ᠮᠠᠨ ᠤ ᠤᠷᠤᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠲᠤᠭᠤᠢᠢᠯᠠᠩ ᠬᠤᠪᠢᠶᠠᠵᠦ ︽ᠬᠤᠶᠠᠷ ᠬᠤᠷᠢᠶᠠᠨ︾᠎ ᠤ ᠠᠵᠢᠯ ᠤᠨ ᠮᠡᠳᠡᠭᠦᠯᠦᠯᠳᠡ ᠶᠢ ᠶᠠᠷᠢᠯᠴᠠᠪᠠ  ᠷᠧᠨ ᠶᠠ ᠫᠢᠡᠭ ᠨᠠᠷ ᠶᠠᠷᠢᠯᠴᠠᠭ᠎ᠠ ᠳᠤ ᠤᠷᠤᠯᠴᠠᠵᠠᠢ
ᠨᠡᠶᠢᠲᠡᠯᠡᠭᠰᠡᠨ ᠴᠠᠭ᠄
2020/5/27
     5 ᠰᠠᠷ᠎ᠠ ᠶᠢᠨ 26᠎ ᠤ ᠦᠳᠡ ᠶᠢᠨ ᠡᠮᠦᠨ᠎ᠠ᠂ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠮᠠᠨ ᠤ ᠤᠷᠤᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠦᠪᠡᠷ ᠦᠪᠡᠷᠰᠡᠳ ᠤᠨ ᠡᠳᠡᠭᠡᠳ ᠤᠨ ᠲᠤᠭᠤᠢᠢᠯᠠᠩ ᠳᠠᠭᠠᠨ ᠠᠷᠠᠳ ᠤᠨ ᠲᠡᠭᠡᠳᠤ ᠰᠢᠭᠦᠭᠦ ᠬᠤᠷᠢᠶᠠᠨ ᠤ ᠠᠵᠢᠯ ᠤᠨ ᠮᠡᠳᠡᠭᠦᠯᠦᠯᠳᠡ ᠪᠤᠯᠤᠨ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠳᠡ ᠶᠢ ᠶᠠᠷᠢᠯᠴᠠᠪᠠ᠃      ᠪᠦᠭᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠦᠮᠦᠨ ᠠᠮᠠ ᠡᠭᠢ ᠪᠠᠶᠠᠯᠢᠭ ᠤᠷᠴᠢᠨ ᠲᠤᠭᠤᠷᠢᠨ ᠎ ᠤ ᠵᠦᠪᠯᠡᠯ ᠤᠨ ᠲᠡᠳ᠋ ᠡᠷᠭᠢᠯᠡᠭᠴᠢ ᠷᠧᠨ ᠶᠠ ᠫᠢᠡᠭ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠬᠦᠭᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠡᠭ ᠷᠦᠡᠭ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠳ᠋ᠦᠩ ᠾᠸᠡᠭ ᠢᠤᠢ᠂ ᠵᠸᠡᠭ ᠹᠦ᠋ ᠲᠢᠶᠠᠨ᠂ ᠯᠢᠤ ᠰᠢᠨ ᠯᠧ ᠶᠠᠷᠢᠯᠴᠠᠭ᠎ᠠ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠢᠭᠡᠳᠤᠮᠡᠯ ᠹᠷᠤᠨᠲ ᠤᠨ ᠬᠡᠯᠳᠡᠰ ᠤᠨ ᠲᠠᠷᠤᠭ᠎ᠠ ᠳ᠋ᠤᠸᠠᠨ ᡁᠢ ᠴᠢᠶᠠᠩ ᠲᠤᠭᠤᠢᠢᠯᠠᠩ ᠬᠤᠪᠢᠶᠠᠭᠰᠠᠨ ᠶᠠᠷᠢᠯᠴᠠᠭ᠎ᠠ ᠳᠤ ᠰᠤᠯᠠ ᠤᠷᠤᠯᠴᠠᠵᠠᠢ᠃      ᠭᠡᠰᠢᠭᠦᠳ ᠢᠳᠡᠪᠭᠢᠳᠠᠢ ᠪᠠᠷ ᠦᠭᠡ ᠬᠡᠯᠡᠵᠦ ᠪᠣᠳᠣᠭᠰᠠᠨ ᠰᠠᠨᠠᠭᠰᠠᠨ ᠢᠶᠠᠨ ᠠᠭᠤᠵᠢᠷᠠᠳᠠᠯ᠎ᠠ ᠶᠠᠷᠢᠯᠴᠠᠪᠠ᠃ ᠤᠯᠠᠨ ᠢᠶᠠᠷ ᠢᠶᠠᠨ᠂ ︽ᠬᠤᠶᠠᠷ ᠬᠤᠷᠢᠶᠠᠨ︾᠎ ᠤ ᠠᠵᠢᠯ ᠤᠨ ᠮᠡᠳᠡᠭᠦᠯᠦᠯᠳᠡ ᠶᠢᠨ ᠭᠤᠤᠯᠳᠠᠯᠭ᠎ᠠ ᠲᠤᠪᠤᠶᠢᠮ᠎ᠠ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠭᠢᠮᠯᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠲᠤᠪᠤᠶᠢᠯᠭᠠᠨ᠂ ᠠᠷᠠᠳ ᠣᠯᠠᠨ ᠤ ᠠᠩᠬᠠᠷᠤᠯ ᠬᠠᠯᠠᠮᠵᠢᠯᠠᠯ ᠳᠤ ᠢᠳᠡᠪᠭᠢᠳᠠᠢ ᠬᠠᠷᠢᠭᠤᠯᠳᠠ ᠦᠭᠴᠤ᠂ ︽ᠬᠠᠤᠯᠢ ᠪᠠᠷᠢᠭᠰᠠᠨ ᠬᠡᠷᠡᠭ ᠪᠤᠯᠭᠠᠨ ᠠᠴᠠ ᠤᠯᠠᠨ ᠲᠦᠮᠡᠨ ᠳᠤ ᠲᠦᠪ ᠭᠤᠤᠯᠴᠢ ᠰᠢᠳᠣᠷᠭᠤ ᠶᠣᠰᠣ ᠶᠢ ᠮᠡᠳᠡᠷᠡᠭᠦᠯᠭᠦ ᠪᠠᠷ ᠴᠢᠷᠮᠠᠶᠢᠬᠤ︾ ᠠᠵᠢᠯ ᠤᠨ ᠬᠠᠷᠠᠯᠳᠠ ᠶᠢ ᠭᠦᠢᠴᠡᠳ ᠢᠯᠡᠷᠡᠭᠦᠯᠵᠦ᠂ ᠪᠦᠭᠦ ᠨᠡᠶᠢᠭᠡᠮ ᠳᠤ ᠬᠠᠤᠯᠢᠵᠢᠯ ᠎ ᠤᠨ ᠤᠢᠢᠯᠠᠭᠠᠬᠳᠠᠬᠤᠨ ᠪᠠ ᠬᠠᠤᠯᠢᠵᠢᠯ ᠤᠨ ᠬᠦᠴᠦᠨ ᠢ ᠲᠠᠮᠵᠢᠭᠤᠯᠵᠦ᠂ ᠤᠯᠤᠰ ᠲᠦᠷᠦ ᠶᠢ ᠡᠷᠬᠢᠮᠯᠡᠭᠰᠡᠨ᠂ ᠬᠠᠷᠢᠭᠤᠴᠠᠯᠭ᠎ᠠ ᠡᠭᠦᠷᠭᠡᠯᠡᠯ ᠲᠠᠢ᠂ ᠠᠷᠠᠳ ᠤᠨ ᠰᠠᠨᠠᠭ᠎ᠠ ᠶᠢ ᠠᠶᠠᠳᠠᠬᠰᠠᠨ ᠰᠠᠶᠢᠨ ᠮᠡᠳᠡᠭᠦᠯᠦᠯᠳᠡ ᠪᠤᠯᠵᠠᠢ ᠭᠡᠵᠦ ᠦᠵᠡᠵᠡᠭᠡᠪᠡ᠃      ᠬᠡᠰᠢᠬᠦᠳ᠂ ᠦᠩᠬᠡᠷᠡᠭᠰᠡᠨ ᠵᠢᠯ ᠭᠠᠷᠣᠢ ᠶᠢᠨ ᠲᠤᠷᠰᠢ᠂ ᠠᠷᠠᠳ ᠤᠨ ᠲᠡᠭᠡᠳᠦ ᠰᠢᠬᠦᠬᠦ ᠬᠤᠷᠢᠶ᠎ᠠ ᠪᠤᠯᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶᠠᠨ ᠤ ᠬᠠᠤᠯᠢ ᠬᠡᠷᠡᠭᠵᠢᠬᠦᠯᠵᠦ ᠬᠡᠷᠡᠭ ᠰᠢᠢᠳᠪᠦᠷᠢᠯᠡᠭᠰᠡᠨ ᠴᠢᠨᠠᠷ ᠴᠢᠨᠰᠠᠭ᠎ᠠ ᠪᠠ ᠦᠷ᠎ᠠ ᠪᠦᠳᠦᠮᠵᠢ ᠪᠦᠬᠦ ᠲᠠᠯ᠎ᠠ ᠪᠠᠷ ᠲᠡᠭᠡᠭᠰᠢᠯᠡᠵᠦ᠂ ᠠᠯᠢ ᠤᠯᠠᠨ ᠬᠡᠷᠡᠭ ᠢ ᠰᠢᠬᠦᠨ ᠰᠢᠢᠳᠪᠦᠷᠢᠯᠡᠬᠦ ᠪᠠᠷ ᠲᠠᠮᠵᠢᠨ ᠤᠯᠠᠨ ᠲᠦᠮᠡᠨ ᠢ ᠤᠷᠳᠤ ᠬᠤᠭᠤᠴᠠᠭ᠎ᠠ ᠪᠠᠷ ᠲᠦᠪᠡᠭᠳᠡᠭᠦᠯᠵᠦ ᠪᠠᠶᠢᠬᠰᠠᠨ ︽ᠲᠦᠰᠢᠬᠦ ᠡᠰᠡᠬᠦ︾᠂ ︽ᠢᠳᠬᠠᠬᠤ ᠡᠰᠡᠬᠦ︾᠂ ︽ᠨᠡᠬᠡᠮᠵᠢᠯᠡᠬᠦ ᠡᠰᠡᠬᠦ︾᠂ ︽ᠠᠪᠤᠷᠠᠬᠤ ᠡᠰᠡᠬᠦ︾᠂ ︽ᠬᠢᠬᠦ ᠡᠰᠡᠬᠦ︾᠂ ︽ᠬᠠᠮᠢᠶᠠᠷᠬᠤ ᠡᠰᠡᠬᠦ︾ ᠵᠡᠷᠬᠡ ᠠᠰᠠᠭᠤᠳᠠᠯ ᠢ ᠰᠢᠢᠳᠪᠦᠷᠢᠯᠡᠵᠦ᠂ ᠬᠠᠤᠯᠢ ᠪᠠᠷᠢᠬᠤ ᠠᠵᠢᠯ ᠢ ᠬᠦᠴᠦᠨ ᠴᠢᠳᠠᠯ ᠲᠠᠢ᠂ ᠲᠤᠯᠠᠭᠠᠴᠠ ᠲᠠᠢ ᠪᠤᠯᠭᠠᠨ᠂ ᠬᠠᠤᠯᠢ ᠪᠠᠷᠢᠬᠤ ᠢᠳᠡᠬᠡᠬᠦᠯᠬᠦ ᠬᠦᠴᠦᠨ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠴᠢᠨᠠᠭᠰᠢᠳᠠ ᠲᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ᠂ ᠨᠡᠶᠢᠬᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠬᠠᠮᠠᠭᠠᠯᠠᠬᠤ ᠪᠤᠯᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠢᠳᠡᠪᠬᠢᠳᠡᠢ ᠬᠤᠪᠢ ᠨᠡᠮᠡᠷᠢ ᠦᠵᠡᠬᠦᠯᠵᠡᠢ᠃      ᠤᠨᠴᠠᠭᠠᠢᠢᠯᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠤ ︽ᠬᠤᠶᠠᠷ ᠬᠤᠷᠢᠶ᠎ᠠ︾ ᠴᠦᠮ ᠶᠡᠭᠡ ᠬᠡᠮᠵᠢᠶᠡᠨ ᠤ ᠦᠷ᠎ᠡ ᠪᠦᠳᠦᠮᠵᠢᠳᠡᠢ ᠠᠵᠢᠯ ᠬᠢᠵᠦ᠂ ᠤᠯᠤᠰ ᠢ ᠵᠠᠰᠠᠬᠤ ᠲᠤᠮᠳᠠᠬᠢ ᠬᠠᠤᠯᠢᠵᠢᠯ ᠤᠨ ᠴᠢᠬᠤᠯᠠ ᠦᠢᠯᠡᠳᠦᠯ ᠢ ᠢᠯᠡᠷᠡᠬᠦᠯᠦᠭᠰᠡᠨ ᠪᠠᠶᠢᠨ᠎ᠠ ᠬᠡᠵᠦ ᠦᠵᠡᠵᠡᠬᠡᠵᠠᠢ᠃      ᠬᠡᠰᠢᠬᠦᠳ᠂ ᠡᠨᠡ ᠵᠢᠯ ᠤᠨ ︽ᠬᠤᠶᠠᠷ ᠬᠤᠷᠢᠶᠠᠨ︾᠎ ᠤ ᠠᠵᠢᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠭᠦ ᠬᠠᠷᠠᠯᠳᠠ ᠡᠬᠦᠷᠬᠡ ᠳᠤ ᠠᠩᠬᠠᠷᠤᠯ ᠢᠶᠠᠨ ᠲᠦᠪᠯᠡᠷᠡᠬᠦᠯᠤᠨ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾᠂ ︽ᠵᠢᠷᠭᠤᠭ᠎ᠠ ᠶᠢ ᠪᠠᠳᠤᠯᠠᠬᠤ︾᠎ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠪᠠᠶᠢᠳᠠᠯ ᠲᠤᠤᠷᠠᠬᠢ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠠᠤᠯᠢ ᠶᠤᠰᠤᠭᠠᠷ ᠪᠠᠳᠤᠯᠠᠭ᠎ᠠ ᠬᠠᠩᠭᠠᠬᠤ ᠶᠢ ᠵᠤᠷᠢᠵᠤ᠂ ᠴᠢᠩᠭ᠎ᠠ ᠳᠣᠯᠭᠠᠮ ᠬᠠᠷᠢᠭᠤᠴᠠᠯᠭ᠎ᠠ ᠡᠬᠦᠷᠬᠡᠯᠡᠯ ᠢ ᠢᠯᠡᠷᠡᠬᠦᠯᠵᠡᠢ ᠭᠡᠵᠦ ᠦᠵᠡᠵᠡᠭᠡᠪᠡ᠃ ︽ᠬᠤᠶᠠᠷ ᠬᠤᠷᠢᠶ᠎ᠠ︾᠎ ᠶᠢᠨ ᠬᠢᠨ ᠠᠷᠠᠳ ᠤᠨ ᠲᠦᠯᠦᠬᠡ ᠬᠠᠤᠯᠢ ᠪᠠᠷᠢᠬᠤ᠂ ᠲᠦᠪ ᠭᠤᠤᠯᠴᠢ ᠪᠠᠷ ᠬᠠᠤᠯᠢ ᠪᠠᠷᠢᠬᠤ ᠶᠢ ᠦᠷᠬᠦᠯᠵᠢᠯᠡᠨ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠬᠡᠮ ᠤᠨ ᠬᠦᠭᠵᠢᠯᠳᠡ ᠶᠢ ᠨᠢᠬᠡᠳᠦᠯᠳᠡᠢ ᠲᠦᠯᠦᠪᠵᠢᠭᠦᠯᠦᠨ ᠠᠬᠢᠭᠤᠯᠬᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠤᠯᠬᠤ ᠳᠤ ᠪᠠᠳᠤ ᠴᠢᠩᠭ᠎ᠠ ᠬᠠᠤᠯᠢᠵᠢᠯ ᠤᠨ ᠪᠠᠳᠤᠯᠠᠭ᠎ᠠ ᠬᠠᠩᠭᠠᠬᠤ ᠶᠢ ᠬᠦᠰᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号