ᠦᠨᠳᠤᠰᠤᠨ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠤ ᠶᠢᠨ ᠡᠬᠦᠷᠭᠡ ᠴᠢᠳᠠᠪᠬᠢ ᠪᠤᠯᠤᠨ ᠵᠤᠬᠢᠶᠠᠨ | ᠪᠠᠶᠢᠭᠤᠯᠬᠤ ᠴᠢᠳᠠᠪᠤᠷᠢ ᠶᠢ ᠴᠢᠩᠭᠠᠳᠬᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠠᠰ ᠡᠰᠡᠷᠬᠦᠴᠡᠵᠤ᠂ | ᠲᠤᠬ ᠲᠡᠮᠳᠡᠭ ᠲᠤᠳᠤᠷᠬᠠᠢ ᠪᠠᠷ ᠡᠯ᠎ᠠ ᠵᠦᠢᠯ ᠤᠨ ᠲᠦᠪ ᠪᠤᠰᠤ ᠰᠤᠷᠳᠠᠯ ᠲᠠᠢ ᠲᠡᠮᠡᠴᠡᠯ ᠬᠢᠬᠦ ᠭᠡᠷᠡᠭᠳᠠᠢ ᠬᠡᠵᠤ | ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ᠂ ᠯᠢᠦ ᠡᡁᠧ᠂ ᠡᡁᠧ ᠯᠢ ᠹᠧᠩ ᠪᠤᠯᠤᠨ ᠲᠦᠪ ᠤᠨ ᠬᠤᠯᠪᠤᠬᠳᠠᠯ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠳᠠᠨ ᠨᠦᠬᠦᠳ ᠪᠠᠷ᠎ᠠ ᠪᠤᠯᠵᠤ ᠰᠢᠨᠵᠢᠯᠠᠨ ᠪᠠᠶᠢᠴᠠᠭᠠᠪᠠ᠃ | | |