ᠬᠥᠬᠡᠬᠤᠲᠠ ᠶᠢᠨ ᠡᠯ᠎ᠡ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠠᠯᠭᠠᠭ᠎ᠠ ᠪᠠᠷ ᠰᠤᠷᠭᠠᠭᠤᠯᠢ ᠡᠬᠢᠯᠡᠵᠦ ᠬᠢᠴᠢᠶᠡᠯᠯᠡᠪᠡ
ᠨᠡᠶᠢᠲᠡᠯᠡᠭᠰᠡᠨ ᠴᠠᠭ᠄
2020/5/28
    ᠰᠤᠷᠭᠠᠭᠤᠯᠢ ᠳᠤ ᠣᠷᠣᠬᠤ ᠳᠠᠩᠰᠠᠯᠠᠯᠲᠠ      5 ᠳ᠋ᠤᠭᠠᠷ ᠰᠠᠷ᠎ᠠ ᠶᠢᠨ 25᠎ ᠤ ᠡᠳᠦᠷ᠂ ᠣᠷᠭᠢᠯ ᠦᠶ᠎ᠡ ᠶᠢ ᠵᠥᠷᠢᠭᠦᠯᠦᠨ ᠰᠤᠷᠭᠠᠭᠤᠯᠢ ᠴᠤᠭᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠠᠵᠤ ᠠᠬᠤᠢ ᠠᠷᠠᠯᠵᠢᠶᠠᠨ ᠤ ᠰᠤᠷᠭᠠᠭᠤᠯᠢ ᠶᠢᠨ ᠠᠵᠢᠯ ᠲᠦᠷᠦᠯ ᠢᠶᠠᠷ ᠢᠶᠠᠨ ᠰᠤᠷᠭᠠᠭᠤᠯᠢ ᠳᠠᠪᠰᠢᠬᠤ ᠠᠩᠬᠢ ᠪᠣᠯᠤᠨ ᠬᠠᠪᠤᠷ ᠤᠨ ᠤᠯᠠᠷᠢᠯ ᠤᠨ ᠪᠡᠯᠡᠳᠬᠡᠯ ᠠᠩᠬᠢ ᠶᠢᠨ 200 ᠰᠢᠬᠠᠮ ᠰᠤᠷᠤᠭᠴᠢ ᠬᠤᠶᠠᠷ ᠪᠦᠯᠦᠭ ᠬᠤᠪᠢᠶᠠᠵᠤ ᠰᠠᠯᠤᠭᠠᠳ ᠤᠳᠠᠭᠰᠠᠨ ᠰᠤᠷᠭᠠᠭᠤᠯᠢ ᠶᠢᠨ ᠬᠦᠷᠢᠶᠡᠨ ᠳᠤ ᠪᠠᠨ ᠪᠤᠴᠠᠵᠤ᠂ ᠰᠠᠨᠠᠭᠠᠳ ᠤᠳᠠᠭᠰᠠᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢᠶᠠᠨ ᠡᠬᠢᠯᠡᠭᠦᠯᠪᠡ᠃      ᠲᠤᠬᠠᠶ ᠶᠢᠨ ᠡᠳᠦᠷ ᠤᠨ ᠦᠳᠡ ᠶᠢᠨ ᠡᠮᠦᠨ᠎ᠡ ᠥᠪᠥᠷ ᠮᠣᠩᠭᠤᠯ ᠤᠨ ᠠᠵᠤ ᠠᠬᠤᠶ ᠠᠷᠠᠯᠵᠢᠶᠠᠨ ᠤ ᠰᠤᠷᠭᠠᠭᠤᠯᠢ ᠶᠢᠨ ᠡᠭᠦᠳᠡᠨ ᠳᠤ ᠣᠯᠵᠤ ᠦᠵᠡᠭᠰᠡᠨ ᠢᠶᠠᠷ᠂ ᠰᠤᠷᠤᠭᠴᠢᠳ ᠲᠥᠭᠡᠷᠢᠯ ᠥᠩᠭᠡᠲᠦ ᠬᠤᠪᠴᠠᠰᠤ ᠪᠠᠨ ᠡᠮᠦᠰᠴᠦ᠂ 1 ᠮᠧᠲᠷ ᠠᠴᠠ ᠬᠤᠯᠠ ᠵᠠᠶᠢᠲᠠᠶ ᠪᠠᠶᠢᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠡᠶ᠎ᠡ ᠶᠢᠨ ᠬᠠᠯᠠᠭᠤᠨ ᠢ ᠬᠡᠮᠵᠢᠬᠦ ᠰᠠᠷᠠᠪᠴᠢᠨ ᠳᠤ ᠮᠥᠷᠯᠡᠨ ᠣᠷᠤᠨ᠎ᠠ᠃ ᠪᠡᠶ᠎ᠡ ᠶᠢᠨ ᠬᠠᠯᠠᠭᠤᠨ ᠢ ᠬᠡᠮᠵᠢᠬᠦ ᠨᠣᠭᠤᠭᠠᠨ ᠥᠩᠭᠡᠲᠦ ᠰᠠᠷᠠᠪᠴᠢᠨ ᠳᠤ ᠬᠡᠲᠦ ᠤᠯᠠᠭᠠᠨ ᠰᠠᠴᠤᠷᠠᠭ ᠤᠨ ᠬᠠᠯᠠᠭᠤᠨ ᠬᠡᠮᠵᠢᠭᠦᠷ ᠤᠨ ᠪᠠᠭᠠᠵᠢ ᠤᠭᠰᠠᠷᠠᠵᠤ ᠪᠠᠶᠢᠳᠠᠭ᠃ ᠰᠤᠷᠤᠭᠴᠢᠳ ᠬᠤᠶᠠᠷ ᠤᠳᠠᠭ᠎ᠠ ᠪᠡᠶ᠎ᠡ ᠶᠢᠨ ᠬᠠᠯᠠᠭᠤᠨ ᠬᠡᠮᠵᠢᠭᠦᠯᠦᠭᠡᠳ ᠬᠢᠷᠢ ᠲᠡᠩᠴᠡᠭᠰᠡᠨ ᠤ ᠳᠠᠷᠠᠭ᠎ᠠ᠂ ᠬᠤᠪᠢ ᠬᠥᠮᠦᠨ ᠤ ᠡᠷᠡᠭᠦᠯ ᠮᠡᠨᠳᠦ ᠶᠢᠨ ᠺᠠᠷᠲ᠂ ᠡᠷᠡᠭᠦᠯ ᠮᠡᠨᠳᠦ ᠶᠢᠨ ᠺᠣᠳ᠋ ᠵᠢᠴᠢ ᠲᠥᠭᠰᠢᠭᠦᠷᠢ ᠶᠡᠭᠡ ᠭᠠᠵᠠᠷ ᠳᠤ ᠨᠤᠲᠤᠭ ᠎ ᠲᠠᠢ ᠪᠠ ᠵᠢᠭᠤᠯᠴᠢᠯᠠᠭᠰᠠᠨ ᠲᠡᠤᠬᠡ ᠥᠬᠡᠶ ᠮᠦᠷᠲᠡᠭᠡᠨ ᠨᠢᠭᠲᠠ ᠥᠯᠥ ᠤᠶᠢᠷᠠᠲᠤᠭᠰᠠᠳ ︽ᠬᠡᠷ ᠤᠨ ᠠᠬᠠᠮᠠᠳ ᠤᠨ ᠠᠮᠠᠯᠠᠯᠲᠠ ᠶᠢᠨ ᠪᠢᠴᠢᠭ︾᠎ ᠢᠶᠠᠨ ᠰᠤᠷᠭᠠᠭᠤᠯᠢ ᠶᠢᠨ ᠠᠵᠢᠯᠲᠠᠨ ᠳᠤ ᠳᠡᠪᠰᠢᠭᠦᠯᠪᠡᠯ ᠳᠠᠷᠤᠶ ᠰᠤᠷᠭᠠᠭᠤᠯᠢ ᠳᠤ ᠣᠷᠣᠵᠤ ᠪᠠᠶᠢᠯ᠎ᠠ᠃      ᠲᠤᠰ ᠰᠤᠷᠭᠠᠭᠤᠯᠢ ᠶᠢᠨ ᠰᠤᠷᠤᠭᠴᠢ ᠶᠢᠨ ᠭᠠᠵᠠᠷ ᠤᠨ ᠬᠠᠷᠢᠭᠤᠴᠠᠯᠭᠠᠲᠠᠨ ᠳ᠋ᠦ᠋ ᠯᠢ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠰᠤᠷᠭᠠᠭᠤᠯᠢ ᠠᠴᠠ ᠠᠵᠢᠯ ᠲᠥᠷᠥᠯ ᠢᠶᠠᠷ ᠢᠶᠠᠨ ᠰᠤᠷᠭᠠᠭᠤᠯᠢ ᠳᠠᠪᠰᠢᠬᠤ ᠠᠩᠭᠢ ᠪᠣᠯᠤᠨ ᠬᠠᠪᠤᠷ ᠤᠨ ᠤᠯᠠᠷᠢᠯ ᠤᠨ ᠪᠡᠯᠡᠳᠬᠡᠯ ᠠᠩᠭᠢ ᠶᠢᠨ ᠰᠤᠷᠤᠭᠴᠢᠳ ᠲᠤ ᠣᠷᠭᠢᠯ ᠦᠶ᠎ᠡ ᠶᠢ ᠵᠥᠷᠢᠭᠦᠯᠦᠨ ᠰᠤᠷᠭᠠᠭᠤᠯᠢ ᠳᠤ ᠣᠷᠣᠬᠤ ᠴᠠᠭ ᠤᠨ ᠬᠦᠰᠦᠨᠦᠭᠲᠦ ᠲᠣᠭᠲᠠᠭᠠᠨ ᠥᠭᠴᠦ᠂ ᠬᠤᠭᠤᠯᠠ ᠬᠤᠨᠤᠭ ᠤᠨ ᠲᠠᠯ᠎ᠠ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠬᠠᠮᠢᠶᠠᠷᠴᠤ᠂ ᠭᠠᠭᠴᠠ ᠬᠥᠮᠦᠨ ᠭᠠᠭᠴᠠ ᠪᠠᠷ ᠢᠶᠠᠨ ᠰᠠᠭᠤᠵᠤ᠂ ᠣᠷᠭᠢᠯ ᠦᠶ᠎ᠡ ᠶᠢ ᠵᠥᠷᠢᠭᠦᠯᠦᠨ ᠬᠤᠭᠤᠯᠠᠯᠠᠨ᠎ᠠ᠃ ᠰᠤᠷᠭᠠᠭᠤᠯᠢ ᠶᠢᠨ ᠡᠭᠦᠳᠡᠨ ᠤ ᠭᠠᠳᠠᠨ᠎ᠠ ᠳᠣᠲᠣᠨ᠎ᠠ ᠪᠠᠰᠠ ᠭᠠᠷ ᠢᠶᠠᠨ ᠠᠷᠢᠭᠤᠳᠬᠠᠬᠤ᠂ ᠣᠷᠣ ᠳᠡᠪᠢᠰᠬᠡᠷ ᠢᠶᠠᠨ ᠠᠷᠢᠭᠤᠳᠬᠠᠬᠤ᠂ ᠪᠡᠶ᠎ᠡ ᠶᠢᠨ ᠬᠠᠯᠠᠭᠤᠨ ᠢ ᠰᠢᠯᠭᠠᠨ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠬᠢᠵᠦ᠂ ᠰᠤᠷᠤᠭᠴᠢᠳ ᠤᠨ ᠰᠤᠷᠤᠯᠭ᠎ᠠ ᠠᠮᠢᠳᠤᠷᠠᠯ ᠤᠨ ᠠᠮᠤᠷ ᠲᠦᠪᠰᠢᠨ ᠢ ᠪᠠᠲᠤᠯᠠᠨ᠎ᠠ᠃ ᠠᠵᠢᠯ ᠲᠥᠷᠥᠯ ᠢᠶᠠᠷ ᠢᠶᠠᠨ ᠰᠤᠷᠭᠠᠭᠤᠯᠢ ᠳᠡᠪᠰᠢᠬᠦ ᠠᠩᠭᠢ ᠬᠢᠴᠢᠶᠡᠯ ᠡᠬᠢᠯᠡᠭᠰᠡᠨ ᠤ ᠳᠠᠷᠠᠭ᠎ᠠ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠠᠴᠠ ᠡᠮᠦᠨᠡᠬᠢ ᠳᠠᠪᠲᠠᠯᠭ᠎ᠠ ᠶᠢᠨ ᠪᠡᠯᠡᠳᠬᠡᠯ ᠬᠢᠨ᠎ᠡ︔ ᠬᠠᠪᠤᠷ ᠤᠨ ᠤᠯᠠᠷᠢᠯ ᠤᠨ ᠪᠡᠯᠡᠳᠬᠡᠯ ᠠᠩᠬᠢ ᠰᠤᠷᠭᠠᠭᠤᠯᠢ ᠡᠬᠢᠯᠡᠭᠰᠡᠨ ᠤ ᠲᠠᠷᠠᠭ᠎ᠠ᠂ ᠰᠤᠷᠤᠭᠴᠢᠳ ᠤᠨ ᠰᠤᠷᠤᠯᠴᠠᠬᠤ ᠳᠠᠳᠬᠠᠯ ᠢ ᠬᠥᠮᠦᠵᠢᠭᠦᠯᠬᠦ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠨ᠎ᠠ ᠭᠡᠪᠡ᠃      ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠮᠡᠳᠡᠭᠳᠡᠯ ᠶᠣᠰᠣᠭᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 7᠎ ᠤ ᠡᠳᠦᠷ ᠠᠴᠠ ᠡᠬᠢᠯᠡᠨ᠂ ᠬᠠᠷᠢᠶᠠᠲᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠦᠨᠡᠯᠡᠨ ᠵᠢᠱᠢᠬᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ᠂ ᠬᠥᠬᠡᠬᠤᠲᠠ ᠶᠢᠨ ᠡᠯ᠎ᠡ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠵᠠᠯᠭᠠᠭ᠎ᠠ ᠪᠠᠷ ᠰᠤᠷᠭᠠᠭᠤᠯᠢ ᠡᠬᠢᠯᠡᠵᠦ ᠬᠢᠴᠢᠶᠡᠯᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号