ᠵᠠᠰᠠᠮᠠᠯ ᠵᠠᠮ ᠤᠨ 9 ᠲᠣᠮᠣ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠴᠠ ᠶᠣᠰᠣᠭᠠᠷ ᠡᠬᠢᠯᠡᠭᠦᠯᠪᠡ
ᠨᠡᠶᠢᠲᠡᠯᠡᠭᠰᠡᠨ ᠴᠠᠭ᠄
2020/5/18
     5 ᠳ᠋ᠤᠭᠠᠷ ᠰᠠᠷ᠎ᠠ ᠶᠢᠨ 15᠎ ᠤ ᠡᠳᠦᠷ᠂ ᠡᠷᠢᠶᠡᠨ ᠬᠤᠲᠠ ᠠᠴᠠ ᠴᠢᠨ ᠬᠤᠸᠠᠩ ᠳ᠋ᠤᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠥ᠋ ︵ᠰᠥᠨᠢᠳ ᠪᠠᠷᠠᠭᠤᠨ ᠬᠤᠰᠢᠭᠤ︶ ᠬᠤᠸᠠ ︵ᠬᠤᠸᠠᠳᠧ︶ ᠬᠡᠰᠡᠭ ᠤᠨ ᠪᠠᠷᠢᠯᠭ᠎ᠠ ᠶᠢᠨ ᠭᠠᠵᠠᠷ ᠲᠤ 30 ᠮᠧᠲᠷ ᠤᠷᠳᠤ ᠱᠦᠢᠨᠢ ᠪᠠᠷ ᠦᠢᠯᠡᠳᠦᠭᠰᠡᠨ ᠬᠠᠶᠢᠷᠴᠠᠭ ᠬᠡᠯᠪᠡᠷᠢ ᠶᠢᠨ ᠬᠦᠭᠦᠷᠭᠡ ᠶᠢᠨ ᠨᠢᠷᠤᠭᠤ ᠶᠢ ᠶᠠᠭ ᠳᠡᠭᠦᠵᠢᠯᠡᠨ ᠤᠭᠰᠠᠷᠠᠵᠤ ᠪᠤᠢ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠯᠠ ᠣᠷᠤᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ 9 ᠲᠥᠷᠥᠯ ᠵᠦᠢᠯ ᠢ ᠪᠦᠬᠦᠨ ᠢ ᠠᠬᠢᠴᠠ ᠶᠣᠰᠣᠭᠠᠷ ᠠᠵᠢᠯ ᠡᠬᠢᠯᠡᠭᠦᠯᠪᠡ᠃ ᠡᠭᠦᠨ ᠳᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠨᠢ 6᠂ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠨᠢ 3 ᠪᠠᠶᠢᠵᠤ᠂ ᠳᠡᠭᠡᠳᠦ ᠵᠡᠷᠭᠡ ᠶᠢᠨ ᠵᠠᠰᠠᠮᠠᠯ ᠵᠠᠮ ᠤᠨ ᠶᠡᠷᠦᠩᠬᠡᠶ ᠤᠷᠲᠤ ᠶᠢ 1309 ᠺᠢᠯᠣᠮᠧᠲᠷ ᠪᠦᠲᠦᠭᠡᠨ ᠪᠠᠶᠢᠭᠤᠯᠬᠤ ᠪᠠᠷ ᠲᠥᠯᠥᠪᠯᠡᠵᠦ᠂ ᠶᠡᠷᠦᠩᠬᠡᠶ ᠪᠡᠯᠡ ᠣᠷᠣᠭᠤᠯᠤᠯᠲᠠ ᠨᠢ 510 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号