ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠲᠤᠭᠤᠢᠢᠯᠠᠩ ᠬᠤᠪᠢᠶᠠᠵᠤ ᠲᠦᠯᠦᠪᠯᠡᠭᠡ ᠶᠢᠨ ᠮᠡᠳᠡᠬᠦᠯᠦᠯᠳᠠ ᠵᠢᠴᠢ ᠲᠦᠰᠦᠯ ᠪᠤᠯᠤᠨ ᠲᠦᠰᠦᠪ ᠤᠨ ᠮᠡᠳᠡᠬᠦᠯᠤᠯᠳᠠ ᠵᠢᠴᠢ ᠲᠦᠰᠦᠯ ᠢ ᠬᠢᠨᠠᠨ ᠪᠠᠶᠢᠴᠠᠭᠠᠵᠠᠢ  ᠱᠢ ᠲᠠᠢ ᠹᠸᠡᠭ ᠪᠦ᠋ ᠰᠢᠶᠤᠤ ᠯᠢᠨ ᠯᠢ ᠰᠢᠤ ᠯᠢᠩ ᠬᠢᠨᠠᠨ ᠪᠠᠶᠢᠴᠠᠭᠠᠬᠤ ᠳᠤ ᠤᠷᠤᠯᠴᠠᠪᠠ
ᠨᠡᠶᠢᠲᠡᠯᠡᠭᠰᠡᠨ ᠴᠠᠭ᠄
2020/5/25
   5 ᠰᠠᠷ᠎ᠠ ᠶᠢᠨ 23᠎ ᠤ ᠦᠳᠡ ᠶᠢᠨ ᠬᠤᠶᠢᠨ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠭᠰᠠᠨ ᠬᠤᠷᠠᠯ ᠬᠢᠵᠤ᠂ ᠲᠦᠷᠦ ᠶᠢᠨ ᠶᠠᠪᠤᠳᠠᠯ ᠤᠨ ᠬᠤᠷᠢᠶᠠᠨ ᠤ 2019 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠭᠦᠭᠵᠢᠯᠳᠠ ᠶᠢᠨ ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠳ 2020 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠭᠦᠭᠵᠢᠯᠳᠠ ᠶᠢᠨ ᠲᠦᠯᠦᠪᠯᠡᠭᠡ ᠶᠢᠨ ᠲᠦᠰᠦᠯ ᠤᠨ ᠮᠡᠳᠡᠬᠦᠯᠦᠯᠳᠡ ᠵᠢᠴᠢ 2020 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠭᠦᠭᠵᠢᠯᠳᠠ ᠶᠢᠨ ᠲᠦᠯᠦᠪᠯᠡᠭᠡ ᠶᠢᠨ ᠲᠦᠰᠤᠯ ᠢ ᠬᠢᠨᠠᠨ ᠪᠠᠶᠢᠴᠠᠭᠠᠵᠠᠢ︔ ᠲᠦᠷᠦ ᠶᠢᠨ ᠶᠠᠪᠤᠳᠠᠯ ᠤᠨ ᠬᠤᠷᠢᠶᠠᠨ ᠤ 2019 ᠤᠨ ᠤ ᠲᠦᠪ ᠤᠨ ᠪᠠ ᠤᠷᠤᠨ ᠨᠤᠳᠤᠭ ᠤᠨ ᠲᠦᠰᠦᠪ ᠢ ᠬᠡᠷᠡᠭᠵᠢᠬᠦᠯᠦᠭᠰᠡᠨ ᠪᠠᠶᠢᠳᠠᠯ ᠬᠢᠬᠡᠳ 2020 ᠤᠨ ᠤ ᠲᠦᠪ ᠤᠨ ᠪᠠ ᠤᠷᠤᠨ ᠨᠤᠳᠤᠭ ᠤᠨ ᠲᠦᠰᠦᠪ ᠤᠨ ᠲᠦᠰᠦᠯ ᠤᠨ ᠮᠡᠳᠡᠬᠦᠯᠦᠯᠳᠠ ᠵᠢᠴᠢ 2020 ᠤᠨ ᠤ ᠲᠦᠪ ᠤᠨ ᠪᠠ ᠤᠷᠤᠨ ᠨᠤᠳᠤᠭ ᠤᠨ ᠲᠦᠰᠦᠪ ᠤᠨ ᠲᠦᠰᠦᠯ ᠢ ᠬᠢᠨᠠᠨ ᠪᠠᠶᠢᠴᠠᠭᠠᠪᠠ᠃     ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠲᠠᠷᠤᠭ᠎ᠠ ᠱᠢ ᠲᠠᠢ ᠹᠸᠡᠭ᠂ ᠪᠦᠯᠬᠦᠮ ᠤᠨ ᠲᠡᠳ᠋ ᠲᠠᠷᠤᠭ᠎ᠠ ᠪᠦ᠋ ᠰᠢᠶᠤᠤ ᠯᠢᠨ᠂ ᠯᠢ ᠰᠢᠤ ᠯᠢᠩ ᠬᠢᠨᠠᠨ ᠪᠠᠶᠢᠴᠠᠭᠠᠬᠤ ᠳᠤ ᠤᠷᠤᠯᠴᠠᠵᠠᠢ᠃ ᠪᠦᠯᠬᠦᠮ ᠤᠨ ᠲᠡᠳ᠋ ᠲᠠᠷᠤᠭ᠎ᠠ ᠯᠢᠨ ᠱᠤᠤ ᠴᠦᠨ᠂ ᠮᠠ ᠰᠢᠤᠸᠠᠢ ᠵᠢᠶᠦ᠋ᠨ ᠲᠤᠰ ᠲᠤᠰ ᠲᠤᠭᠤᠢᠢᠯᠠᠩ ᠬᠤᠪᠢᠶᠠᠬᠰᠠᠨ ᠬᠤᠷᠠᠯ ᠢ ᠡᠷᠬᠢᠯᠡᠪᠠ᠃ ᠤᠯᠤᠰ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠤᠷᠠᠯ ᠰᠤᠨᠤᠰᠬᠤ ᠬᠦᠮᠦᠰ ᠰᠦᠯᠵᠢᠶᠡᠨ ᠤ ᠸᠢᠳᠢᠣ᠋ ᠬᠡᠯᠪᠡᠷᠢ ᠪᠠᠷ ᠲᠦᠯᠦᠭᠡᠯᠡᠭᠴᠢᠳ ᠤᠨ ᠬᠢᠨᠠᠨ ᠪᠠᠶᠢᠴᠠᠭᠠᠬᠰᠠᠨ ᠰᠠᠨᠠᠯ ᠢ ᠰᠤᠨᠤᠰᠴᠠᠢ᠃     ᠵᠠᠩ ᠵᠢᠶᠠᠨ ᠮᠢᠨ᠂ ᠯᠢ ᠴᠢ ᠯᠢᠨ᠂ ᠢᠤᠢ ᠰᠢᠤᠢ ᠪᠦᠸᠧ᠂ ᠹᠸᠡᠭ ᠶᠠᠨ ᠯᠢ᠂ ᠮᠸᠡᠭ ᠰᠢᠶᠠᠨ ᠳ᠋ᠦᠡᠭ᠂ ᠭᠦᠡᠭ ᠮᠢᠩ ᠵᠦ᠂ ᠴᠢ ᠪᠠᠳᠤ᠂ ᠵᠤᠤ ᠵᠢᠶᠠᠩ ᠲᠤᠤ᠂ ᠯᠢ ᠴᠢᠤᠸᠠᠨ ᠸᠧᠨ᠂ ᠵᠢᠶᠠ ᠷᠦᠨ ᠠᠨ᠂ ᠭᠦᠸᠧ ᠶᠠᠨ ᠯᠢᠩ᠂ ᠵᠠᠩ ᠯᠸᠢ᠂ ᠵᠠᠩ ᠰᠢᠶᠤᠤ ᠪᠢᠡᠭ᠂ ᠮᠦᠡᠭᠭᠡ᠂ ᠰᠢᠩ ᠵᠢᠶᠧ ᠬᠤᠨᠭ᠌᠂ ᠳ᠋ᠠᠢ ᠰᠢ ᠶᠤᠸᠠᠨ ᠵᠡᠷᠭᠡ ᠲᠦᠯᠦᠭᠡᠯᠡᠭᠴᠢ ᠦᠬᠡ ᠬᠡᠯᠡᠪᠡ᠃ ᠤᠯᠠᠨ ᠢᠶᠠᠷ ᠢᠶᠠᠨ᠂ ᠮᠡᠳᠡᠬᠦᠯᠤᠯᠳᠠ ᠵᠢᠴᠢ ᠲᠦᠰᠦᠯ ᠨᠢ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠨᠡᠶᠢᠭᠡᠮ ᠤᠨ ᠬᠠᠷᠠᠯᠳᠠ ᠡᠭᠦᠷᠭᠡ ᠲᠠᠢ ᠨᠢᠬᠳᠠ ᠤᠶᠠᠯᠳᠤᠵᠤ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠲᠠᠢ ᠨᠢᠬᠳᠠ ᠵᠤᠯᠭᠠᠯᠴᠠᠵᠤ᠂ ᠴᠠᠭ ᠦᠶ᠎ᠠ ᠶᠢ ᠲᠠᠭᠠᠨ ᠵᠡᠷᠭᠡ ᠪᠠᠷ ᠤᠷᠤᠬᠰᠢᠯᠠᠬᠤ᠂ ᠦᠭᠡᠷᠡᠴᠢᠯᠡᠯᠳᠠ ᠬᠢᠵᠤ ᠰᠢᠨ᠎ᠠ ᠶᠢ ᠡᠭᠦᠳᠭᠦ ᠵᠤᠷᠢᠭ ᠰᠠᠨᠠᠭ᠎ᠠ ᠶᠢ ᠢᠯᠡᠷᠡᠬᠦᠯᠵᠤ᠂ ᠠᠷᠠᠳ ᠲᠦᠮᠡᠨ ᠤ ᠬᠦᠰᠡᠯ ᠡᠷᠡᠮᠠᠯᠵᠠᠯ ᠪᠠ ᠱᠠᠭᠠᠷᠳᠠᠯᠭ᠎ᠠ ᠶᠢ ᠢᠯᠡᠷᠡᠬᠦᠯᠵᠡᠢ᠂ ᠮᠡᠳᠡᠬᠦᠯᠤᠯᠳᠠ ᠵᠢᠴᠢ ᠲᠦᠰᠦᠯ ᠢ ᠪᠦᠷᠢᠮᠦᠰᠦᠨ ᠵᠦᠪᠰᠢᠶᠠᠷᠡᠨ᠎ᠠ ᠭᠡᠵᠦ ᠦᠵᠡᠵᠡᠭᠡᠪᠡ᠃     ᠲᠦᠯᠦᠭᠡᠯᠡᠭᠴᠢᠳ ᠮᠡᠳᠡᠬᠦᠯᠤᠯᠳᠠ ᠵᠢᠴᠢ ᠲᠦᠰᠦᠯ ᠢ ᠬᠢᠨᠠᠨ ᠪᠠᠶᠢᠴᠠᠭᠠᠭᠰᠠᠨ ᠪᠠ ᠦᠪᠡᠷ ᠦᠪᠡᠷ ᠤᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠤᠰ ᠠᠴᠠ ︽ᠰᠢᠨᠵᠢᠯᠡᠬᠦ ᠤᠬᠠᠭᠠᠨ ᠲᠧᠭᠨᠢᠭ ᠮᠠᠷᠭᠡᠵᠢᠯ ᠢᠶᠠᠷ ᠦᠪᠦᠷ ᠮᠤᠩᠭᠤᠯ ᠢ ᠮᠠᠨᠳᠤᠭᠤᠯᠬᠤ︾ ᠲᠠᠯ᠎ᠠ ᠪᠠᠷ ᠲᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ᠂ ᠠᠵᠢᠯ ᠤᠯᠭᠤᠯᠳᠠ ᠪᠠᠷ ᠦᠢᠯᠡᠴᠢᠯᠡᠭᠡ ᠶᠢ ᠠᠬᠢᠭᠤᠯᠬᠤ ᠲᠠᠯ᠎ᠠ ᠶᠢᠨ ᠠᠵᠢᠯ ᠢ ᠴᠢᠩᠭᠠᠳᠬᠠᠬᠤ᠂ ᠤᠷᠤᠯᠭ᠎ᠠ ᠶᠢ ᠨᠡᠮᠡᠭᠳᠡᠬᠦᠯᠵᠤ ᠵᠠᠷᠤᠯᠭ᠎ᠠ ᠶᠢ ᠪᠠᠭᠠᠰᠬᠠᠨ ᠭᠤᠤᠯᠳᠠᠯᠭ᠎ᠠ ᠶᠢ ᠪᠠᠳᠤᠯᠠᠬᠤ᠂ ᠲᠦᠮᠦᠰᠤ ᠶᠢ ᠠᠮᠤ ᠪᠤᠳᠠᠭ᠎ᠠ ᠶᠢᠨ ᠭᠠᠷᠤᠯᠳᠠ ᠶᠢᠨ ᠲᠤᠮᠤ ᠰᠢᠶᠠᠨ ᠤ ᠨᠦᠬᠦᠪᠤᠷᠢ ᠤᠯᠭᠤᠬᠤ ᠬᠡᠪᠴᠢᠶᠠᠨ ᠳᠤ ᠤᠷᠤᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号