ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠦᠷᠪᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠭᠤᠷᠪᠠᠳᠤᠭᠠᠷ ᠬᠤᠷᠠᠯ ᠵᠢᠴᠢ 2020 ᠣᠨ ᠤ ᠪᠦᠬᠦ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠤᠷᠠᠯᠳᠤᠵᠠᠢ ᠡᠸᠤ ᠶᠠᠩ ᠰᠢᠶᠤᠤ ᠬᠤᠢ ᠤᠷᠤᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/5/14
     5 ᠰᠠᠷ᠎ᠠ ᠶᠢᠨ 12᠎ ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠎ ᠤᠨ ᠳᠦᠷᠪᠡᠳᠦᠭᠡᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠭᠤᠷᠪᠠᠳᠤᠭᠠᠷ ᠬᠤᠷᠠᠯ ᠵᠢᠴᠢ 2020 ᠣᠨ ᠤ ᠪᠦᠬᠦ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃      ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃      ᠡᠸᠤ ᠶᠠᠩ ᠰᠢᠶᠤᠤ ᠬᠤᠢ᠂ ᠪᠦᠬᠦ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠢᠰᠲ᠋ᠧᠮ ᠎ ᠤᠨ ᠬᠢᠨ ᠭᠤᠤᠯ ᠬᠠᠷᠢᠭᠤᠴᠠᠯᠭ᠎ᠠ ᠭᠤᠤᠯ ᠠᠵᠢᠯ ᠢᠶᠠᠷ ᠢᠶᠠᠨ ᠭᠤᠤᠯᠳᠠᠭᠤᠯᠵᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠦᠮᠦᠯᠢᠭ ᠦᠵᠡᠯ ᠤᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠨ ᠭᠦᠢᠴᠡᠳᠭᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠮᠠᠭᠳᠠ ᠰᠠᠶᠢᠳᠤᠷ ᠤᠷᠤᠯᠴᠠᠵᠤ᠂ ᠤᠨᠢᠨ ᠳᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠳᠤ ᠬᠦᠴᠦ ᠨᠡᠮᠡᠷᠢᠯᠡᠵᠤ᠂ ᠤᠨᠴᠠᠭᠠᠢ ᠤᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠭᠠᠮᠰᠢᠭ ᠠᠴᠠ ᠠᠪᠤᠷᠠᠵᠤ ᠬᠠᠪᠰᠤᠷᠤᠨ ᠲᠤᠰᠠᠯᠠᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠠᠢ᠃ ᠦᠭᠡᠷᠡᠴᠢᠯᠡᠯᠳᠡ ᠬᠢᠵᠤ ᠰᠢᠨ᠎ᠠ ᠶᠢ ᠡᠭᠦᠳᠬᠦ ᠶᠢ ᠭᠦᠨᠵᠡᠭᠡᠶᠢᠷᠡᠭᠦᠯᠵᠤ᠂ ᠦᠨᠳᠦᠷ ᠪᠦᠲᠦᠮᠵᠢᠳᠠᠢ ᠵᠢᠷᠤᠮᠵᠢᠭᠰᠠᠨ ᠪᠠᠶᠢᠭᠤᠯᠤᠮᠵᠢ ᠪᠠ ᠲᠤᠭᠳᠠᠴᠠ ᠶᠢ ᠴᠢᠷᠮᠠᠶᠢᠨ ᠪᠠᠶᠢᠭᠤᠯᠬᠤ ᠬᠡᠷᠡᠭᠳᠠᠢ᠃ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠦᠷᠢᠨᠰᠢᠭᠦᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠳᠠᠢ᠃ ᠤᠯᠤᠰ ᠲᠦᠷᠦ ᠶᠢᠨ ᠪᠠᠶᠢᠭᠤᠯᠤᠯᠳᠠ ᠪᠠᠷ ᠶᠡᠷᠦᠩᠬᠡᠢ ᠵᠢᠯᠤᠭᠤᠳᠤᠮᠵᠢ ᠪᠤᠯᠭᠠᠬᠤ ᠶᠢ ᠪᠠᠷᠢᠮᠳᠠᠯᠠᠵᠤ᠂ ᠨᠠᠮ ᠤᠨ ᠤᠳᠤᠷᠢᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠷᠢᠮᠳᠠᠯᠠᠵᠤ᠂ ᠰᠢᠨ᠎ᠠ ᠶᠢ ᠡᠭᠦᠳᠬᠦ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠪᠠᠷᠢᠮᠳᠠᠯᠠᠵᠤ᠂ ᠤᠯᠤᠰ ᠲᠦᠷᠦ ᠶᠢᠨ ᠪᠠᠶᠢᠭᠤᠯᠤᠯᠳᠠ ᠶᠢ ᠦᠢᠯᠡᠰ ᠢᠶᠠᠨ ᠬᠦᠭᠵᠢᠭᠦᠯᠬᠦ ᠰᠦᠭ ᠰᠦᠨᠡᠰᠤ ᠪᠤᠯᠭᠠᠵᠤ᠂ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠳᠠᠯ ᠤᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠠ ᠴᠠᠭ ᠦᠶ᠎ᠠ ᠶᠢᠨ ᠦᠪᠦᠷ ᠮᠤᠩᠭᠤᠯ ᠤᠨ ᠤᠯᠠᠭᠠᠨ ᠵᠠᠭᠠᠯᠮᠠᠶᠢᠳᠠᠨ ᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠠᠢ ᠭᠡᠵᠤ ᠴᠢᠬᠤᠯᠠᠴᠢᠯᠠᠵᠠᠢ᠃      ᠬᠤᠷᠠᠯ ᠳᠡᠭᠡᠷ᠎ᠠ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠪᠤᠯᠤᠨ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ 2019 ᠣᠨ ᠤ ᠠᠵᠢᠯ ᠤᠨ ᠮᠡᠳᠡᠭᠦᠯᠦᠯᠳᠡ ᠪᠤᠯᠤᠨ ᠬᠠᠨᠳᠢᠪᠯᠠᠭᠰᠠᠨ ᠡᠳ᠋ ᠪᠤᠳᠠᠰ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠤᠨ ᠮᠡᠳᠡᠭᠦᠯᠦᠯᠳᠡ ᠶᠢ ᠬᠢᠨᠠᠨ ᠵᠦᠪᠯᠡᠨ ᠪᠠᠳᠤᠯᠠᠵᠤ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠢᠭᠡᠳᠦᠭᠡᠷ ᠬᠤᠭᠤᠴᠠᠭᠠᠨ ᠤ ᠬᠢᠨᠠᠯᠳᠠ ᠲᠠᠯᠪᠢᠭᠴᠢᠳ ᠤᠨ ᠬᠤᠷᠠᠯ ᠤᠨ 2019 ᠣᠨ ᠤ ᠠᠵᠢᠯ ᠎ ᠤᠨ ᠪᠠᠶᠢᠳᠠᠯ ᠢ ᠮᠡᠳᠡᠭᠳᠡᠵᠤ᠂ 2019 ᠣᠨ ᠤ ᠪᠦᠬᠦ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠲᠠᠷᠢᠭᠦᠨ ᠤ ᠨᠢᠭᠡᠴᠢ ᠶᠢ ᠬᠦᠬᠢᠭᠦᠯᠦᠨ ᠰᠠᠶᠢᠰᠢᠶᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号