ᠦᠪᠦᠷ ᠮᠤᠩᠭᠤᠯ ᠤᠨ ᠤᠯᠠᠭᠠᠨᠴᠠᠪ ᠬᠤᠳᠠ ᠶᠢᠨ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠦᠬᠦᠪᠦᠷᠢᠯᠡᠬᠦ ᠢᠨᠵᠧᠨᠧᠷᠢᠩ ᠪᠠᠷᠢᠯᠭ᠎ᠠ ᠡᠬᠢᠯᠡᠪᠡ  ᠪᠦ᠋ ᠰᠢᠶᠤᠤ ᠯᠢᠨ ᠪᠠᠷᠢᠯᠭ᠎ᠠ ᠡᠬᠢᠯᠡᠭᠰᠡᠨ ᠢ ᠵᠠᠷᠯᠠᠵᠠᠢ
ᠨᠡᠶᠢᠲᠡᠯᠡᠭᠰᠡᠨ ᠴᠠᠭ᠄
2020/5/18
     5 ᠰᠠᠷ᠎ᠠ ᠶᠢᠨ 16᠎ ᠤ ᠡᠳᠦᠷ᠂ ᠦᠪᠦᠷ ᠮᠤᠩᠭᠤᠯ ᠤᠨ ᠤᠯᠠᠭᠠᠨᠴᠠᠪ ᠬᠤᠳᠠ ᠶᠢᠨ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠦᠬᠦᠪᠦᠷᠢᠯᠡᠬᠦ ᠢᠨᠵᠧᠨᠧᠷᠢᠩ ᠢ ᠪᠦᠲᠦᠭᠡᠨ ᠪᠠᠶᠢᠭᠤᠯᠵᠤ ᠡᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ᠂ ᠤᠰᠤᠨ ᠠᠰᠢᠬᠯᠠᠯᠳᠠ ᠶᠢᠨ ᠶᠠᠮᠤᠨ ᠤ ᠬᠠᠳᠤᠨ ᠭᠤᠤᠯ ᠤᠨ ᠤᠰᠤᠨ ᠠᠰᠢᠬᠯᠠᠯᠳᠠ ᠶᠢᠨ ᠵᠦᠪᠯᠡᠯ ᠤᠨ ᠡᠷᠬᠢᠯᠡᠭᠴᠢ ᠶᠤᠸᠠᠢ ᠵᠦᠩ ᠮᠢᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ᠂ ᠤᠰᠤᠨ ᠠᠰᠢᠬᠯᠠᠯᠳᠠ ᠶᠢᠨ ᠶᠠᠮᠤᠨ ᠤ ᠶᠡᠷᠦᠩᠬᠡᠢ ᠲᠦᠯᠦᠪᠵᠢᠭᠦᠯᠦᠭᠴᠢ ᠸᠠᠩ ᠠᠨ ᠨᠠᠨ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠵᠠᠢ᠃
     ᠪᠦ᠋ ᠰᠢᠶᠤᠤ ᠯᠢᠨ ᠦᠪᠦᠷ ᠮᠤᠩᠭᠤᠯ ᠤᠨ ᠤᠯᠠᠭᠠᠨᠴᠠᠪ ᠬᠤᠳᠠ ᠶᠢᠨ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠦᠬᠦᠪᠦᠷᠢᠯᠡᠬᠦ ᠢᠨᠵᠧᠨᠧᠷᠢᠩ ᠤᠨ ᠪᠠᠷᠢᠯᠭ᠎ᠠ ᠡᠬᠢᠯᠡᠭᠰᠡᠨ ᠢ ᠵᠠᠷᠯᠠᠪᠠ᠃      ᠶᠤᠸᠠᠢ ᠵᠦᠩ ᠮᠢᠩ ᠪᠠᠶᠠᠷ ᠤᠨ ᠦᠭᠡ ᠬᠡᠯᠡᠬᠦ ᠳᠡᠭᠡᠨ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠦᠬᠦᠪᠦᠷᠢᠯᠡᠬᠦ ᠢᠨᠵᠧᠨᠧᠷᠢᠩ ᠢ ᠬᠡᠷᠡᠭᠵᠢᠭᠦᠯᠵᠤ ᠪᠠᠶᠢᠬᠤ ᠨᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠬᠤ᠂ ᠨᠠᠮ ᠤᠨ ᠲᠦᠪ ᠬᠤᠷᠢᠶᠠᠨ ᠤ ᠦᠪᠦᠷ ᠮᠤᠩᠭᠤᠯ ᠤᠨ ︽ᠬᠦᠯᠦᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾᠎ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠤᠬᠠᠢ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠦᠷᠭᠡᠳᠭᠡᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠠ ᠪᠤᠯᠤᠨ᠎ᠠ᠂ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠭᠳᠠᠯ ᠮᠠᠰᠢ ᠴᠢᠬᠤᠯᠠ᠂ ᠠᠮᠢ ᠠᠬᠤᠢ ᠶᠢᠨ ᠦᠷ᠎ᠠ ᠠᠰᠢᠭ ᠮᠠᠰᠢ ᠢᠯᠡᠷᠬᠡᠢ ᠶᠤᠮ᠃ ᠬᠠᠳᠤᠨ ᠭᠤᠤᠯ ᠤᠨ ᠤᠰᠤᠨ ᠠᠰᠢᠬᠯᠠᠯᠳᠠ ᠶᠢᠨ ᠵᠦᠪᠯᠡᠯ ᠦᠷᠭᠦᠯᠵᠢᠯᠡᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠬᠦᠯᠦᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾᠎ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠳᠠ ᠶᠢ ᠠᠬᠢᠭᠤᠯᠬᠤ ᠠᠵᠢᠯ ᠢ ᠳᠡᠮᠵᠢᠵᠤ᠂ ᠦᠪᠦᠷ ᠮᠤᠩᠭᠤᠯ ᠢ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠠ ᠭᠡᠵᠤ ᠵᠢᠭᠠᠵᠤ ᠭᠠᠷᠭᠠᠪᠠ᠃      ᠯᠢᠨ ᠱᠤᠤ ᠴᠦᠨ ᠪᠠᠶᠠᠷ ᠤᠨ ᠦᠭᠡ ᠬᠡᠯᠡᠬᠦ ᠳᠡᠭᠡᠨ᠂ ᠳᠠᠭ᠎ᠠ ᠶᠢᠨ ᠨᠠᠭᠤᠷ ᠤᠨ ᠰᠠᠪᠠ ᠭᠠᠵᠠᠷ ᠨᠢ ᠠᠮᠢ ᠠᠬᠤᠢ ᠶᠢᠨ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠴᠢᠬᠤᠯᠠ ᠤᠷᠤᠨ ᠪᠤᠯᠤᠭᠰᠠᠨ ᠤ ᠬᠤᠪᠢ ᠳᠤ ᠲᠡᠭᠦᠨ ᠤ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠴᠢ ᠬᠤᠯᠪᠤᠭᠳᠠᠯ ᠲᠤᠩ ᠴᠢᠬᠤᠯᠠ ᠶᠤᠮ᠃ ᠶᠡᠷᠦᠩᠬᠡᠢ ᠱᠦᠵᠢ ᠰᠢ ᠶᠢᠨ ᠫᠢᠩ ᠳᠠᠭ᠎ᠠ ᠶᠢᠨ ᠨᠠᠭᠤᠷ ᠤᠨ ᠠᠮᠢ ᠠᠬᠤᠢ ᠵᠢᠴᠢ ᠵᠠᠰᠠᠯᠳᠠ ᠶᠢ ᠲᠦᠢᠯ ᠢᠶᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭᠠᠪᠤᠷᠢ ᠦᠭᠴᠠᠢ᠃ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠲᠠᠯ ᠢ ᠠᠷᠭᠠᠴᠠᠭᠠᠬᠤ ᠤᠰᠤ ᠨᠦᠬᠦᠪᠦᠷᠢᠯᠡᠬᠦ ᠢᠨᠵᠧᠨᠧᠷᠢᠩ ᠪᠤᠯ ᠲᠠᠭ᠎ᠠ ᠶᠢᠨ ᠨᠠᠭᠤᠷ ᠤᠨ ᠠᠮᠢ ᠠᠬᠤᠢ ᠶᠢᠨ ᠵᠠᠰᠠᠯᠲᠠ ᠶᠢᠨ ᠵᠠᠩᠭᠢᠯᠠᠭ᠎ᠠ ᠶᠢᠨ ᠠᠷᠭ᠎ᠠ ᠬᠡᠮᠵᠢᠶ᠎ᠠ ᠪᠤᠯᠤᠨ᠎ᠠ᠂ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠯᠤᠨ ᠭᠠᠵᠠᠷ ᠤᠷᠤᠨ ᠬᠠᠮᠵᠢᠯᠴᠠᠵᠦ᠂ ᠨᠢᠮᠪᠠᠢ ᠵᠤᠬᠢᠶᠠᠠ ᠪᠠᠶᠢᠭᠤᠯᠵᠦ᠂ ᠲᠦᠷᠦᠯ ᠵᠦᠢᠯ ᠤᠨ ᠭᠡᠷᠡᠭᠵᠢᠭᠦᠯᠦᠯᠲᠡ ᠶᠢᠨ ᠨᠢᠭᠡᠴᠢ ᠲᠠᠢ ᠢᠲᠡᠪᠬᠢᠲᠠᠢ ᠬᠠᠮᠵᠢᠯᠴᠠᠵᠦ ᠪᠠᠶᠢᠭᠠᠳ ᠪᠤᠰᠢᠭᠤ ᠱᠠᠯᠠᠮᠠᠭᠠᠢ᠂ ᠲᠦᠷᠭᠡᠡ ᠪᠦᠭᠡᠳ ᠪᠤᠲᠠᠲᠠᠢ ᠠᠵᠢᠯᠯᠠᠬᠤ ᠤᠪᠤᠷ ᠢ ᠪᠠᠲᠠᠷᠠᠭᠤᠯᠤᠨ᠂ ᠶᠠᠰᠤ ᠴᠢᠨᠠᠷ ᠪᠤᠯᠤᠨ ᠠᠮᠤᠷ ᠲᠦᠪᠰᠢᠨ ᠢ ᠪᠠᠲᠤᠯᠠᠬᠤ ᠤᠷᠢᠲᠠᠯ ᠲᠤᠤᠷ᠎ᠠ᠂ ᠢᠨᠵᠧᠨᠧᠷᠢᠩ ᠤᠨ ᠪᠦᠲᠦᠭᠡᠡ ᠪᠠᠶᠢᠭᠤᠯᠤᠯᠲᠠ ᠶᠢ ᠪᠦᠬᠦ ᠬᠦᠴᠤᠨ ᠢᠶᠠᠷ ᠢᠶᠠᠨ ᠲᠦᠷᠭᠡᠡ ᠠᠬᠢᠭᠤᠯᠵᠦ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ᠂ ᠪᠤᠬᠢᠷᠲᠤᠯ ᠦᠭᠡᠢ ᠬᠦᠭᠵᠢᠭᠦᠯᠬᠦ ᠶᠢᠨ ᠠᠮᠵᠢᠯᠲᠠ ᠲᠠᠢ ᠨᠡᠶᠢᠲᠡᠯᠢᠭ ᠲᠦᠷᠦᠯ ᠵᠦᠢᠯ ᠢ ᠪᠠᠶᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃
     ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠦᠬᠦᠪᠦᠷᠢᠯᠡᠬᠦ ᠢᠨᠵᠧᠨᠧᠷᠢᠩ ᠨᠢ ᠤᠯᠠᠭᠠᠠᠴᠠᠪ ᠬᠤᠲᠠ ᠲᠡᠷᠡᠴᠢᠯᠡᠡ ᠪᠦᠬᠦ ᠤᠷᠤᠨ ᠤ ᠠᠮᠢ ᠠᠬᠤᠢ᠂ ᠠᠵᠦ ᠠᠬᠤᠢ᠂ ᠨᠡᠶᠢᠭᠡᠮ ᠤᠨ ᠬᠠᠮᠲᠤ ᠶᠢᠨ ᠢᠯᠠᠯᠲᠠ ᠶᠢ ᠤᠯᠬᠤ ᠳᠤ ᠴᠢᠬᠤᠯᠠ ᠪᠡᠯᠭᠡ ᠲᠡᠮᠲᠡᠭ ᠤᠨ ᠴᠢᠨᠠᠷ ᠲᠠᠢ ᠠᠴᠢ ᠬᠤᠯᠪᠤᠭᠲᠠᠯ ᠲᠠᠢ ᠶᠤᠮ᠃ ᠢᠨᠵᠧᠨᠧᠷᠢᠩ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠲᠸᠤ ᠳ᠋ᠤᠤ ᠭᠤᠸᠠᠢ ᠤᠰᠤᠨ ᠰᠢᠨᠵᠢᠯᠡᠭᠡᠡ ᠤ ᠦᠷᠲᠡᠭᠡ ᠶᠢᠨ ᠲᠤᠤᠷᠠᠲᠦ ᠤᠷᠤᠰᠬᠠᠯ ᠠᠴᠠ ᠪᠠᠷᠤᠭ 21 ᠺᠢᠯᠤᠮᠧᠲᠷ ᠵᠠᠶᠢᠳᠠᠢ ᠭᠠᠵᠠᠷ ᠤᠨ ᠵᠡᠭᠦᠨ ᠡᠷᠬᠢ ᠳᠤ ᠪᠠᠶᠢᠷᠢᠰᠢᠭ᠎ᠠ ᠲᠤᠭᠲᠠᠬᠤ ᠰᠢᠶᠠᠠ ᠤ ᠬᠢᠯᠢ ᠲᠤᠲᠤᠷᠠᠬᠢ ᠫᠦ᠋ ᠲᠠᠠ ᠭᠤᠸᠠᠢ ᠳᠤ ᠰᠢᠨ᠎ᠠ ᠪᠠᠷ ᠪᠠᠶᠢᠭᠤᠯᠤᠭᠰᠠᠠ ᠤᠰᠤ ᠠᠪᠬᠤ ᠤᠰᠤ ᠲᠠᠲᠠᠬᠤ ᠦᠷᠲᠡᠭᠡ ᠳᠤ ᠪᠠᠶᠢᠨ᠎ᠠ᠂ ᠵᠢᠷᠤᠵᠦ ᠲᠦᠯᠦᠪᠯᠡᠭᠰᠡᠡ ᠤᠰᠤ ᠲᠠᠲᠠᠬᠤ ᠤᠷᠤᠰᠬᠠᠯ ᠤᠨ ᠬᠡᠮᠵᠢᠶ᠎ᠠ ᠨᠢ ᠨᠢᠭᠡ ᠮᠢᠨᠦ᠋ᠲ ᠲᠤ 3.02 ᠪᠤᠰᠤᠭ᠎ᠠ ᠲᠦᠷᠪᠡᠯᠵᠢᠨ ᠮᠧᠲᠷ ᠪᠤᠯᠤᠨ᠎ᠠ᠃ ᠢᠨᠵᠧᠨᠧᠷᠢᠩ ᠳᠤ ︽ᠭᠤᠷᠪᠠᠠ ᠲᠡᠰ ᠢᠶᠠᠷ ᠲᠠᠷᠤᠯᠲᠠ ᠦᠭᠬᠦ + ᠬᠤᠶᠠᠷ ᠲᠡᠰ ᠤᠨ ᠬᠦᠨᠲᠦ ᠶᠢᠨ ᠬᠦᠴᠤᠨ ᠤ ᠠᠶ᠎ᠠ ᠪᠠᠷ ᠤᠷᠤᠰᠬᠬᠠᠤ︾ ᠤᠰᠤ ᠲᠠᠮᠵᠢᠭᠤᠯᠬᠤ ᠠᠷᠭ᠎ᠠ ᠶᠢ ᠭᠡᠷᠡᠭᠯᠡᠵᠦ᠂ ᠤᠰᠤ ᠲᠠᠮᠵᠢᠭᠤᠯᠬᠤ ᠭᠤᠤᠷᠰᠦ ᠨᠢ ᠬᠦᠨᠲᠡᠯᠠᠠ ᠢᠶᠠᠷ ᠢᠶᠠᠨ ᠬᠦᠭᠡᠬᠤᠲᠠ ᠶᠢᠨ ᠲᠤᠭᠲᠠᠬᠤ ᠰᠢᠶᠠᠠ᠂ ᠬᠤᠷᠢᠨᠭᠡᠷ ᠰᠢᠶᠠᠠ ᠵᠢᠴᠢ ᠤᠯᠠᠭᠠᠠᠴᠠᠪ ᠬᠤᠲᠠ ᠶᠢᠨ ᠯᠢᠶᠠᠩᠴᠧᠩ ᠰᠢᠶᠠᠠ ᠢᠶᠠᠷ ᠦᠩᠭᠡᠷᠡᠵᠦ᠂ ᠡᠴᠤᠰ ᠲᠤ ᠭᠦᠩ ᠪᠠ ᠡᡁᠧ ᠭᠤᠤᠯ ᠢᠶᠠᠷ ᠲᠠᠮᠵᠢᠨ ᠲᠠᠭ᠎ᠠ ᠶᠢᠨ ᠨᠠᠭᠤᠷ ᠲᠤ ᠴᠢᠳᠬᠤᠯᠠᠨ᠎ᠠ᠂ ᠤᠰᠤ ᠲᠠᠮᠵᠢᠭᠤᠯᠬᠤ ᠱᠤᠭᠤᠮ ᠤᠨ ᠶᠡᠷᠦᠩᠭᠡᠢ ᠤᠷᠲᠤ ᠨᠢ 131.57 ᠺᠢᠯᠤᠮᠧᠲᠷ ᠪᠤᠯᠤᠨ᠎ᠠ᠃      ᠪᠠᠷᠢᠯᠭ᠎ᠠ ᠡᠬᠢᠯᠡᠬᠦ ᠶᠤᠰᠤᠯᠠᠯ ᠲᠡᠭᠡᠷ᠎ᠠ᠂ ᠤᠯᠠᠭᠠᠠᠴᠠᠪ ᠬᠤᠲᠠ ᠶᠢᠨ ᠨᠠᠮ ᠤᠨ ᠬᠤᠷᠢᠶ᠎ᠠ᠂ ᠬᠦᠬᠡᠬᠤᠲᠠ ᠶᠢᠨ ᠵᠠᠰᠠᠭ ᠤᠨ ᠤᠷᠲᠤᠨ ᠵᠢᠴᠢ ᠲᠦᠷᠦᠯ ᠵᠦᠢᠯ ᠢ ᠵᠢᠷᠤᠵᠦ ᠲᠦᠯᠦᠪᠯᠡᠭᠰᠡᠡ ᠨᠢᠭᠡᠴᠢ ᠬᠠᠲᠤᠨ ᠭᠤᠤᠯ ᠤᠨ ᠵᠢᠷᠤᠵᠦ ᠲᠦᠯᠦᠪᠯᠡᠬᠦ ᠬᠦᠷᠢᠶᠡᠯᠡᠩ ᠤᠨ ᠬᠢᠵᠠᠭᠠᠷᠲᠦ ᠺᠤᠮᠫᠠᠨᠢ ᠶᠢᠨ ᠬᠠᠷᠢᠭᠤᠴᠠᠯᠭᠠᠲᠠᠠ ᠦᠭᠡ ᠬᠡᠯᠡᠪᠡ᠃ ᠬᠠᠲᠤᠠ ᠭᠤᠤᠯ ᠤᠨ ᠤᠰᠤᠨ ᠠᠰᠢᠠᠠᠯᠠᠯᠲᠠ ᠶᠢᠨ ᠵᠦᠪᠯᠡᠯ᠂ ᠦᠪᠡᠷᠲᠡᠭᠡᠡ ᠵᠠᠰᠬᠠᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠨᠠᠷ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号