ᠦᠪᠦᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠲᠦᠯᠤᠪᠯᠡᠭᠡ ᠶᠢᠨ ᠮᠠᠲᠠᠬᠦᠯᠤᠯᠲᠠ ᠵᠢᠴᠢ ᠲᠦᠰᠦᠯ ᠪᠤᠯᠤᠨ ᠲᠦᠰᠤᠪ ᠤᠨ ᠮᠠᠲᠠᠬᠦᠯᠤᠯᠲᠠ ᠵᠢᠴᠢ ᠲᠦᠰᠤᠯ ᠢ ᠦᠷᠬᠦᠯᠵᠢᠯᠠᠨ ᠬᠢᠨᠠᠨ ᠪᠠᠶᠢᠴᠠᠭᠠᠵᠠᠢ  ᠱᠢ ᠲᠠᠢ ᠹᠸᠡᠭ ᠪᠦ᠋ ᠰᠢᠶᠤᠤ ᠯᠢᠨ ᠯᠢ ᠰᠢᠤ ᠯᠢᠩ ᠬᠢᠨᠠᠨ ᠪᠠᠶᠢᠴᠠᠭᠠᠬᠤ ᠳᠤ ᠤᠷᠤᠯᠴᠠᠪᠠ
ᠨᠡᠶᠢᠲᠡᠯᠡᠭᠰᠡᠨ ᠴᠠᠭ᠄
2020/5/25
     5 ᠰᠠᠷ᠎ᠠ ᠶᠢᠨ 24᠎ ᠤ ᠦᠲᠠ ᠶᠢᠨ ᠡᠮᠦᠨ᠎ᠡ᠂ ᠠᠷᠪᠠᠨ ᠭᠤᠷᠪᠠᠲᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯ ᠤᠨ ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠲᠤᠭᠤᠢᠢᠯᠠᠩ ᠬᠤᠪᠢᠶᠠᠭᠰᠠᠨ ᠬᠤᠷᠠᠯ ᠬᠢᠵᠤ᠂ ᠦᠷᠬᠦᠯᠵᠢᠯᠡᠨ ᠲᠦᠷᠤ ᠶᠢᠨ ᠶᠠᠪᠤᠲᠠᠯ ᠤᠨ ᠬᠤᠷᠢᠶᠠᠨ ᠤ 2019 ᠣᠨ ᠤ ᠤᠯᠤᠰ ᠠᠷᠠᠳ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠲᠠ ᠶᠢᠨ ᠲᠦᠯᠤᠪᠯᠡᠭᠡ ᠶᠢ ᠬᠡᠷᠡᠭᠵᠢᠬᠦᠯᠦᠭᠰᠠᠨ ᠪᠠᠶᠢᠲᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠲᠠ ᠶᠢᠨ ᠲᠦᠯᠤᠪᠯᠡᠭᠡ ᠶᠢᠨ ᠲᠦᠰᠤᠯ ᠤᠨ ᠮᠠᠲᠠᠬᠦᠯᠤᠯᠲᠠ ᠵᠢᠴᠢ 2020 ᠣᠨ ᠤ ᠤᠯᠤᠰ ᠠᠷᠠᠳ ᠤᠨ ᠠᠵᠤ ᠠᠬᠤᠢ ᠪᠤᠯᠤᠨ ᠨᠠᠶᠢᠬᠡᠮ ᠤᠨ ᠬᠦᠭᠵᠢᠯᠲᠠ ᠶᠢᠨ ᠲᠦᠯᠤᠪᠯᠡᠭᠡ ᠶᠢᠨ ᠲᠦᠰᠤᠯ ᠢ ᠬᠢᠨᠠᠨ ᠪᠠᠶᠢᠴᠠᠭᠠᠵᠠᠢ︔ ᠲᠦᠷᠦ ᠶᠢᠨ ᠶᠠᠪᠤᠲᠠᠯ ᠤᠨ ᠬᠤᠷᠢᠶᠠᠨ ᠤ 2019 ᠣᠨ ᠤ ᠲᠦᠪ ᠤᠨ ᠪᠠ ᠤᠷᠤᠨ ᠨᠤᠲᠤᠭ ᠤᠨ ᠲᠦᠰᠤᠪ ᠢ ᠬᠡᠷᠡᠭᠵᠢᠬᠦᠯᠦᠭᠰᠡᠨ ᠪᠠᠶᠢᠲᠠᠯ ᠬᠢᠭᠡᠳ 2020 ᠣᠨ ᠤ ᠲᠦᠪ ᠎ ᠤᠨ ᠪᠠ ᠤᠷᠤᠨ ᠨᠤᠲᠤᠭ ᠤᠨ ᠲᠦᠰᠤᠪ ᠤᠨ ᠲᠦᠰᠤᠯ ᠤᠨ ᠮᠠᠲᠠᠬᠦᠯᠤᠯᠲᠠ ᠵᠢᠴᠢ 2020 ᠣᠨ ᠤ ᠲᠦᠪ ᠤᠨ ᠪᠠ ᠤᠷᠤᠨ ᠨᠤᠲᠤᠭ ᠤᠨ ᠲᠦᠰᠤᠪ ᠤᠨ ᠲᠦᠰᠤᠯ ᠢ ᠬᠢᠨᠠᠨ ᠪᠠᠶᠢᠴᠠᠭᠠᠪᠠ᠃      ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠤᠨ ᠲᠠᠷᠤᠭ᠎ᠠ ᠱᠢ ᠲᠠᠢ ᠹᠸᠡᠭ᠂ ᠪᠦᠯᠬᠦᠮ ᠤᠨ ᠲᠠᠳ᠋ ᠲᠠᠷᠤᠭ᠎ᠠ ᠪᠦ᠋ ᠰᠢᠶᠤᠤ ᠯᠢᠨ᠂ ᠯᠢ ᠰᠢᠤ ᠯᠢᠩ ᠬᠢᠨᠠᠨ ᠪᠠᠶᠢᠴᠠᠭᠠᠬᠤ ᠳᠤ ᠤᠷᠤᠯᠴᠠᠵᠠᠢ᠃ ᠪᠦᠯᠬᠦᠮ ᠤᠨ ᠲᠠᠳ᠋ ᠲᠠᠷᠤᠭ᠎ᠠ ᠯᠢᠤ ᠴᠢ ᠹᠠᠨ᠂ ᠸᠠᠩ ᠪᠦᠸᠧ ᠲᠤᠰ ᠪᠦᠷᠢ ᠲᠤᠭᠤᠢᠢᠯᠠᠩ ᠬᠤᠪᠢᠶᠠᠭᠰᠠᠨ ᠬᠤᠷᠠᠯ ᠢ ᠡᠷᠬᠢᠯᠠᠪᠠ᠃ ᠤᠯᠤᠰ ᠎ ᠤᠨ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠰᠦᠯᠵᠢᠶᠡᠨ ᠤ ᠸᠶᠳᠢᠣ᠋ ᠬᠡᠯᠪᠡᠷᠢ ᠪᠠᠷ ᠲᠦᠯᠤᠬᠡᠯᠡᠭᠴᠢᠳ ᠎ ᠤᠨ ᠬᠢᠨᠠᠨ ᠪᠠᠶᠢᠴᠠᠭᠠᠭᠰᠠᠨ ᠰᠠᠨᠠᠯ ᠢ ᠰᠤᠨᠤᠰᠴᠠᠢ᠃      ᠨᠠᠰᠦᠨᠮᠦ᠋ᠡᠭᠬᠡ᠂ ᠢᠤᠢ ᠰᠢᠤᠢ ᠪᠦᠸᠧ᠂ ᠭᠧ ᠮᠢᠩ᠂ ᠰᠦᠸᠧ ᠱᠦ ᠬᠤᠢ᠂ ᠵᠠᠩ ᠵᠢᠢ ᠰᠢᠨ᠂ ᠯᠢ ᠼᠦᠢ ᡁᠢ᠂ ᠴᠤᠯᠮᠤᠨ᠂ ᠬᠦᠬᠡᠪᠠᠭᠠᠲᠤᠷ᠂ ᠸᠠᠩ ᠰᠢᠶᠤᠤ ᠬᠤᠨᠭ᠌᠂ ᠯᠢᠤ ᠶᠠ ᠱᠸᠡᠭ᠂ ᠯᠢᠤ ᠯᠢ ᠹᠸᠠ᠂ ᠹᠸᠡᠭ ᠶᠠᠨ ᠯᠢ᠂ ᠵᠠᠩ ᠵᠢᠢ ᠢ᠂ ᠴᠸᠠ ᠯᠢᠶᠠᠩ᠂ ᠸᠠᠩ ᠰᠢᠨ ᠬᠤᠢ᠂ ᠱᠢ ᠢᠤᠢ ᠳ᠋ᠦᠡᠭ᠂ ᠮᠠ ᠴᠦᠨ ᠢᠤᠢ᠂ ᠯᠢ ᠢᠤᠢ ᠯᠢᠶᠠᠩ᠂ ᠦ᠋ ᠶᠦᠨ ᠪᠦᠸᠧ᠂ ᠨᠠᠷᠠᠨᠲᠤᠶᠠᠭ᠎ᠠ ᠵᠡᠷᠬᠡ ᠲᠦᠯᠤᠬᠡᠯᠡᠭᠴᠢ ᠦᠬᠡ ᠬᠡᠯᠡᠪᠠ᠃ ᠤᠯᠠᠨ ᠢᠶᠠᠷ ᠢᠶᠠᠨ᠂ ᠬᠤᠶᠠᠷ ᠮᠠᠲᠠᠬᠦᠯᠤᠯᠲᠠ ᠵᠢᠴᠢ ᠲᠦᠰᠦᠯ ᠨᠢ ᠲᠦᠪ ᠤᠨ ᠰᠢᠢᠳᠪᠤᠷᠢᠲᠤ ᠪᠤᠲᠤᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠵᠤ᠂ ᠡᠨᠡ ᠵᠢᠯ ᠤᠨ ᠲᠦᠯᠤᠪᠯᠡᠭᠡ ᠪᠠ ᠲᠦᠰᠤᠪ ᠤᠨ ᠠᠵᠢᠯ ᠤᠨ ᠳᠣᠬᠢᠷᠠᠭᠤᠯᠣᠯᠳᠠ ᠨᠢ ᠪᠤᠲᠠᠲᠠᠢ ᠲᠠᠢ ᠨᠠᠶᠢᠴᠠᠨ ᠭᠤᠤᠯᠲᠠᠯᠭ᠎ᠠ ᠶᠢ ᠲᠤᠪᠤᠶᠢᠯᠭᠠᠵᠣ᠂ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠪᠠᠶᠢᠵᠤ᠂ ᠲᠤᠭᠲᠠᠭᠤᠨ ᠤ ᠲᠤᠮᠲᠠ ᠤᠷᠤᠭᠰᠢᠯᠠᠨ ᠳᠠᠪᠰᠢᠬᠤ ᠠᠵᠢᠯ ᠤᠨ ᠶᠠᠷᠦᠩᠬᠡᠢ ᠬᠦᠭ ᠠᠶᠠᠰ ᠢ ᠴᠢᠪᠬᠠᠳᠠᠨ᠂ ᠴᠢᠨᠠᠷ ᠰᠠᠶᠢᠳᠠᠢ ᠬᠦᠭᠵᠢᠯᠲᠠ ᠶᠢᠨ ᠱᠠᠭᠠᠷᠲᠠᠯᠭ᠎ᠠ ᠶᠢ ᠲᠤᠭᠤᠰᠢᠯᠠᠭᠤᠯᠵᠤ᠂ ᠠᠷᠠᠳ ᠲᠦᠮᠠᠨ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠠᠯ ᠰᠠᠨᠠᠭ᠎ᠠ ᠶᠢ ᠲᠤᠪᠤᠶᠢᠯᠭᠠᠨ᠂ ᠴᠢᠭᠯᠡᠭᠦᠯᠦᠯᠲᠤ ᠴᠢᠨᠠᠷ᠂ ᠬᠡᠷᠡᠭᠵᠢᠭᠦᠯᠦᠭᠦᠰᠢᠳᠡᠢ ᠴᠢᠨᠠᠷ ᠢᠶᠠᠷ ᠴᠢᠩᠭ᠎ᠠ ᠪᠠᠶᠢᠵᠤ᠂ ᠬᠢᠵᠢᠭ ᠤᠨ ᠪᠠᠶᠢᠲᠠᠯ ᠢ ᠰᠡᠷᠬᠡᠶᠢᠯᠠᠨ ᠡᠵᠡᠮᠲᠠᠬᠦ ᠪᠠ ᠠᠵᠤ ᠠᠬᠤᠢ ᠨᠠᠶᠢᠬᠡᠮ ᠤᠨ ᠬᠦᠭᠵᠢᠯᠲᠠ ᠎ ᠶᠢᠨ ᠡᠯ᠎ᠠ ᠵᠦᠢᠯ ᠤᠨ ᠠᠵᠢᠯ ᠢ ᠰᠠᠶᠢᠲᠤᠷ ᠬᠢᠬᠦ ᠶᠢ ᠨᠢᠬᠡᠲᠤᠯᠲᠠᠢ ᠲᠦᠯᠤᠪᠵᠢᠬᠦᠯᠵᠠᠢ ᠬᠡᠵᠦ ᠦᠵᠡᠪᠡ᠃      ᠲᠦᠯᠤᠬᠡᠯᠡᠭᠴᠢᠳ ᠮᠠᠲᠠᠬᠦᠯᠤᠯᠲᠠ ᠵᠢᠴᠢ ᠲᠦᠰᠦᠯ ᠢ ᠬᠢᠨᠠᠨ ᠪᠠᠶᠢᠴᠠᠭᠠᠬᠤ ᠪᠠ ᠦᠪᠠᠷ ᠦᠪᠡᠷ ᠤᠨ ᠠᠵᠢᠯ ᠎ ᠤᠨ ᠪᠣᠳᠠᠳᠤ ᠪᠠᠶᠢᠳᠠᠯ ᠲᠠᠢ ᠪᠠᠨ ᠤᠶᠠᠯᠲᠤᠭᠤᠯᠵᠣ᠂ ᠰᠢᠷ᠎ᠠ ᠪᠤᠷᠴᠠᠭ ᠤᠨ ᠠᠵᠣ ᠦᠢᠯᠡᠰ ᠢ ᠬᠦᠭᠵᠢᠬᠦᠯᠦᠨ ᠮᠠᠨᠲᠤᠭᠤᠯᠬᠤ ᠲᠦᠯᠤᠪᠯᠡᠭᠡ ᠶᠢ ᠬᠡᠷᠡᠭᠵᠢᠬᠦᠯᠬᠦ ᠶᠢ ᠲᠠᠮᠵᠢᠬᠦ᠂ ᠮᠢᠬᠠᠨ ᠤ ᠦᠬᠡᠷ ᠤᠨ ᠠᠵᠤ ᠦᠢᠯᠡᠰ ᠢ ᠲᠠᠮᠵᠢᠬᠦ ᠡᠷᠴᠢᠮ ᠢᠶᠠᠨ ᠴᠢᠩᠭᠠᠷᠠᠭᠤᠯᠬᠤ᠂ ᠬᠦᠮᠤᠨ ᠠᠮᠢᠲᠠᠨ ᠳᠤ ᠬᠠᠮᠲᠤ ᠪᠠᠷ ᠨᠡᠷᠪᠡᠭᠳᠡᠬᠦ ᠡᠪᠠᠳᠴᠢᠨ ᠢ ᠰᠡᠷᠬᠡᠶᠢᠯᠠᠨ ᠡᠵᠡᠮᠲᠠᠬᠦ ᠶᠢ ᠴᠢᠩᠭᠠᠳᠬᠠᠬᠤ᠂ ︽ᠬᠢᠵᠢᠭ︾᠎ ᠲᠠᠢ ᠲᠡᠮᠡᠴᠡᠬᠦ ᠦᠨᠲᠤᠰᠤᠨ ᠱᠠᠲᠤᠨ ᠤ ᠰᠡᠷᠬᠡᠶᠢᠯᠠᠯᠲᠠ ᠶᠢᠨ ᠱᠤᠭᠤᠮ ᠎ ᠢ ᠪᠠᠳᠤ ᠴᠣᠭᠴᠠᠯᠠᠬᠤ᠂ ᠵᠠᠮ ᠬᠠᠷᠢᠯᠴᠠᠭ᠎ᠠ ᠲᠠᠬᠡᠬᠡᠪᠤᠷᠢ ᠶᠢᠨ ᠪᠦᠲᠦᠴᠠ ᠶᠢ ᠴᠢᠨᠠᠭᠰᠢᠳᠠ ᠲᠤᠬᠢᠷᠠᠭᠤᠯᠣᠨ ᠰᠢᠯᠢᠳᠡᠭᠵᠢᠭᠦᠯᠬᠦ᠂ ᠰᠤᠶᠤᠯ ᠤᠨ ᠬᠦᠭᠵᠢᠯᠲᠠ ᠶᠢᠨ ᠵᠦᠬᠡᠯᠡᠨ ᠪᠤᠲᠠᠲᠤ ᠬᠦᠴᠤᠨ ᠢ ᠴᠢᠩᠭᠠᠳᠬᠠᠬᠤ ᠵᠡᠷᠬᠡ ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号