5 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠲᠤᠰᠬᠠᠶ ᠰᠡᠳᠦᠪᠲᠦ ᠰᠣᠨᠢᠨ ᠮᠡᠳᠡᠭᠡ ᠨᠡᠶᠢᠲᠡᠯᠡᠬᠦ | ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ᠂ ᠥᠪᠥᠷ ᠮᠣᠩᠭᠤᠯ ᠤᠨ ᠠᠮᠤ ᠪᠤᠳᠠᠭ᠎ᠠ ᠳᠠᠷᠢᠬᠤ ᠲᠠᠯᠠᠪᠠᠶ | ᠵᠢᠱᠢᠯᠲᠡ ᠪᠠᠷ 10252 ᠲᠦᠮᠡᠨ ᠮᠥ ᠠᠴᠠ ᠳᠡᠭᠡᠭᠰᠢ ᠳᠤ ᠬᠦᠷᠴᠦ᠂ ᠤᠯᠤᠰ ᠠᠴᠠ ᠮᠠᠨ ᠤ ᠣᠷᠣᠨ ᠳᠤ | ᠪᠠᠭᠤᠯᠭᠠᠭᠰᠠᠨ ᠠᠮᠤ ᠪᠤᠳᠠᠭ᠎ᠠ ᠳᠠᠷᠢᠬᠤ ᠭᠦᠢᠴᠡᠳᠬᠡᠯ ᠲᠤᠭ᠎ᠠ ᠶᠢ ᠳᠠᠪᠠᠭᠤᠯᠤᠨ ᠪᠡᠶᠡᠯᠡᠭᠦᠯᠬᠦ ᠪᠣᠯᠤᠨ᠎ᠠ᠃ ᠠᠮᠤ | ᠪᠤᠳᠠᠭ᠎ᠠ ᠲᠠᠷᠢᠬᠤ ᠲᠠᠯᠠᠪᠠᠢ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ | ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ | ᠣᠳᠣᠬᠠᠨ ᠳᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠶᠠᠭ ᠡᠮᠬᠢ ᠵᠢᠷᠤᠮ ᠲᠠᠢ ᠶᠠᠪᠤᠭᠳᠠᠵᠤ᠂ 5 ᠳ᠋ᠤᠭᠠᠷ | ᠰᠠᠷ᠎ᠠ ᠶᠢᠨ ᠰᠡᠭᠦᠯᠴᠢ ᠪᠠᠷ ᠦᠨᠳᠦᠰᠦᠨ ᠳᠤ ᠪᠠᠨ ᠳᠠᠭᠤᠰᠬᠤ ᠪᠣᠯᠣᠨ᠎ᠠ᠃ 5 ᠳ᠋ᠤᠭᠠᠷ ᠰᠠᠷ᠎ᠠ ᠶᠢᠨ 18 ᠤ ᠡᠳᠦᠷ | ᠪᠣᠯᠬᠤ ᠳᠤ᠂ ᠮᠠᠨ ᠤ ᠣᠷᠣᠨ 8650.6 ᠲᠦᠮᠡᠨ ᠮᠥ ᠲᠠᠷᠢᠮᠠᠯ ᠳᠠᠷᠢᠵᠤ᠂ ᠠᠳᠠᠯᠢ ᠬᠤᠭᠤᠴᠠᠭᠠᠨ ᠤ ᠬᠢ ᠠᠴᠠ | 316.2 ᠲᠦᠮᠡᠨ ᠮᠥ ᠲᠥᠷᠭᠡᠳᠴᠦ᠂ 7853.2 ᠲᠦᠮᠡᠨ ᠮᠦ ᠠᠮᠤ ᠪᠤᠳᠠᠭ᠎ᠠ ᠲᠠᠷᠢᠨ᠂ ᠠᠳᠠᠯᠢ | ᠬᠤᠭᠤᠴᠠᠭᠠᠨ ᠤ ᠬᠢ ᠠᠴᠠ 362 ᠲᠦᠮᠡᠨ ᠮᠥ ᠲᠥᠷᠭᠡᠳᠪᠡ᠂ ᠡᠭᠦᠨ ᠳᠤ ᠡᠷᠳᠡᠨᠢ ᠰᠢᠰᠢ 5239.4 ᠲᠦᠮᠡᠨ ᠮᠥ᠂ | ᠰᠢᠷ᠎ᠠ ᠪᠤᠷᠴᠠᠭ 1013.9 ᠲᠦᠮᠡᠨ ᠮᠥ᠂ ᠪᠤᠭᠤᠳᠠᠶ 709.3 ᠲᠦᠮᠡᠨ ᠮᠥ᠂ ᠲᠥᠮᠥᠰᠥ 440.8 ᠲᠦᠮᠡᠨ ᠮᠥ | ᠲᠠᠷᠢᠪᠠ᠃ | ︽ᠮᠠᠨ ᠤ ᠤᠯᠤᠰ ᠤᠨ ᠠᠮᠤ ᠪᠤᠳᠠᠭᠠᠨ ᠤ ᠶᠡᠭᠡ ᠬᠡᠰᠡᠭ ᠨᠢ ᠨᠠᠮᠤᠷ ᠤᠨ ᠠᠮᠤ ᠪᠣᠳᠠᠭ᠎ᠠ ᠪᠣᠯᠣᠨ᠎ᠠ᠂ | ᠨᠠᠮᠤᠷ ᠤᠨ ᠠᠮᠤ ᠪᠤᠳᠠᠭᠠᠨ ᠤ ᠶᠡᠭᠡ ᠬᠡᠰᠡᠭ ᠨᠢ ᠵᠡᠭᠦᠨ ᠬᠤᠶᠢᠲᠤ ᠣᠷᠣᠨ ᠤ ᠲᠦᠷᠪᠡᠨ ᠮᠤᠵᠢ ᠣᠷᠣᠨ ᠳᠤ ᠪᠠᠶᠢᠵᠤ᠂ | ᠮᠠᠨ ᠤ ᠣᠷᠣᠨ ᠨᠢ ᠪᠠᠰᠠ ᠵᠡᠭᠦᠨ ᠬᠤᠶᠢᠲᠤ ᠣᠷᠣᠨ ᠤ ᠲᠦᠷᠪᠡᠨ ᠮᠤᠵᠢ ᠣᠷᠣᠨ ᠤ ᠭᠤᠤᠯᠳᠠᠯᠭ᠎ᠠ ᠪᠣᠯᠤᠨ᠎ᠠ᠃︾ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠰᠦᠨ ᠵᠧᠨ ᠬᠡᠯᠡᠬᠦ ᠳᠤ ᠪᠠᠨ᠂ 2019 ᠣᠨ ᠳᠤ᠂ ᠠᠮᠤ | ᠪᠤᠳᠠᠭᠠᠨ ᠤ ᠦᠢᠯᠡᠳᠪᠦᠷᠢᠯᠡᠯ ᠠᠷᠪᠠᠨ ᠵᠢᠷᠭᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ ᠥᠪᠥᠷ | ᠮᠣᠩᠭᠤᠯ ᠤᠨ ᠲᠠᠷᠢᠶᠠᠨ ᠭᠠᠵᠠᠷ 1.39 ᠳ᠋ᠦᠩᠰᠢᠭᠤᠷ ᠮᠦ ᠳᠤ ᠬᠦᠷᠴᠦ᠂ ᠪᠦᠬᠦ ᠤᠯᠤᠰ ᠲᠤ ᠲᠠᠷᠢᠶᠠᠨ ᠭᠠᠵᠠᠷ ᠤᠨ | ᠬᠡᠮᠵᠢᠶ᠎ᠡ ᠳ᠋ᠦᠩᠰᠢᠭᠤᠷ ᠮᠦ ᠶᠢ ᠳᠠᠪᠠᠭᠰᠠᠨ 4 ᠮᠤᠵᠢ ᠣᠷᠣᠨ ᠤ ᠨᠢᠭᠡ ᠨᠢ ᠪᠣᠯᠤᠨ᠎ᠠ᠃ ᠮᠥᠨ ᠴᠦ ᠤᠯᠤᠰ ᠤᠨ 13 | ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠪᠣᠯᠤᠨ 8 ᠠᠮᠤ ᠪᠤᠳᠠᠭᠠᠨ ᠤ ᠬᠡᠪᠴᠢᠶ᠎ᠡ ᠶᠢ ᠰᠢᠯᠵᠢᠭᠦᠯᠦᠨ | ᠭᠠᠷᠭᠠᠬᠤ ᠮᠤᠵᠢ ᠣᠷᠣᠨ ᠤ ᠨᠢᠭᠡ ᠪᠣᠯᠤᠨ᠎ᠠ᠃ ᠵᠢᠯ ᠲᠤᠷᠰᠢ 250 ᠳ᠋ᠦᠩᠰᠢᠭᠤᠷ ᠵᠢᠩ ᠠᠴᠠ ᠳᠡᠭᠡᠭᠰᠢ ᠠᠮᠤ | ᠪᠤᠳᠠᠭ᠎ᠠ ᠰᠢᠯᠵᠢᠭᠦᠯᠦᠨ ᠭᠠᠷᠭᠠᠵᠤ᠂ ᠪᠦᠬᠦ ᠤᠯᠤᠰ ᠲᠤ ᠳᠥᠷᠪᠡᠳᠦᠭᠡᠷ ᠲᠤ ᠣᠷᠣᠳᠠᠭ᠃ ᠮᠠᠨ ᠤ ᠣᠷᠣᠨ ᠤ ᠠᠮᠤ | ᠪᠤᠳᠠᠭᠠᠨ ᠤ ᠶᠡᠷᠦᠩᠬᠡᠶ ᠤᠨᠠᠯᠲᠠ ᠬᠤᠶᠠᠷ ᠵᠢᠯ ᠳᠠᠷᠠᠭᠠᠯᠠᠨ 700 ᠳ᠋ᠦᠩᠰᠢᠭᠤᠷ ᠵᠢᠩ ᠢ ᠳᠠᠪᠠᠵᠤ᠂ ᠪᠦᠬᠦ | ᠤᠯᠤᠰ ᠲᠤ ᠨᠠᠢᠮᠠᠳᠤᠭᠠᠷ ᠲᠤ ᠲᠣᠳᠣᠷᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠭᠤᠣᠯ ᠪᠣᠯᠬᠤ | ᠠᠮᠤ ᠪᠤᠳᠠᠭᠠᠨ ᠤ ᠲᠠᠷᠢᠮᠠᠯ ᠪᠣᠯᠤᠨ ᠨᠠᠷᠢᠮᠤ᠂ ᠰᠢᠰᠢ᠂ ᠨᠣᠭᠤᠭᠠᠨ ᠪᠤᠷᠴᠠᠭ ᠵᠡᠷᠭᠡ ᠡᠯᠳᠡᠪ ᠠᠮᠤ ᠪᠤᠷᠴᠠᠭ ᠤᠨ | ᠭᠠᠷᠤᠯᠲᠠ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠣᠯᠠᠨ ᠤᠳᠠᠭ᠎ᠠ ᠬᠤᠷᠠᠯ ᠬᠤᠷᠠᠯᠳᠤᠭᠤᠯᠵᠤ᠂ | ᠪᠥᠬᠦ ᠣᠷᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠬᠦᠨᠳᠦ ᠶᠡᠭᠡ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠬᠤᠷᠢᠭᠯᠠᠬᠤ ᠵᠡᠷᠭᠡ ᠠᠵᠢᠯ ᠢ ᠳᠣᠭᠢᠷᠠᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠪᠠ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢᠨ | ᠳᠣᠬᠢᠶ᠎ᠠ ᠶᠢ ᠢᠳᠡᠪᠬᠢᠲᠡᠢ ᠳᠠᠭᠤᠷᠢᠰᠤᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ ᠤᠨ ᠲᠠᠷᠢᠭᠴᠢᠳ ᠤᠨ ᠨᠥᠬᠦᠪᠥᠷᠢ | ᠪᠠ ᠲᠠᠷᠢᠶᠠᠨ ᠭᠠᠵᠠᠷ ᠤᠨ ᠬᠦᠷᠦᠰᠦ ᠶᠢ ᠬᠠᠮᠠᠭᠠᠯᠠᠬᠤ ᠨᠥᠬᠦᠪᠥᠷᠢ ᠵᠡᠷᠭᠡ ᠡᠯ᠎ᠡ ᠲᠦᠷᠦᠯ ᠤᠨ ᠪᠡᠯᠡ ᠮᠥᠩᠭᠦ ᠶᠢ | 146 ᠳ᠋ᠦᠩᠰᠢᠭᠤᠷ ᠲᠥᠭᠦᠷᠢᠭ ᠪᠠᠭᠤᠯᠭᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠨᠢ | ᠳᠡᠭᠡᠭᠰᠢᠯᠡᠭᠦᠯᠪᠡ᠃ | ᠥᠪᠥᠷ ᠮᠣᠩᠭᠤᠯ ᠪᠣᠯ ᠠᠮᠤ ᠪᠤᠳᠠᠭᠠᠨ ᠤ ᠭᠤᠣᠯ ᠭᠠᠷᠤᠯᠲᠠ ᠶᠢᠨ ᠮᠣᠵᠢ ᠣᠷᠣᠨ ᠤ ᠨᠢᠭᠡ ᠪᠣᠯᠬᠤ ᠪᠠᠷ | ᠪᠠᠷᠠᠬᠤ ᠦᠭᠡᠢ᠂ ᠮᠠᠨ ᠤ ᠤᠯᠤᠰ ᠠᠴᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠣᠯᠬᠤ ᠪᠦᠭᠡᠳ ᠦᠨᠢᠶᠡᠨ ᠰᠦ᠂ ᠬᠤᠨᠢᠨ ᠮᠢᠬ᠎ᠠ᠂ ᠨᠣᠣᠯᠣᠭᠤᠷ᠂ | ᠡᠪᠡᠰᠦᠨ ᠤ ᠦᠢᠯᠡᠰ ᠤᠨ ᠭᠠᠷᠤᠯᠲᠠ ᠪᠦᠬᠦ ᠤᠯᠤᠰ ᠲᠤ ᠲᠡᠷᠢᠭᠦᠯᠡᠪᠡ᠃ ᠣᠨᠴᠠᠭᠠᠶᠢᠯᠠᠨ ᠳᠤᠷᠠᠳᠤᠭᠤᠰᠢᠲᠠᠶ ᠨᠢ᠂ | ᠮᠠᠨ ᠤ ᠣᠷᠣᠨ ᠤ ᠭᠠᠭ᠋ᠠᠶ ᠶᠢᠨ ᠦᠢᠯᠡᠳᠪᠦᠷᠢᠯᠡᠯ ᠤᠨ ᠰᠡᠷᠭᠦᠯᠲᠡ ᠨᠢ ᠪᠦᠬᠦ ᠤᠯᠤᠰ ᠲᠤ ᠲᠡᠷᠢᠭᠦᠯᠡᠵᠦ᠂ ᠡᠨᠡ ᠵᠢᠯ | ᠨᠢᠭᠡᠨᠲᠡ 116 ᠲᠦᠮᠡᠨ ᠭᠠᠭ᠋ᠠᠶ ᠶᠢ ᠭᠠᠳᠠᠭᠰᠢ ᠭᠠᠷᠭᠠᠵᠤ᠂ ᠤᠯᠤᠰ ᠤᠨ ᠨᠡᠷ᠎ᠡ ᠨᠢᠳᠡᠷ ᠲᠤ ᠪᠠᠨ ᠨᠡᠶᠢᠴᠡᠭᠰᠡᠨ | ᠮᠢᠬᠠᠨ ᠤ ᠬᠥᠮᠥᠷᠭᠡ ᠪᠣᠯᠵᠠᠶ᠃ | |