5 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠬᠦᠴᠦᠨ ᠦᠬᠡᠢ ᠪᠤᠯᠭᠠᠬᠤ ᠪᠠ ᠬᠦᠴᠦᠨ ᠦᠬᠡᠢ | ᠪᠤᠯᠤᠬᠰᠠᠨ ᠢ ᠨᠡᠶᠢᠳᠡᠯᠡᠬᠦ ︵2000 — 2019 ᠣᠨ︶︾ ᠠᠵᠢᠯ ᠢ ᠰᠤᠳᠤᠯᠵᠥ ᠬᠢᠨᠠᠨ ᠵᠥᠪᠯᠡᠵᠦ | ᠪᠠᠲᠤᠯᠠᠪᠠ᠃ | ᠬᠤᠷᠠᠯ ᠠᠴᠠ᠂ ᠣᠳᠣᠬᠠᠨ ᠳᠤ᠂ ᠪᠦᠬᠦ ᠣᠷᠣᠨ ᠳᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠳᠦᠷᠢᠮ ᠳᠤᠬᠳᠠᠭᠠᠯ ᠠᠴᠠ ᠵᠦᠷᠢᠴᠡᠵᠥ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯ ᠥᠷᠨᠢᠭᠦᠯᠵᠦ ᠪᠤᠢ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠬᠦ ᠪᠣᠯ ᠲᠤᠰ ᠤᠳᠠᠭ᠎ᠠ ᠶᠢᠨ ᠲᠤᠰᠬᠠᠶ ᠴᠡᠭᠴᠡᠯᠡᠨ ᠵᠠᠰᠠᠬᠤ ᠠᠵᠢᠯ ᠤᠨ | ᠴᠢᠬᠤᠯᠠ ᠠᠭᠤᠯᠭ᠎ᠠ ᠶᠢᠨ ᠨᠢᠭᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠥᠷᠥ ᠶᠢᠨ ᠵᠣᠭᠰᠣᠴᠠ ᠪᠠᠨ ᠤᠯᠠᠮ ᠴᠢᠨᠠᠬᠰᠢᠳᠠ ᠳᠡᠭᠡᠭᠰᠢᠯᠡᠭᠦᠯᠵᠦ᠂ ᠲᠣᠰ ᠭᠠᠵᠠᠷ ᠣᠷᠣᠨ᠂ ᠲᠣᠰ ᠰᠠᠯᠠᠭ᠎ᠠ | ᠮᠥᠴᠢᠷ ᠤᠨ ᠨᠡᠶᠢᠲᠡᠯᠡᠭᠰᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠬᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢᠶᠠᠨ ᠨᠠᠷᠢᠨ ᠬᠢᠨᠠᠮᠠᠭᠠᠶ ᠪᠠᠶᠢᠴᠠᠭᠠᠵᠤ᠂ ᠬᠦᠴᠦᠨ ᠥᠬᠡᠶ ᠪᠣᠯᠭᠠᠬᠤ ᠶᠣᠰᠣᠲᠠᠶ ᠶᠢ ᠨᠢ | ᠴᠠᠭ ᠲᠤᠬᠠᠶ ᠳᠤᠨᠢ ᠬᠦᠴᠦᠨ ᠥᠬᠡᠶ ᠪᠣᠯᠭᠠᠵᠥ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠴᠢᠬᠤᠯᠠᠳᠠᠢ ᠶᠢ ᠨᠢ | ᠴᠠᠭ ᠲᠤᠬᠠᠶ ᠳᠤᠨᠢ ᠵᠠᠰᠠᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ᠂ ᠳᠦᠷᠢᠮ ᠤᠨ ᠬᠠᠤᠯᠢ ᠶᠣᠰᠣᠴᠢ ᠴᠢᠨᠠᠷ᠂ | ᠴᠠᠭᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠵᠤ᠂ ᠳᠦᠷᠢᠮ ᠤᠨ ᠵᠢᠷᠤᠭ | ᠲᠥᠯᠥᠪᠯᠡᠭᠡ ᠪᠠ ᠬᠡᠷᠡᠭᠵᠢᠭᠦᠯᠬᠦ ᠶᠠᠪᠤᠴᠠ ᠳᠠᠬᠢ ᠡᠷᠬᠡ ᠪᠠᠨ ᠠᠰᠢᠬᠯᠠᠵᠦ ᠬᠤᠪᠢ ᠶᠢᠨ ᠠᠰᠢᠭ ᠬᠥᠭᠡᠭᠡᠴᠡᠯᠳᠦᠬᠦ | ᠣᠷᠣᠨ ᠵᠠᠶ ᠶᠢ ᠦᠨᠡᠨ ᠬᠦ ᠠᠷᠢᠯᠭᠠᠬᠤ ᠬᠡᠷᠡᠭᠲᠡᠶ᠃ ᠴᠢᠬᠤᠯᠠ ᠶᠡᠭᠡ ᠥᠭᠡᠷᠡᠴᠢᠯᠡᠯᠲᠡ ᠪᠤᠶᠤ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠬᠤᠯᠪᠣᠭᠳᠠᠪᠠᠯ᠂ ᠴᠠᠭ ᠲᠤᠬᠠᠶ ᠳᠤᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ ᠬᠡᠵᠥ ᠵᠢᠭᠠᠵᠥ ᠭᠠᠷᠭᠠᠪᠠ᠃ |