ᠥᠪᠥᠷ ᠵᠠᠰᠠᠭ ᠠᠯᠪᠠᠨ ᠲᠠᠷᠬᠠᠭᠠᠭᠰᠠᠨ ﹇2020﹈10 ᠳ᠋ᠤᠭᠠᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2019﹈ 28 ᠳ᠋ᠤᠭᠠᠷ ᠲᠣᠭᠠᠲᠤ︶ ᠪᠠ | ︽ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠵᠤ ᠠᠵᠢᠯ | ᠣᠯᠭᠤᠯᠲᠠ ᠶᠢ ᠲᠤᠨᠨᠳᠠᠭᠤᠨ ᠪᠠᠶᠢᠯᠭᠠᠬᠤ ᠠᠷᠭ᠎ᠠ ᠪᠠᠷᠢᠯ ᠢ ᠴᠢᠩᠭᠠᠷᠠᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 6 | ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠪᠦᠲᠦᠮᠵᠢᠲᠡᠶ ᠠᠷᠭᠠᠴᠠᠭᠠᠨ᠂ ᠪᠦᠬᠦ | ᠣᠷᠣᠨ ᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠵᠢᠯ ᠢ ᠴᠢᠩᠭᠠᠷᠠᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ | ᠠᠷᠭ᠎ᠠ ᠬᠡᠮᠵᠢᠶ᠎ᠡ ᠶᠢ ᠳᠤᠷᠠᠳᠪᠠ᠃ | ᠨᠢᠭᠡ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ | ᠬᠡᠷᠡᠭᠲᠡᠢ | ︵ᠨᠢᠭᠡ︶ ᠦᠢᠯᠡᠳᠪᠦᠷᠢᠯᠡᠯ ᠤᠨ ᠬᠡᠪ ᠤᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠵᠦ᠂ | ᠭᠤᠤᠯᠳᠠᠯᠭ᠎ᠠ ᠲᠠᠢ ᠠᠵᠢᠯ ᠲᠥᠷᠥᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠩᠭ᠎ᠠ ᠠᠩᠬᠠᠷᠤᠨ᠂ ᠭᠤᠤᠯᠳᠠᠯᠭ᠎ᠠ ᠲᠠᠢ ᠲᠥᠷᠥᠯ ᠵᠦᠢᠯ ᠴᠢᠬᠤᠯᠠ ᠶᠡᠭᠡ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠮᠤᠭ ᠤᠨ ᠲᠦᠷᠭᠡᠨ | ᠬᠤᠷᠳᠤᠴᠠ ᠪᠠᠷ ᠡᠨᠧᠷᠭᠢ᠂ ᠲᠦᠭᠦᠬᠡᠶ ᠮᠠᠲ᠋ᠧᠷᠢᠶᠠᠯ ᠪᠠ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠤ ᠭᠦᠢᠯᠭᠡᠭᠡᠨ | ᠵᠡᠷᠭᠡ ᠠᠵᠤ ᠠᠬᠤᠶᠢᠯᠠᠯ ᠤᠨ ᠳᠠᠷᠤᠢ ᠲᠦᠷᠭᠡᠨ ᠢᠶᠠᠷ ᠠᠵᠢᠯ ᠢᠶᠠᠨ ᠰᠡᠷᠭᠦᠭᠡᠨ ᠦᠢᠯᠡᠳᠪᠦᠷᠢᠯᠡᠵᠦ ᠪᠣᠯᠬᠤ ᠪᠣᠯᠭᠠᠨ᠂ | ᠡᠨᠧᠷᠭᠢ ᠪᠠ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ᠂ ᠠᠵᠤ ᠦᠢᠯᠡᠰ ᠤᠨ ᠬᠠᠩᠭᠠᠯᠭ᠎ᠠ ᠶᠢᠨ | ᠬᠡᠯᠬᠢᠶ᠎ᠡ ᠶᠢ ᠨᠡᠪᠲᠡᠷᠡᠭᠦᠯᠦᠨ᠂ ᠳᠡᠭᠡᠳᠦ ᠳᠣᠣᠷᠠᠳᠤ ᠬᠡᠯᠬᠢᠶᠡᠨ ᠤ ᠵᠡᠷᠭᠡ ᠪᠠᠷ ᠵᠣᠯᠭᠠᠯᠳᠤᠬᠤ ᠶᠢ ᠠᠬᠢᠭᠤᠯᠵᠤ᠂ | ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠨ᠂ ᠠᠵᠤ ᠦᠢᠯᠡᠰ ᠤᠨ ᠬᠥᠭᠵᠢᠯᠲᠡ ᠪᠠᠷ ᠠᠵᠢᠯ | ᠣᠯᠭᠤᠯᠲᠠ ᠶᠢ ᠳᠠᠶᠢᠴᠢᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ ︽ᠡᠷᠡᠭᠦᠯ ᠮᠡᠨᠳᠦ ᠶᠢᠨ ᠨᠡᠪᠲᠡᠷᠡᠯ ᠺᠣᠳ᠋︾ ᠤᠨ ᠭᠠᠵᠠᠷ ᠣᠷᠣᠨ ᠠᠯᠤᠰᠯᠠᠵᠤ ᠬᠠᠷᠢᠯᠴᠠᠨ | ᠨᠡᠪᠲᠡᠷᠡᠵᠦ ᠬᠠᠷᠢᠯᠴᠠᠨ ᠮᠡᠳᠡᠷᠡᠬᠦ ᠶᠢ ᠲᠦᠷᠭᠡᠳᠬᠡᠨ ᠠᠬᠢᠭᠤᠯᠵᠤ᠂ ᠨᠡᠶᠢᠭᠡᠮ ᠨᠡᠶᠢᠲᠡ ᠳᠤ ︽ᠡᠷᠡᠭᠦᠯ ᠮᠡᠨᠳᠦ ᠶᠢᠨ | ᠨᠡᠪᠲᠡᠷᠡᠯ ᠺᠣᠳ᠋︾ ᠤᠨ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠠᠯᠤᠰᠯᠠᠵᠤ ᠬᠠᠷᠢᠯᠴᠠᠨ ᠮᠡᠳᠡᠷᠡᠬᠦ | ᠨᠡᠷᠡᠰ ᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ᠳᠠᠷᠤᠭᠠᠰᠤ ᠶᠢ ᠨᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ | ︵ᠭᠤᠷᠪᠠ︶ ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ | ᠪᠤᠴᠠᠭᠠᠨ ᠥᠭᠬᠦ ᠶᠢ ᠨᠢ ᠨᠡᠮᠡᠭᠳᠡᠭᠦᠯᠵᠦ᠂ ᠠᠵᠢᠯᠲᠠᠨ ᠬᠠᠰᠤᠬᠤ ᠦᠭᠡᠢ ᠪᠤᠶᠤ ᠴᠥᠭᠡᠬᠡᠨ ᠬᠠᠰᠤᠭᠰᠠᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠳᠤ ᠠᠵᠢᠯᠲᠠᠨ ᠬᠠᠰᠤᠬᠤ ᠨᠣᠷᠮ᠎ᠠ ᠶᠢ ᠨᠢ ᠠᠭᠤᠵᠢᠭᠤ ᠪᠣᠯᠭᠠᠭᠰᠠᠨ ᠰᠠᠭᠤᠷᠢᠨ | ᠳᠡᠭᠡᠷ᠎ᠡ᠂ ᠪᠤᠴᠠᠭᠠᠨ ᠥᠭᠬᠦ ᠪᠠᠷᠢᠮᠵᠢᠶ᠎ᠠ ᠶᠢ ᠨᠢ ᠠᠵᠤ ᠠᠬᠤᠶᠢᠯᠠᠯ ᠵᠢᠴᠢ ᠲᠡᠳᠡᠭᠡᠷ ᠤᠨ ᠠᠵᠢᠯᠲᠠᠨ ᠠᠵᠢᠯᠴᠢᠨ ᠤ | ᠨᠢᠳᠥᠨᠤᠨ ᠤ ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ 100% ᠳᠤ ᠬᠦᠷᠲᠡᠯ᠎ᠡ | ᠳᠡᠭᠡᠭᠰᠢᠯᠡᠭᠦᠯᠬᠦ ᠬᠡᠷᠡᠭᠲᠡᠢ︔ ᠦᠢᠯᠡᠳᠪᠦᠷᠢᠯᠡᠵᠦ ᠡᠵᠡᠩᠨᠡᠬᠦ ᠳᠤ ᠲᠦᠷ ᠴᠠᠭ ᠤᠨ ᠬᠦᠴᠢᠷᠳᠡᠯ ᠲᠠᠢ ᠪᠣᠯᠪᠠᠴᠤ | ᠦᠢᠯᠡᠳᠪᠦᠷᠢᠯᠡᠵᠦ ᠡᠵᠡᠩᠨᠡᠬᠦ ᠪᠠᠨ ᠰᠡᠷᠭᠦᠭᠡᠬᠦ ᠪᠣᠯᠤᠮᠵᠢᠲᠠᠶ᠂ ᠠᠵᠢᠯᠲᠠᠨ ᠢᠶᠠᠨ ᠬᠠᠰᠤᠬᠤ ᠦᠭᠡᠢ ᠪᠤᠶᠤ ᠴᠥᠭᠡᠬᠡᠨ | ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠵᠤ ᠪᠤᠴᠠᠭᠠᠨ ᠥᠭᠬᠦ ᠲᠠᠯ᠎ᠠ ᠶᠢᠨ ᠲᠥᠷᠥ ᠶᠢᠨ ᠪᠣᠳᠣᠯᠭ᠎ᠠ ᠪᠠᠷ ᠮᠠᠭᠠᠳᠯᠠᠨ ᠲᠣᠭᠲᠠᠭᠠᠬᠤ | ᠪᠠᠷᠢᠮᠵᠢᠶ᠎ᠠ ᠶᠢ ᠵᠣᠬᠢᠰᠲᠠᠶ ᠠᠭᠤᠵᠢᠭᠤ ᠲᠠᠯᠪᠢᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ | ᠨᠥᠯᠥᠭᠡᠯᠡᠭᠳᠡᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠬᠠᠷᠠᠭᠠᠯᠵᠠᠨ᠂ ᠣᠷᠣᠨ ᠨᠤᠲᠤᠭ ᠤᠨ ᠬᠦᠲᠦᠴᠢ ᠠᠵᠤ | ᠠᠬᠤᠶᠢᠯᠠᠯ ᠪᠠ ᠬᠥᠳᠡᠯᠮᠦᠷᠢ ᠬᠦᠴᠦᠨ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠪᠤᠴᠠᠭᠠᠨ ᠥᠭᠬᠦ ᠪᠠᠷᠢᠮᠵᠢᠶ᠎ᠠ ᠶᠢ ᠨᠢ ᠲᠤᠬᠠᠶ ᠶᠢᠨ ᠭᠠᠵᠠᠷ ᠤᠨ 6 ᠰᠠᠷ᠎ᠠ ᠶᠢᠨ ᠰᠠᠷ᠎ᠠ ᠪᠦᠷᠢ ᠶᠢᠨ | ᠬᠥᠮᠦᠨ ᠳᠤᠮᠳᠠᠴᠢ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠ ᠳᠠᠭᠠᠳᠬᠠᠯ ᠳᠤ ᠣᠷᠣᠯᠴᠠᠭᠰᠠᠨ | ᠠᠵᠢᠯᠲᠠᠨ ᠠᠵᠢᠯᠴᠢᠨ ᠤ ᠲᠤᠭ᠎ᠠ ᠪᠠᠷ ᠲᠣᠭᠲᠠᠭᠠᠵᠤ ᠪᠣᠯᠤᠨ᠎ᠠ᠂ ᠡᠰᠡᠬᠦᠯ᠎ᠡ ᠠᠵᠤ ᠠᠬᠤᠶᠢᠯᠠᠯ ᠵᠢᠴᠢ ᠲᠡᠳᠡᠭᠡᠷ ᠤᠨ | ᠠᠵᠢᠯᠲᠠᠨ ᠠᠵᠢᠯᠴᠢᠨ ᠤ 3 ᠰᠠᠷ᠎ᠠ ᠨᠡᠶᠢᠭᠡᠮ ᠤᠨ ᠳᠠᠭᠠᠳᠬᠠᠯ ᠲᠤᠰᠢᠶᠠᠭᠰᠠᠨ ᠰᠦᠢᠳᠬᠡᠯ ᠢᠶᠠᠷ ᠲᠣᠭᠲᠠᠭᠠᠵᠤ᠂ | ᠪᠣᠳᠠᠲᠠᠶ ᠪᠠᠷᠢᠮᠵᠢᠶ᠎ᠠ ᠶᠢ ᠨᠢ ᠠᠶᠢᠮᠠᠭ ᠬᠤᠲᠠ ᠶᠢᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 | ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ | ᠬᠠᠮᠵᠢᠯᠴᠠᠨ᠎ᠠ︶ | ︵ᠳᠥᠷᠪᠡ︶ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ ᠵᠠᠰᠠᠬᠤ | ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢ ᠳᠠᠭᠠᠭᠠᠨ ᠠᠪᠤᠭᠰᠠᠨ ᠥᠪᠡᠷᠲᠡᠭᠡᠨ ᠵᠠᠰᠠᠬᠤ ᠣᠷᠣᠨ ᠤ | ᠬᠠᠷᠢᠶ᠎ᠠ ᠪᠦᠬᠦᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠠ ᠭᠠᠳᠠᠷ ᠣᠷᠣᠨ ᠤ ᠪᠠᠷᠢᠯᠭ᠎ᠠ ᠶᠢᠨ ᠦᠢᠯᠡᠰ ᠤᠨ | ᠠᠵᠤ ᠠᠬᠤᠶᠢᠯᠠᠯ ᠤᠳ ᠤᠨ ᠲᠤᠰ ᠠᠵᠤ ᠠᠬᠤᠶᠢᠯᠠᠯ ᠳᠤ ᠪᠠᠨ ᠪᠠᠶᠢᠭᠤᠯᠤᠭᠰᠠᠨ ᠴᠠᠯᠢᠩ ᠣᠷᠣᠯᠠᠨ ᠣᠯᠭᠤᠬᠤ | ᠲᠤᠰᠬᠠᠶ ᠳᠠᠩᠰᠠᠨ ᠡᠷᠦᠬᠡ ᠳᠤ ᠬᠠᠳᠠᠭᠠᠯᠠᠵᠤ ᠪᠠᠶᠢᠭ᠎ᠠ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠦᠷ | ᠬᠤᠶᠢᠰᠢᠯᠠᠭᠤᠯᠤᠨ ᠲᠤᠰᠢᠶᠠᠬᠤ ᠶᠢ ᠨᠢ ᠵᠥᠪᠰᠢᠶᠡᠷᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠵᠢᠯᠴᠠᠨ᠎ᠠ︶ | ᠭᠤᠷᠪᠠ᠂ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ | ︵ᠲᠠᠪᠤ︶ ᠦᠢᠯᠡᠰ ᠴᠣᠭᠴᠠᠯᠠᠬᠤ ᠬᠦᠷᠢᠶᠡᠯᠡᠩ ᠪᠠ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ | ᠭᠠᠵᠠᠷ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠦᠨ᠂ ᠦᠨᠡᠯᠡᠭᠰᠡᠨ ᠦᠷ᠎ᠡ ᠳ᠋ᠦᠩ ᠢ | ᠦᠨᠳᠦᠰᠦᠯᠡᠨ ᠵᠣᠬᠢᠬᠤ ᠬᠡᠮᠵᠢᠶᠡᠨ ᠤ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠲᠥᠷᠥᠯ ᠵᠦᠢᠯ ᠤᠨ | ᠪᠡᠯᠡ ᠮᠦᠩᠬᠦᠨ ᠤ ᠱᠠᠩᠨᠠᠯ ᠨᠥᠬᠦᠪᠥᠷᠢ ᠣᠯᠭᠤᠵᠤ᠂ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ ᠪᠠ | ᠬᠡᠷᠡᠭᠵᠢᠭᠦᠯᠬᠦ ᠨᠠᠷᠢᠨ ᠳᠦᠷᠢᠮ ᠢ ᠠᠶᠢᠮᠠᠭ ᠬᠤᠲᠠ ᠥᠪᠡᠰᠦᠪᠡᠨ ᠲᠣᠭᠲᠠᠭᠠᠬᠤ ᠬᠡᠷᠡᠭᠲᠡᠢ᠃ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ ᠦᠢᠯᠡᠰ ᠴᠣᠭᠴᠠᠯᠠᠬᠤ ᠬᠦᠷᠢᠶᠡᠯᠡᠩ ᠪᠠ ᠦᠢᠯᠡᠰ | ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠳᠠᠭᠠᠭᠠᠴᠢᠯᠠᠬᠤ ᠲᠡᠳᠭᠦᠬᠦ | ᠴᠤᠭᠯᠠᠭᠤᠯᠬᠤ ᠶᠢᠨ ᠦᠢᠯᠡᠰ ᠴᠣᠭᠴᠠᠯᠠᠬᠤ ᠲᠤᠯᠭᠠᠭᠤᠷᠢᠯᠠᠬᠤ ᠲᠠᠪᠴᠠᠩ ᠨᠢ ᠦᠢᠯᠡᠰ ᠴᠣᠭᠴᠠᠯᠠᠭᠴᠢ ᠶᠢᠨ ᠲᠠᠯᠠᠪᠤᠷ | ᠭᠠᠵᠠᠷ ᠲᠦᠷᠢᠶᠡᠰᠦᠯᠡᠬᠦ ᠮᠥᠩᠭᠦᠨ ᠤ ᠰᠦᠢᠳᠬᠡᠯ ᠢ ᠪᠠᠭᠤᠷᠠᠭᠤᠯᠤᠭᠰᠠᠨ ᠪᠤᠶᠤ ᠬᠠᠰᠤᠵᠤ ᠬᠡᠯᠲᠦᠷᠢᠭᠦᠯᠦᠭᠰᠡᠨ ᠭᠡᠪᠡᠯ᠂ | ᠪᠣᠳᠠᠲᠠᠶ ᠶᠢ ᠦᠨᠳᠦᠰᠦᠯᠡᠨ 3 ᠰᠠᠷ᠎ᠠ ᠶᠢᠨ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠨᠥᠬᠦᠪᠥᠷᠢ ᠦᠭᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ | ︵ᠵᠢᠷᠭᠤᠭ᠎ᠠ︶ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ | ᠭᠤᠶᠤᠴᠢᠯᠠᠬᠤ ᠨᠥᠬᠦᠴᠡᠯ ᠢ ᠪᠠᠭᠤᠷᠠᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠲᠤᠰ ᠵᠢᠯ ᠤᠨ ᠰᠢᠨ᠎ᠡ ᠪᠠᠷ | ᠡᠯᠰᠡᠨ ᠬᠡᠷᠡᠭᠯᠡᠭᠰᠡᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ | ᠬᠥᠮᠦᠨ ᠤ ᠲᠤᠭ᠎ᠠ ᠨᠢ ᠣᠲᠣ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠲᠤᠭᠠᠨ ᠤ 25% ᠶᠢ ᠡᠵᠡᠯᠡᠵᠦ | ᠪᠠᠶᠢᠭᠰᠠᠨ ᠢ ᠨᠢ ᠪᠠᠭᠤᠷᠠᠭᠤᠯᠤᠭᠠᠳ 15% ᠪᠣᠯᠭᠠᠨ ᠲᠣᠬᠢᠷᠠᠭᠤᠯᠬᠤ ᠬᠡᠷᠡᠭᠲᠡᠢ ︵100 ᠠᠵᠢᠯᠲᠠᠨ | ᠠᠵᠢᠯᠴᠢᠨ ᠠᠴᠠ ᠬᠡᠲᠦᠷᠡᠭᠰᠡᠨ ᠠᠵᠤ ᠠᠬᠤᠶᠢᠯᠠᠯ ᠤᠨ ᠤᠤᠯ ᠤᠨ 15% ᠪᠠᠶᠢᠭᠰᠠᠨ ᠢ ᠪᠠᠭᠤᠷᠠᠭᠤᠯᠤᠭᠠᠳ 8% | ᠪᠣᠯᠭᠠᠨ ᠲᠣᠬᠢᠷᠠᠭᠤᠯᠬᠤ ᠬᠡᠷᠡᠭᠲᠡᠢ︶᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠮᠵᠢᠯᠴᠠᠨ᠎ᠠ︶ | ︵ᠳᠣᠯᠤᠭ᠎ᠠ︶ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠰᠲᠠᠶ | ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠭᠤᠶᠤᠴᠢᠯᠠᠬᠤ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠵᠢᠨᠬᠠᠮᠤᠭ ᠤᠨ ᠶᠡᠭᠡ ᠲᠤᠭ᠎ᠠ ᠬᠡᠮᠵᠢᠶ᠎ᠡ ᠶᠢ 15 ᠲᠦᠮᠡᠨ ᠲᠥᠭᠦᠷᠢᠭ ᠠᠴᠠ 20 | ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠬᠦ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ | ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠵᠢᠭᠡᠯᠡᠭᠴᠢ ᠨᠦᠭᠦᠳ ᠬᠤᠷᠰᠢᠵᠤ ᠦᠢᠯᠡᠰ ᠴᠣᠭᠴᠠᠯᠠᠭᠰᠠᠨ ᠪᠣᠯ᠂ | ᠬᠤᠷᠰᠢᠵᠤ ᠦᠢᠯᠡᠰ ᠴᠣᠭᠴᠠᠯᠠᠵᠤ ᠪᠠᠶᠢᠭ᠎ᠠ ᠬᠥᠮᠦᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ | ᠬᠡᠮᠵᠢᠶ᠎ᠡ ᠶᠢ ᠨᠢ ᠵᠣᠬᠢᠰᠲᠠᠶ ᠳᠡᠭᠡᠭᠰᠢᠯᠡᠭᠦᠯᠵᠦ᠂ ᠬᠠᠮᠤᠭ ᠤᠨ ᠶᠡᠭᠡ ᠳᠤ ᠪᠠᠨ ᠨᠥᠬᠦᠴᠡᠯ ᠳᠤ ᠨᠡᠶᠢᠴᠡᠭᠰᠡᠨ ᠬᠤᠪᠢ | ᠬᠥᠮᠦᠨ ᠤ ᠵᠢᠭᠡᠯᠡᠯᠭᠡ ᠶᠢᠨ ᠪᠥᠬᠦ ᠲᠤᠭ᠎ᠠ ᠬᠡᠮᠵᠢᠶᠡᠨ ᠤ 10% ᠠᠴᠠ ᠳᠠᠪᠠᠭᠤᠯᠵᠤ ᠪᠣᠯᠬᠤ ᠦᠭᠡᠶ᠃ | ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠲᠦᠯᠦᠭᠦᠯᠬᠦ ᠳᠠᠭᠠᠭᠠᠯᠲᠠ ᠬᠢᠬᠦ ᠱᠠᠭᠠᠷᠳᠠᠯᠭ᠎ᠠ ᠶᠢ ᠬᠡᠯᠲᠦᠷᠢᠭᠦᠯᠦᠨ᠎ᠡ᠂ 2020 ᠣᠨ ᠤ 4 | ᠳ᠋ᠤᠬᠡᠷ ᠰᠠᠷ᠎ᠠ ᠶᠢᠨ 15 ᠤ ᠡᠳᠦᠷ ᠠᠴᠠ ᠬᠤᠶᠢᠰᠢᠬᠢ ᠬᠤᠪᠢ ᠬᠥᠮᠦᠨ ᠤ ᠦᠢᠯᠡᠰ ᠴᠣᠭᠴᠠᠯᠠᠬᠤ ᠳᠤ ᠰᠢᠨ᠎ᠡ ᠪᠠᠷ | ᠲᠠᠯᠪᠢᠭᠰᠠᠨ 10 ᠲᠦᠮᠡᠨ ᠲᠥᠭᠦᠷᠢᠭ ᠬᠢᠭᠡᠳ ᠡᠭᠦᠨ ᠠᠴᠠ ᠪᠠᠭ᠎ᠠ ᠳᠠᠭᠠᠭᠠᠯᠲᠠ ᠲᠠᠢ ᠵᠢᠭᠡᠯᠡᠯᠭᠡ᠂ ᠵᠢᠴᠢ ᠪᠦᠬᠦ | ᠤᠯᠤᠰ ᠤᠨ ᠦᠢᠯᠡᠰ ᠴᠣᠭᠴᠠᠯᠠᠵᠤ ᠨᠡᠪᠴᠢᠭᠦᠯᠦᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠶᠤ ᠢᠲᠡᠭᠡᠮᠵᠢ ᠶᠢᠨ | ᠬᠤᠷᠰᠢᠶ᠎ᠠ ︵ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ︶ ᠶᠢᠨ ᠲᠠᠨᠢᠯᠴᠠᠭᠤᠯᠤᠭᠰᠠᠨ ᠦᠢᠯᠡᠰ ᠴᠣᠭᠴᠠᠯᠠᠬᠤ | ᠲᠥᠷᠥᠯ ᠵᠦᠢᠯ᠂ ᠠᠶᠢᠮᠠᠭ ᠬᠤᠲᠠ ᠶᠢᠨ ᠳᠡᠰ ᠠᠴᠠ ᠳᠡᠭᠡᠭᠰᠢᠬᠢ ︵ᠠᠶᠢᠮᠠᠭ ᠬᠤᠲᠠ ᠶᠢᠨ ᠳᠡᠰ ᠪᠠᠭᠲᠠᠨ᠎ᠠ︶ | ᠢᠷᠠᠭᠤ ᠠᠯᠳᠠᠷ ᠤᠨ ᠴᠣᠯᠠ ᠬᠦᠷᠲᠡᠭᠰᠡᠨ ᠦᠢᠯᠡᠰ ᠴᠣᠭᠴᠠᠯᠠᠭᠴᠢ ᠦᠢᠯᠡᠰ ᠴᠣᠭᠴᠠᠯᠠᠬᠤ ᠲᠥᠷᠥᠯ ᠵᠦᠢᠯ᠂ | ᠦᠢᠯᠡᠰ ᠴᠣᠭᠴᠠᠯᠠᠬᠤ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠦᠨᠡᠯᠡᠨ ᠵᠢᠱᠢᠭᠦᠯᠵᠦ | ᠮᠠᠭᠠᠳᠯᠠᠨ ᠲᠣᠭᠲᠠᠭᠠᠯᠭᠠᠭᠰᠠᠨ ᠢᠲᠡᠭᠡᠮᠵᠢ ᠶᠢᠨ ᠵᠢᠵᠢᠭ ᠪᠢᠴᠢᠯ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ᠂ | ᠮᠠᠯᠴᠢᠨ ᠲᠠᠷᠢᠶᠠᠴᠢᠨ ᠡᠷᠦᠬᠡ᠂ ᠡᠵᠡᠩᠨᠡᠯᠲᠡ ᠶᠢᠨ ᠢᠲᠡᠬᠡᠮᠵᠢ ᠰᠠᠶᠢᠲᠠᠢ ᠳᠠᠬᠢᠨᠲᠠ ᠦᠢᠯᠡᠰ ᠴᠣᠭᠴᠠᠯᠠᠭᠴᠢ ᠵᠡᠷᠭᠡ | ᠣᠨᠴᠠᠭᠠᠶᠢᠯᠠᠨ ᠲᠣᠭᠲᠠᠭᠠᠭᠰᠠᠨ ᠬᠥᠮᠥᠰ ᠲᠤ ᠲᠥᠯᠥᠭᠦᠯᠬᠦ ᠳᠠᠭᠠᠭᠠᠯᠲᠠ ᠬᠢᠬᠦ ᠶᠢ ᠨᠢ ᠵᠠᠷᠴᠢᠮ ᠳᠡᠭᠡᠷ᠎ᠡ ᠪᠠᠨ | ᠬᠦᠴᠦᠨ ᠥᠬᠡᠶ ᠪᠣᠯᠭᠠᠬᠤ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠦᠢᠯᠡᠰ | ᠴᠣᠭᠴᠠᠯᠠᠬᠤ ᠪᠤᠰᠤᠳ ᠳᠠᠭᠠᠭᠠᠯᠲᠠ ᠲᠠᠢ ᠵᠢᠭᠡᠯᠡᠯᠭᠡ ᠶᠢᠨ ᠲᠥᠯᠥᠭᠦᠯᠬᠦ ᠳᠠᠭᠠᠭᠠᠯᠲᠠ ᠬᠢᠬᠦ ᠱᠠᠭᠠᠷᠳᠠᠯᠭ᠎ᠠ ᠶᠢ ᠠᠯᠬᠤᠮ | ᠠᠯᠬᠤᠮ ᠢᠶᠠᠷ ᠪᠠᠭᠤᠷᠠᠭᠤᠯᠬᠤ ᠪᠤᠶᠤ ᠬᠡᠯᠲᠦᠷᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠭᠠᠨ ᠵᠢᠯᠣᠭᠤᠳᠴᠤ | ᠪᠠᠶᠢᠭᠠᠳ ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠲᠠ ᠶᠢᠨ ᠵᠠᠷᠴᠢᠮ ᠶᠣᠰᠣᠭᠠᠷ᠂ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠲᠤ ᠨᠥᠯᠥᠭᠡᠯᠡᠭᠳᠡᠭᠰᠡᠨ᠂ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ 2020 ᠣᠨ ᠤ 1 ᠳ᠋ᠤᠬᠡᠷ ᠰᠠᠷ᠎ᠠ ᠶᠢᠨ 25 ᠤ ᠡᠳᠦᠷ ᠠᠴᠠ ᠬᠤᠶᠢᠰᠢᠬᠢ | ᠬᠤᠭᠤᠴᠠᠭ᠎ᠠ ᠨᠢ ᠲᠤᠯᠤᠭᠰᠠᠨ ᠵᠢᠭᠡᠯᠡᠯᠭᠡ ᠳᠤ᠂ ᠡᠬᠡ ᠮᠥᠩᠭᠦ ᠶᠢ ᠪᠤᠴᠠᠭᠠᠨ ᠬᠦᠤ ᠮᠥᠩᠭᠦ ᠲᠥᠯᠥᠬᠦ ᠶᠢ ᠨᠢ ᠲᠦᠷ | ᠴᠠᠭ ᠤᠨ ᠴᠢᠨᠠᠷᠲᠠᠶ ᠪᠠᠷ ᠬᠤᠶᠢᠰᠢᠯᠠᠭᠤᠯᠬᠤ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ᠃ ᠡᠬᠡ ᠮᠥᠩᠭᠦ ᠶᠢ | ᠪᠤᠴᠠᠭᠠᠬᠤ ᠬᠤᠭᠤᠴᠠᠭ᠎ᠠ ᠶᠢ ᠨᠢ ᠬᠠᠮᠤᠭ ᠤᠨ ᠤᠷᠲᠤ ᠳᠤ ᠪᠠᠨ 2020 ᠣᠨ ᠤ 6 ᠳ᠋ᠤᠭᠠᠷ ᠰᠠᠷ᠎ᠠ ᠶᠢᠨ 30 ᠤ | ᠡᠳᠦᠷ ᠪᠣᠯᠲᠠᠯ᠎ᠠ ᠤᠷᠲᠤᠳᠬᠠᠵᠤ ᠪᠣᠯᠤᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠬᠦᠨᠳᠦ | ᠨᠣᠴᠢᠲᠠᠶ ᠨᠥᠯᠥᠭᠡᠯᠡᠭᠳᠡᠭᠰᠡᠨ᠂ ᠰᠡᠷᠭᠦᠭᠡᠯᠲᠡ ᠶᠢᠨ ᠦᠶᠡᠯᠡᠯ ᠢᠶᠠᠷ ᠨᠡᠯᠢᠶᠡᠳ ᠤᠷᠲᠤ ᠪᠥᠭᠡᠳ ᠬᠥᠭᠵᠢᠯᠲᠡ ᠶᠢᠨ | ᠢᠷᠡᠭᠡᠳᠦᠶ ᠪᠠᠷ ᠰᠠᠶᠢᠨ ᠪᠠᠶᠢᠭ᠎ᠠ ᠴᠥᠭᠡᠨ ᠲᠣᠭᠠᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ᠂ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠠᠵᠤ | ᠠᠬᠤᠶᠢᠯᠠᠯ ᠲᠠᠢ ᠵᠥᠪᠳᠡᠯᠴᠡᠵᠦ ᠪᠠᠶᠢᠭᠠᠳ ᠤᠷᠳᠤᠳᠬᠠᠬᠤ ᠲᠠᠯ᠎ᠠ ᠪᠠᠷ ᠪᠤᠰᠤᠳ ᠲᠤᠬᠢᠷᠠᠭᠤᠯᠭ᠎ᠠ ᠬᠢᠵᠦ ᠪᠣᠯᠤᠨ᠎ᠠ᠃ | ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠮᠵᠢᠯᠴᠠᠨ᠎ᠠ︶ | ᠳᠥᠷᠪᠡ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠬᠦ ᠬᠡᠷᠡᠭᠲᠡᠢ | ︵ᠠᠷᠪᠠ︶ ᠳᠡᠯᠭᠡᠭᠦᠷᠴᠢᠨ ᠤ ᠠᠵᠤ ᠠᠬᠤᠢ ᠶᠢᠨ ᠲᠠᠯ᠎ᠠ ᠪᠠᠷ ᠬᠢ ᠬᠢᠵᠠᠭᠠᠷᠯᠠᠬᠤ ᠴᠢᠨᠠᠷᠲᠠᠶ ᠲᠥᠷᠥ ᠶᠢᠨ | ᠪᠣᠳᠣᠯᠭ᠎ᠠ ᠶᠢ ᠴᠢᠯᠥᠭᠡᠲᠡᠶ ᠪᠣᠯᠭᠠᠨ᠂ ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ ᠦᠭᠡᠢ ᠳᠡᠯᠭᠡᠭᠦᠷᠴᠢᠳ ᠢ | ᠬᠠᠮᠢᠶᠠᠷᠬᠤ ᠵᠠᠭᠪᠤᠷ ᠢ ᠵᠣᠬᠢᠰᠲᠠᠢ ᠲᠣᠭᠲᠠᠭᠠᠵᠤ᠂ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠲᠠᠯᠠᠪᠤᠷ ᠭᠠᠵᠠᠷ᠂ ᠴᠠᠭ ᠬᠤᠭᠤᠴᠠᠭ᠎ᠠ ᠶᠢ ᠨᠢ ᠵᠢᠭᠠᠵᠤ | ᠲᠣᠭᠲᠠᠭᠠᠨ᠂ ᠠᠵᠢᠯ ᠣᠯᠬᠤ ᠳᠤ ᠬᠦᠴᠢᠷᠲᠡᠶ ᠬᠥᠮᠦᠰ᠂ ᠲᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ᠂ | ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠣᠯᠳᠠᠯᠭ᠎ᠠ ᠲᠠᠢ ᠬᠥᠮᠦᠰ ᠤᠨ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ ᠪᠣᠷᠣᠯᠠᠭᠤᠯᠬᠤ᠂ ᠡᠰᠡᠬᠦᠯ᠎ᠡ ᠬᠤᠪᠢ | ᠬᠥᠮᠦᠨ ᠥᠪᠡᠷ ᠤᠨ ᠤᠷ᠎ᠠ ᠴᠢᠳᠠᠪᠤᠷᠢ ᠳᠤ ᠪᠠᠨ ᠲᠦᠰᠢᠭᠯᠡᠨ ᠬᠠᠤᠯᠢ ᠶᠣᠰᠣᠭᠠᠷ ᠵᠥᠪᠰᠢᠶᠡᠷᠡᠭᠦᠯᠬᠦ ᠴᠢᠬᠤᠯᠠ ᠦᠭᠡᠢ | ᠠᠷᠠᠳ ᠲᠤ ᠲᠦᠬᠦᠮ ᠦᠵᠡᠭᠦᠯᠬᠦ ᠬᠥᠳᠡᠯᠮᠦᠷᠢ ᠦᠢᠯᠡᠴᠢᠯᠡᠭᠡᠨ ᠤ ᠠᠵᠢᠯᠯᠠᠭ᠎ᠠ ᠬᠢᠬᠦ ᠶᠢ ᠵᠣᠷᠢᠭᠵᠢᠭᠤᠯᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠵᠢᠯᠴᠠᠨ᠎ᠠ︶ | ︵ᠠᠷᠪᠠᠨ ᠨᠢᠭᠡ︶ ᠠᠮᠢᠳᠤᠯᠢᠭ ᠢᠶᠠᠷ ᠠᠵᠢᠯ ᠤᠯᠬᠤ ᠬᠦᠮᠦᠰ ᠤᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠤᠯᠴᠠᠬᠤ ᠳᠤ ᠥᠪᠡᠷᠲᠡᠭᠡᠨ ᠵᠠᠰᠠᠬᠤ ᠣᠷᠣᠨ ᠳᠠᠬᠢ | ᠬᠤᠲᠠ ᠬᠥᠳᠡᠭᠡ ᠶᠢᠨ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠠᠵᠢᠯ ᠣᠯᠬᠤ ᠳᠤ | ᠬᠦᠴᠢᠷᠲᠡᠶ ᠬᠥᠮᠦᠰ᠂ ᠰᠤᠷᠭᠠᠭᠤᠯᠢ ᠠᠴᠠ ᠪᠠᠨ ᠰᠠᠯᠵᠤ ᠭᠠᠷᠤᠭᠠᠳ 2 ᠵᠢᠯ ᠳᠤ ᠠᠵᠢᠯ ᠣᠯᠤᠭᠠᠳᠤᠶ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠣᠭᠠᠳ 1 ᠵᠢᠯ ᠠᠴᠠ ᠳᠡᠭᠡᠭᠰᠢ ᠨᠡᠶᠢᠭᠡᠮ ᠤᠨ | ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ | ᠰᠦᠢᠳᠬᠡᠯ ᠤᠨ ᠨᠡᠮᠡᠭᠦᠷᠢ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠵᠢᠯᠴᠠᠨ᠎ᠠ︶ | ᠲᠠᠪᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠵᠤ ᠦᠢᠯᠡᠰ | ᠴᠣᠭᠴᠠᠯᠠᠬᠤ ᠶᠢ ᠠᠬᠢᠭᠤᠯᠬᠤ ᠬᠡᠷᠡᠭᠲᠡᠢ | ︵ᠠᠷᠪᠠᠨ ᠬᠤᠶᠠᠷ︶ ᠠᠵᠤ ᠠᠬᠤᠶᠢᠯᠠᠯ ᠪᠠ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ | ᠴᠣᠭᠴᠠ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠠᠵᠢᠯ ᠣᠯᠭᠤᠬᠤ ᠠᠴᠢᠶᠠᠯᠠᠪᠤᠷᠢ ᠪᠠᠷ | ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠠᠵᠢᠯ ᠣᠯᠭᠤᠭᠰᠠᠨ ᠤ ᠬᠠᠮᠲᠤ 1 ᠵᠢᠯ ᠠᠴᠠ | ᠳᠡᠭᠡᠭᠰᠢᠬᠢ ᠬᠦᠳᠡᠯᠮᠦᠷᠢ ᠶᠢᠨ ᠭᠡᠷ᠎ᠡ ᠲᠣᠭᠲᠠᠭᠰᠠᠨ ᠮᠥᠷᠲᠡᠭᠡᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ | ᠰᠦᠢᠳᠬᠡᠯ ᠲᠤᠰᠢᠶᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ | ᠶᠣᠰᠣᠭᠠᠷ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ ᠯᠡ ᠤᠳᠠᠭ᠎ᠠ ᠳᠤ ᠣᠯᠭᠤᠬᠤ ᠬᠡᠷᠡᠭᠲᠡᠢ᠂ ᠲᠥᠷᠥ ᠶᠢᠨ | ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ | 31 ᠤ ᠡᠳᠦᠷ ᠬᠦᠷᠬᠦ ᠪᠣᠯᠤᠨ᠎ᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ | ᠠᠵᠢᠯ ᠣᠯᠭᠤᠭᠰᠠᠨ ᠪᠥᠭᠡᠳ ᠠᠵᠢᠯᠯᠠᠬᠤ ᠪᠠᠷ ᠪᠣᠯᠪᠠᠰᠤᠷᠠᠭᠤᠯᠬᠤ ᠶᠢ ᠣᠷᠣᠯᠠᠭᠤᠯᠤᠭᠰᠠᠨ ᠪᠠᠶᠢᠪᠠᠯ᠂ ᠠᠵᠢᠯ | ᠤᠯᠭᠤᠨᠨᠰᠠᠨ ᠬᠥᠮᠦᠨ ᠤ ᠲᠤᠭ᠎ᠠ ᠶᠢ ᠦᠨᠳᠦᠰᠦᠯᠡᠨ᠂ ᠬᠠᠮᠤᠭ ᠤᠨ ᠶᠡᠭᠡ ᠳᠤ ᠪᠠᠨ 6 ᠰᠠᠷ᠎ᠠ ᠶᠢᠨ ᠠᠵᠢᠯ | ᠮᠡᠷᠭᠡᠵᠢᠯ ᠤᠨ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ | ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ | ︵ᠠᠷᠪᠠᠨ ᠭᠤᠷᠪᠠ︶ ︽ᠴᠡᠭ ᠠᠴᠠ ᠴᠡᠭ ᠲᠤ ᠬᠠᠨᠳᠤᠭᠤᠯᠤᠭᠰᠠᠨ︾ ᠦᠢᠯᠡᠴᠢᠯᠡᠭᠡ ᠥᠷᠨᠢᠭᠦᠯᠦᠨ᠂ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠡᠮᠬᠢ ᠵᠢᠷᠤᠮ ᠲᠠᠢ ᠪᠠᠷ ᠠᠵᠢᠯ ᠤᠨ ᠪᠠᠶᠢᠷᠢᠨ ᠳᠤ ᠪᠠᠨ ᠪᠤᠴᠠᠵᠦ | ᠠᠵᠢᠯᠯᠠᠬᠤ ᠶᠢ ᠬᠥᠲᠥᠯᠥᠨ ᠵᠢᠯᠣᠭᠤᠳᠴᠤ᠂ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠳᠤ | ᠦᠢᠯᠡᠴᠢᠯᠡᠬᠦ ᠪᠠᠶᠢᠭᠤᠯᠤᠮᠵᠢ᠂ ᠬᠥᠮᠦᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ | ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠵᠢᠴᠢ ᠬᠥᠳᠡᠯᠮᠦᠷᠢ ᠦᠢᠯᠡᠴᠢᠯᠡᠭᠡᠨ ᠤ ᠡᠷᠬᠢᠯᠡᠨ | ᠵᠠᠭᠤᠴᠢᠯᠠᠭᠴᠢᠳ ᠲᠤ ᠣᠷᠣᠨ ᠪᠦᠰᠡ ᠠᠯᠤᠰᠯᠠᠨ ᠬᠥᠳᠡᠯᠮᠦᠷᠢ ᠦᠢᠯᠡᠴᠢᠯᠡᠭᠡ ᠪᠠᠨ ᠭᠠᠳᠠᠭᠰᠢ ᠭᠠᠷᠭᠠᠬᠤ ᠶᠢ | ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ | ᠠᠵᠢᠯᠯᠠᠭᠤᠯᠬᠤ ᠶᠢᠨ ᠬᠠᠮᠲᠤ᠂ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠶᠢ ᠬᠠᠪᠰᠤᠷᠤᠨ ᠲᠣᠭᠲᠠᠭᠠᠭᠰᠠᠨ | ᠪᠠᠶᠢᠪᠠᠯ᠂ ᠲᠣᠭᠲᠠᠭᠠᠯ ᠶᠣᠰᠣᠭᠠᠷ ᠬᠥᠮᠦᠨ ᠪᠦᠷᠢ ᠳᠤ 100 ᠲᠥᠭᠦᠷᠢᠭ ᠤᠨ ᠠᠵᠢᠯ ᠣᠯᠭᠤᠵᠤ ᠦᠢᠯᠡᠰ | ᠴᠣᠭᠴᠠᠯᠠᠭᠰᠠᠨ ᠦᠢᠯᠡᠴᠢᠯᠡᠭᠡᠨ ᠤ ᠨᠡᠮᠡᠭᠦᠷᠢ ᠣᠯᠭᠤᠬᠤ ᠬᠡᠷᠡᠭᠲᠡᠢ᠃ ᠳᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠶ ᠬᠥᠳᠡᠯᠮᠦᠷᠢ ᠬᠦᠴᠦᠨ ᠢ ᠵᠣᠬᠢᠶᠠᠨ ᠪᠠᠶᠢᠭᠤᠯᠤᠯᠲᠠ ᠲᠠᠢ ᠪᠠᠷ ᠭᠠᠳᠠᠭᠰᠢ ᠭᠠᠷᠭᠠᠭᠰᠠᠨ ᠪᠠᠶᠢᠪᠠᠯ᠂ | ᠠᠵᠢᠯ ᠣᠯᠭᠤᠵᠤ ᠦᠢᠯᠡᠰ ᠴᠣᠭᠴᠠᠯᠠᠬᠤ ᠨᠥᠬᠦᠪᠥᠷᠢ ᠪᠠᠷ ᠳᠠᠮᠵᠢᠭᠤᠯᠤᠨ ᠲᠡᠳᠡᠨ ᠤ ᠦᠨᠳᠦᠰᠦᠨ ᠦᠢᠯᠡᠴᠢᠯᠡᠭᠡᠨ ᠤ | ᠦᠷ᠎ᠡ ᠪᠦᠲᠦᠭᠡᠯ ᠢ ᠬᠤᠳᠠᠯᠳᠤᠨ ᠠᠪᠴᠤ ᠪᠣᠯᠤᠨ᠎ᠠ᠂ ᠪᠣᠳᠠᠲᠠᠶ ᠬᠡᠷᠡᠭᠵᠢᠭᠦᠯᠬᠦ ᠠᠷᠭ᠎ᠠ ᠶᠢ ᠡᠯ᠎ᠡ ᠠᠶᠢᠮᠠᠭ ᠬᠤᠲᠠ | ᠲᠣᠭᠲᠠᠭᠠᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ | ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ | ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠮᠵᠢᠯᠴᠠᠨ᠎ᠠ︶ | ︵ᠠᠷᠪᠠᠨ ᠳᠥᠷᠪᠡ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠤ ᠪᠠᠨ ᠪᠤᠴᠠᠵᠤ ᠦᠢᠯᠡᠰ | ᠴᠣᠭᠴᠠᠯᠠᠬᠤ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠨᠤᠲᠤᠭ ᠲᠤ ᠪᠠᠨ ᠪᠤᠴᠠᠵᠤ | ᠦᠢᠯᠡᠰ ᠴᠣᠭᠴᠠᠯᠠᠬᠤ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢ ᠤᠷᠢᠳ ᠢᠶᠠᠷ ᠪᠠᠲᠤᠯᠠᠨ᠂ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠨᠢ ᠵᠠᠰᠠᠭ ᠤᠨ ᠣᠷᠳᠣᠨ ᠠᠴᠠ | ᠭᠤᠤᠯᠯᠠᠭᠤᠯᠤᠨ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠨ ᠬᠥᠭᠵᠢᠭᠦᠯᠬᠦ ᠬᠦᠷᠢᠶᠡᠯᠡᠩ ᠲᠣᠭᠤᠷᠢᠭ ᠲᠠᠬᠢ | ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠲᠠᠰᠤᠭ ᠲᠤ ᠦᠢᠯᠡᠰ ᠴᠤᠭᠴᠠᠯᠪᠠᠯ᠂ 3 ᠵᠢᠯ ᠤᠨ ᠳᠣᠲᠣᠷ᠎ᠠ | ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠰᠦᠢᠳᠬᠡᠯ᠂ ᠠᠷᠢᠭᠤᠨ ᠴᠡᠪᠡᠷ ᠤᠨ ᠰᠦᠢᠳᠬᠡᠯ᠂ | ᠤᠰᠤ ᠴᠠᠬᠢᠯᠭᠠᠨ ᠳᠤᠯᠠᠭᠠᠯᠠᠭ᠎ᠠ ᠵᠡᠷᠭᠡ ᠰᠦᠢᠳᠬᠡᠯ ᠢ ᠬᠡᠯᠲᠦᠷᠢᠭᠦᠯᠬᠦ ᠬᠡᠷᠡᠭᠲᠡᠢ᠃ ᠲᠦᠷᠢᠶᠡᠰᠦᠯᠡᠬᠦ ᠵᠡᠷᠭᠡ | ᠡᠷᠭᠢᠯᠳᠦᠭᠦᠯᠬᠦ ᠬᠡᠯᠪᠡᠷᠢ ᠪᠠᠷ ᠬᠠᠮᠲᠤ ᠶᠢᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠣᠯᠵᠤ ᠲᠠᠷᠢᠵᠤ | ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠪᠠ | ᠬᠡᠷᠡᠭᠴᠡᠭᠡ ᠶᠢ ᠬᠤᠪᠢᠷᠠᠭᠤᠯᠤᠭᠰᠠᠨ ᠦᠭᠡᠢ ᠪᠠᠶᠢᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠰᠢᠷᠣᠶ ᠶᠢᠨ ᠲᠥᠷᠥ ᠶᠢᠨ | ᠪᠣᠳᠣᠯᠭ᠎ᠠ ᠶᠣᠰᠣᠭᠠᠷ ᠬᠠᠮᠢᠶ᠎ᠠ ᠪᠦᠬᠦᠢ ᠰᠦᠢᠳᠬᠡᠯ ᠢ ᠨᠢ ᠬᠡᠯᠲᠦᠷᠢᠭᠦᠯᠬᠦ ᠬᠡᠷᠡᠭᠲᠡᠶ᠃ ︵ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠵᠢᠯᠴᠠᠨ᠎ᠠ︶ | ︵ᠠᠷᠪᠠᠨ ᠲᠠᠪᠤ︶ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ ᠤᠷᠢᠳ ᠢᠶᠠᠷ | ᠳᠠᠮᠵᠢᠵᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠨᠢ ᠪᠥᠬᠦ ᠲᠠᠯ᠎ᠠ ᠪᠠᠷ ᠨᠠᠷᠢᠨ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠦᠨ᠂ ᠲᠥᠷᠥ ᠶᠢᠨ ᠪᠣᠳᠣᠯᠭ᠎ᠠ ᠬᠦᠷᠲᠡᠬᠦ ᠨᠥᠬᠦᠴᠡᠯ ᠳᠤ ᠨᠡᠶᠢᠴᠡᠭᠰᠡᠨ ᠲᠠᠩᠰᠠ ᠪᠠ ᠺᠠᠷᠲ ᠲᠠᠢ ᠶᠠᠳᠠᠭᠤ | ᠬᠦᠴᠢᠷᠳᠡᠯᠲᠡᠶ ᠬᠥᠳᠡᠯᠮᠦᠷᠢ ᠬᠦᠴᠦᠨ ᠪᠦᠬᠦᠨ ᠢ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢᠨ ᠲᠡᠳᠬᠦᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ | ᠦᠢᠯᠡᠳᠪᠦᠷᠢᠯᠡᠯ ᠢᠶᠠᠨ ᠰᠡᠷᠭᠦᠭᠡᠬᠦ᠂ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠬᠦ᠂ ᠪᠠᠷᠠᠭᠠᠨ ᠤ | ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠳᠤ ᠶᠠᠳᠠᠭᠤ ᠬᠦᠴᠢᠷᠳᠡᠯᠲᠡᠶ ᠬᠦᠳᠡᠯᠮᠦᠷᠢ ᠬᠦᠴᠦᠨ ᠢ ᠡᠩ | ᠲᠡᠷᠢᠭᠦᠨ ᠳᠤ ᠵᠣᠬᠢᠶᠠᠨ ᠪᠠᠶᠢᠭᠤᠯᠤᠨ ᠬᠡᠷᠡᠭᠯᠡᠵᠦ᠂ ᠠᠵᠤ ᠠᠬᠤᠶᠢᠯᠠᠯ ᠳᠤ ᠶᠠᠳᠠᠭᠤ ᠬᠦᠴᠢᠷᠳᠡᠯ ᠲᠠᠢ ᠬᠥᠳᠡᠯᠮᠦᠷᠢ | ᠬᠦᠴᠦᠨ ᠢ ᠨᠡᠩ ᠶᠡᠭᠡ ᠪᠠᠷ ᠡᠯᠰᠡᠨ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃ ᠶᠠᠳᠠᠭᠤ ᠶᠢ ᠲᠡᠳᠬᠦᠬᠦ ᠬᠦᠲᠦᠴᠢ | ᠠᠵᠤ ᠠᠬᠤᠶᠢᠯᠠᠯ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠳ ᠤᠨ ᠠᠵᠢᠯ ᠢᠶᠠᠨ ᠲᠦᠷᠭᠡᠬᠡᠨ | ᠰᠡᠷᠭᠦᠭᠡᠬᠦ ᠶᠢ ᠳᠡᠮᠵᠢᠬᠦ ᠬᠡᠷᠡᠭᠲᠡᠶ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠶᠢ ᠵᠢᠷᠤᠮᠵᠢᠭᠤᠯᠵᠤ᠂ | ︽ᠨᠤᠲᠤᠭ ᠠᠴᠠ ᠪᠠᠨ ᠰᠠᠯᠬᠤ ᠶᠢᠨ ᠠᠷᠭ᠎ᠠ ᠦᠭᠡᠢ᠂ ᠲᠡᠳᠭᠦᠮᠡᠷ ᠠᠵᠢᠯ ᠦᠭᠡᠢ᠂ ᠶᠠᠳᠠᠭᠤ ᠠᠴᠠ ᠠᠩᠭᠢᠵᠢᠷᠠᠬᠤ | ᠬᠦᠴᠦᠨ ᠦᠭᠡᠢ︾ ᠮᠥᠷᠲᠡᠭᠡᠨ ᠠᠵᠢᠯ ᠤᠨ ᠪᠠᠶᠢᠷᠢ ᠶᠢᠨ ᠠᠵᠢᠯ ᠢ ᠬᠢᠬᠦ ᠴᠢᠳᠠᠪᠤᠷᠢ ᠲᠠᠢ ᠳᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠤᠷᠢᠳ ᠢᠶᠠᠷ ᠲᠥᠪᠬᠢᠨᠡᠭᠦᠯᠬᠦ ᠬᠡᠷᠡᠭᠲᠡᠢ᠃ ᠶᠠᠳᠠᠭᠤ | ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠬᠡᠪᠴᠢᠶ᠎ᠡ ᠨᠢ ᠶᠡᠭᠡ ᠪᠠᠶᠢᠪᠠᠯ᠂ ᠡᠯ᠎ᠡ ᠭᠠᠵᠠᠷ ᠣᠷᠣᠨ | ᠨᠢ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠪᠠᠷ ᠨᠢᠭᠡ ᠤᠳᠠᠭ᠎ᠠ ᠶᠢᠨ ᠴᠢᠨᠠᠷᠲᠠᠢ | ᠱᠠᠩᠨᠠᠨ ᠭᠦᠬᠢᠭᠦᠯᠵᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ | ᠠᠯᠪᠠᠨ ᠬᠡᠷ᠂ ᠲᠠᠷᠢᠶᠠᠯᠠᠩ ᠮᠠᠯ ᠠᠵᠤ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ | ᠵᠢᠷᠭᠤᠭ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠭᠡᠬᠦ | ᠬᠡᠷᠡᠭᠲᠡᠢ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠭᠰᠠᠨ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠳ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠤ ᠬᠠᠮᠲᠤ 1 ᠵᠢᠯ ᠠᠴᠠ | ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠠᠴᠠ | ᠳᠣᠤᠷ᠎ᠠ ᠪᠠᠶᠢᠯᠭᠠᠬᠤ ᠥᠬᠡᠶ ᠶᠣᠰᠣᠭᠠᠷ ᠠᠵᠤ ᠠᠬᠤᠶᠢᠯᠠᠯ ᠳᠤ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ ᠯᠡ | ᠤᠳᠠᠭ᠎ᠠ ᠳᠤ ᠣᠯᠭᠤᠬᠤ ᠬᠡᠷᠡᠭᠲᠡᠢ᠂ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ | ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ | ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ ᠵᠡᠷᠭᠡ ᠬᠠᠮᠵᠢᠯᠴᠠᠨ᠎ᠠ︶ | ︵ᠠᠷᠪᠠᠨ ᠳᠣᠯᠤᠭ᠎ᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ 2020 ᠣᠨ ᠪᠠ 2021 | ᠣᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠬᠡᠪᠴᠢᠶ᠎ᠡ ᠪᠠᠨ ᠦᠷᠭᠦᠯᠵᠢᠯᠡᠨ | ᠥᠷᠭᠡᠳᠭᠡᠬᠦ ᠬᠡᠷᠡᠭᠲᠡᠢ᠂ ᠲᠣᠰ ᠨᠢᠭᠡᠴᠢ ᠳᠤ ᠳᠠᠳᠤᠯᠭ᠎ᠠ ᠬᠢᠭᠰᠡᠨ ᠬᠤᠭᠤᠴᠠᠭ᠎ᠠ ᠶᠢ ᠤᠷᠢᠵᠤ ᠡᠯᠰᠡᠨ ᠠᠵᠢᠯ | ᠣᠯᠭᠤᠬᠤ ᠤᠷᠢᠲᠠᠯ ᠨᠥᠬᠦᠴᠡᠯ ᠪᠣᠯᠭᠠᠵᠤ ᠪᠣᠯᠬᠤ ᠥᠬᠡᠶ᠃ ᠣᠨᠴᠠᠭᠠᠢ ᠠᠵᠤ ᠠᠬᠤᠶᠢᠯᠠᠯ ᠢ ᠭᠠᠷᠭᠠᠪᠠᠯ᠂ ᠵᠠᠷᠴᠢᠮ | ᠳᠡᠭᠡᠷ᠎ᠡ ᠪᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠨ ᠤ ᠤᠷᠢᠵᠤ ᠡᠯᠰᠡᠬᠦ ᠲᠥᠯᠥᠪᠯᠡᠭᠡ ᠳᠠᠬᠢ ᠲᠤᠰ | ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠬᠠᠷᠢᠴᠠᠯ ᠢᠶᠠᠨ 80% ᠠᠴᠠ ᠳᠣᠤᠷ᠎ᠠ | ᠪᠠᠶᠢᠯᠭᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠣᠯᠴᠢᠯᠠᠨ | ᠬᠠᠮᠢᠶᠠᠷᠬᠤ ᠨᠢᠭᠡᠴᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠠᠢᠮᠠ︶ ᠡᠯ᠎ᠡ ᠱᠠᠲᠤᠨ ᠤ ᠠᠵᠢᠯ ᠦᠢᠯᠡᠰ ᠤᠨ ᠨᠢᠭᠡᠴᠢ ᠨᠢ 2020 ᠣᠨ ᠪᠠ 2021 ᠣᠨ ᠤ | ᠬᠤᠭᠤᠰᠣᠨ ᠣᠷᠣᠨ ᠲᠤᠭ᠎ᠠ ᠲᠠᠢ ᠠᠵᠢᠯ ᠤᠨ ᠪᠠᠶᠢᠷᠢ ᠶᠢ ᠭᠤᠤᠯᠳᠠᠭᠤ ᠲᠤᠰ ᠵᠢᠯ ᠤᠨ ᠲᠡᠭᠦᠰᠬᠦ ᠰᠤᠷᠤᠭᠴᠢᠳ ᠪᠠ | ᠠᠵᠢᠯ ᠡᠷᠢᠵᠦ ᠪᠠᠶᠢᠭ᠎ᠠ ᠡᠨᠡ ᠬᠦ ᠬᠤᠭᠤᠴᠠᠭᠠᠨ ᠳᠤ ᠪᠠᠨ ᠠᠵᠢᠯᠯᠠᠬᠤ ᠨᠢᠭᠡᠴᠢ ᠦᠭᠡᠢ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠲᠤᠰᠬᠠᠶᠢᠯᠠᠨ ᠤᠷᠢᠵᠤ ᠡᠯᠰᠡᠬᠦ ᠳᠤ ᠬᠡᠷᠡᠭᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠢ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠮᠢᠶᠠᠷᠤᠯᠲᠠ ᠪᠠ | ᠨᠡᠶᠢᠭᠡᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠬᠡᠪᠴᠢᠶ᠎ᠡ ᠪᠠᠨ ᠥᠷᠭᠡᠳᠬᠡᠨ᠂ ᠠᠵᠢᠯ ᠣᠯᠤᠭᠠᠳᠤᠶ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠢ 50% ᠠᠴᠠ ᠳᠣᠤᠷ᠎ᠠ ᠪᠠᠶᠢᠯᠭᠠᠬᠤ ᠦᠭᠡᠶ ᠬᠠᠷᠢᠴᠠᠯ ᠢᠶᠠᠷ ᠲᠣᠬᠢᠷᠠᠭᠤᠯᠵᠤ ᠠᠵᠢᠯ | ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠨᠠᠮ ᠤᠨ ᠬᠤᠷᠢᠶᠠᠨ ᠤ ᠣᠷᠣᠨ ᠲᠤᠭᠠᠨ ᠤ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ᠂ ᠰᠤᠷᠭᠠᠨ | ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠ ᠶᠢᠰᠦ︶ 2020 ᠣᠨ ᠳᠤ ᠠᠰᠫᠢᠷᠠᠨᠲ ᠡᠯᠰᠡᠬᠦ ᠬᠡᠪᠴᠢᠶ᠎ᠡ ᠶᠢ 20% ᠠᠴᠠ ᠳᠡᠭᠡᠭᠰᠢ | ᠨᠡᠮᠡᠭᠳᠡᠭᠦᠯᠵᠦ᠂ ᠰᠣᠷᠣᠭᠴᠢ ᠡᠯᠰᠡᠬᠦ ᠲᠥᠯᠥᠪᠯᠡᠭᠡ ᠶᠢ 1.2 ᠲᠦᠮᠡ ᠭᠠᠷᠤᠢ ᠪᠣᠯᠭᠠᠬᠤ ᠬᠡᠷᠡᠭᠲᠡᠢ︔ ᠲᠤᠰᠬᠠᠶ | ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠰᠣᠷᠣᠭᠴᠢ ᠡᠯᠰᠡᠬᠦ ᠬᠡᠪᠴᠢᠶ᠎ᠡ ᠶᠢ ᠨᠡᠮᠡᠭᠳᠡᠭᠦᠯᠵᠦ᠂ ᠰᠣᠷᠣᠭᠴᠢ | ᠡᠯᠰᠡᠬᠦ ᠬᠠᠷᠢᠴᠠᠯ ᠢ 5% ᠠᠴᠠ ᠨᠡᠮᠡᠭᠳᠡᠬᠦᠯᠦᠬᠡᠳ 15% ᠪᠣᠯᠭᠠᠬᠤ ᠬᠡᠷᠡᠭᠲᠡᠢ᠃ ᠴᠡᠷᠢᠭ ᠲᠤ ᠡᠯᠰᠡᠬᠦ | ᠤᠶᠤᠲᠠᠳ ᠤᠨ ᠬᠡᠪᠴᠢᠶ᠎ᠡ ᠶᠢ ᠨᠡᠮᠡᠭᠳᠡᠭᠦᠯᠵᠦ᠂ ᠴᠡᠷᠢᠭ ᠲᠤ ᠡᠯᠰᠡᠬᠦ ᠶᠡᠷᠦᠩᠬᠡᠶ ᠡᠭᠦᠷᠭᠡ ᠳᠤ ᠲᠣᠰ ᠵᠢᠯ ᠤᠨ | ᠲᠡᠭᠦᠰᠦᠭᠰᠡᠳ ᠢ ᠡᠯᠰᠡᠬᠦ ᠳᠤ ᠪᠠᠨ ᠬᠢᠵᠠᠭᠠᠷᠯᠠᠬᠤ ᠲᠤᠭ᠎ᠠ ᠲᠣᠭᠲᠠᠭᠠᠬᠤ ᠦᠭᠡᠢ᠂ ᠴᠡᠷᠢᠭ ᠲᠤ ᠡᠯᠰᠡᠪᠡᠰᠦ ᠵᠣᠬᠢᠬᠤ | ᠪᠦᠬᠦᠨ ᠢ ᠡᠯᠰᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠵᠡᠷᠭᠡ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢ︶ ᠬᠥᠮᠦᠨ ᠬᠡᠷᠡᠭᠯᠡᠬᠦ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠨᠢᠭᠤᠷᠳᠠᠨ ᠰᠢᠯᠭᠠᠵᠤ | ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠪᠠᠶᠢᠴᠠᠭᠠᠯᠲᠠ ᠪᠠ ᠭᠡᠷ᠎ᠡ ᠲᠣᠭᠲᠠᠵᠤ ᠡᠯᠰᠡᠨ ᠠᠵᠢᠯᠯᠠᠭᠤᠯᠬᠤ ᠴᠠᠭ ᠢ | ᠬᠤᠶᠢᠰᠢᠯᠠᠭᠤᠯᠵᠤ᠂ ᠰᠤᠷᠭᠠᠭᠤᠯᠢ ᠠᠴᠠ ᠰᠠᠯᠵᠤ ᠭᠠᠷᠬᠤ ᠪᠠᠨ ᠬᠤᠶᠢᠰᠢᠯᠠᠭᠤᠯᠤᠭᠰᠠᠨ ᠲᠣᠰ ᠵᠢᠯ ᠤᠨ | ᠲᠡᠭᠦᠰᠦᠭᠰᠡᠳ ᠤᠨ ᠨᠡᠷ᠎ᠡ ᠪᠠᠨ ᠮᠡᠳᠡᠭᠦᠯᠬᠦ ᠶᠢ ᠨᠢ ᠬᠦᠯᠢᠶᠡᠨ ᠠᠪᠬᠤ᠂ ᠳᠠᠩᠰᠠ ᠡᠪᠬᠡᠮᠡᠯ ᠢ ᠨᠢ ᠰᠢᠯᠵᠢᠭᠦᠯᠦᠨ ᠥᠭᠬᠦ᠂ | ᠡᠷᠦᠬᠡ ᠠᠮᠠ ᠶᠢ ᠨᠢ ᠭᠦᠢᠴᠡᠳᠭᠡᠬᠦ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠬᠤ ᠬᠡᠷᠡᠭᠲᠡᠶ᠃ | ᠰᠤᠷᠭᠠᠭᠤᠯᠢ ᠠᠴᠠ ᠪᠠᠨ ᠰᠠᠯᠵᠤ ᠭᠠᠷᠤᠭᠠᠳ ᠠᠵᠢᠯ ᠣᠯᠤᠭᠠᠳᠤᠶ ᠲᠡᠭᠦᠰᠦᠭᠰᠡᠳ ᠥᠪᠡᠷ ᠤᠨ ᠬᠦᠰᠡᠯ ᠪᠣᠳᠣᠯ ᠢᠶᠠᠨ | ᠦᠨᠳᠦᠰᠦᠯᠡᠵᠦ᠂ ᠡᠷᠦᠬᠡ ᠠᠮᠠ᠂ ᠳᠠᠩᠰᠠ ᠡᠪᠬᠡᠮᠡᠯ ᠢᠶᠠᠨ ᠰᠤᠷᠭᠠᠭᠤᠯᠢ ᠳᠤ ᠪᠠᠨ 2 ᠵᠢᠯ ᠬᠠᠳᠠᠭᠠᠯᠠᠭᠤᠯᠬᠤ ᠪᠤᠶᠤ | ᠰᠤᠷᠤᠭᠴᠢ ᠶᠢᠨ ᠰᠢᠯᠭᠠᠵᠤ ᠢᠷᠡᠭᠰᠡᠨ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠳᠤ | ᠦᠢᠯᠡᠴᠢᠯᠡᠬᠦ ᠪᠠᠶᠢᠭᠤᠯᠤᠮᠵᠢ ᠳᠤ ᠨᠢ ᠰᠢᠯᠵᠢᠭᠦᠯᠦᠨ ᠥᠭᠴᠦ᠂ ᠲᠤᠰ ᠵᠢᠯ ᠤᠨ ᠲᠡᠭᠦᠰᠦᠭᠰᠡᠳ ᠤᠨ ᠬᠤᠪᠢ ᠪᠠᠷ | ᠠᠵᠢᠯᠲᠠᠨ ᠬᠡᠷᠡᠭᠯᠡᠬᠦ ᠨᠢᠭᠡᠴᠢ ᠶᠢᠨ ᠰᠢᠯᠭᠠᠯᠲᠠ᠂ ᠡᠯᠰᠡᠨ ᠬᠡᠷᠡᠭᠯᠡᠬᠦ ᠳᠤ ᠣᠷᠣᠯᠴᠠᠭᠤᠯᠬᠤ ᠬᠡᠷᠡᠭᠲᠡᠶ᠂ ᠠᠵᠢᠯᠯᠠᠬᠤ | ᠨᠢᠭᠡᠴᠢ ᠪᠠᠨ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠲᠣᠰ ᠵᠢᠯ ᠤᠨ ᠲᠡᠭᠦᠰᠦᠭᠰᠡᠳ ᠢᠶᠠᠷ ᠯᠠᠪᠯᠠᠯᠲᠠ ᠪᠣᠯᠭᠠᠵᠤ | ᠬᠠᠮᠢᠶ᠎ᠠ ᠪᠥᠬᠦᠶ ᠭᠠᠷᠳᠠᠮ ᠢ ᠨᠢ ᠭᠦᠢᠴᠡᠳᠭᠡᠵᠦ ᠥᠭᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠬᠠᠮᠵᠢᠯᠴᠠᠨ᠎ᠠ︶ | ᠳᠣᠯᠤᠭ᠎ᠠ᠂ ᠬᠦᠴᠢᠷᠳᠡᠯᠲᠡᠶ ᠬᠥᠮᠦᠰ ᠲᠤ ᠰᠠᠭᠤᠷᠢ ᠠᠴᠠ ᠨᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ | ︵ᠬᠤᠷᠢᠨ ᠨᠢᠭᠡ︶ ᠲᠣᠰ ᠵᠢᠯ ᠤᠨ ᠳᠣᠲᠣᠷ᠎ᠠ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ | ᠠᠪᠬᠤ ᠬᠤᠭᠤᠴᠠᠭ᠎ᠠ ᠨᠢ ᠲᠤᠯᠤᠭᠰᠠᠨ ᠪᠣᠯᠪᠠᠴᠤ ᠪᠠᠰᠠ ᠠᠵᠢᠯ ᠣᠯᠤᠭᠠᠳᠤᠶ ᠠᠵᠢᠯ ᠠᠯᠳᠠᠭᠰᠠᠳ᠂ ᠠᠵᠢᠯ | ᠠᠯᠳᠠᠭᠰᠠᠳ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠰᠠᠨ ᠪᠥᠭᠡᠳ ᠠᠵᠢᠯ ᠠᠯᠳᠠᠭᠰᠠᠳ ᠤᠨ | ᠳᠠᠭᠠᠳᠬᠠᠯ ᠤᠨ ᠰᠦᠢᠳᠬᠡᠯ ᠲᠤᠰᠢᠶᠠᠭᠰᠠᠨ ᠪᠣᠯᠪᠠᠴᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ | ᠠᠪᠬᠤ ᠨᠥᠬᠦᠴᠡᠯ ᠳᠤ ᠨᠡᠶᠢᠴᠡᠬᠦ ᠦᠭᠡᠢ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠪᠠ ᠲᠡᠳᠡᠨ ᠤ | ᠠᠵᠢᠯᠯᠠᠵᠤ ᠪᠠᠶᠢᠭ᠎ᠠ ᠨᠢᠭᠡᠴᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ | ᠲᠤᠰᠢᠶᠠᠭᠰᠠᠨ ᠪᠣᠯᠪᠠᠴᠤ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠪᠠᠷ ᠲᠣᠭᠲᠠᠭᠠᠭᠰᠠᠨ ᠨᠢᠭᠡ ᠯᠡ | ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠠᠪᠬᠤ ᠨᠥᠬᠦᠴᠡᠯ ᠳᠤ ᠨᠡᠶᠢᠴᠡᠬᠦ ᠦᠭᠡᠢ ᠠᠵᠢᠯ | ᠠᠯᠳᠠᠭᠰᠠᠳ ᠲᠤ ᠠᠵᠢᠯ ᠠᠯᠳᠠᠭᠰᠠᠳ ᠤᠨ ᠨᠥᠬᠦᠪᠥᠷᠢ ᠮᠥᠩᠭᠦ ᠶᠢ ᠨᠢ 6 ᠰᠠᠷ᠎ᠠ ᠪᠠᠷ ᠨᠢᠭᠡᠳᠦᠯᠲᠡᠶ ᠣᠯᠭᠤᠬᠤ | ᠬᠡᠷᠡᠭᠲᠡᠢ᠂ ᠪᠠᠷᠢᠮᠵᠢᠶ᠎ᠠ ᠶᠢ ᠨᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ 1 — 12 ᠳ᠋ᠤᠭᠠᠷ ᠰᠠᠷ᠎ᠠ | ᠬᠦᠷᠲᠡᠯᠡᠬᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦᠨ ᠤ ᠪᠠᠷᠢᠮᠵᠢᠶ᠎ᠠ ᠶᠢᠨ 80% ᠪᠠᠷ ᠲᠣᠭᠲᠠᠭᠠᠬᠤ | ᠬᠡᠷᠡᠭᠲᠡᠢ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠬᠤᠭᠤᠴᠠᠭ᠎ᠠ ᠨᠢ ᠲᠤᠯᠤᠭᠰᠠᠨ | ᠪᠣᠯᠪᠠᠴᠤ ᠪᠠᠰᠠ ᠠᠵᠢᠯ ᠣᠯᠤᠭᠠᠳᠤᠢ ᠮᠥᠷᠲᠡᠭᠡᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ | ᠬᠤᠭᠤᠴᠠᠭ᠎ᠠ ᠲᠤᠯᠳᠠᠯ᠎ᠠ 1 ᠵᠢᠯ ᠪᠠᠶᠢᠬᠤ ᠦᠭᠡᠢ ᠬᠥᠮᠦᠰ ᠲᠤ᠂ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠶᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠦᠷᠭᠦᠯᠵᠢᠯᠡᠨ ᠣᠯᠭᠤᠵᠤ ᠪᠣᠯᠣᠨ᠎ᠠ᠃ ᠳᠡᠭᠡᠷ᠎ᠡ | ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ 2020 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠬᠤᠶᠠᠷ︶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠪᠠᠰᠠ ᠲᠣᠭᠲᠠᠪᠤᠷᠢᠲᠠᠶ ᠠᠵᠢᠯ ᠣᠯᠣᠭᠠᠳᠤᠢ ᠪᠠᠶᠢᠪᠠᠯ᠂ ᠲᠥᠷᠥ ᠶᠢᠨ | ᠪᠣᠳᠣᠯᠭ᠎ᠠ ᠪᠠᠷ ᠬᠠᠷᠠᠭᠠᠯᠵᠠᠯ ᠬᠦᠷᠲᠡᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ ᠪᠣᠯᠤᠨ᠎ᠠ︔ ᠠᠵᠢᠯ ᠣᠯᠬᠤ ᠳᠤ | ᠬᠦᠴᠢᠷᠲᠡᠶ ᠬᠥᠮᠦᠰ ᠤᠨ ᠠᠮᠢᠳᠤᠯᠢᠭ ᠢᠶᠠᠷ ᠠᠵᠢᠯ ᠣᠯᠵᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠡᠮᠡᠭᠦᠷᠢ | ᠬᠦᠷᠲᠡᠬᠦ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ ᠲᠤᠯᠤᠭᠰᠠᠨ ᠪᠣᠯᠪᠠᠴᠤ ᠪᠠᠰᠠ ᠲᠣᠭᠲᠠᠪᠤᠷᠢᠲᠠᠶ ᠠᠵᠢᠯ | ᠣᠯᠣᠭᠠᠳᠤᠢ ᠪᠠᠶᠢᠪᠠᠯ᠂ ᠲᠥᠷᠥ ᠶᠢᠨ ᠪᠣᠳᠣᠯᠭ᠎ᠠ ᠪᠠᠷ ᠬᠠᠷᠠᠭᠠᠯᠵᠠᠯ ᠬᠦᠷᠲᠡᠬᠦ ᠬᠤᠭᠤᠴᠠᠭ᠎ᠠ ᠶᠢ ᠨᠢ 1 ᠵᠢᠯ | ᠤᠷᠲᠤᠳᠬᠠᠵᠤ ᠪᠣᠯᠤᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ | 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ | ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠭᠤᠬᠤ ᠳᠤ ᠦᠨᠡᠨ ᠬᠦ ᠬᠦᠴᠢᠷᠲᠡᠶ ᠲᠡᠳᠡᠭᠡᠷ ᠠᠵᠢᠯ ᠤᠯᠬᠤ ᠳᠤ | ᠬᠦᠴᠢᠷᠳᠡᠵᠦ ᠪᠠᠶᠢᠭ᠎ᠠ ᠬᠥᠮᠦᠰ ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠠᠰᠢᠭᠯᠠᠨ | ᠰᠠᠭᠤᠷᠢ ᠠᠴᠠ ᠨᠢ ᠪᠠᠲᠤᠯᠠᠵᠤ ᠲᠥᠪᠬᠢᠨᠡᠭᠦᠯᠬᠦ ᠬᠡᠷᠡᠭᠲᠡᠢ᠃ ᠠᠷᠢᠭᠤᠳᠬᠠᠨ ᠴᠡᠪᠡᠷᠯᠡᠵᠦ ᠬᠢᠵᠢᠭ ᠰᠡᠷᠭᠡᠶᠢᠯᠡᠬᠦ ᠪᠠ | ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠨᠢᠭᠡ ᠪᠦᠯᠦᠭ ᠲᠦᠷ ᠴᠠᠭ ᠤᠨ ᠴᠢᠨᠠᠷᠲᠠᠶ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠭᠠᠷᠭᠠᠵᠤ᠂ ᠠᠵᠢᠯ ᠤᠨ ᠡᠭᠦᠷᠭᠡ ᠪᠠ ᠠᠵᠢᠯᠯᠠᠬᠤ | ᠴᠠᠭ ᠢ ᠦᠨᠳᠦᠰᠦᠯᠡᠨ᠂ ᠵᠣᠬᠢᠬᠤ ᠬᠡᠮᠵᠢᠶᠡᠨ ᠤ ᠠᠵᠢᠯ ᠤᠨ ᠪᠠᠶᠢᠷᠢ ᠶᠢᠨ ᠨᠡᠮᠡᠭᠦᠷᠢ ᠪᠠ ᠨᠡᠶᠢᠭᠡᠮ ᠤᠨ ᠳᠠᠭᠠᠳᠬᠠᠯ ᠤᠨ | ᠨᠡᠮᠡᠭᠦᠷᠢ ᠣᠯᠭᠤᠬᠤ ᠬᠡᠷᠡᠭᠲᠡᠢ᠂ ᠨᠡᠮᠡᠭᠦᠷᠢ ᠣᠯᠭᠤᠬᠤ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 6 | ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ᠃ ᠬᠡᠷᠡᠭᠰᠡᠬᠦ ᠪᠡᠯᠡ ᠮᠥᠩᠭᠦ ᠶᠢ ᠠᠵᠢᠯ ᠣᠯᠭᠤᠬᠤ ᠨᠦᠬᠦᠪᠦᠷᠢ ᠶᠢᠨ ᠪᠡᠯᠡ | ᠮᠥᠩᠭᠦ ᠠᠴᠠ ᠵᠠᠷᠤᠴᠠᠭᠤᠯᠵᠤ ᠪᠣᠯᠤᠨ᠎ᠠ᠃ ᠠᠵᠤ ᠠᠬᠤᠶᠢᠯᠠᠯ ᠨᠢ ᠠᠵᠢᠯ ᠠᠯᠳᠠᠭᠰᠠᠨ ᠢᠶᠠᠨ ᠳᠠᠩᠰᠠᠯᠠᠨ | ᠲᠡᠮᠳᠡᠭᠯᠡᠭᠦᠯᠦᠭᠡᠳ ᠬᠠᠭᠠᠰ ᠵᠢᠯ ᠭᠠᠷᠤᠢ ᠪᠣᠯᠣᠭᠰᠠᠨ ᠬᠥᠮᠦᠰ ᠲᠤ ᠠᠵᠢᠯ ᠣᠯᠭᠤᠭᠰᠠᠨ ᠪᠥᠭᠡᠳ 1 ᠵᠢᠯ ᠠᠴᠠ | ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠳᠠᠭᠠᠤ ᠳᠤ ᠨᠡᠶᠢᠭᠡᠮ ᠤᠨ ᠳᠠᠭᠠᠳᠬᠠᠯ ᠢ ᠲᠣᠭᠲᠠᠭᠠᠯ ᠶᠣᠰᠣᠭᠠᠷ | ᠲᠤᠰᠢᠶᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠢᠶᠠᠷ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ | ᠯᠡ ᠤᠳᠠᠭ᠎ᠠ ᠳᠤ ᠥᠭᠴᠦ ᠪᠣᠯᠤᠨ᠎ᠠ᠂ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ | ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠨᠠᠢᠮᠠ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠭᠡᠨ ᠬᠡᠪᠴᠢᠶ᠎ᠡ ᠲᠠᠢ | ᠥᠷᠨᠢᠭᠦᠯᠬᠦ ᠬᠡᠷᠡᠭᠲᠡᠢ | ︵ᠬᠤᠷᠢᠨ ᠭᠤᠷᠪᠠ︶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠳᠡᠭᠡᠭᠰᠢᠯᠡᠭᠦᠯᠬᠦ | ᠪᠠ ᠠᠵᠢᠯ ᠤᠨ ᠪᠠᠶᠢᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ᠂ ᠠᠵᠤ ᠠᠬᠤᠶᠢᠯᠠᠯ | ᠪᠤᠶᠤ ᠠᠵᠤ ᠠᠬᠤᠶᠢᠯᠠᠯ ᠤᠨ ᠨᠠᠶᠢᠳᠠᠵᠤ ᠪᠣᠯᠪᠠᠰᠤᠷᠠᠭᠤᠯᠬᠤ ᠪᠠᠶᠢᠭᠤᠯᠤᠮᠵᠢ ᠨᠢ ᠠᠵᠢᠯᠲᠠᠨ ᠠᠵᠢᠯᠴᠢᠨ ︵ᠠᠵᠤ | ᠠᠬᠤᠶᠢᠯᠠᠯ ᠳᠤ ᠠᠵᠢᠯᠯᠠᠵᠤ ᠪᠠᠶᠢᠭ᠎ᠠ ᠬᠥᠳᠡᠯᠮᠦᠷᠢ ᠦᠢᠯᠡᠴᠢᠯᠡᠭᠡᠨ ᠢᠶᠠᠷ ᠲᠣᠮᠢᠯᠠᠭᠳᠠᠭᠰᠠᠨ ᠬᠥᠮᠦᠰ ᠢ ᠪᠠᠭᠲᠠᠭᠠᠨ᠎ᠠ᠂ | ᠳᠣᠷᠣᠭᠰᠢ ᠠᠳᠠᠯᠢ︶ ᠢᠶᠠᠨ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ᠂ ᠠᠵᠢᠯ ᠤᠨ ᠪᠠᠶᠢᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠶᠢᠨ | ᠤᠷ᠎ᠠ ᠴᠢᠳᠠᠪᠤᠷᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠥᠷᠨᠢᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠤᠨ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠠᠵᠢᠯᠯᠠᠭᠠᠨ ᠤ ᠪᠠᠯᠠ | ᠮᠥᠩᠭᠦᠨ ᠤ ᠬᠡᠷᠡᠭᠯᠡᠵᠦ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ | ︵ᠥᠪᠥᠷ ᠬᠥᠮᠦᠨ ᠨᠡᠶᠢᠭᠡᠮ ᠲᠠᠷᠬᠠᠭᠠᠭᠰᠠᠨ ﹇2019﹈ 60 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ | ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠰᠦᠯᠵᠢᠶᠡᠨ ᠳᠠᠬᠢ ᠨᠡᠮᠡᠭᠦᠷᠢ ᠥᠭᠬᠦ | ᠴᠢᠨᠠᠷᠲᠠᠶ ᠪᠣᠯᠪᠠᠰᠤᠷᠠᠭᠤᠯᠤᠯ ᠥᠷᠨᠢᠭᠦᠯᠦᠭᠰᠡᠨ ᠪᠠᠶᠢᠪᠠᠯ᠂ ᠴᠥᠮ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ | ᠳᠡᠭᠡᠭᠰᠢᠯᠡᠭᠦᠯᠬᠦ ᠨᠡᠮᠡᠭᠦᠷᠢ ᠶᠢ ᠲᠣᠭᠲᠠᠭᠠᠯ ᠶᠣᠰᠣᠭᠠᠷ ᠭᠤᠶᠤᠴᠢᠯᠠᠨ ᠠᠪᠴᠤ ᠪᠣᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠬᠤᠷᠢᠨ ᠳᠥᠷᠪᠡ︶ ᠠᠮᠤᠷ ᠲᠦᠪᠰᠢᠨ ᠤ ᠤᠷ᠎ᠠ ᠴᠢᠳᠠᠪᠤᠷᠢ ᠳᠡᠭᠡᠭᠰᠢᠯᠡᠭᠦᠯᠬᠦ ᠲᠥᠯᠥᠪᠯᠡᠭᠡ ᠶᠢ | ᠬᠡᠷᠡᠭᠵᠢᠭᠦᠯᠦᠨ᠂ ᠠᠵᠤ ᠠᠬᠤᠶᠢᠯᠠᠯ ᠤᠨ ᠤᠷ᠎ᠠ ᠴᠢᠳᠠᠪᠤᠷᠢ ᠶᠢᠨ ᠠᠵᠢᠯ ᠤᠨ ᠪᠠᠶᠢᠷᠢ ᠶᠢᠨ ᠠᠵᠢᠯᠲᠠᠨ ᠠᠵᠢᠯᠴᠢᠳ | ᠣᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠠᠳ ᠠᠶᠤᠯ ᠦᠭᠡᠢ | ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠯᠭᠠᠨ ᠬᠤᠷᠢᠶᠠᠵᠤ | ᠠᠪᠬᠤ ᠳᠤ ᠬᠢᠷᠢ ᠲᠡᠩᠴᠡᠭᠰᠡᠨ ᠪᠠᠶᠢᠪᠠᠯ᠂ ᠵᠢᠯ ᠪᠦᠷᠢ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠨ ᠤ | ᠲᠤᠭ᠎ᠠ ᠪᠠᠷ ᠠᠵᠤ ᠠᠬᠤᠶᠢᠯᠠᠯ ᠳᠤ ᠬᠥᠮᠦᠨ ᠳᠤᠮᠳᠠᠴᠢ ᠪᠠᠷ 200 ᠲᠥᠭᠦᠷᠢᠭ ᠤᠨ ᠪᠣᠯᠪᠠᠰᠤᠷᠠᠭᠤᠯᠤᠯ ᠤᠨ ᠨᠡᠮᠡᠭᠦᠷᠢ | ᠣᠯᠭᠤᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ᠂ | ᠨᠡᠭᠦᠷᠡᠰᠦᠨ ᠤ ᠪᠤᠰᠤ ᠠᠭᠤᠷᠬᠠᠶ᠂ ᠲᠡᠮᠦᠷᠯᠢᠭ ᠬᠠᠶᠢᠯᠤᠭᠤᠯᠬᠤ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ | ᠲᠤᠰᠠᠯᠠᠬᠤ ᠵᠡᠷᠭᠡ ᠠᠶᠤᠯ ᠶᠡᠭᠡ ᠲᠠᠢ ᠠᠵᠢᠯ ᠲᠥᠷᠥᠯ ᠤᠨ ᠠᠵᠤ ᠠᠬᠤᠶᠢᠯᠠᠯ ᠤᠳ ᠠᠵᠢᠯᠯᠠᠵᠤ ᠪᠠᠶᠢᠭ᠎ᠠ ᠬᠥᠮᠦᠰ ᠪᠠ | ᠡᠯ᠎ᠡ ᠲᠥᠷᠥᠯ ᠤᠨ ᠣᠨᠴᠠᠭᠠᠢ ᠵᠦᠢᠯ ᠤᠨ ᠠᠵᠢᠯ ᠬᠢᠵᠦ ᠪᠠᠶᠢᠭ᠎ᠠ ᠬᠥᠮᠦᠰ ᠢᠶᠠᠨ ᠵᠣᠬᠢᠶᠠᠨ ᠪᠠᠶᠢᠭᠤᠯᠵᠤ ᠠᠮᠤᠷ | ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠠᠵᠢᠯ ᠬᠢᠭᠰᠡᠳ ᠤᠨ ᠠᠮᠤᠷ | ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠬᠢᠷᠢ ᠲᠡᠩᠴᠡᠪᠡᠯ ᠠᠵᠢᠯ ᠤᠨ ᠪᠠᠶᠢᠷᠢ ᠳᠤ ᠭᠠᠷᠭᠠᠬᠤ | ᠳᠦᠷᠢᠮ ᠢ ᠴᠢᠩᠭ᠎ᠠ ᠬᠡᠷᠡᠭᠵᠢᠭᠦᠯᠦᠨ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠠᠶᠢᠪᠠᠯ᠂ ᠥᠪᠡᠷᠲᠡᠭᠡᠨ ᠵᠠᠰᠠᠬᠤ | ᠣᠷᠣᠨ ᠤ ︽ᠭᠤᠤᠯᠳᠠᠯᠭ᠎ᠠ ᠲᠠᠢ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠲᠠᠬᠢ A | ᠲᠥᠷᠥᠯ ᠤᠨ ᠠᠵᠢᠯ ᠮᠡᠷᠭᠡᠵᠢᠯ ︵ᠠᠵᠢᠯ︶ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ᠂ ᠠᠵᠢᠯᠲᠠᠨ ᠠᠵᠢᠯᠴᠢᠨ | ᠬᠤᠪᠢ ᠬᠥᠮᠦᠨ ᠪᠤᠶᠤ ᠠᠵᠤ ᠠᠬᠤᠶᠢᠯᠠᠯ ᠳᠤ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠢ᠂ ᠨᠡᠮᠡᠭᠦᠷᠢ ᠶᠢᠨ | ᠪᠡᠯᠡ ᠮᠥᠩᠭᠦ ᠶᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠠᠵᠢᠯᠯᠠᠭᠠᠨ ᠤ ᠲᠤᠰᠬᠠᠶ ᠪᠡᠯᠡ ᠮᠦᠩᠬᠦᠨ | ᠠᠴᠠ ᠭᠠᠷᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ | ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠷᠢᠨ ᠲᠠᠪᠤ︶ ᠠᠵᠢᠯ ᠣᠯᠬᠤ ᠭᠤᠣᠯᠳᠠᠯᠭ᠎ᠠ ᠲᠠᠢ ᠬᠥᠮᠥᠰ ᠢ ᠵᠣᠷᠢᠭᠵᠢᠭᠤᠯᠵᠤ ᠪᠠᠶᠢᠭᠠᠳ ︽ᠢᠨᠲ᠋ᠧᠷ | ᠰᠦᠯᠵᠢᠶ᠎ᠡ + ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ︾ ᠳᠤ | ᠢᠳᠡᠪᠬᠢᠲᠡᠢ ᠣᠷᠣᠯᠴᠠᠭᠤᠯᠤᠨ᠂ ᠡᠯ᠎ᠡ ᠭᠠᠵᠠᠷ ᠣᠷᠣᠨ ᠨᠢ ᠠᠵᠢᠯ ᠣᠯᠭᠤᠬᠤ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠪᠠ ᠦᠢᠯᠡᠰ ᠴᠣᠭᠴᠠᠯᠠᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠠᠳᠠᠯᠢ ᠪᠤᠰᠤ ᠠᠵᠢᠯ | ᠮᠡᠷᠭᠡᠵᠢᠯ ︵ᠠᠵᠢᠯ︶ ᠪᠠ ᠪᠣᠯᠪᠠᠰᠤᠷᠠᠭᠤᠯᠤᠯ ᠤᠨ ᠲᠥᠷᠥᠯ ᠵᠦᠢᠯ ᠢ ᠦᠨᠳᠦᠰᠦᠯᠡᠨ᠂ ᠰᠦᠯᠵᠢᠶᠡᠨ ᠤ ᠪᠠ | ᠰᠦᠯᠵᠢᠶᠡᠨ ᠭᠠᠳᠠᠭᠤᠷᠬᠢ ᠪᠣᠯᠪᠠᠰᠤᠷᠠᠭᠤᠯᠬᠤ ᠬᠢᠴᠢᠶᠡᠯ ᠤᠨ ᠴᠠᠭ ᠤᠨ ᠬᠠᠷᠢᠴᠠᠯ ᠢ ᠵᠣᠬᠢᠰᠲᠠᠶ ᠲᠣᠭᠲᠠᠭᠠᠵᠤ | ᠪᠣᠯᠤᠨ᠎ᠠ᠂ ᠵᠠᠷᠢᠮ ᠪᠣᠳᠠᠲᠠᠢ ᠠᠵᠢᠯᠯᠠᠭᠤᠯᠵᠤ ᠰᠣᠷᠢᠬᠤ ᠴᠢᠬᠤᠯᠠ ᠦᠭᠡᠢ ᠪᠤᠶᠤ ᠰᠦᠯᠵᠢᠶ᠎ᠡ ᠪᠠᠷ ᠳᠠᠭᠤᠷᠢᠶᠠᠨ | ᠠᠵᠢᠯᠯᠠᠵᠤ ᠰᠣᠷᠢᠵᠤ ᠪᠣᠯᠬᠤ ᠠᠵᠢᠯ ᠮᠡᠷᠭᠡᠵᠢᠯ ︵ᠠᠵᠢᠯ︶ ᠤᠨ ᠲᠥᠷᠥᠯ ᠵᠦᠢᠯ ᠢ ᠪᠥᠬᠦ ᠶᠠᠪᠤᠴᠠ ᠪᠠᠷ ᠨᠢ | ᠰᠦᠯᠵᠢᠶ᠎ᠡ ᠪᠠᠷ ᠪᠣᠯᠪᠠᠰᠤᠷᠠᠭᠤᠯᠬᠤ ᠪᠠ ᠰᠦᠯᠵᠢᠶ᠎ᠡ ᠪᠠᠷ ᠰᠢᠯᠭᠠᠨ ᠬᠢᠨᠠᠵᠤ ᠪᠣᠯᠬᠤ ᠶᠢᠨ ᠬᠠᠮᠲᠤ᠂ | ᠪᠣᠯᠪᠠᠰᠤᠷᠠᠭᠤᠯᠤᠯ ᠤᠨ ᠨᠡᠮᠡᠭᠦᠷᠢ ᠶᠢ ᠲᠣᠭᠲᠠᠭᠠᠯ ᠶᠣᠰᠣᠭᠠᠷ ᠣᠯᠭᠤᠬᠤ ᠬᠡᠷᠡᠭᠲᠡᠢ᠃ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠣᠷᠣᠨ ᠪᠦᠰᠡ ᠠᠯᠤᠰᠯᠠᠨ ᠪᠣᠯᠪᠠᠰᠤᠷᠠᠭᠤᠯᠬᠤ ᠪᠠ ᠪᠣᠯᠪᠠᠰᠤᠷᠠᠭᠤᠯᠤᠭᠰᠠᠨ ᠴᠠᠭ ᠢ ᠨᠢ ᠨᠡᠶᠢᠯᠡᠭᠦᠯᠦᠨ | ᠪᠤᠳᠤᠬᠤ ᠵᠡᠷᠭᠡ ᠪᠣᠯᠪᠠᠰᠤᠷᠠᠭᠤᠯᠤᠯ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ | ᠪᠣᠯᠪᠠᠰᠤᠷᠠᠭᠤᠯᠤᠯ ᠳᠤ ᠣᠷᠣᠯᠴᠠᠭᠰᠠᠨ ᠪᠥᠭᠡᠳ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠦᠨᠡᠮᠯᠡᠯ ᠣᠯᠤᠭᠰᠠᠨ | ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠪᠦᠷᠢ ᠳᠤ ᠡᠳᠦᠷ ᠪᠦᠷᠢ 100 ᠲᠥᠭᠦᠷᠢᠭ ᠤᠨ | ᠠᠮᠢᠳᠤᠷᠠᠯ ᠤᠨ ᠨᠡᠮᠡᠭᠦᠷᠢ ︵ᠵᠠᠮ ᠬᠠᠷᠢᠯᠴᠠᠭᠠᠨ ᠤ ᠨᠡᠮᠡᠭᠦᠷᠢ ᠪᠠᠭᠲᠠᠨ᠎ᠠ︶ ᠣᠯᠭᠤᠬᠤ ᠬᠡᠷᠡᠭᠲᠡᠶ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠵᠢᠯᠴᠠᠨ᠎ᠠ︶ | ᠶᠢᠰᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠬᠡᠷᠡᠭᠲᠡᠢ | ︵ᠬᠤᠷᠢᠨ ᠵᠢᠷᠭᠤᠭ᠎ᠠ︶ ᠰᠦᠯᠵᠢᠶ᠎ᠡ ᠪᠠᠷ ᠬᠠᠩᠭᠠᠯᠭ᠎ᠠ ᠬᠡᠷᠡᠭᠴᠡᠭᠡ ᠶᠢ ᠪᠠᠶᠢᠴᠠᠭᠠᠬᠤ᠂ ᠪᠣᠯᠪᠠᠰᠤᠷᠠᠭᠤᠯᠤᠯ ᠢ | ᠵᠣᠯᠭᠠᠭᠤᠯᠬᠤ᠂ ᠠᠵᠢᠯ ᠣᠯᠭᠤᠯᠲᠠ ᠶᠢ ᠵᠣᠯᠭᠠᠭᠤᠯᠬᠤ᠂ ᠮᠥᠷᠳᠡᠨ ᠦᠢᠯᠡᠴᠢᠯᠡᠬᠦ ︽ᠳᠥᠷᠪᠡ ᠶᠢ ᠨᠢᠭᠡ | ᠴᠣᠭᠴᠠᠵᠢᠭᠤᠯᠤᠭᠰᠠᠨ︾ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠭᠡᠨ | ᠬᠡᠪᠴᠢᠶ᠎ᠡ ᠲᠠᠢ ᠥᠷᠨᠢᠭᠦᠯᠦᠨ᠂ ᠪᠠᠶᠢᠴᠠᠭᠠᠯᠲᠠ ᠶᠢᠨ ᠦᠷ᠎ᠡ ᠳ᠋ᠦᠩ ᠢ ᠭᠦᠢᠴᠡᠳ ᠠᠰᠢᠨᠨᠯᠠᠵᠦ᠂ ᠬᠠᠩᠭᠠᠯᠭ᠎ᠠ | ᠬᠡᠷᠡᠭᠴᠡᠭᠡ ᠪᠠᠷ ᠨᠢ ᠠᠵᠢᠯ ᠣᠯᠭᠤᠬᠤ ᠦᠢᠯᠡᠴᠢᠯᠡᠭᠡᠨ ᠤ ᠠᠵᠢᠯᠯᠠᠭ᠎ᠠ ᠶᠢ ᠬᠠᠨᠳᠤᠯᠭ᠎ᠠ ᠲᠠᠢ ᠪᠠᠷ ᠥᠷᠨᠢᠭᠦᠯᠬᠦ | ᠬᠡᠷᠡᠭᠲᠡᠢ᠃ ᠨᠡᠶᠢᠭᠡᠮ ᠤᠨ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠪᠠᠶᠢᠭᠤᠯᠤᠮᠵᠢ ᠪᠠ ᠬᠥᠳᠡᠯᠮᠦᠷᠢ ᠦᠢᠯᠡᠴᠢᠯᠡᠭᠡᠨ ᠤ ᠡᠷᠬᠢᠯᠡᠨ ᠵᠠᠭᠤᠴᠢᠯᠠᠭᠴᠢ ᠵᠡᠷᠭᠡ ᠦᠢᠯᠡᠴᠢᠯᠡᠭᠡ ᠬᠠᠩᠭᠠᠭᠰᠠᠨ | ᠪᠠᠶᠢᠪᠠᠯ᠂ ᠠᠵᠢᠯ ᠣᠯᠭᠤᠵᠤ ᠦᠢᠯᠡᠰ ᠴᠣᠭᠴᠠᠯᠠᠬᠤ ᠦᠢᠯᠡᠴᠢᠯᠡᠭᠡᠨ ᠤ ᠨᠡᠮᠡᠭᠦᠷᠢ ᠶᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ ᠂ | ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ | ︵ᠬᠤᠷᠢᠨ ᠳᠣᠯᠤᠭ᠎ᠠ︶ ᠬᠤᠲᠠ ᠪᠠᠯᠭᠠᠰᠤ ᠶᠢ ᠪᠠᠶᠢᠩᠭᠤ ᠰᠠᠭᠤᠭ᠎ᠠ ᠭᠠᠵᠠᠷ ᠢᠶᠠᠷ ᠳᠠᠩᠰᠠᠯᠠᠨ | ᠲᠡᠮᠳᠡᠭᠯᠡᠭᠦᠯᠦᠭᠰᠡᠨ ᠠᠵᠢᠯ ᠠᠯᠳᠠᠭᠰᠠᠳ ︵ᠬᠥᠳᠡᠭᠡ ᠲᠣᠰᠬᠤᠨ ᠠᠴᠠ ᠬᠤᠲᠠ ᠣᠷᠣᠵᠤ ᠬᠦᠴᠦ ᠶᠠᠪᠤᠭᠰᠠᠳ ᠪᠠ | ᠲᠤᠰ ᠭᠠᠵᠠᠷ ᠤᠨ ᠪᠤᠰᠤ ᠡᠷᠦᠬᠡ ᠠᠮᠠ ᠲᠠᠢ ᠪᠤᠰᠤᠳ ᠬᠥᠮᠦᠰ ᠪᠠᠭᠲᠠᠨ᠎ᠠ︶ ᠢ ᠬᠤᠲᠠ ᠪᠠᠯᠭᠠᠰᠤᠨ ᠤ ᠳᠠᠩᠰᠠᠯᠠᠨ | ᠲᠡᠮᠳᠡᠭᠯᠡᠭᠦᠯᠦᠭᠰᠡᠨ ᠠᠵᠢᠯ ᠠᠯᠳᠠᠭᠰᠠᠳ ᠢᠶᠠᠷ ᠪᠦᠷᠢᠳᠭᠡᠬᠦ ᠬᠡᠪᠴᠢᠶᠡᠨ ᠳᠤ ᠣᠷᠣᠭᠤᠯᠵᠤ᠂ ᠡᠯ᠎ᠡ ᠲᠥᠷᠥᠯ ᠤᠨ | ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠬᠦᠷᠲᠡᠭᠡᠬᠦ ᠬᠡᠷᠡᠭᠲᠡᠢ᠂ ᠬᠥᠮᠦᠨ ᠪᠠ ᠡᠷᠦᠬᠡ ᠠᠮᠠ ᠨᠢ | ᠰᠠᠯᠤᠩᠬᠢᠷᠠᠭᠰᠠᠨ ᠪᠠ ᠡᠷᠦᠬᠡ ᠠᠮᠠ ᠨᠢ ᠲᠣᠰ ᠭᠠᠵᠠᠷ ᠤᠨ ᠪᠢᠰᠢ ᠵᠡᠷᠭᠡ ᠰᠢᠯᠲᠠᠭᠠᠨ ᠢᠶᠠᠷ ᠬᠦᠯᠢᠶᠡᠨ ᠠᠪᠴᠤ | ᠭᠦᠢᠴᠡᠳᠬᠡᠬᠦ ᠦᠭᠡᠢ ᠪᠠᠶᠢᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ ᠬᠠᠮᠵᠢᠯᠴᠠᠨ᠎ᠠ︶ | ᠠᠷᠪᠠ᠂ ᠠᠵᠢᠯ ᠣᠯᠭᠤᠬᠤ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ | ︵ᠬᠤᠷᠢᠨ ᠨᠠᠢᠮᠠ︶ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠨᠥᠯᠥᠭᠡ ᠶᠢ ᠠᠷᠭᠠᠴᠠᠭᠠᠨ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ ᠪᠠᠨ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠡᠯ᠎ᠡ | ᠵᠦᠢᠯ ᠤᠨ ᠠᠵᠢᠯ ᠢ ᠱᠠᠯᠠᠪᠳᠠᠨ ᠬᠢᠵᠦ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠪᠣᠳᠠᠲᠠᠶ ᠬᠡᠷᠡᠭᠵᠢᠭᠦᠯᠬᠦ ᠲᠥᠰᠦᠯ ᠢ | ᠲᠣᠭᠲᠠᠭᠠᠨ ᠨᠡᠶᠢᠲᠡᠯᠡᠵᠦ᠂ ᠪᠡᠯᠡ ᠮᠦᠩᠬᠦᠨ ᠤ ᠪᠠᠲᠤᠯᠠᠭ᠎ᠠ ᠶᠢ ᠴᠢᠩᠭᠠᠷᠠᠭᠤᠯᠤᠨ᠂ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ ᠲᠥᠷᠥ ᠶᠢᠨ ᠪᠣᠳᠣᠯᠭ᠎ᠠ ᠪᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠪᠣᠳᠠᠲᠤ ᠦᠷ᠎ᠡ ᠪᠦᠲᠦᠮᠵᠢ | ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠠᠵᠢᠯ ᠣᠯᠭᠤᠯᠲᠠ ᠶᠢᠨ ᠠᠵᠢᠯ ᠶᠠᠪᠤᠳᠠᠯ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠨᠢ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ ᠵᠦᠢᠯ ᠤᠨ | ᠭᠤᠤᠯᠳᠠᠯᠭ᠎ᠠ ᠲᠠᠢ ᠭᠦᠢᠴᠡᠳᠬᠡᠯ ᠲᠣᠭᠠᠨ ᠤ ᠠᠬᠢᠴᠠ ᠶᠢᠨ ᠪᠠᠶᠢᠳᠠᠯ ᠢ ᠮᠥᠷᠳᠡᠨ ᠲᠣᠬᠢᠷᠠᠭᠤᠯᠵᠤ᠂ ᠴᠢᠬᠤᠯᠠ ᠶᠡᠭᠡ | ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠡᠳ᠋ ᠤᠨ ᠵᠠᠰᠠᠭ ᠭᠠᠶᠢᠯᠢ᠂ | ᠮᠥᠩᠭᠦᠨ ᠭᠦᠢᠯᠭᠡᠭᠡ᠂ ᠡᠵᠡᠩᠨᠡᠨ ᠬᠤᠳᠠᠯᠳᠤᠭᠠᠯᠠᠬᠤ ᠵᠡᠷᠭᠡ ᠲᠥᠷᠥ ᠶᠢᠨ ᠪᠣᠳᠣᠯᠭ᠎ᠠ ᠬᠢᠭᠡᠳ ᠠᠵᠢᠯ ᠣᠯᠭᠤᠬᠤ | ᠲᠥᠷᠥ ᠶᠢᠨ ᠪᠣᠳᠣᠯᠭ᠎ᠠ ᠶᠢᠨ ᠬᠠᠮᠵᠢᠯᠴᠠᠬᠤ ᠶᠢ ᠴᠢᠩᠭᠠᠳᠬᠠᠨ᠂ ᠣᠷᠣᠨ ᠳᠠᠶᠠᠭᠠᠷ ᠲᠤ ᠠᠵᠢᠯ ᠣᠯᠭᠤᠯᠲᠠ ᠶᠢ | ᠴᠢᠬᠤᠯᠠᠴᠢᠯᠠᠬᠤ᠂ ᠠᠵᠢᠯ ᠣᠯᠭᠤᠯᠲᠠ ᠶᠢ ᠳᠡᠮᠵᠢᠬᠦ᠂ ᠠᠵᠢᠯ ᠣᠯᠭᠤᠯᠲᠠ ᠶᠢ ᠠᠬᠢᠭᠤᠯᠬᠤ ᠠᠵᠢᠯ ᠤᠨ ᠪᠠᠶᠢᠷᠢᠰᠢᠯ ᠢ | ᠠᠬᠢᠭᠤᠯᠤᠨ ᠪᠣᠶ ᠪᠣᠯᠭᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠶ ᠠᠵᠢᠯ ᠤᠨ | ᠪᠦᠷᠢᠯᠳᠦᠬᠦᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | 2020 ᠣᠨ ᠤ 5 ᠳ᠋ᠤᠭᠠᠷ ᠰᠠᠷ᠎ᠠ ᠶᠢᠨ 9 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |