ᠲᠤᠮᠲᠠᠲᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠠᠵᠦ ᠦᠢᠯᠡᠰ ᠤᠨ ᠬᠦᠷᠢᠶᠡᠯᠡᠩ ᠤᠨ ᠵᠡᠭᠦᠨ ᠭᠡᠰᠡᠭ ᠤᠨ ᠲᠦᠪ ᠤᠨ 10 ᠲᠦᠮᠡᠡ ᠰᠠᠭᠠᠯᠢ ᠶᠢᠨ ᠦᠨᠢᠶ᠎ᠠ ᠶᠢᠨ ᠰᠠᠭᠤᠷᠢᠨ ᠤ ᠲᠦᠷᠦᠯ ᠵᠦᠢᠯ ᠪᠠᠷᠢᠯᠭ᠎ᠠ ᠡᠬᠢᠯᠡᠵᠠᠢ  ᠯᠢ ᠪᠢᠩ ᠷᠦᠩ ᠤᠷᠤᠯᠴᠠᠵᠠᠢ
ᠨᠡᠶᠢᠲᠡᠯᠡᠭᠰᠡᠨ ᠴᠠᠭ᠄
2020/5/18
     5 ᠰᠠᠷ᠎ᠠ ᠶᠢᠨ 16᠎ ᠤ ᠡᠲᠦᠷ᠂ ᠲᠤᠮᠲᠠᠲᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠠᠵᠦ ᠦᠢᠯᠡᠰ ᠎ ᠤᠨ ᠬᠦᠷᠢᠶᠡᠯᠡᠩ ᠤᠨ ᠵᠡᠭᠦᠠ ᠭᠡᠰᠡᠭ ᠤᠨ ᠲᠦᠪ ᠤᠨ 10 ᠲᠦᠮᠡᠡ ᠰᠠᠭᠠᠯᠢ ᠶᠢᠨ ᠦᠨᠢᠶ᠎ᠠ ᠲᠡᠵᠢᠭᠡᠬᠦ ᠰᠠᠭᠤᠷᠢᠨ ᠤ ᠲᠦᠷᠦᠯ ᠵᠦᠢᠯ ᠲᠦᠩᠯᠢᠶᠤᠤ ᠬᠤᠳᠠ ᠶᠢᠨ ᠵᠢᠷᠦᠭᠡ ᠲᠠᠯ᠎ᠠ ᠨᠤᠲᠤᠭ ᠲᠤ ᠪᠠᠷᠢᠯᠭ᠎ᠠ ᠡᠬᠢᠯᠡᠪᠡ᠃      ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠠᠵᠢᠯ ᠡᠬᠢᠯᠡᠬᠦ ᠶᠤᠰᠤᠯᠠᠯ ᠳᠤ ᠤᠷᠤᠯᠴᠠᠵᠠᠢ᠃      ᠲᠤᠮᠲᠠᠲᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠠᠵᠦ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠨᠢ ᠮᠧᠩ ᠨᠢᠤ ᠴᠠᠭᠠᠨ ᠢᠳᠡᠭᠡᠨ ᠤ ᠦᠢᠯᠡᠰ ᠤᠨ ᠪᠦᠯᠦᠭᠯᠡᠯ ᠠᠴᠠ 1000 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠦ᠂ ᠲᠤᠮᠲᠠᠲᠤ ᠤᠯᠤᠰ ᠤᠨ ᠴᠠᠭᠠᠨ ᠢᠳᠡᠭᠡᠨ ᠤ ᠬᠤᠲᠠ ᠬᠦᠬᠡᠬᠤᠲᠠ ᠪᠠᠷ ᠭᠤᠤᠯ ᠲᠤᠭᠤᠷᠢᠭ ᠪᠤᠯᠭᠠᠵᠦ᠂ ᠬᠠᠲᠤᠨ ᠭᠤᠤᠯ ᠤᠨ ᠰᠠᠪᠠ ᠭᠠᠵᠠᠷ ᠤᠨ ᠪᠠᠶᠠᠠᠨᠠᠭᠤᠷ ᠢᠶᠠᠷ ᠪᠠᠷᠠᠭᠤᠨ ᠭᠡᠰᠡᠭ ᠤᠨ ᠲᠦᠪ᠂ ᠪᠠᠷᠠᠭᠤᠨ ᠯᠢᠶᠤᠤ ᠡᡁᠧ ᠭᠤᠤᠯ ᠤᠨ ᠰᠠᠪᠠ ᠭᠠᠵᠠᠷ ᠤᠨ ᠲᠦᠩᠯᠢᠶᠤᠤ ᠪᠠᠷ ᠵᠡᠭᠦᠨ ᠭᠡᠰᠡᠭ ᠤᠨ ᠲᠦᠪ ᠪᠤᠯᠭᠠᠵᠦ᠂ ᠪᠦᠬᠦ᠋ᠢᠯᠡ ᠦᠪᠦᠷ ᠮᠣᠩᠭᠤᠯ ᠢ ᠬᠠᠮᠤᠷᠬᠤ ᠪᠤᠯᠤᠨ᠎ᠠ᠃      ᠲᠦᠩᠯᠢᠶᠤᠤ ᠬᠤᠲᠠ ᠲᠤᠮᠲᠠᠲᠤ ᠤᠯᠤᠰ ᠤᠨ ᠴᠠᠭᠠᠨ ᠢᠳᠡᠭᠡᠨ ᠤ ᠦᠢᠯᠡᠰ ᠤᠨ ᠠᠵᠦ ᠦᠢᠯᠡᠰ ᠤᠨ ᠬᠦᠷᠢᠶᠡᠯᠡᠩ ᠤᠨ ᠵᠡᠭᠦᠨ ᠭᠡᠰᠡᠭ ᠤᠷᠤᠨ ᠤ ᠲᠦᠪ ᠪᠤᠯᠤᠭᠰᠠᠠ ᠤ ᠬᠤᠪᠢ ᠳᠤ᠂ ︽ᠵᠢᠷᠦᠭᠡ 10 ᠲᠦᠮᠠᠠ ᠰᠠᠭᠠᠯᠢ ᠎ ᠶᠢᠨ ᠦᠨᠢᠶ᠎ᠠ ᠲᠡᠵᠢᠭᠡᠬᠦ ᠴᠠᠭᠠᠨ ᠢᠳᠡᠭᠡᠨ ᠤ ᠠᠵᠦ ᠦᠢᠯᠡᠰ ᠤᠨ ᠬᠦᠷᠢᠶᠡᠯᠡᠩ︾᠎ ᠢ ᠪᠦᠲᠦᠭᠡᠡ ᠪᠠᠶᠢᠭᠤᠯᠵᠦ᠂ 3 ᠵᠢᠯ ᠤᠨ ᠲᠤᠲᠤᠷ᠎ᠠ᠂ ᠰᠠᠭᠠᠯᠢ ᠶᠢᠨ ᠦᠨᠢᠶ᠎ᠠ ᠶᠢᠨ ᠲᠤᠭ᠎ᠠ ᠶᠢ ᠰᠢᠨ᠎ᠠ ᠪᠠᠷ 10 ᠲᠦᠮᠡ ᠨᠡᠮᠡᠭᠳᠡᠭᠦᠯᠵᠤ᠂ ᠰᠦ ᠶᠢᠨ ᠭᠠᠷᠤᠯᠳᠠ ᠶᠢ ᠡᠲᠦᠷ ᠲᠤᠮᠲᠠᠴᠢ ᠳᠤ 2000 ᠲᠤᠨ ᠨᠡᠮᠡᠭᠳᠡᠭᠦᠯᠵᠤ᠂ 30 ᠭᠠᠷᠤᠢ ᠲᠦᠮᠡᠡ ᠮᠦ ᠴᠠᠷᠭᠠᠰᠤ᠂ ᠨᠤᠬᠠᠢ ᠶᠢᠨ ᠬᠤᠰᠢᠭᠤ ᠵᠢᠴᠢ ᠬᠦᠭᠡ ᠪᠠᠷ ᠲᠠᠷᠤᠰᠢᠭᠤᠯᠬᠤ ᠡᠷᠲᠡᠨᠢ ᠰᠢᠰᠢ ᠵᠡᠷᠭᠡ ᠴᠢᠨᠠᠷᠯᠢᠭ ᠲᠡᠵᠢᠭᠡᠯ ᠪᠤᠷᠲᠤᠭ᠎ᠠ ᠲᠠᠷᠢᠵᠤ ᠤᠷᠭᠤᠭᠤᠯᠬᠤ ᠶᠢ ᠲᠠᠶᠢᠴᠢᠯᠠᠬᠤ ᠪᠠᠷ ᠲᠦᠯᠦᠪᠯᠡᠵᠤ ᠪᠤᠢ᠃ ᠲᠡᠭᠡᠭᠡᠳ ᠪᠠᠰᠠ ︽ᠲᠤᠮᠲᠠᠲᠤ ᠤᠯᠤᠰ ᠤᠨ ᠲᠠᠯ᠎ᠠ ᠨᠤᠲᠤᠭ ᠤᠨ ᠮᠢᠬᠠᠨ ᠤ ᠦᠭᠡᠷ ᠤᠨ ᠬᠤᠲᠠ︾᠎ ᠶᠢᠨ ᠲᠦᠷᠦᠯ ᠲᠡᠮᠲᠡᠭ ᠤᠨ ᠲᠠᠪᠠᠭᠤᠯᠢᠭ ᠢᠶᠠᠨ ᠠᠰᠢᠠᠠᠯᠠᠵᠦ᠂ ︽ᠦᠭᠡᠷ ᠲᠡᠵᠢᠭᠡᠬᠦ ᠲᠤᠷᠠᠲᠠᠢ︾ ᠭᠡᠬᠦ ᠮᠢᠬᠠᠨ ᠤ ᠦᠭᠡᠷ ᠤᠨ ᠠᠵᠦ ᠦᠢᠯᠡᠰ ᠤᠨ ᠢᠨᠲ᠋ᠧᠷ ᠰᠦᠯᠵᠢᠶᠠᠠ ᠤ ᠲᠠᠪᠴᠠᠩ ᠢ ᠪᠠᠶᠢᠭᠤᠯᠵᠦ᠂ ᠪᠤᠰᠤᠭ᠎ᠠ ᠴᠤᠭᠴᠠᠲᠦ ᠠᠵᠦ ᠦᠢᠯᠡᠰ ᠤᠨ ᠬᠡᠯᠬᠢᠶ᠎ᠠ ᠶᠢᠨ ᠠᠷᠠᠯᠵᠢᠶ᠎ᠠ ᠶᠢ ᠠᠬᠢᠭᠤᠯᠤᠨ᠎ᠠ᠃ ᠠᠵᠦ ᠦᠢᠯᠡᠰ ᠤᠨ ᠬᠡᠯᠬᠢᠶ᠎ᠠ ᠶᠢᠨ ᠲᠦᠬᠦᠷᠵᠢᠭᠦᠯᠦᠭᠰᠡᠡ ᠠᠵᠦ ᠠᠬᠤᠢᠢᠯᠠᠯ ᠢ ᠤᠷᠤᠭᠤᠯᠤᠨ ᠠᠪᠴᠢᠷᠠᠵᠦ᠂ ᠪᠦᠬᠦ ᠤᠯᠤᠰ ᠤᠨ ᠬᠠᠮᠤᠭ ᠤᠨ ᠲᠤᠮᠤ ᠬᠡᠪᠴᠢᠶ᠎ᠠ ᠲᠠᠢ ᠰᠤᠷᠤᠭᠴᠢᠳ ᠤᠨ ᠤᠤᠭᠤᠬᠤ ᠰᠦ ᠶᠢᠨ ᠵᠢᠱᠢᠶ᠎ᠠ ᠦᠵᠡᠭᠦᠯᠬᠦ ᠦᠢᠯᠡᠳᠪᠦᠷᠢ ᠶᠢ ᠲᠡᠰ ᠲᠡᠪᠰᠢᠭᠦᠯᠵᠦ᠂ ᠰᠤᠷᠤᠭᠴᠢᠳ ᠤᠨ ᠤᠤᠭᠤᠬᠤ ᠰᠦ ᠶᠢᠨ ᠲᠤᠰᠬᠠᠢ ᠬᠦᠮᠦᠵᠢᠯ ᠤᠨ ᠰᠠᠭᠤᠷᠢᠨ ᠢ ᠡᠭᠦᠰᠭᠡᠡ ᠪᠠᠶᠢᠭᠤᠯᠵᠦ᠂ ᠲᠦᠩᠯᠢᠶᠤᠤ ᠬᠤᠲᠠ ᠶᠢᠨ ᠰᠦ ᠶᠢᠨ ᠦᠢᠯᠡᠰ ᠤᠨ ᠲᠠᠪᠠᠯᠲᠠᠳᠤ ᠬᠦᠭᠵᠢᠯᠲᠡ ᠎ ᠶᠢ ᠠᠬᠢᠭᠤᠯᠵᠦ᠂ ᠦᠪᠡᠷᠲᠡᠭᠡᠡ ᠵᠠᠰᠠᠬᠤ ᠤᠷᠤᠨ ᠤ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠳᠤ ᠬᠦᠴᠦᠨ ᠨᠡᠮᠡᠷᠢᠯᠡᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号