ᠪᠤᠤ ᠭᠠᠩ ᠪᠠᠶᠠᠨᠨᠠᠭᠤᠷ ᠬᠤᠲᠠ ᠳᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠦᠷᠢᠮ ᠠᠴᠠ ᠵᠦᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠵᠢᠴᠢ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠲᠤᠯᠬᠤ ᠳᠠᠭᠠᠨ ᠴᠢᠬᠤᠯᠠᠴᠢᠯᠠᠬᠰᠠᠨ ᠨᠢ ᠤᠯᠤᠰ ᠲᠥᠷᠥ ᠶᠢᠨ ᠤᠬᠠᠮᠰᠠᠷ ᠢᠶᠠᠨ ᠤᠯᠠᠮ ᠴᠢᠨᠠᠬᠰᠢᠲᠠ ᠲᠡᠬᠡᠭᠰᠢᠯᠡᠬᠦᠯᠵᠥ ᠪᠤᠲᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠤᠢᠢᠯᠡᠲᠥᠯᠬᠡᠵᠢᠬᠦᠯᠬᠦ ᠬᠡᠷᠡᠭᠲᠡᠢ
ᠨᠡᠶᠢᠲᠡᠯᠡᠭᠰᠡᠨ ᠴᠠᠭ᠄
2020/5/14
     5 ᠰᠠᠷ᠎ᠠ ᠶᠢᠨ 12᠎ ᠠᠴᠠ 13᠎ ᠤ ᠡᠳᠦᠷ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠪᠤᠤ ᠭᠠᠩ ᠤᠷᠠᠳ ᠤᠨ ᠡᠮᠦᠨᠡᠲᠦ ᠬᠤᠰᠢᠭᠤ᠂ ᠯᠢᠨ ᠾᠧ ᠲᠤᠭᠤᠷᠢᠭ ᠵᠡᠷᠭᠡ ᠭᠠᠵᠠᠷ ᠢᠶᠠᠷ ᠬᠦᠨᠵᠡᠭᠡᠶᠢᠷᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠲᠠᠭᠠᠯ ᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠵᠢᠴᠢ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃      ᠪᠤᠤ ᠭᠠᠩ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠤᠭᠲᠠᠭᠠᠯ ᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠨᠢᠭᠦᠯᠬᠦ ᠪᠤᠯ ᠶᠡᠷᠦᠩᠬᠡᠢ ᠱᠦᠵᠢ ᠰᠢ ᠶᠢᠨ ᠫᠢᠩ ᠪᠤᠯᠤᠨ ᠨᠠᠮ ᠤᠨ ᠲᠦᠪ ᠬᠤᠷᠢᠶ᠎ᠡ ᠠᠴᠠ ᠮᠠᠨ ᠤ ᠤᠷᠤᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠦᠨ᠃ ᠡᠯ᠎ᠡ ᠱᠠᠲᠤ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠤᠬᠠᠮᠰᠠᠷ ᠢᠶᠠᠨ ᠤᠯᠠᠮ ᠴᠢᠨᠠᠭᠰᠢᠲᠠ ᠲᠡᠭᠡᠭᠰᠢᠯᠡᠭᠦᠯᠵᠦ᠂ ᠡᠷᠡᠰ ᠪᠠᠲᠤ ᠰᠦᠰᠦ ᠵᠤᠷᠢᠭ ᠪᠠ ᠡᠭᠦᠷᠭᠡᠯᠡᠯ ᠢᠶᠠᠷ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠵᠤ᠂ ᠦᠨᠡᠨ ᠪᠤᠲᠠᠲᠠᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠬᠡᠷᠡᠭᠳᠡᠢ᠃ ᠦᠨᠡᠨ ᠠᠴᠠ ᠵᠦᠪ ᠢ ᠡᠷᠢᠬᠦ᠂ ᠬᠠᠤᠯᠢ ᠲᠤᠭᠲᠠᠭᠠᠯ ᠶᠤᠰᠤᠭᠠᠷ ᠶᠠᠪᠤᠭᠲᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠤᠨᠤᠪᠴᠢᠳᠡᠢ ᠤᠯᠵᠤ᠂ ᠰᠢᠨᠵᠢ ᠴᠢᠨᠠᠷ ᠪᠤᠯᠤᠨ ᠬᠠᠷᠢᠭᠤᠴᠠᠯᠭ᠎ᠠ ᠶᠢ ᠤᠨᠤᠪᠴᠢᠲᠠᠢ ᠮᠠᠭᠠᠳᠯᠠᠨ ᠲᠤᠭᠲᠠᠭᠠᠵᠤ᠂ ᠴᠡᠭᠴᠡᠯᠡᠨ ᠵᠠᠰᠠᠬᠤ ᠠᠵᠢᠯ ᠤᠨ ᠲᠡᠦᠬᠡ ᠶᠢᠨ ᠰᠢᠯᠭᠠᠯᠲᠠ ᠶᠢ ᠲᠠᠭᠠᠭᠠᠵᠤ ᠴᠢᠳᠠᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠪᠦᠷᠢ ᠶᠢ ᠭᠦᠨ ᠮᠠᠯᠲᠠᠵᠤ ᠲᠦᠢᠯᠪᠤᠷᠢᠲᠠᠢ ᠪᠠᠶᠢᠴᠠᠭᠠᠠ᠂ ᠴᠡᠭᠴᠡᠯᠡᠨ ᠵᠠᠰᠠᠬᠤ ᠶᠢ ᠪᠤᠲᠠᠲᠠᠶᠢᠵᠢᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠲᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠦ ᠵᠢᠭᠠᠵᠤ ᠭᠠᠷᠭᠠᠪᠠ᠃      ᠪᠤᠤ ᠭᠠᠩ᠂ ᠪᠠᠶᠠᠨᠨᠠᠭᠤᠷ ᠬᠤᠲᠠ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠡᠭᠦᠷᠭᠡ ᠮᠠᠰᠢ ᠬᠠᠳᠠᠭᠤ ᠪᠡᠷᠭᠡ᠂ ᠡᠯ᠎ᠡ ᠱᠠᠲᠤ ᠡᠯ᠎ᠡ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ ᠬᠠᠷᠠᠯᠲᠠ ᠪᠠᠨ ᠬᠤᠪᠢᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠲᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠳᠤᠷ ᠬᠢᠬᠦ ᠬᠡᠷᠡᠭᠲᠡᠢ᠃ ᠬᠦᠴᠦᠠ ᠪᠦᠬᠦᠢ ᠠᠷᠭ᠎ᠠ ᠬᠡᠮᠵᠢᠶ᠎ᠡ ᠠᠪᠴᠤ ᠨᠡᠭᠦᠷᠡᠰᠤ ᠶᠢ ᠲᠠᠷᠠᠬᠠᠢ ᠪᠠᠷ ᠠᠰᠢᠬᠯᠠᠬᠤ ᠠᠴᠠ ᠡᠭᠦᠰᠦᠭᠰᠡᠨ ᠪᠤᠬᠢᠷᠳᠤᠯ ᠢ ᠵᠠᠰᠠᠬᠤ ᠪᠠᠨ ᠴᠢᠩᠭᠠᠳᠬᠠᠵᠤ᠂ ᠲᠦᠭᠦᠮ ᠪᠦᠲᠦᠴᠡᠳᠦ ᠤᠷᠤᠨ ᠰᠠᠭᠤᠴᠠ ᠶᠢᠨ ᠲᠤᠭᠤᠷᠢᠭ ᠤᠨ ᠲᠦᠪᠯᠡᠷᠡᠭᠦᠯᠦᠨ ᠢᠯᠴᠢ ᠬᠠᠩᠭᠠᠬᠤ ᠦᠭᠡᠷᠡᠴᠢᠯᠡᠯᠲᠡ ᠶᠢ ᠲᠦᠷᠭᠡᠳᠭᠡᠨ ᠬᠡᠷᠡᠭᠵᠢᠭᠦᠯᠵᠦ᠂ ᠪᠠᠷᠢᠯᠭ᠎ᠠ ᠶᠢᠨ ᠠᠵᠢᠯ᠂ ᠵᠠᠮ ᠴᠡᠪᠡᠷᠯᠡᠬᠦ᠂ ᠮᠠᠲ᠋ᠧᠷᠢᠶᠠᠯ ᠤᠪᠤᠭᠠᠯᠠᠵᠤ ᠲᠠᠯᠪᠢᠬᠤ ᠵᠡᠷᠭᠡ ᠲᠤᠭᠤᠰᠤᠨ ᠎ ᠤ ᠪᠤᠬᠢᠷᠳᠤᠯ ᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠢ᠃ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠠᠵᠢᠯ ᠢ ᠪᠦᠬᠦ ᠬᠦᠴᠦ ᠪᠠᠷ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠭᠤᠤᠯ ᠤᠷᠤᠰᠬᠠᠯ ᠳᠤ ᠪᠤᠬᠢᠷᠳᠤᠯ ᠭᠠᠳᠠᠭᠰᠢᠯᠠᠭᠤᠯᠬᠤ ᠠᠮᠠ ᠶᠢ ᠲᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠦᠷᠨᠢᠭᠦᠯᠵᠦ᠂ ᠤᠰᠤᠨ ᠤ ᠰᠤᠷᠪᠤᠯᠵᠢ ᠶᠢᠨ ᠤᠷᠤᠨ ᠢ ᠬᠠᠮᠠᠭᠠᠯᠠᠨ ᠴᠡᠪᠡᠷᠯᠡᠬᠦ ᠠᠵᠢᠯ ᠢ ᠴᠢᠩᠭᠠᠳᠬᠠᠵᠤ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ ᠦᠭᠡᠷᠡᠴᠢᠯᠡᠬᠦ ᠶᠢ ᠲᠦᠷᠭᠡᠳᠭᠡᠵᠦ᠂ ᠲᠡᠬᠢᠠ ᠠᠰᠢᠬᠯᠠᠬᠤ ᠨᠤᠷᠮ᠎ᠠ ᠶᠢ ᠲᠡᠭᠡᠭᠰᠢᠯᠡᠬᠦᠯᠬᠦ ᠬᠡᠷᠡᠭᠲᠡᠢ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠪᠠᠷ ᠲᠡᠮᠵᠢᠠ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠭᠡᠵᠦ᠂ ᠡᠯ᠎ᠡ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃      ᠪᠠᠶᠢᠴᠠᠭᠠᠨ ᠰᠤᠳᠤᠯᠤᠯᠳᠠ ᠬᠢᠬᠦ ᠬᠤᠭᠤᠴᠠᠭᠠᠨ ᠳᠤ᠂ ᠪᠤᠤ ᠭᠠᠩ ᠪᠠᠰᠠ ᠲᠠᠭᠠᠭᠠᠴᠢᠯᠠᠨ ᠬᠠᠷᠢᠭᠤᠴᠠᠭᠰᠠᠨ ᠯᠢᠨ ᠾᠧ ᠲᠤᠭᠤᠷᠢᠭ ᠤᠨ ᠤᠯᠤᠰ ᠤᠨ ᠬᠦᠳᠡᠭᠡ ᠲᠤᠰᠬᠤᠨ ᠮᠠᠯᠵᠢᠬᠤ ᠤᠷᠤᠨ ᠤ ᠠᠵᠤ ᠦᠢᠯᠡᠰ ᠤᠨ ᠠᠭᠤᠰᠤᠯᠴᠠᠭᠤᠯᠤᠨ ᠬᠦᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠢᠨᠵᠢᠯᠠᠠ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号