ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠡᠨᠧᠷᠬᠢ ᠶᠢᠨ ᠪᠤᠬᠢᠷᠳᠤᠯ ᠦᠬᠡᠢ ᠬᠦᠭᠵᠢᠯᠳᠡ ᠶᠢᠨ ᠲᠤᠰᠬᠠᠢ ᠰᠡᠳᠤᠪᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/5/15
     5 ᠰᠠᠷ᠎ᠠ ᠶᠢᠨ 14᠎ ᠤ ᠦᠳᠡ ᠶᠢᠨ ᠡᠮᠦᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠶᠡᠷᠤᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠦᠪᠤᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠢᠷᠢᠰ ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠬᠤᠶᠠᠳᠤᠭᠠᠷ ᠲᠠᠯᠠᠪᠠᠢ ᠰᠤᠨᠢᠨ ᠮᠡᠳᠡᠭᠡ ᠨᠡᠶᠢᠳᠡᠯᠡᠬᠦ ᠬᠤᠷᠠᠯ — ᠠᠵᠦ ᠦᠢᠯᠡᠳᠪᠦᠷᠢ ᠪᠠ ᠡᠨᠧᠷᠬᠢ ᠶᠢᠨ ᠪᠤᠬᠢᠷᠳᠤᠯ ᠦᠬᠡᠢ ᠬᠦᠭᠵᠢᠯᠳᠡ ᠶᠢᠨ ᠲᠤᠰᠬᠠᠢ ᠰᠡᠳᠤᠪᠳᠤ ᠰᠤᠨᠢᠨ ᠮᠡᠲᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠢᠩᠬᠢᠮ ᠪᠤᠯᠤᠨ ᠡᠨᠧᠷᠬᠢ ᠶᠢᠨ ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠮᠠᠨ ᠤ ᠤᠷᠤᠨ ᠤ ᠦᠢᠯᠡᠳᠬᠦ ᠦᠢᠯᠡᠰ ᠤᠨ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ ᠪᠤᠬᠢᠷᠳᠤᠯ ᠦᠬᠡᠢ ᠬᠦᠭᠵᠢᠬᠦᠯᠬᠦ︾᠎ ᠶᠢᠨ ᠲᠤᠭᠤᠷᠢᠨ ᠳᠤ ᠠᠵᠢᠯ ᠢᠶᠠᠨ ᠦᠷᠨᠢᠬᠦᠯᠦᠭᠰᠡᠨ ᠪᠠᠶᠢᠳᠠᠯ ᠪᠠ ᠤᠯᠤᠬᠰᠠᠨ ᠦᠷ᠎ᠠ ᠪᠦᠲᠦᠮᠵᠢ ᠵᠢᠴᠢ ᠮᠠᠨ ᠤ ᠤᠷᠤᠨ ᠤ ᠡᠨᠧᠷᠬᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠤᠬᠰᠠᠨ ᠦᠷ᠎ᠠ ᠪᠦᠲᠦᠮᠵᠢ ᠶᠢ ᠲᠠᠨᠢᠯᠴᠠᠭᠤᠯᠵᠦ᠂ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃      ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠢᠩᠬᠢᠮ ᠨᠢ ᠦᠢᠯᠡᠳᠬᠦ ᠦᠢᠯᠡᠰ ᠤᠨ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ ᠪᠤᠬᠢᠷᠳᠤᠯ ᠦᠬᠡᠢ ᠬᠦᠭᠵᠢᠬᠦᠯᠬᠦ︾᠎ ᠶᠢᠨ ᠲᠤᠭᠤᠷᠢᠨ ᠳᠤ ᠰᠡᠳᠬᠢᠴᠡ ᠶᠢ ᠲᠤᠷᠠᠳᠤᠨ᠂ ᠠᠷᠭ᠎ᠠ ᠬᠡᠮᠵᠢᠶ᠎ᠠ ᠶᠢ ᠲᠤᠭᠳᠠᠭᠠᠵᠦ᠂ ᠠᠵᠢᠯ ᠢ ᠠᠬᠢᠭᠤᠯᠵᠦ᠂ ᠭᠤᠤᠯᠳᠠᠭᠤ ᠭᠤᠷᠪᠠᠨ ᠲᠠᠯ᠎ᠠ ᠶᠢᠨ ᠠᠵᠢᠯ ᠢ ᠦᠷᠨᠢᠬᠦᠯᠵᠡᠢ᠃ ᠨᠡᠮᠡᠭᠳᠡᠯ ᠬᠡᠮᠵᠢᠶ᠎ᠠ ᠶᠢ ᠡᠵᠡᠮᠳᠡᠨ᠂ ᠰᠢᠨ᠎ᠠ ᠪᠠᠷ ᠪᠦᠲᠦᠬᠡᠨ ᠪᠠᠶᠢᠭᠤᠯᠬᠤ ᠲᠦᠷᠦᠯ ᠵᠦᠢᠯ ᠤᠨ ᠡᠨᠧᠷᠬᠢ ᠶᠢᠨ ᠬᠤᠷᠤᠬᠳᠠᠯ ᠪᠠ ᠤᠷᠴᠢᠨ ᠲᠤᠭᠤᠷᠢᠨ ᠤ ᠨᠦᠯᠦᠬᠡ ᠶᠢ ᠬᠠᠮᠤᠬ ᠤᠨ ᠶᠡᠭᠡ ᠬᠡᠮᠵᠢᠶ᠎ᠠ ᠪᠠᠷ ᠪᠠᠭᠠᠰᠬᠠᠵᠦ᠂ ︽ᠬᠡᠰᠡᠭ ᠠᠵᠢᠯ ᠲᠦᠷᠦᠯ ᠤᠨ ᠪᠦᠲᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠵᠦᠪᠰᠢᠶᠡᠷᠡᠯ ᠤᠨ ᠪᠠᠷᠢᠮᠵᠢᠶ᠎ᠠ ᠶᠢᠨ ᠨᠦᠬᠦᠴᠡᠯ ᠢ ᠲᠡᠭᠡᠭᠰᠢᠯᠡᠬᠦᠯᠬᠦ ᠲᠤᠭᠳᠠᠭᠠᠯ︾᠎ ᠢ ᠲᠤᠭᠳᠠᠭᠠᠵᠦ᠂ ᠦᠢᠯᠡᠳᠪᠦᠷᠢᠯᠡᠯ ᠤᠨ ᠴᠢᠳᠠᠪᠤᠷᠢ ᠨᠢ ᠦᠯᠡᠬᠦᠳᠡᠭᠰᠡᠨ ᠠᠵᠢᠯ ᠲᠦᠷᠦᠯ ᠤᠨ ᠵᠦᠪᠰᠢᠶᠡᠷᠡᠯ ᠤᠨ ᠪᠠᠷᠢᠮᠵᠢᠶ᠎ᠠ ᠶᠢᠨ ᠨᠦᠬᠦᠴᠡᠯ ᠢ ᠲᠡᠭᠡᠭᠰᠢᠯᠡᠬᠦᠯᠵᠦ᠂ ︽ᠬᠢᠮᠢ ᠶᠢᠨ ᠠᠵᠦ ᠦᠢᠯᠡᠳᠪᠦᠷᠢ ᠶᠢᠨ ᠠᠵᠢᠯ ᠲᠦᠷᠦᠯ ᠤᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢ ᠵᠢᠷᠤᠮᠵᠢᠭᠤᠯᠬᠤ ᠲᠤᠭᠳᠠᠭᠠᠯ ᠤᠳ︾᠎ ᠢ ᠲᠤᠭᠳᠠᠭᠠᠵᠦ᠂ ᠡᠨᠧᠷᠬᠢ ᠠᠷᠪᠢᠯᠠᠬᠤ ᠬᠢᠨᠠᠨ ᠪᠠᠶᠢᠴᠠᠭᠠᠬᠤ ᠠᠵᠢᠯ ᠢ ᠴᠢᠩᠳᠠᠯᠠᠬᠰᠠᠨ ᠪᠠᠶᠢᠨ᠎ᠠ᠃ ᠨᠦᠬᠡᠴᠡ ᠬᠡᠮᠵᠢᠶ᠎ᠠ ᠶᠢ ᠰᠢᠩᠬᠡᠬᠡᠵᠦ᠂ ᠠᠵᠦ ᠠᠬᠤᠢᠢᠯᠠᠯ ᠤᠨ ᠡᠨᠧᠷᠬᠢ ᠶᠢᠨ ᠬᠤᠷᠤᠬᠳᠠᠯ ᠪᠠ ᠭᠠᠳᠠᠬᠰᠢᠯᠠᠭᠤᠯᠤᠯᠳᠠ ᠶᠢᠨ ᠬᠡᠮᠵᠢᠶ᠎ᠠ ᠶᠢ ᠴᠢᠷᠮᠠᠶᠢᠨ ᠪᠠᠭᠠᠰᠬᠠᠵᠦ᠂ ᠡᠨᠧᠷᠬᠢ ᠠᠷᠪᠢᠯᠠᠬᠤ ᠮᠡᠷᠬᠡᠵᠢᠯ ᠤᠨ ᠦᠬᠡᠷᠡᠴᠢᠯᠡᠯᠳᠡ ᠶᠢ ᠬᠡᠷᠡᠭᠵᠢᠬᠦᠯᠵᠦ᠂ ᠪᠤᠬᠢᠷᠳᠤᠯ ᠦᠬᠡᠢ ᠦᠢᠯᠡᠳᠬᠦ ᠵᠢᠱᠢᠶ᠎ᠠ ᠦᠵᠡᠬᠦᠯᠬᠦ ᠠᠵᠢᠯᠯᠠᠭ᠎ᠠ ᠶᠢ ᠦᠷᠨᠢᠬᠦᠯᠵᠡᠢ᠃ ᠪᠤᠬᠢᠷᠳᠤᠯ ᠦᠬᠡᠢ ᠬᠦᠷᠢᠶᠡᠯᠡᠩ ᠲᠤᠭᠤᠷᠢᠬ ᠢ ᠴᠤᠬᠴᠠᠯᠠᠵᠦ᠂ ᠠᠵᠦ ᠦᠢᠯᠡᠰ ᠢ ᠲᠦᠪᠯᠡᠷᠡᠬᠦᠯᠦᠨ ᠠᠷᠪᠢᠳᠠᠢ ᠬᠦᠭᠵᠢᠬᠦᠯᠬᠦ ᠶᠢ ᠠᠬᠢᠭᠤᠯᠵᠦ᠂ ᠠᠵᠦ ᠦᠢᠯᠡᠰ ᠤᠨ ᠪᠠᠶᠢᠷᠢᠰᠢᠯ ᠢ ᠰᠢᠯᠢᠳᠡᠭᠵᠢᠬᠦᠯᠵᠦ᠂ ᠬᠦᠷᠢᠶᠡᠯᠡᠩ ᠲᠤᠭᠤᠷᠢᠬ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠦᠭᠰᠡᠨ ᠪᠠᠶᠢᠨ᠎ᠠ᠃       ᠦᠪᠡᠷᠳᠡᠬᠡᠨ ᠵᠠᠰᠠᠬᠤ ᠤᠷᠤᠨ ᠤ ᠡᠨᠧᠷᠬᠢ ᠶᠢᠨ ᠲᠤᠪᠴᠢᠶ᠎ᠠ ᠨᠢ ︽ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ ᠪᠤᠬᠢᠷᠳᠤᠯ ᠦᠬᠡᠢ ᠬᠦᠭᠵᠢᠬᠦᠯᠬᠦ︾᠎ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠦ᠂ ᠡᠨᠧᠷᠬᠢ ᠶᠢᠨ ᠭᠦᠭᠵᠢᠯᠳᠠ ᠶᠢᠨ ᠶᠠᠰᠤ ᠴᠢᠨᠠᠷ ᠲᠠᠰᠤᠷᠠᠯᠳᠠ ᠦᠬᠡᠢ ᠲᠡᠭᠡᠭᠰᠢᠯᠡᠵᠡᠢ᠃ ᠨᠡᠬᠦᠷᠡᠰᠤᠨ ᠤ ᠦᠢᠯᠡᠳᠪᠦᠷᠢᠯᠡᠯ ᠤᠨ ᠴᠢᠳᠠᠪᠤᠷᠢ ᠶᠢ ᠰᠤᠯᠢᠬᠤ᠂ ᠠᠵᠢᠯ ᠲᠦᠷᠦᠯ ᠢ ᠨᠡᠶᠢᠯᠡᠬᠦᠯᠵᠦ ᠲᠠᠬᠢᠨ ᠵᠤᠬᠢᠶᠠᠨ ᠪᠠᠶᠢᠭᠤᠯᠬᠤ ᠶᠢ ᠬᠡᠷᠡᠭᠵᠢᠬᠦᠯᠬᠦ ᠪᠠᠷ ᠲᠠᠮᠵᠢᠵᠦ᠂ ᠡᠨᠧᠷᠬᠢ ᠶᠢ ᠲᠦᠪᠯᠡᠷᠡᠬᠦᠯᠦᠨ ᠠᠷᠪᠢᠳᠠᠢ ᠬᠦᠭᠵᠢᠬᠦᠯᠬᠦ ᠦᠷ᠎ᠠ ᠪᠦᠲᠦᠮᠵᠢ ᠢᠯᠡᠷᠬᠡᠶᠢᠰᠢᠵᠡᠢ᠃ ᠲᠠᠬᠢᠨ ᠡᠬᠦᠰᠴᠤ ᠪᠤᠯᠬᠤ ᠡᠨᠧᠷᠬᠢ ᠶᠢ ᠡᠨᠧᠷᠬᠢ ᠶᠢᠨ ᠪᠦᠲᠦᠴᠡ ᠶᠢ ᠲᠤᠬᠢᠷᠠᠭᠤᠯᠬᠤ ᠭᠤᠤᠯ ᠰᠢᠪᠲᠤᠯᠤᠯᠳᠠ ᠶᠢᠨ ᠴᠢᠭᠯᠡᠯ ᠪᠤᠯᠭᠠᠵᠦ᠂ ᠲᠠᠬᠢᠨ ᠡᠬᠦᠰᠴᠤ ᠪᠤᠯᠬᠤ ᠡᠨᠧᠷᠬᠢ ᠶᠢ ᠬᠡᠪᠴᠢᠶᠡᠵᠢᠬᠦᠯᠦᠨ ᠰᠠᠭᠤᠷᠢᠰᠢᠵᠢᠭᠤᠯᠤᠨ ᠭᠦᠭᠵᠢᠬᠦᠯᠬᠦ ᠶᠢ ᠲᠦᠷᠬᠡᠳᠬᠡᠨ ᠠᠬᠢᠭᠤᠯᠵᠦ᠂ ᠡᠨᠧᠷᠬᠢ ᠶᠢᠨ ᠪᠦᠲᠦᠴᠡ ᠴᠡᠪᠡᠷ ᠡᠨᠧᠷᠬᠢ ᠶᠢᠨ ᠴᠢᠭᠯᠡᠯ ᠲᠡᠶᠢᠰᠢ ᠴᠢᠨᠠᠬᠰᠢᠳᠠ ᠠᠬᠢᠪᠠ᠃ ᠲᠦᠪ ᠤᠨ ᠤᠷᠴᠢᠨ ᠲᠤᠭᠤᠷᠢᠨ ᠤ ᠱᠠᠯᠠᠪᠳᠠᠭᠤᠯᠤᠨ ᠪᠠᠶᠢᠴᠠᠭᠠᠯᠳᠠ ᠶᠢᠨ ᠬᠠᠯᠠᠨ ᠰᠠᠶᠢᠵᠢᠷᠠᠭᠤᠯᠬᠤ ᠡᠬᠦᠷᠬᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠡᠨᠧᠷᠬᠢ ᠬᠢᠬᠡᠳ ᠠᠮᠢ ᠠᠬᠤᠢ ᠶᠢᠨ ᠵᠠᠰᠠᠯᠳᠠ ᠶᠢ ᠠᠭᠤᠰᠤᠯᠴᠠᠭᠤᠯᠤᠨ ᠬᠦᠭᠵᠢᠬᠦᠯᠬᠦ ᠲᠠᠯ᠎ᠠ ᠪᠠᠷ ᠠᠩᠬ᠎ᠠ ᠠᠯᠬᠤᠮ ᠤᠨ ᠦᠷ᠎ᠠ ᠪᠦᠲᠦᠮᠵᠢ ᠤᠯᠪᠠ᠃ ᠴᠠᠬᠢᠯᠭᠠᠨ ᠬᠡᠷᠡᠭᠯᠡᠬᠦ ᠲᠤᠮᠤ ᠡᠷᠦᠬᠡ ᠳᠤ ᠴᠠᠬᠢᠯᠭᠠᠨ ᠢ ᠰᠢᠭᠤᠳ ᠬᠠᠩᠭᠠᠬᠤ ᠵᠡᠷᠬᠡ ᠪᠠᠷ ᠲᠠᠮᠵᠢᠵᠦ᠂ ᠠᠵᠦ ᠦᠢᠯᠡᠰ ᠤᠨ ᠪᠤᠬᠢᠷᠳᠤᠯ ᠦᠬᠡᠢ ᠡᠨᠧᠷᠬᠢ ᠬᠡᠷᠡᠭᠯᠡᠬᠦ ᠲᠤᠬᠳᠠᠴᠠ ᠴᠢᠨᠠᠬᠰᠢᠳᠠ ᠬᠦᠨᠵᠡᠬᠡᠶᠢᠷᠡᠵᠤ᠂ ᠡᠨᠧᠷᠬᠢ ᠶᠢᠨ ᠪᠤᠬᠢᠷᠳᠤᠯ ᠦᠬᠡᠢ ᠬᠦᠭᠵᠢᠯᠳᠡ ᠶᠢᠨ ᠰᠢᠨ᠎ᠠ ᠮᠡᠷᠬᠡᠵᠢᠯ ᠢ ᠲᠦᠬᠡᠮᠡᠯᠵᠢᠬᠦᠯᠦᠨ ᠬᠡᠷᠡᠭᠯᠡᠬᠦ ᠶᠢ ᠲᠦᠷᠬᠡᠳᠭᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号