ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠪᠣᠯᠪᠠᠰᠤᠷᠠᠭᠤᠯᠤᠯ ᠵᠢᠴᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/5/22
     5 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠪᠣᠯᠪᠠᠰᠤᠷᠠᠭᠤᠯᠤᠯ ᠵᠢᠴᠢ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠦᠷᠢᠮ︾ ᠢ ᠰᠤᠷᠤᠯᠴᠠᠨ ᠲᠤᠭᠤᠰᠢᠯᠠᠭᠤᠯᠵᠤ᠂ ᠲᠡᠤᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠳᠤ ᠴᠢᠭᠯᠡᠭᠦᠯᠦᠨ ᠬᠤᠷᠠᠯ ᠳᠤ ᠣᠷᠣᠯᠴᠠᠭᠰᠠᠳ ᠲᠤ ᠪᠣᠯᠪᠠᠰᠤᠷᠠᠭᠤᠯᠤᠯ ᠬᠢᠵᠡᠶ᠃ ᠪᠦᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠪᠠ ᠲᠡᠤᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠢ ᠶᠡᠬᠡᠪᠡᠷ ᠵᠢᠭᠰᠠᠭᠠᠨ ᠪᠠᠶᠢᠴᠠᠭᠠᠬᠤ ᠲᠤᠰᠬᠠᠶ ᠠᠵᠢᠯᠯᠠᠭ᠎ᠠ ᠶᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠪᠤᠷᠢ ᠱᠠᠭᠠᠷᠳᠠᠯᠭ᠎ᠠ ᠶᠢ ᠤᠯᠠᠮᠵᠢᠯᠠᠪᠠ᠃ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠲᠠᠷᠠᠭᠠᠴᠢ ᠶᠢᠨ ᠱᠠᠲᠤᠨ ᠤ ᠠᠵᠢᠯ ᠳᠤ ᠳᠥᠷᠪᠡᠨ ᠲᠠᠯ᠎ᠠ ᠶᠢᠨ 22 ᠵᠦᠢᠯ ᠤᠨ ᠪᠣᠳᠠᠲᠠᠶ ᠡᠭᠦᠷᠭᠡ ᠶᠢ ᠲᠣᠳᠣᠷᠬᠠᠶᠢᠯᠠᠪᠠ᠃ ᠬᠤᠷᠠᠯ ᠠᠴᠠ ᠱᠠᠭᠠᠷᠳᠠᠭᠰᠠᠨ ᠨᠢ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠳ ᠦᠵᠡᠯ ᠲᠠᠨᠢᠯᠲᠠ ᠪᠣᠯᠤᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ᠂ ᠲᠡᠦᠬᠡ ᠶᠢᠨ ᠬᠠᠷᠢᠭᠤᠴᠠᠯᠭ᠎ᠠ᠂ ᠰᠣᠶᠣᠯ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠦᠨᠳᠦᠷᠴᠡ ᠠᠴᠠ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠲᠡᠤᠬᠡ ᠶᠢᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠶ︔ ᠨᠠᠶᠢᠳᠠᠪᠤᠷᠢᠵᠢᠭᠤᠯᠬᠤ ᠠᠵᠢᠯ ᠢ ᠨᠠᠷᠢᠯᠢᠭ ᠪᠣᠳᠠᠲᠠᠢ ᠠᠳᠬᠤᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠲᠦᠷᠭᠡᠨ ᠪᠦᠭᠡᠳ ᠲᠦᠢᠯ ᠤᠨ ᠣᠨᠤᠪᠴᠢᠲᠠᠢ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠣᠳᠠᠲᠠᠶ ᠠᠵᠢᠯ ᠤᠨ ᠳᠤᠮᠳᠠ᠂ ᠬᠤᠷᠠᠯ ᠤᠨ ᠵᠣᠷᠢᠭ ᠰᠠᠨᠠᠭ᠎ᠠ ᠶᠢ ᠲᠦᠢᠯ ᠤᠨ ᠣᠨᠣᠪᠴᠢᠲᠠᠶ ᠣᠶᠢᠯᠠᠭᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠡᠭᠦᠷᠭᠡ ᠪᠠᠨ ᠪᠣᠳᠠᠲᠠᠶ ᠠᠵᠢᠯ ᠤᠨ ᠪᠠᠶᠢᠷᠢ᠂ ᠪᠣᠳᠠᠲᠠᠶ ᠬᠥᠮᠦᠨ ᠳᠤ ᠬᠦᠷᠲᠡᠯ᠎ᠡ ᠨᠠᠢᠳᠠᠪᠤᠷᠢᠵᠢᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠳᠤᠲᠠᠭᠳᠠᠯ ᠢ ᠪᠠᠶᠢᠴᠠᠭᠠᠵᠤ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠳᠣᠪᠤᠶᠢᠯᠭᠠᠵᠤ᠂ ᠪᠣᠳᠠᠲᠠᠶ ᠤᠴᠢᠷ ᠳᠡᠭᠡᠷ᠎ᠡ ᠬᠦᠴᠦ ᠲᠠᠯᠪᠢᠨ᠂ ᠠᠵᠢᠯ ᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠤᠨ ᠬᠡᠪ ᠵᠠᠭᠪᠤᠷ ᠤᠨ ᠰᠢᠨ᠎ᠡ ᠶᠢ ᠡᠭᠦᠳᠴᠦ᠂ ᠲᠡᠦᠬᠡ ᠶᠢᠨ ᠳᠤᠷᠠᠰᠬᠠᠯᠲᠤ ᠵᠦᠢᠯ ᠤᠨ ᠦᠯᠢᠭᠡᠷ ᠢ ᠰᠠᠶᠢᠲᠤᠷ ᠶᠠᠷᠢᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号