2020 ᠣᠨ ᠤ 5 ᠰᠠᠷ᠎ᠠ ᠶᠢᠨ 25 ᠤ ᠡᠳᠦᠷ ᠤᠨ 7 ᠴᠠᠭ ᠠᠴᠠ 5 ᠰᠠᠷ᠎ᠠ ᠶᠢᠨ 26 ᠤ ᠡᠳᠦᠷ ᠤᠨ 7 | ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠲᠤᠬᠠᠢ ᠶᠢᠨ ᠭᠠᠵᠠᠷ ᠤᠨ ᠳᠤᠳᠤᠯᠠᠭᠰᠠᠨ | ᠡᠪᠡᠳᠴᠢᠨ ᠤ ᠵᠢᠱᠢᠶ᠎ᠠ ᠪᠠ ᠰᠡᠵᠢᠭᠯᠡᠯᠳᠡᠢ ᠡᠪᠡᠳᠴᠢᠨ ᠤ ᠵᠢᠱᠢᠶ᠎ᠠ ᠵᠢᠴᠢ ᠬᠢᠯᠢ ᠶᠢᠨ ᠭᠠᠳᠠᠨ᠎ᠠ ᠠᠴᠠ ᠤᠷᠤᠵᠤ | ᠢᠷᠡᠭᠰᠡᠨ ᠰᠡᠵᠢᠭᠯᠡᠯᠳᠡᠢ ᠡᠪᠡᠳᠴᠢᠨ ᠤ ᠵᠢᠱᠢᠶ᠎ᠠ ᠨᠡᠮᠡᠭᠳᠡᠭᠰᠡᠨ ᠦᠬᠡᠢ᠃ | ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ 5 ᠨᠡᠮᠡᠭᠳᠡᠵᠦ᠂ 3 | ᠡᠪᠡᠳᠴᠢᠲᠠᠨ ᠡᠳᠡᠭᠡᠷᠡᠵᠦ ᠡᠮᠨᠡᠯᠬᠡ ᠠᠴᠠ ᠭᠠᠷᠴᠠᠢ ︵ᠴᠦᠮ ᠨᠡᠶᠢᠰᠯᠡᠯ ᠤᠨ ᠤᠯᠠᠨ ᠤᠯᠤᠰ ᠤᠨ ᠨᠢᠰᠭᠡᠯ ᠤᠨ | ᠪᠠᠭᠤᠳᠠᠯ ᠤᠨ ᠬᠤᠪᠢᠶᠠᠷᠢᠯᠠᠯᠳᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠭᠡᠯ ᠤᠨ | ᠪᠠᠭᠤᠳᠠᠯ ᠳᠤ ᠪᠠᠭᠤᠵᠠᠢ︶᠃ | 2020 ᠤᠨ ᠤ 5 ᠰᠠᠷ᠎ᠠ ᠶᠢᠨ 26 ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠲᠤᠳᠤᠯᠠᠬᠰᠠᠨ ᠡᠪᠡᠳᠴᠢᠨ ᠤ ᠵᠢᠱᠢᠶ᠎ᠡ 2᠂ 2 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ︔ ᠬᠢᠯᠢ ᠶᠢᠨ | ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 155 ︵ᠤᠷᠤᠰ ᠠᠴᠠ 105᠂ | ᠠᠩᠭ᠍ᠯᠢ ᠠᠴᠠ 23᠂ ᠹᠷᠠᠨᠼᠢ ᠠᠴᠠ 23᠂ ᠠᠮᠧᠷᠢᠺᠠ ᠠᠴᠠ 4᠂ ᠢᠰᠫᠠᠨᠢ ᠠᠴᠠ 2᠂ ᠰᠸᠧᠳᠧᠨ ᠠᠴᠠ 2︶ | ᠪᠠᠶᠢᠵᠤ᠂ 128 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ᠃ ᠤᠳᠤᠬᠠᠨ ᠳᠤ ᠬᠢᠯᠢ ᠶᠢᠨ ᠭᠠᠳᠠᠨ᠎ᠠ ᠠᠴᠠ | ᠤᠷᠤᠵᠤ ᠢᠷᠡᠭᠰᠠᠨ ᠲᠤᠳᠤᠯᠠᠭᠰᠠᠨ ᠡᠪᠡᠳᠴᠢᠨ ᠤ ᠵᠢᠱᠢᠶ᠎ᠠ 27᠂ ᠰᠡᠵᠢᠭᠯᠡᠯᠳᠡᠢ ᠡᠪᠡᠳᠴᠢᠨ ᠤ ᠵᠢᠱᠢᠶ᠎ᠠ 1 | ᠪᠠᠶᠢᠨ᠎ᠠ᠃ | 2020 ᠣᠨ ᠤ 5 ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠬᠡᠢ | ᠬᠠᠯᠳᠠᠪᠤᠷᠢᠯᠠᠭᠰᠠᠳ ᠭᠠᠷᠤᠬᠰᠠᠨ ᠦᠭᠡᠢ᠃ | ᠡᠳᠡᠬᠡᠷ ᠡᠪᠡᠳᠴᠢᠲᠡᠨ ᠢ ᠴᠥᠮ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠨᠢᠭᠲᠠ | ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ | ᠠᠵᠢᠬᠯᠠᠯᠳᠠ ᠬᠢᠵᠦ ᠪᠤᠢ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ | ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ | ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃ | |