ᠥᠪᠥᠷ ᠮᠣᠩᠭᠤᠯ ᠤᠯᠤᠰ ᠤᠨ ︽ᠠᠮᠤ ᠪᠤᠳᠠᠭ᠎ᠠ ᠮᠢᠬ᠎ᠠ ᠰᠦ ᠶᠢᠨ ᠬᠥᠮᠥᠷᠭᠡ︾ ᠪᠣᠯᠪᠠ
ᠨᠡᠶᠢᠲᠡᠯᠡᠭᠰᠡᠨ ᠴᠠᠭ᠄
2020/5/18
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠲᠠᠷᠢᠶᠠᠯᠠᠬᠤ ᠣᠷᠣᠨ ᠤ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 2019 ᠣᠨ ᠳᠤ᠂ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 730.5 ᠳ᠋ᠦᠩᠰᠢᠭᠤᠷ ᠵᠢᠩ᠂ ᠮᠢᠬᠠᠨ ᠤ ᠲᠥᠷᠥᠯ ᠤᠨ ᠶᠡᠷᠦᠩᠬᠡᠢ ᠭᠠᠷᠤᠯᠲᠠ 264.6 ᠲᠦᠮᠡᠨ ᠲᠣᠨ᠂ ᠦᠨᠢᠶᠡᠨ ᠰᠦ ᠶᠢᠨ ᠭᠠᠷᠤᠯᠲᠠ 577.2 ᠲᠦᠮᠡᠨ ᠲᠣᠨ ᠳᠤ ᠬᠦᠷᠴᠦ᠂ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠲᠠ ᠴᠥᠮ ᠪᠥᠬᠦ ᠤᠯᠤᠰ ᠲᠤ ᠲᠡᠷᠢᠭᠦᠯᠡᠵᠦ᠂ ᠤᠯᠤᠰ ᠤᠨ ︽ᠠᠮᠤ ᠪᠤᠳᠠᠭ᠎ᠠ ᠮᠢᠬ᠎ᠠ ᠰᠦ ᠶᠢᠨ ᠬᠥᠮᠥᠷᠭᠡ︾ ᠪᠣᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠲᠠᠷᠢᠶᠠᠯᠠᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠰᠣᠨᠢᠨ ᠮᠡᠳᠡᠭᠡ ᠨᠡᠶᠢᠲᠡᠯᠡᠭᠴᠢ ᠸᠠᠩ ᠢᠦᠶ ᠹᠧᠩ ᠢᠯᠡᠳᠬᠡᠭᠰᠡᠨ ᠨᠢ᠂ ᠥᠪᠥᠷ ᠮᠣᠩᠭᠤᠯ ᠤᠨ ᠲᠠᠷᠢᠮᠠᠯ ᠤᠨ ᠦᠢᠯᠡᠰ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ᠂ ᠪᠣᠬᠢᠷᠲᠤᠯ ᠥᠬᠡᠶ ᠬᠥᠭᠵᠢᠯᠲᠡ ᠶᠠᠭ ᠥᠷᠭᠡᠨ ᠣᠯᠠᠨ ᠮᠠᠯᠴᠢᠨ ᠲᠠᠷᠢᠶᠠᠴᠢᠨ ᠤ ᠬᠠᠮᠲᠤ ᠶᠢᠨ ᠲᠠᠨᠢᠯᠲᠠ ᠪᠣᠯᠵᠣ ᠪᠠᠶᠢᠨ᠎ᠠ ᠭᠡᠪᠡ᠃      ᠸᠠᠩ ᠢᠦᠶ ᠹᠧᠩ ᠲᠠᠨᠢᠯᠴᠠᠭᠤᠯᠬᠤ ᠳᠤ ᠪᠠᠨ᠂ 2019 ᠣᠨ ᠠᠴᠠ ᠨᠠᠭᠠᠰᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢᠨ ᠳᠦᠷᠢᠮ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠦᠷᠭᠦᠯᠵᠢᠯᠡᠨ ᠰᠠᠶᠢᠵᠢᠷᠠᠵᠤ᠂ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠪᠦᠲᠦᠮᠵᠢᠲᠡᠶ ᠨᠡᠮᠡᠭᠳᠡᠨ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ ᠭᠡᠵᠡᠢ᠃      ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠲᠠᠷᠢᠮᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠲᠤᠯ ᠦᠭᠡᠢ ᠬᠥᠭᠵᠢᠭᠦᠯᠬᠦ‍ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠪᠠ᠃ ᠡᠨᠡ ᠵᠢᠯ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠪᠦᠭᠡᠳ ᠥᠪᠡᠷ ᠤᠨ ᠦᠷᠳᠡᠭ ᠢ ᠠᠷᠪᠢᠯᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠵᠦ᠂ ᠲᠠᠷᠢᠮᠠᠯ ᠤᠨ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢᠨ ᠬᠤᠷᠳᠤᠴᠠ ᠶᠢ ᠦᠷᠭᠦᠯᠵᠢᠯᠡᠨ ᠠᠬᠢᠭᠤᠯᠤᠨ᠎ᠠ᠃      ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠡᠭᠡ ᠬᠡᠮᠵᠢᠶ᠎ᠡ ᠪᠠᠷ ᠳᠡᠭᠡᠭᠰᠢᠯᠡᠬᠦ ᠶᠢ ᠳᠠᠭᠠᠯᠳᠤᠨ᠂ ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠣᠷᠣᠨ ᠪᠦᠰᠡ ᠶᠢᠨ ᠪᠠᠶᠢᠷᠢᠰᠢᠭᠤᠯᠤᠯ ᠢ ᠦᠷᠭᠦᠯᠵᠢᠯᠡᠨ ᠰᠢᠯᠢᠳᠡᠭᠵᠢᠭᠦᠯᠵᠦ᠂ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠲᠠᠢ ᠵᠣᠬᠢᠴᠠᠭᠰᠠᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠦᠷᠭᠦᠯᠵᠢᠯᠡᠨ ᠬᠥᠭᠵᠢᠭᠦᠯᠵᠦ᠂ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠪᠠ ᠨᠡᠷᠡᠲᠦ ᠲᠡᠮᠳᠡᠭ ᠢ ᠪᠤᠶᠢᠵᠢᠭᠤᠯᠬᠤ ᠶᠢ ᠳᠣᠪᠣᠶᠢᠯᠭᠠᠨ᠂ ᠲᠠᠯ᠎ᠠ ᠨᠤᠲᠤᠭ ᠤᠨ ᠮᠠᠯᠵᠢᠬᠤ ᠣᠷᠣᠨ ᠤ ᠭᠤᠣᠯ ᠪᠣᠯᠬᠤ ᠡᠭᠦᠯᠳᠡᠷ ᠢ ᠰᠣᠩᠭᠤᠨ ᠪᠤᠶᠢᠵᠢᠭᠤᠯᠬᠤ ᠠᠵᠢᠯ ᠢ ᠥᠷᠭᠦᠯᠵᠢᠯᠡᠨ ᠥᠷᠨᠢᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠵᠤ᠂ ᠮᠠᠯ ᠠᠵᠤ ᠠᠬᠤᠢ ᠶᠢᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号