ᠰᠢ ᠶᠢᠨ ᠫᠢᠩ ᠮᠤᠤᠨᠠᠨ ᠦᠨᠳᠦᠰᠦᠳᠡᠨ ᠤ ᠪᠦᠬᠦ ᠬᠦᠮᠦᠰ ᠶᠠᠳᠠᠭᠤ ᠠᠴᠠ ᠠᠩᠬᠢᠵᠢᠷᠠᠬᠰᠠᠨ ᠳᠤ ᠴᠢᠬᠤᠯᠠ ᠵᠢᠭᠠᠪᠤᠷᠢ ᠦᠭᠴᠤ ᠴᠢᠬᠤᠯᠠᠴᠢᠯᠠᠬᠰᠠᠨ ᠨᠢ ᠶᠠᠳᠠᠭᠤ ᠠᠴᠠ ᠠᠩᠬᠢᠵᠢᠷᠠᠭᠰᠠᠨ ᠶᠠᠪᠤᠳᠠᠯ ᠢ ᠨᠡᠩ ᠰᠠᠶᠢᠨ ᠰᠢᠨ᠎ᠡ ᠠᠮᠢᠳᠤᠷᠠᠯ ᠲᠡᠶᠢᠰᠢ ᠳᠡᠮᠡᠤᠯᠬᠦ ᠰᠢᠨ᠎ᠡ ᠭᠠᠷᠤᠭ᠎ᠠ ᠪᠠᠨ ᠪᠤᠯᠭᠠᠵᠥ ᠴᠢᠷᠮᠠᠶᠢᠬᠰᠠᠨ ᠳᠡᠬᠡᠷ᠎ᠡ ᠪᠠᠨ ᠴᠢᠷᠮᠠᠶᠢᠨ ᠦᠷᠬᠦᠯᠵᠢᠯᠡᠨ ᠳᠡᠮᠡᠴᠡᠵᠥ ᠠᠮᠢᠳᠤᠷᠠᠯ ᠢᠶᠠᠨ ᠤᠯᠠᠮ ᠦᠭᠡᠳᠡᠯᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2020-05-21
     ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 20᠎ ᠤ ᠴᠠᠬᠢᠯᠭᠠᠨ ᠮᠡᠳᠡᠭᠡ    ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠦᠢᠷ᠎ᠠ ᠳᠤ ᠮᠤᠤᠨᠠᠨ ᠦᠨᠳᠦᠰᠦᠳᠡᠨ ᠤ ᠪᠦᠬᠦ ᠬᠦᠮᠦᠰ ᠶᠠᠳᠠᠭᠤ ᠠᠴᠠ ᠠᠩᠬᠢᠵᠢᠷᠠᠬᠰᠠᠨ ᠳᠤ ᠴᠢᠬᠤᠯᠠ ᠵᠢᠭᠠᠪᠤᠷᠢ ᠦᠭᠴᠤ᠂ ᠮᠤᠤᠨᠠᠨ ᠦᠨᠳᠦᠰᠦᠳᠡᠨ ᠤ ᠪᠦᠬᠦ ᠬᠦᠮᠦᠰ ᠶᠠᠳᠠᠭᠤ ᠠᠴᠠ ᠠᠩᠬᠢᠵᠢᠷᠠᠨ ᠨᠤᠳᠤᠬ ᠤᠨ ᠠᠬ᠎ᠠ ᠳᠡᠬᠦᠦ ᠨᠠᠷ ᠤᠨ ᠠᠮᠢᠳᠤᠷᠠᠯ ᠢᠯᠡᠳᠳᠡ ᠰᠠᠶᠢᠵᠢᠷᠠᠬᠰᠠᠨ ᠢ ᠮᠡᠳᠡᠬᠡᠳ ᠪᠢ ᠮᠠᠰᠢ ᠪᠠᠶᠠᠷᠯᠠᠵᠥ ᠪᠠᠶᠢᠨ᠎ᠠ᠃ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠳᠤ ᠨᠢᠬᠡ ᠦᠨᠳᠦᠰᠦᠳᠡᠨ ᠢ ᠴᠤ ᠡᠩᠨᠡᠭᠡ ᠠᠴᠠ ᠪᠠᠨ ᠬᠤᠴᠤᠷᠤᠭᠤᠯᠵᠤ ᠪᠤᠯᠬᠤ ᠦᠬᠡᠢ᠃ ᠦᠢᠷ᠎ᠠ ᠶᠢᠨ ᠵᠢᠯ ᠳᠤ ᠮᠠᠰᠢ ᠤᠯᠠᠨ ᠴᠦᠬᠡᠨ ᠳᠤᠭᠠᠳᠤ ᠦᠨᠳᠦᠰᠦᠳᠡᠨ ᠤ ᠪᠦᠬᠦ ᠬᠦᠮᠦᠰ ᠤᠷᠢᠳ ᠬᠤᠵᠢᠳ ᠶᠠᠳᠠᠭᠤ ᠠᠴᠠ ᠠᠩᠬᠢᠵᠢᠷᠠᠪᠠ᠂ ᠡᠨᠡ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠤᠯᠤᠬᠰᠠᠨ ᠴᠢᠬᠤᠯᠠ ᠦᠷ᠎ᠡ ᠪᠦᠳᠦᠭᠡᠯ ᠪᠤᠯᠤᠨ᠎ᠠ᠃ ᠨᠤᠳᠤᠬ ᠤᠨ ᠠᠬ᠎ᠠ ᠳᠡᠬᠦᠦ ᠨᠡᠷ ᠶᠠᠳᠠᠭᠤ ᠠᠴᠠ ᠠᠩᠬᠢᠵᠢᠷᠠᠬᠰᠠᠨ ᠶᠠᠪᠤᠳᠠᠯ ᠢ ᠨᠡᠩ ᠰᠠᠶᠢᠨ ᠰᠢᠨ᠎ᠡ ᠠᠮᠢᠳᠤᠷᠠᠯ ᠲᠡᠶᠢᠰᠢ ᠳᠡᠮᠡᠤᠯᠬᠦ ᠰᠢᠨ᠎ᠡ ᠭᠠᠷᠤᠭ᠎ᠠ ᠪᠠᠨ ᠪᠤᠯᠭᠠᠵᠥ᠂ ᠴᠢᠷᠮᠠᠶᠢᠬᠰᠠᠨ ᠳᠡᠬᠡᠷ᠎ᠡ ᠪᠠᠨ ᠴᠢᠷᠮᠠᠶᠢᠨ ᠦᠷᠬᠦᠯᠵᠢᠯᠡᠨ ᠳᠡᠮᠡᠴᠡᠵᠥ᠂ ᠠᠮᠢᠳᠤᠷᠠᠯ ᠢᠶᠠᠨ ᠤᠯᠠᠮ ᠦᠭᠡᠳᠡᠯᠡᠭᠦᠯᠬᠦ ᠶᠢ ᠬᠦᠰᠡᠵᠥ ᠪᠠᠶᠢᠨ᠎ᠠ ᠬᠡᠵᠥ ᠢᠯᠡᠳᠬᠡᠪᠡ᠃        ᠰᠢ ᠶᠢᠨ ᠫᠢᠩ᠂ ᠤᠳᠤᠬᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠨᠢᠬᠡᠨᠳᠡ ᠰᠢᠢᠳᠪᠦᠷᠢᠳᠤ ᠳᠠᠶᠢᠯᠠᠯᠳᠤᠭᠠᠨ ᠬᠢᠵᠥ ᠰᠢᠢᠳᠪᠦᠷᠢᠳᠤ ᠢᠯᠠᠯᠳᠠ ᠤᠯᠬᠤ ᠵᠠᠩᠬᠢᠯᠠᠭ᠎ᠠ ᠶᠢᠨ ᠬᠤᠭᠤᠴᠠᠭᠠᠨ ᠳᠤ ᠤᠷᠤᠭᠠᠳ ᠪᠤᠢ᠂ ᠵᠠᠩᠬᠢᠯᠠᠭ᠎ᠠ ᠶᠢᠨ ᠱᠠᠳᠤᠨ ᠳᠤ ᠤᠷᠤᠬᠤ ᠳᠤᠳᠤᠮ ᠢᠶᠠᠨ ᠢᠳᠡᠬᠡᠯ ᠵᠤᠷᠢᠬ ᠢᠶᠠᠨ ᠪᠠᠳᠤᠳᠬᠠᠵᠥ᠂ ᠦᠨᠡᠨ ᠬᠦ ᠠᠳᠬᠤᠨ ᠪᠤᠳᠠᠳᠠᠢ ᠠᠵᠢᠯᠯᠠᠬᠤ ᠬᠡᠷᠡᠭᠳᠡᠢ᠃ ᠡᠯ᠎ᠡ ᠱᠠᠳᠤᠨ ᠤ ᠨᠠᠮ ᠤᠨ ᠬᠤᠷᠢᠶ᠎ᠠ ᠪᠤᠯᠤᠨ ᠵᠠᠰᠠᠬ ᠤᠨ ᠤᠷᠳᠤᠨ ᠤ ᠬᠢᠨ ᠨᠠᠮ ᠤᠨ ᠳᠦᠪ ᠬᠤᠷᠢᠶᠠᠨ ᠤ  ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠦᠬᠡᠢ ᠪᠠᠷ ᠰᠠᠶᠢᠳᠤᠷ ᠨᠠᠶᠢᠳᠠᠪᠤᠷᠢᠵᠢᠭᠤᠯᠤᠨ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠴᠠᠷᠠᠭᠤᠯᠤᠭᠰᠠᠨ ᠨᠦᠯᠦᠬᠡ ᠶᠢ ᠢᠯᠡᠨ ᠳᠠᠪᠠᠵᠥ᠂ ᠬᠦᠴᠤ  ᠪᠠᠨ ᠳᠦᠪᠯᠡᠷᠡᠬᠦᠯᠤᠨ ᠶᠠᠳᠠᠭᠤ ᠠᠴᠠ ᠠᠩᠬᠢᠵᠢᠷᠠᠭᠤᠯᠬᠤ ᠬᠦᠨᠳᠤ ᠡᠬᠦᠷᠬᠡ ᠶᠢ ᠪᠡᠶᠡᠯᠡᠬᠦᠯᠵᠥ᠂ ᠤᠯᠠᠨ ᠠᠷᠭ᠎ᠠ ᠬᠡᠮᠵᠢᠶ᠎ᠡ ᠶᠢ ᠵᠡᠷᠬᠡ ᠪᠠᠷ ᠬᠡᠷᠡᠭᠯᠡᠨ ᠦᠷ᠎ᠡ ᠪᠦᠳᠦᠭᠡᠯ ᠢᠶᠠᠨ ᠪᠠᠬᠢᠵᠢᠬᠦᠯᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠬᠡ ᠶᠢ ᠴᠢᠨᠠᠷ ᠰᠠᠶᠢᠳᠠᠢ ᠪᠠᠷ ᠪᠡᠶᠡᠯᠡᠬᠦᠯᠬᠦ ᠶᠢ ᠪᠠᠳᠤᠯᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠪᠦᠬᠦ ᠳᠠᠯ᠎ᠠ ᠶᠢᠨ ᠢᠯᠡᠯᠳᠡ ᠶᠢ ᠴᠢᠷᠮᠠᠶᠢᠨ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠮᠤᠤᠨᠠᠠ ᠦᠨᠲᠦᠰᠦᠲᠡᠡ ᠪᠤᠯ ᠮᠠᠠ ᠤ ᠤᠯᠤᠰ ᠤᠨ ᠬᠦᠮᠦᠨ ᠠᠮᠠ ᠪᠠᠷ ᠴᠦᠭᠡᠪᠲᠦᠷ 28 ᠦᠨᠲᠦᠰᠦᠲᠡᠡ ᠤ ᠨᠢᠭᠡ ᠮᠦᠨ᠂ ᠭᠤᠸᠠᠩᠰᠢ ᠶᠢᠨ ᠵᠤᠸᠠᠩ ᠦᠨᠲᠦᠰᠦᠲᠡᠡ ᠤ ᠦᠪᠡᠷᠲᠡᠭᠡᠡ ᠵᠠᠰᠠᠬᠤ ᠤᠷᠤᠨ ᠤ ᠬᠤᠸᠠᠠ ᠵᠢᠶᠠᠩ ᠰᠢᠶᠠᠠ ᠪᠤᠯ ᠤᠯᠤᠰ ᠤᠨ ᠶᠠᠲᠠᠭᠤ ᠢ ᠲᠡᠳᠭᠦᠬᠦ ᠨᠡᠬᠡᠬᠡᠯᠳᠡ ᠶᠢᠨ ᠠᠵᠢᠯ  ᠤᠨ ᠭᠤᠤᠯᠲᠠᠯᠭ᠎ᠠ ᠲᠠᠢ ᠰᠢᠶᠠᠠ ᠪᠤᠯᠬᠤ ᠪᠦᠭᠡᠳ ᠪᠠᠰᠠ ᠴᠦ ᠪᠦᠬᠦ ᠤᠯᠤᠰ ᠤᠨ ᠴᠤᠷ ᠤᠨ ᠭᠠᠭᠴᠠ ᠮᠤᠤᠨᠠᠠ ᠦᠨᠲᠦᠰᠦᠲᠡᠡ ᠤ ᠦᠪᠡᠷᠲᠡᠭᠡᠡ ᠵᠠᠰᠠᠬᠤ ᠰᠢᠶᠠᠠ ᠪᠤᠯᠤᠨ᠎ᠠ᠂ ᠪᠦᠬᠦ ᠰᠢᠶᠠᠠ ᠳᠤ ᠮᠤᠤᠨᠠᠠ ᠦᠨᠲᠦᠰᠦᠲᠡᠡ ᠤ 6.45 ᠲᠦᠮᠡᠡ ᠬᠦᠮᠦᠨ ᠠᠮᠠ ᠲᠠᠢ ᠪᠠᠶᠢᠵᠥ᠂ ᠪᠦᠬᠦ ᠤᠯᠤᠰ ᠤᠨ ᠮᠤᠤᠨᠠᠠ ᠦᠨᠲᠦᠰᠦᠲᠡᠠ ᠤ ᠶᠡᠷᠦᠩᠭᠡᠢ ᠬᠦᠮᠦᠨ ᠠᠮᠠ ᠶᠢᠨ 70% ᠎ ᠶᠢ  ᠡᠵᠡᠯᠡᠵᠦ ᠪᠠᠶᠢᠨ᠎ᠠ᠃ 2019 ᠤᠨ ᠤ ᠵᠢᠯ ᠤᠨ ᠰᠡᠬᠦᠯᠴᠢ ᠪᠠᠷ ᠬᠤᠸᠠᠠ ᠵᠢᠶᠠᠩ ᠰᠢᠶᠠᠠ ᠤ ᠶᠠᠲᠠᠭᠤᠷᠠᠯ ᠡᠬᠦᠰᠬᠦ ᠨᠤᠷᠮ᠎ᠠ 1.48%  ᠪᠤᠯᠵᠤ ᠪᠠᠭᠤᠷᠠᠵᠠᠢ᠃ 2020 ᠤᠨ ᠤ 5 ᠰᠠᠷ᠎ᠠ  ᠳᠤ ᠬᠤᠸᠠᠠ ᠵᠢᠶᠠᠩ ᠰᠢᠶᠠᠠ ᠶᠠᠲᠠᠭᠤ ᠬᠦᠴᠢᠷᠲᠠᠯᠲᠠᠢ ᠰᠢᠶᠠᠠ ᠤ ᠵᠢᠭᠰᠠᠭᠠᠯᠲᠠ ᠠᠴᠠ ᠭᠠᠷᠪᠠ᠃ ᠪᠦᠬᠦ ᠤᠯᠤᠰ ᠤᠨ ᠮᠤᠤᠨᠠᠠ ᠦᠨᠲᠦᠰᠦᠲᠡᠡ ᠤ ᠬᠦᠮᠦᠰ ᠤᠨ ᠶᠠᠲᠠᠭᠤ ᠠᠴᠠ ᠠᠩᠭᠢᠵᠢᠷᠠᠭᠰᠠᠠ ᠪᠠᠶᠢᠲᠠᠯ ᠢ ᠶᠡᠷᠦᠩᠭᠡᠶᠢᠯᠡᠪᠡᠯ᠂ ᠮᠤᠤᠨᠠᠠ ᠦᠨᠲᠦᠰᠦᠲᠡᠡ ᠤ ᠪᠦᠬᠦ ᠬᠦᠮᠦᠰ ᠨᠢᠭᠡᠨᠳᠡ ᠶᠠᠲᠠᠭᠤ ᠠᠴᠠ ᠠᠩᠬᠢᠵᠢᠷᠠᠬᠰᠠᠨ ᠪᠠᠶᠢᠨ᠎ᠠ᠃ ᠤᠢᠢᠷ᠎ᠠ ᠳᠤ ᠬᠤᠸᠠᠠ ᠵᠢᠶᠠᠩ ᠰᠢᠶᠠᠠ ᠤ ᠮᠤᠤᠨᠠᠠ ᠦᠨᠲᠦᠰᠦᠲᠡᠡ ᠤ ᠤᠯᠠᠠ ᠲᠦᠮᠡᠡ ᠤ ᠲᠦᠯᠦᠭᠡᠯᠡᠭᠴᠢ ᠶᠡᠷᠦᠩᠭᠡᠢ ᠱᠦᠵᠢ ᠰᠢ ᠶᠢᠨ ᠫᠢᠩ ᠳᠤ ᠵᠠᠬᠢᠲᠠᠯ ᠪᠢᠴᠢᠵᠦ᠂ ᠲᠤᠰ ᠭᠠᠵᠠᠷ ᠤᠨ ᠮᠤᠤᠨᠠᠠ ᠦᠨᠲᠦᠰᠦᠲᠡᠡ ᠤ ᠪᠦᠬᠦ ᠬᠦᠮᠦᠰ ᠤᠨ ᠶᠠᠲᠠᠭᠤ ᠠᠴᠠ ᠠᠩᠬᠢᠵᠢᠷᠠᠬᠰᠠᠨ ᠪᠠᠶᠠᠷᠳᠦ ᠰᠡᠳᠭᠢᠯᠭᠡ ᠪᠠᠨ ᠬᠠᠷᠢᠭᠤ ᠮᠡᠲᠡᠭᠦᠯᠵᠦ᠂ ᠡᠷᠡᠰ ᠭᠤᠶᠢᠪᠢᠰᠢ ᠦᠬᠡᠢ ᠪᠠᠷ ᠨᠠᠮ ᠢᠶᠠᠨ ᠲᠠᠭᠠᠨ ᠴᠢᠷᠮᠠᠶᠢᠭᠰᠠᠠ ᠲᠡᠭᠡᠷ᠎ᠠ ᠪᠠᠨ ᠴᠢᠷᠮᠠᠶᠢᠵᠦ᠂ ᠦᠯᠦᠬᠡᠢ ᠨᠤᠲᠤᠭ ᠢᠶᠠᠨ ᠰᠠᠶᠢᠲᠤᠷ  ᠪᠦᠲᠦᠭᠡᠡ ᠪᠠᠶᠢᠭᠤᠯᠬᠤ ᠡᠷᠴᠢ ᠵᠤᠷᠢᠭ ᠢᠶᠠᠨ ᠢᠯᠡᠳᠭᠡᠭᠰᠡᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号