ᠪᠦᠦ ᠭᠠᠩ ᠬᠥᠯᠥᠨ ᠪᠤᠶᠢᠷ ᠬᠤᠲᠠ ᠳᠤ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠤᠨ ᠬᠠᠷᠰᠢ ᠰᠠᠭᠠᠳ ᠢ ᠠᠷᠢᠯᠭᠠᠵᠤ ᠲᠤᠰᠬᠠᠶ ᠴᠡᠭᠴᠡᠯᠡᠨ ᠵᠠᠰᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2020/5/25
     5 ᠰᠠᠷ᠎ᠠ ᠶᠢᠨ 19 — 21᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠭᠠᠩ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃ ᠲᠡᠷᠡ᠂ ᠨᠠᠮ ᠎ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠱᠠᠭᠠᠷᠳᠠᠯᠭ᠎ᠠ ᠪᠠᠷ ᠬᠠᠷᠭᠤᠭᠤᠯᠤᠨ ᠪᠠᠷᠢᠮᠵᠢᠶᠠᠯᠠᠵᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠵᠤ ᠪᠣᠭᠤᠮᠲᠠ ᠰᠢᠪᠲᠤᠯᠤᠨ ᠬᠠᠷᠰᠢ ᠰᠠᠭᠠᠳ ᠢ ᠠᠷᠢᠯᠭᠠᠵᠤ᠂ ᠲᠤᠰᠬᠠᠢ ᠴᠡᠭᠴᠡᠯᠡᠨ ᠵᠠᠰᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠪᠦᠦ ᠭᠠᠩ ᠤᠷᠢᠳ ᠬᠤᠵᠢᠳ ᠳ᠋ᠠ ᠲᠠᠩ ᠬᠥᠯᠥᠨ ᠪᠤᠶᠢᠷ ᠤᠨ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠮᠧᠩ ᠰᠢ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠲᠢᠶᠠᠨ ᠱᠦᠨ ᠠᠭᠤᠷᠬᠠᠶ ᠶᠢᠨ ᠦᠢᠯᠡᠰ ᠎ ᠤᠨ ᠬᠢᠵᠠᠭᠠᠷᠲᠤ ᠺᠣᠮᠫᠠᠨᠢ ᠵᠡᠷᠭᠡ ᠨᠡᠭᠦᠷᠡᠰᠦᠨ ᠤ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠎ ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠳᠠᠷᠠᠭ᠎ᠠ ᠨᠢ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠂ ᠳᠠᠷᠠᠭᠠᠴᠢ ᠎ ᠶᠢᠨ ᠠᠯᠬᠤᠮ ᠤᠨ ᠡᠭᠦᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠢ᠃      ᠪᠦᠦ ᠭᠠᠩ᠂ ᠬᠠᠷᠭᠤᠭᠤᠯᠤᠨ ᠪᠠᠶᠢᠴᠠᠭᠠᠬᠤ ᠠᠵᠢᠯ ᠪᠣᠯ ᠲᠤᠰᠬᠠᠶ ᠴᠡᠭᠴᠡᠯᠡᠨ ᠵᠠᠰᠠᠬᠤ ᠶᠢᠨ ᠵᠠᠩᠭᠢᠯᠠᠭ᠎ᠠ ᠶᠢᠨ ᠭᠤᠭᠴᠤᠭ᠎ᠠ ᠮᠦᠨ᠂ ᠴᠡᠭᠴᠡᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠵᠦ ᠴᠢᠳᠠᠬᠤ ᠡᠰᠡᠬᠦ ᠶᠢᠨ ᠴᠢᠬᠤᠯᠠ ᠪᠠᠲᠤᠯᠠᠭ᠎ᠠ ᠮᠦᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠢᠩᠭ᠎ᠠ ᠲᠤᠯᠭᠠᠮ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠨᠢᠮᠪᠠᠶ ᠪᠣᠳᠠᠲᠠᠶ ᠠᠵᠢᠯ ᠤᠨ ᠰᠤᠷᠲᠠᠯ ᠢᠶᠠᠷ᠂ ᠤᠯᠤᠰ ᠲᠥᠷᠥ ᠶᠢᠨ ᠬᠠᠷᠢᠭᠤᠴᠠᠯᠭ᠎ᠠ᠂ ᠤᠳᠤᠷᠢᠳᠬᠤ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠬᠠᠷᠭᠤᠭᠤᠯᠤᠨ ᠪᠠᠶᠢᠴᠠᠭᠠᠬᠤ ᠠᠵᠢᠯ ᠤᠨ ᠡᠯ᠎ᠡ ᠵᠦᠢᠯ ᠎ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠪᠠᠷ ᠦᠨᠡᠨ ᠬᠦ ᠪᠣᠳᠠᠲᠠᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠦᠦ ᠭᠠᠩ᠂ ︽ᠶᠠᠮᠠᠷ ᠳᠠᠩᠰᠠ ᠲᠤᠰᠢᠶᠠᠬᠤ︾᠂ ︽ᠶᠠᠭᠤ ᠪᠠᠷ ᠳᠠᠩᠰᠠ ᠲᠤᠰᠢᠶᠠᠬᠤ︾ ᠭᠡᠳᠡᠭ ᠬᠠᠷᠠᠯᠲᠠ ᠪᠠᠶᠢᠷᠢ ᠲᠣᠭᠲᠠᠭᠠᠯᠲᠠ ᠶᠢᠨ ᠱᠤᠭᠤᠮ ᠢ ᠪᠠᠲᠤ ᠡᠵᠡᠮᠳᠡᠵᠦ᠂ ᠦᠨᠡᠨ ᠠᠴᠠ ᠵᠥᠪ ᠢ ᠡᠷᠢᠬᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠨ᠂ ᠠᠰᠠᠭᠤᠳᠠᠯ ᠢ ᠦᠨᠡᠨ ᠬᠦ ᠬᠠᠷᠭᠤᠭᠤᠯᠤᠨ ᠲᠤᠳᠤᠷᠬᠠᠢᠢᠯᠠᠵᠤ᠂ ᠪᠠᠶᠢᠴᠠᠭᠠᠨ ᠳᠣᠲᠣᠯᠠᠵᠤ᠂ ᠣᠨᠣᠪᠴᠢᠲᠠᠶ ᠲᠣᠭᠲᠠᠭᠠᠬᠤ ᠬᠡᠷᠡᠭᠲᠡᠶ᠃ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠬᠡᠰᠡᠭ ᠬᠤᠪᠢᠶᠠᠨ ᠰᠢᠭᠰᠢᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠥᠷᠬᠡᠯᠡᠭᠡ ᠮᠠᠶ᠋ᠢᠭ ᠢᠶᠠᠷ ᠬᠤᠯᠪᠤᠯᠲᠤᠭᠤᠯᠵᠤ᠂ ᠬᠠᠷᠢᠯᠴᠠᠨ ᠬᠠᠷᠢᠴᠠᠭᠤᠯᠤᠨ ᠰᠤᠳᠤᠯᠵᠤ᠂ ᠲᠠᠪᠬᠤᠴᠠᠭᠰᠠᠨ ᠬᠡᠰᠡᠭ ᠢ ᠨᠢ ᠠᠪᠴᠤ ᠬᠠᠶᠠᠨ ᠨᠡᠶᠢᠳᠭᠡᠵᠦ᠂ ᠰᠣᠯᠪᠢᠴᠠᠭᠤᠯᠤᠨ ᠬᠠᠷᠢᠴᠠᠭᠤᠯᠬᠤ ᠪᠠᠷ ᠳᠠᠮᠵᠢᠨ ᠠᠰᠠᠭᠤᠳᠠᠯ ᠢ ᠭᠦᠨᠵᠡᠭᠡᠢ ᠢᠯᠡᠷᠡᠭᠦᠯᠬᠦ ᠬᠡᠷᠡᠭᠲᠡᠢ᠃ ᠶᠠᠷᠢᠯᠴᠠᠵᠤ ᠠᠰᠠᠭᠤᠨ ᠯᠠᠪᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠠᠷᠭ᠎ᠠ ᠪᠠᠷ ᠠᠰᠠᠭᠤᠳᠠᠯ ᠤᠨ ᠤᠴᠢᠷ ᠰᠢᠯᠲᠠᠭᠠᠨ ᠢ ᠪᠦᠬᠦ ᠲᠠᠯ᠎ᠠ ᠪᠠᠷ ᠣᠶᠢᠯᠠᠭᠠᠨ᠂ ᠳᠤᠪᠤᠶᠢᠮ᠎ᠠ ᠠᠰᠠᠭᠤᠳᠠᠯ ᠢ ᠭᠦᠨᠵᠡᠭᠡᠶ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠪᠠᠷ ᠰᠢᠪᠲᠤᠯᠤᠯᠲᠠ ᠬᠢᠵᠦ᠂ ᠠᠰᠠᠭᠤᠳᠠᠯ ᠢ ᠦᠨᠡᠨ ᠬᠦ ᠪᠠᠶᠢᠴᠠᠭᠠᠨ᠂ ᠦᠨᠡᠨ ᠪᠤᠲᠠᠲᠠᠢ ᠠᠰᠠᠭᠤᠳᠠᠯ ᠢ ᠪᠠᠶᠢᠴᠠᠭᠠᠬᠤ ᠬᠡᠷᠡᠭᠲᠡᠶ᠃ ᠵᠠᠷᠴᠢᠮᠲᠤ ᠴᠢᠨᠠᠷ ᠪᠠ ᠠᠷᠭ᠎ᠠ ᠪᠣᠳᠣᠯᠭ᠎ᠠ ᠶᠢᠨ ᠴᠢᠨᠠᠷ ᠢ ᠣᠨᠣᠪᠴᠢᠲᠠᠶ ᠡᠵᠡᠮᠳᠡᠵᠦ᠂ ᠠᠷᠭ᠎ᠠ ᠬᠡᠯᠪᠡᠷᠢ ᠠᠷᠭ᠎ᠠ ᠪᠠᠷᠢᠯ ᠢ ᠡᠷᠬᠢᠮᠯᠡᠨ᠂ ᠠᠰᠠᠭᠤᠳᠠᠯ ᠪᠠ ᠬᠠᠷᠢᠭᠤᠴᠠᠯᠭ᠎ᠠ ᠶᠢ ᠣᠨᠣᠪᠴᠢᠲᠠᠶ ᠮᠠᠭᠠᠳᠯᠠᠨ ᠲᠣᠭᠲᠠᠭᠠᠵᠤ᠂ ᠪᠠᠶᠢᠴᠠᠭᠠᠬᠤ ᠶᠢᠨ ᠳᠠᠭᠠᠤ ᠬᠠᠯᠠᠨ ᠰᠠᠶᠢᠵᠢᠷᠠᠭᠤᠯᠵᠤ᠂ ᠪᠠᠷᠢᠨ ᠪᠠᠶᠢᠴᠠᠭᠠᠵᠤ ᠪᠠᠷᠢᠨ ᠬᠠᠯᠠᠨ ᠰᠠᠶᠢᠵᠢᠷᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号