5 ᠰᠠᠷ᠎ᠠ ᠶᠢᠨ 13 ᠤ ᠡᠳᠥᠷ᠂ ᠲᠦᠩᠯᠢᠶᠣᠤ ᠬᠤᠲᠠ · ᠢᠯᠢ ᠪᠦᠯᠦᠭᠯᠡᠯ ᠤᠨ ᠳᠡᠭᠡᠳᠦ ᠲᠡᠰ ᠤᠨ ᠰᠦ ᠪᠠ | ᠮᠢᠬᠠᠨ ᠤ ᠬᠤᠶᠠᠷ ᠠᠵᠤ ᠦᠢᠯᠡᠰ ᠤᠨ ᠰᠥᠷᠥᠭᠵᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠬᠤᠷᠴᠢᠨ | ᠵᠡᠭᠦᠨ ᠭᠠᠷᠤᠨ ᠳᠤᠮᠳᠠᠳᠤ ᠬᠤᠰᠢᠭᠤᠨ ᠤ 10 ᠲᠥᠮᠡᠨ ᠰᠠᠭᠠᠯᠢ ᠶᠢᠨ ᠥᠨᠢᠶ᠎ᠠ ᠲᠠᠵᠢᠭᠡᠨ ᠦᠷᠡᠵᠢᠭᠦᠯᠭᠦ ᠵᠢᠱᠢᠶ᠎ᠠ | ᠦᠵᠡᠭᠦᠯᠭᠦ ᠬᠥᠷᠢᠶᠡᠯᠡᠩ ᠲᠤᠭᠤᠷᠢᠬ ᠤᠨ ᠪᠠᠷᠢᠯᠭ᠎ᠠ ᠡᠬᠢᠯᠡᠬᠦ ᠶᠤᠰᠤᠯᠠᠯ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤᠨ ᠤ ᠵᠢᠷᠥᠭᠡ ᠮᠠᠯᠵᠢᠯ ᠤᠨ ᠳᠠᠯᠠᠪᠠᠢ ᠶᠢᠨ ᠲᠦᠷᠦᠯ ᠵᠦᠢᠯ ᠤᠨ ᠲᠤᠭᠤᠷᠢᠭ ᠲᠤ ᠶᠠᠪᠤᠬᠳᠠᠪᠠ᠃ | ᠥᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠠᠢ ᠯᠢ ᠬᠤᠧᠠ ᠤᠷᠤᠯᠴᠠᠨ ᠪᠠᠷᠢᠯᠭ᠎ᠠ ᠡᠬᠢᠯᠡᠭᠰᠡᠨ ᠢ | ᠵᠡᠷᠯᠡᠪᠡ᠃ | ᠲᠣᠰ ᠲᠥᠷᠥᠯ ᠵᠥᠢᠯ ᠨᠢ ᠲᠦᠡᠭᠯᠢᠶᠤᠤ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ | ᠤᠨ ᠳᠠᠪᠠᠭᠤᠯᠢᠭ ᠲᠤ ᠰᠠᠭᠤᠷᠢᠯᠡᠨ᠂ ᠪᠠᠷᠢᠮᠵᠢᠶᠠᠵᠢᠭᠰᠠᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ | ᠪᠠᠶᠢᠭᠤᠯᠬᠤ ᠪᠠ ᠮᠢᠬᠠᠨ ᠤ ᠦᠬᠡᠷ ᠪᠤᠷᠳᠤᠬᠤ ᠮᠠᠯᠵᠢᠯ ᠤᠨ ᠲᠠᠯᠠᠪᠠᠶ ᠪᠠᠶᠢᠭᠤᠯᠬᠤ᠂ ᠪᠣᠷᠳᠤᠭ᠎ᠠ ᠡᠳ᠋ᠰᠢᠭᠦᠯᠬᠦ | ᠦᠢᠯᠡᠳᠪᠦᠷᠢ᠂ ᠴᠠᠭᠠᠨ ᠢᠳᠡᠭᠡᠨ ᠡᠳ᠋ᠰᠢᠭᠦᠯᠵᠤ ᠪᠤᠯᠪᠠᠰᠤᠷᠠᠭᠤᠯᠬᠤ ᠦᠢᠯᠡᠳᠪᠦᠷᠢ᠂ ᠦᠬᠡᠷ ᠤᠨ ᠮᠢᠬ᠎ᠠ ᠶᠢ ᠨᠠᠷᠢᠯᠢᠭ | ᠡᠳ᠋ᠰᠢᠭᠦᠯᠬᠦ ᠦᠢᠯᠡᠳᠪᠦᠷᠢ ᠪᠠᠶᠢᠭᠤᠯᠬᠤ ᠪᠠᠷ ᠲᠠᠮᠵᠢᠨ᠂ ᠲᠡᠵᠢᠭᠡᠨ ᠦᠷᠡᠵᠢᠭᠦᠯᠭᠦ ᠰᠠᠶᠢᠠ ᠡᠬᠦᠯᠳᠠᠷ ᠤᠨ ᠰᠠᠭᠠᠯᠢ ᠶᠢᠨ | ᠦᠨᠢᠶ᠎ᠡ ᠪᠠ ᠮᠢᠬᠠᠨ ᠤ ᠦᠬᠡᠷ ᠢ 36 ᠲᠦᠮᠡ ᠳᠤ ᠬᠦᠷᠭᠡᠨ᠂ ᠡᠳᠦᠷ ᠳᠤᠮᠳᠠᠴᠢ ᠳᠤ 5000 ᠲᠣᠨ ᠰᠦ | ᠬᠤᠷᠢᠶᠠᠨ᠎ᠠ᠃ ᠲᠤᠰ ᠲᠦᠷᠦᠯ ᠵᠦᠢᠯ ᠨᠢ ᠳᠡᠯᠡᠬᠡᠶ ᠶᠢᠨ ᠲᠠᠰ ᠤᠨ ᠥᠨᠳᠥᠷ ᠲᠦᠪᠰᠢᠨ ᠲᠠᠢ ᠰᠠᠭᠠᠯᠢ ᠶᠢᠨ | ᠥᠨᠢᠶ᠎ᠡ ᠶᠢᠨ ᠰᠠᠭᠤᠷᠢᠨ ᠪᠠ ᠴᠢᠨᠠᠷ ᠰᠠᠶᠢᠳᠠᠢ ᠮᠢᠬᠠᠨ ᠤ ᠥᠭᠡᠷ ᠤᠨ ᠰᠠᠭᠤᠷᠢᠨ ᠢ ᠪᠠᠶᠢᠭᠤᠯᠵᠤ᠂ ᠲᠦᠡᠭᠯᠢᠶᠤᠤ | ᠬᠤᠳᠠ ᠶᠢᠨ ᠰᠦ ᠶᠢᠨ ᠦᠢᠯᠡᠰ ᠤᠨ ᠬᠦᠭᠵᠢᠯᠳᠠ ᠪᠠ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠳᠦᠭᠡᠭᠳᠡᠭᠦᠨ ᠤ ᠠᠵᠤ ᠦᠢᠯᠡᠰ ᠤᠨ ᠬᠡᠯᠬᠢᠶᠠᠵᠢᠯ ᠤᠨ ᠤᠷᠳᠤᠰᠤᠯ ᠢ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ | ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠬᠤ ᠪᠤᠯᠤᠨ᠎ᠠ᠃ ᠲᠥᠷᠥᠯ | ᠵᠥᠢᠯ ᠠᠰᠢᠬᠯᠠᠯᠳᠠ ᠳᠤ ᠤᠷᠤᠪᠠᠯ ᠦᠢᠯᠡᠳᠪᠦᠷᠢᠯᠡᠯ ᠤᠨ ᠦᠷᠳᠡᠭ ᠤᠨ ᠦᠵᠡᠭᠦᠯᠭᠦ ᠬᠤᠪᠢ ᠨᠡᠮᠡᠷᠢ 200 | ᠳ᠋ᠦᠩᠰᠢᠭᠤᠷ ᠲᠥᠭᠦᠷᠢᠭ ᠲᠤ ᠬᠦᠷᠴᠤ᠂ 9 ᠲᠦᠮᠡᠨ ᠬᠥᠮᠦᠨ ᠳᠤ ᠰᠢᠭᠤᠳ ᠠᠵᠢᠯ ᠣᠯᠭᠤᠨ᠂ ᠳᠠᠮ ᠢᠶᠠᠷ 50 | ᠲᠦᠮᠡᠨ ᠬᠥᠮᠥᠨ ᠢ ᠳᠠᠶᠢᠴᠢᠯᠠᠨ ᠠᠵᠢᠯ ᠤᠯᠭᠤᠬᠤ ᠪᠤᠯᠤᠨ᠎ᠠ᠃ |