ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/5/19
     5 ᠰᠠᠷ᠎ᠠ ᠶᠢᠨ 18᠎ ᠤ ᠡᠳᠦᠷ ᠤᠨ 7 ᠴᠠᠭ ᠠᠴᠠ 5 ᠰᠠᠷ᠎ᠠ ᠶᠢᠨ 19᠎ ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠰᠡᠵᠢᠭᠯᠡᠯᠲᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠃      ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ 3 ︵ᠴᠦᠮ ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠵᠠᠢ︶ ᠨᠡᠮᠡᠭᠳᠡᠪᠡ᠃      5 ᠰᠠᠷ᠎ᠠ ᠶᠢᠨ 19᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰ ᠭᠠᠵᠠᠷ ᠲᠤ ᠬᠠᠯᠳᠠᠪᠤᠷᠢᠯᠠᠨ ᠤᠷᠤᠵᠦ ᠢᠷᠡᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠤᠨᠤᠰᠢᠯᠠᠭᠰᠠᠨ ᠡᠪᠡᠳᠴᠢᠨ ᠤ ᠵᠢᠱᠢᠶ᠎ᠡ 2᠂ 1 ᠡᠪᠡᠳᠴᠢᠳᠡᠨ ᠡᠷᠡᠭᠦᠯᠵᠢᠵᠦ ᠡᠮᠨᠡᠯᠭᠡ ᠠᠴᠠ ᠭᠠᠷᠴᠠᠢ︔ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠨᠡᠶᠢᠳᠡ 139 ︵ᠤᠷᠤᠰ ᠠᠴᠠ 90᠂ ᠠᠩᠭ᠍ᠯᠢ ᠠᠴᠠ 22᠂ ᠹᠷᠠᠨᠼᠢ ᠠᠴᠠ 19᠂ ᠠᠮᠧᠷᠢᠺᠠ ᠠᠴᠠ 4᠂ ᠢᠰᠫᠠᠨᠢ ᠠᠴᠠ 2᠂ ᠰᠸᠧᠳᠧᠨ ᠠᠴᠠ 2︶ ᠪᠠᠶᠢᠵᠤ᠂ 121 ᠡᠪᠡᠳᠴᠢᠳᠡᠨ ᠡᠷᠡᠭᠦᠯᠵᠢᠵᠦ ᠡᠮᠨᠡᠯᠭᠡ ᠠᠴᠠ ᠭᠠᠷᠴᠠᠢ᠃      ᠤᠳᠤ ᠪᠠᠶᠢᠭ᠎ᠠ ᠮᠠᠨ ᠤ ᠣᠷᠣᠨ ᠳᠤ ᠤᠷᠤᠵᠦ ᠢᠷᠡᠭᠰᠡᠨ ᠲᠣᠬᠠᠢ ᠶᠢᠨ ᠭᠠᠵᠠᠷ ᠤᠨ ᠲᠣᠲᠣᠯᠠᠭᠰᠠᠨ ᠡᠪᠡᠳᠴᠢᠨ ᠤ ᠵᠢᠱᠢᠶ᠎ᠡ 1 ᠪᠤᠢ︔ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠤᠨᠤᠰᠢᠯᠠᠭᠰᠠᠨ ᠡᠪᠡᠳᠴᠢᠨ ᠤ ᠵᠢᠱᠢᠶ᠎ᠡ 18 ᠪᠤᠢ᠃      2020 ᠣᠨ ᠤ 5 ᠰᠠᠷ᠎ᠠ ᠶᠢᠨ 18᠎ ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠭᠠᠷᠤᠭᠰᠠᠨ ᠦᠭᠡᠢ᠃      ᠡᠳᠡᠬᠡᠷ ᠡᠪᠡᠳᠴᠢᠲᠡᠨ ᠢ ᠴᠥᠮ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ ᠠᠵᠢᠬᠯᠠᠯᠳᠠ ᠬᠢᠵᠦ ᠪᠤᠢ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号