ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/5/25
     2020 ᠣᠨ ᠤ 5 ᠰᠠᠷ᠎ᠠ ᠶᠢᠨ 24᠎ ᠤ ᠡᠳᠦᠷ ᠤᠨ 7 ᠴᠠᠭ ᠠᠴᠠ 5 ᠰᠠᠷ᠎ᠠ ᠶᠢᠨ 25᠎ ᠤ ᠡᠳᠦᠷ ᠤᠨ 7 ᠴᠠᠭ ᠪᠣᠯᠲᠠᠯ᠎ᠠ᠄      ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠲᠤᠬᠠᠢ ᠶᠢᠨ ᠭᠠᠵᠠᠷ ᠤᠨ ᠳᠤᠳᠤᠯᠠᠭᠰᠠᠨ ᠡᠪᠡᠳᠴᠢᠨ ᠤ ᠵᠢᠱᠢᠶ᠎ᠠ ᠪᠠ ᠰᠡᠵᠢᠭᠯᠡᠯᠳᠡᠢ ᠡᠪᠡᠳᠴᠢᠨ ᠤ ᠵᠢᠱᠢᠶ᠎ᠠ ᠵᠢᠴᠢ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠰᠡᠵᠢᠭᠯᠡᠯᠳᠡᠢ ᠡᠪᠡᠳᠴᠢᠨ ᠤ ᠵᠢᠱᠢᠶ᠎ᠠ ᠨᠡᠮᠡᠭᠳᠡᠭᠰᠡᠨ ᠦᠬᠡᠢ᠃      ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ 10 ᠨᠡᠮᠡᠭᠳᠡᠵᠦ᠂ ᠡᠳᠡᠭᠡᠷᠡᠵᠦ ᠡᠮᠨᠡᠯᠬᠡ ᠠᠴᠠ ᠭᠠᠷᠤᠭᠰᠠᠨ ᠨᠢ 2 ᠬᠦᠮᠦᠨ ︵ᠨᠡᠶᠢᠰᠯᠡᠯ ᠤᠨ ᠤᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠳᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ ᠪᠠᠭᠤᠳᠠᠯ ᠳᠤ ᠪᠠᠭᠤᠬᠰᠠᠨ᠂ ᠡᠬᠦᠨ ᠳᠤ ᠬᠤᠶᠠᠷ ᠳᠤᠳᠤᠯᠠᠭᠰᠠᠨ ᠡᠪᠡᠳᠴᠢᠨ ᠤ ᠵᠢᠱᠢᠶ᠎ᠠ ᠨᠢ ᠤᠤᠯ ᠤᠨ ᠰᠡᠵᠢᠭᠯᠡᠯᠳᠡᠢ ᠡᠪᠡᠳᠴᠢᠨ ᠤ ᠵᠢᠱᠢᠶ᠎ᠠ ᠪᠤᠯᠤᠨ᠎ᠠ︶ ᠪᠤᠢ᠃      2020 ᠤᠨ ᠤ 5 ᠰᠠᠷ᠎ᠠ ᠶᠢᠨ 25᠎ ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ 2᠂ 2 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ︔      ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 150 ︵ᠤᠷᠤᠰ ᠠᠴᠠ 100᠂ ᠠᠩᠭ᠍ᠯᠢ ᠠᠴᠠ 23᠂ ᠹᠷᠠᠨᠼᠢ ᠠᠴᠠ 19᠂ ᠠᠮᠧᠷᠢᠺᠠ ᠠᠴᠠ 4᠂ ᠢᠰᠫᠠᠨᠢ ᠠᠴᠠ 2᠂ ᠰᠸᠧᠳᠧᠨ ᠠᠴᠠ 2︶ ᠪᠠᠶᠢᠵᠤ᠂ 125 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ᠃ ᠤᠳᠤᠬᠠᠨ ᠳᠤ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠠᠨ ᠲᠤᠳᠤᠯᠠᠭᠰᠠᠨ ᠡᠪᠡᠳᠴᠢᠨ ᠤ ᠵᠢᠱᠢᠶ᠎ᠠ 25᠂ ᠰᠡᠵᠢᠭᠯᠡᠯᠳᠡᠢ ᠡᠪᠡᠳᠴᠢᠨ ᠤ ᠵᠢᠱᠢᠶ᠎ᠠ 1 ᠪᠠᠶᠢᠨ᠎ᠠ᠃      2020 ᠣᠨ ᠤ 5 ᠰᠠᠷ᠎ᠠ ᠶᠢᠨ 24᠎ ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠬᠡᠢ ᠬᠠᠯᠳᠠᠪᠤᠷᠢᠯᠠᠭᠰᠠᠳ ᠭᠠᠷᠤᠬᠰᠠᠨ ᠦᠭᠡᠢ᠃      ᠡᠳᠡᠬᠡᠷ ᠡᠪᠡᠳᠴᠢᠲᠡᠨ ᠢ ᠴᠥᠮ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ ᠠᠵᠢᠬᠯᠠᠯᠳᠠ ᠬᠢᠵᠦ ᠪᠤᠢ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠤ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号