ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ | ᠣᠶᠢᠷ᠎ᠠ ᠳᠤ᠂ ᠮᠠᠨ ᠤ ᠣᠷᠣᠨ 2019 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠪᠠ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ | ᠲᠤᠰᠬᠠᠢ ᠪᠡᠯᠡ ᠮᠦᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠤᠣᠰ ︽ᠰᠢᠯᠢᠳᠡᠭ︾ ᠳᠡᠰ ᠤᠨ | ᠱᠠᠩᠨᠠᠯ ᠤᠨ ᠪᠡᠯᠡ ᠮᠦᠩᠭᠦ ᠶᠢ 4.2 ᠳ᠋ᠥᠩᠰᠢᠭᠤᠷ ᠲᠥᠭᠦᠷᠢᠭ ᠬᠦᠷᠲᠡᠪᠡ᠃ ᠡᠭᠦᠨ ᠳᠤ᠂ ᠦᠷ᠎ᠡ ᠪᠦᠲᠦᠮᠵᠢ ᠶᠢ | ᠬᠢᠨᠠᠨ ᠰᠢᠯᠭᠠᠵᠤ ᠱᠠᠩᠨᠠᠬᠤ ᠳᠤ 3 ᠳ᠋ᠥᠩᠰᠢᠭᠤᠷ ᠲᠥᠭᠦᠷᠢᠭ᠂ ᠪᠡᠯᠡ ᠮᠦᠩᠭᠦ ᠶᠢᠨ ᠠᠮᠵᠢᠯᠲᠠ ᠪᠦᠲᠦᠮᠵᠢ ᠶᠢ | ᠦᠨᠡᠯᠡᠵᠦ ᠱᠠᠩᠨᠠᠬᠤ ᠳᠤ 1.2 ᠳ᠋ᠥᠩᠰᠢᠭᠤᠷ ᠲᠥᠭᠦᠷᠢᠭ ᠪᠠᠶᠢᠵᠤ᠂ ᠱᠠᠩᠨᠠᠯ ᠤᠨ ᠪᠡᠯᠡ ᠮᠦᠩᠭᠦ ᠶᠢ ᠡᠳ᠋ ᠤᠨ | ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠶᠢᠨ ᠬᠡᠪᠴᠢᠶᠡᠨ ᠳᠤ ᠣᠷᠣᠭᠤᠯᠣᠭᠰᠠᠨ ᠪᠠᠶᠢᠨ᠎ᠠ᠃ | ᠢᠩᠭᠢᠭᠰᠡᠨ ᠠᠴᠠ 2020 ᠣᠨ ᠳᠤ ᠤᠯᠤᠰ ᠠᠴᠠ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ | ᠲᠤᠰᠬᠠᠢ ᠪᠡᠯᠡ ᠮᠦᠩᠭᠦ ᠶᠢ ᠥᠪᠥᠷ ᠮᠣᠩᠭᠤᠯ ᠳᠤ ᠨᠢᠭᠡᠨᠲᠡ 28.2 ᠳ᠋ᠥᠩᠰᠢᠭᠤᠷ ᠲᠥᠭᠦᠷᠢᠭ ᠪᠠᠭᠤᠯᠭᠠᠵᠤ᠂ | 2019 ᠣᠨ ᠤ ᠬᠢ ᠠᠴᠠ 3.6 ᠳ᠋ᠥᠩᠰᠢᠭᠤᠷ ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 14.7% | ᠪᠠᠶᠢᠵᠤ᠂ ᠥᠩᠭᠡᠷᠡᠭᠰᠡᠨ ᠵᠢᠯ ᠤᠳ ᠤᠨ ᠲᠤᠷᠰᠢᠬᠢ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠵᠠᠢ᠃ | ᠲᠤᠰ ᠤᠳᠠᠭᠠᠨ ᠤ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠪᠣᠯ ᠦᠪᠦᠷ ᠮᠣᠩᠭᠤᠯ ᠤᠨ ᠥᠩᠭᠡᠷᠡᠭᠰᠡᠨ | ᠵᠢᠯ ᠤᠳ ᠤᠨ ᠲᠤᠷᠰᠢᠬᠢ ᠬᠠᠮᠤᠭ ᠤᠨ ᠰᠠᠶᠢᠨ ᠬᠢᠷᠢ ᠪᠦᠲᠦᠮᠵᠢ ᠪᠠᠶᠢᠵᠤ᠂ ᠠᠩᠬ᠎ᠠ ᠤᠳᠠᠭ᠎ᠠ ᠤᠯᠤᠰ ᠤᠨ ᠱᠠᠩᠨᠠᠯ ᠢ | ᠬᠦᠷᠲᠡᠵᠡᠢ︔ ᠲᠥᠪ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠦᠩᠭᠦ ᠶᠢᠨ ᠠᠮᠵᠢᠯᠲᠠ | ᠪᠦᠲᠦᠮᠵᠢ ᠶᠢᠨ ᠦᠨᠡᠯᠡᠯᠲᠡ ᠳᠤ ᠮᠠᠨ ᠤ ᠣᠷᠣᠨ ᠨᠢᠭᠡᠨᠲᠡ ᠬᠤᠶᠠᠷ ᠵᠢᠯ ᠳᠠᠷᠠᠭᠠᠯᠠᠨ ᠤᠯᠤᠰ ᠤᠨ ︽ᠰᠢᠯᠢᠳᠡᠭ︾ | ᠳᠡᠰ ᠲᠤ ᠲᠣᠳᠣᠷᠠᠭᠰᠠᠨ ᠪᠠᠶᠢᠨ᠎ᠠ᠃ |