ᠲᠡᠮᠦᠷ ᠵᠠᠮ ᠪᠣᠯᠤᠨ ᠪᠤᠰᠤᠳ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠵᠣᠯᠭᠠᠯᠲᠠ ᠶᠢᠨ ︽ᠡᠴᠦᠰ ᠤᠨ ᠨᠢᠭᠡ ᠺᠢᠯᠣᠮᠧᠲᠷ︾᠎ ᠢ ᠰᠢᠯᠤᠭᠤᠳᠬᠠᠪᠠ
ᠨᠡᠶᠢᠲᠡᠯᠡᠭᠰᠡᠨ ᠴᠠᠭ᠄
2020/5/21
     5 ᠳ᠋ᠤᠭᠠᠷ ᠰᠠᠷ᠎ᠠ ᠶᠢᠨ 19᠎ ᠤ ᠡᠳᠦᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠳᠤ᠂ ᠬᠥᠮᠥᠷᠭᠡᠯᠡᠨ ᠬᠠᠳᠠᠭᠠᠯᠠᠬᠤ ᠲᠣᠭᠤᠷᠢᠭ ᠤᠨ ᠠᠵᠢᠯᠲᠠᠨ ᠶᠠᠭ ᠬᠥᠮᠥᠷᠭᠡ ᠳᠤ ᠪᠠᠷᠠᠭ᠎ᠠ ᠲᠣᠬᠢᠷᠠᠭᠤᠯᠵᠤ ᠪᠣᠶ᠃ ᠲᠡᠮᠦᠷ ᠵᠠᠮ ᠪᠣᠯᠤᠨ ᠪᠤᠰᠤᠳ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠵᠣᠯᠭᠠᠯᠲᠠ ᠶᠢᠨ ︽ᠡᠴᠦᠰ ᠤᠨ ᠨᠢᠭᠡ ᠺᠢᠯᠣᠮᠧᠲᠷ︾᠎ ᠢ ᠰᠢᠯᠤᠭᠤᠳᠬᠠᠬᠤ ᠶᠢᠨ ᠲᠥᠯᠥᠭᠡ᠂ ᠱᠠ ᠯᠢᠶᠠᠩ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠤᠷᠢᠳᠠᠪᠠᠷ ᠠᠪᠴᠤ ᠬᠦᠷᠭᠡᠬᠦ᠂ ᠤᠷᠢᠳᠠᠪᠠᠷ ᠠᠴᠢᠶᠠᠯᠠᠬᠤ᠂ ᠤᠷᠢᠳᠠᠪᠠᠷ ᠰᠦᠯᠵᠢᠶᠡᠨ ᠳᠤ ᠭᠠᠷᠬᠤ ᠪᠠᠷᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠵᠦ᠂ ᠪᠠᠷᠠᠭ᠎ᠠ ᠶᠢᠨ ᠡᠷᠭᠢᠯᠲᠡ ᠶᠢᠨ ᠦᠷ᠎ᠡ ᠪᠦᠲᠦᠮᠵᠢ ᠶᠢ ᠲᠦᠷᠭᠡᠳᠬᠡᠪᠡ᠃ ᠥᠨᠥ ᠪᠣᠯᠬᠤ ᠳᠤ᠂ ᠱᠠ ᠯᠢᠶᠠᠩ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ 116.9 ᠲᠦᠮᠡᠨ ᠲᠣᠨ ᠪᠠᠷᠠᠭ᠎ᠠ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 20.4 ᠨᠡᠮᠡᠭᠳᠡᠵᠡᠶ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号