5 ᠰᠠᠷ᠎ᠠ ᠶᠢᠨ 27 ᠤ ᠡᠳᠦᠷ᠂ ᠰᠤᠷᠪᠤᠯᠵᠢᠯᠠᠬᠴᠢ ᠦᠪᠦᠷ ᠮᠤᠩᠭᠤᠯ ᠤᠨ ᠲᠦᠯᠦᠭᠡᠯᠡᠭᠴᠢᠳ ᠤᠨ | ᠪᠦᠯᠬᠦᠮ ᠤᠨ ᠰᠠᠨᠠᠯ ᠵᠦᠪᠯᠡᠯᠭᠡ ᠰᠠᠨᠠᠭᠤᠯᠭ᠎ᠠ ᠶᠢᠨ ᠲᠤᠭᠤᠢᠢᠯᠠᠩ ᠠᠴᠠ ᠤᠢᠢᠯᠠᠭᠠᠬᠰᠠᠨ ᠢᠶᠠᠷ᠂ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠬᠤᠭᠤᠴᠠᠭᠠᠨ ᠳᠤ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠪᠦᠬᠦ | ᠲᠦᠯᠦᠭᠡᠯᠡᠭᠴᠢ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠲᠤᠰᠢᠶᠠᠯ ᠬᠠᠷᠢᠭᠤᠴᠠᠯᠭ᠎ᠠ ᠪᠠᠨ | ᠬᠢᠨᠠᠮᠠᠭᠠᠢ ᠬᠦᠢᠴᠡᠳᠭᠡᠵᠦ᠂ ᠶᠡᠭᠡ ᠬᠤᠷᠠᠯ ᠳᠤ 174 ᠬᠤᠪᠢ ᠰᠠᠨᠠᠭᠤᠯᠭ᠎ᠠ ᠲᠤᠰᠢᠶᠠᠵᠤ᠂ ᠨᠢᠳᠤᠨᠤᠨ ᠤ ᠬᠢ ᠠᠴᠠ | 18 ᠬᠤᠪᠢ ᠨᠡᠮᠡᠭᠳᠡᠵᠡᠢ᠃ | ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ 47 ᠲᠦᠯᠦᠭᠡᠯᠡᠭᠴᠢ ᠰᠠᠨᠠᠭᠤᠯᠭ᠎ᠠ ᠲᠤᠷᠠᠳᠴᠠᠢ᠂ | ᠰᠠᠨᠠᠭᠤᠯᠭ᠎ᠠ ᠶᠢᠨ ᠠᠭᠤᠯᠭ᠎ᠠ ᠨᠢ ᠭᠦᠭᠵᠢᠯᠳᠠ ᠶᠢᠨ ᠲᠦᠯᠦᠪᠵᠢᠬᠦᠯᠭᠡ ᠪᠦᠳᠦᠭᠡᠨ ᠪᠠᠶᠢᠭᠤᠯᠤᠯᠳᠠ ᠶᠢᠨ ᠲᠦᠷᠦᠯ | ᠵᠦᠢᠯ ᠪᠠ ᠶᠡᠷᠦᠩᠭᠡᠶᠢᠯᠡᠭᠰᠡᠨ ᠠᠵᠤ ᠠᠬᠤᠢ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠪᠠ ᠤᠰᠤᠨ | ᠠᠰᠢᠬᠯᠠᠯᠳᠠ᠂ ᠠᠵᠤ ᠦᠢᠯᠡᠳᠪᠤᠷᠢ ᠵᠠᠮ ᠬᠠᠷᠢᠯᠴᠠᠭ᠎ᠠ ᠲᠡᠭᠡᠭᠡᠪᠤᠷᠢ᠂ ᠡᠨᠧᠷᠬᠢ ᠪᠠ ᠰᠢᠤᠳᠠᠨ ᠬᠤᠯᠪᠤᠭ᠎ᠠ᠂ ᠡᠳ᠋ ᠤᠨ | ᠵᠠᠰᠠᠭ ᠭᠠᠶᠢᠯᠢ ᠶᠢᠨ ᠤᠷᠤᠯᠭ᠎ᠠ ᠪᠠ ᠮᠦᠡᠭᠭᠦᠨ ᠬᠦᠢᠯᠭᠡᠬᠡᠨ᠂ ᠪᠤᠳᠠᠰ ᠤᠨ ᠬᠦᠢᠯᠬᠡᠬᠡ ᠵᠢᠭᠤᠯᠴᠢᠯᠠᠯ ᠪᠠ | ᠦᠢᠯᠡᠴᠢᠯᠡᠭᠡ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠬᠢᠬᠡᠳ ᠡᠬᠢ ᠪᠠᠶᠠᠯᠢᠭ ᠤᠷᠴᠢᠨ ᠲᠤᠭᠤᠷᠢᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠪᠠ ᠪᠡᠶ᠎ᠠ ᠶᠢᠨ ᠲᠠᠮᠢᠷ᠂ ᠨᠡᠶᠢᠬᠡᠮ | ᠪᠠ ᠤᠯᠠᠨ ᠨᠡᠶᠢᠳᠡ ᠶᠢᠨ ᠶᠠᠪᠤᠳᠠᠯ᠂ ᠵᠠᠰᠠᠭ ᠵᠠᠬᠢᠷᠭᠠᠨ ᠤ ᠬᠠᠤᠯᠢ ᠲᠦᠷᠢᠮ ᠰᠢᠬᠦᠬᠦ ᠬᠤᠷᠢᠶ᠎ᠠ ᠪᠠᠶᠢᠴᠠᠭᠠᠬᠤ ᠬᠤᠷᠢᠶ᠎ᠠ | ᠵᠢᠴᠢ ᠴᠢᠭᠡᠴᠢ ᠵᠠᠰᠠᠭ ᠤᠨ ᠪᠠᠶᠢᠭᠤᠯᠤᠯᠳᠠ ᠵᠡᠷᠭᠡ 10 ᠲᠠᠯ᠎ᠠ ᠲᠠᠢ ᠬᠤᠯᠪᠤᠬᠳᠠᠪᠠ᠃ | ᠡᠲᠡᠭᠡᠷ ᠰᠠᠨᠠᠭᠤᠯᠭ᠎ᠠ ᠨᠢ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠲᠦᠪᠯᠡᠷᠡᠨ᠂ ᠦᠨᠳᠦᠰᠦᠨ | ᠱᠠᠲᠤᠨ ᠤ ᠤᠯᠠᠨ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ ᠵᠦᠢᠯ ᠳᠤ ᠲᠦᠪᠯᠡᠷᠡᠵᠦ᠂ ᠲᠦᠪ ᠤᠨ | ︽ᠵᠢᠷᠭᠤᠭ᠎ᠠ ᠶᠢ ᠲᠤᠬᠲᠠᠪᠤᠷᠢᠵᠢᠭᠤᠯᠬᠤ︾ ᠪᠠ ︽ᠵᠢᠷᠭᠤᠭ᠎ᠠ ᠶᠢ ᠪᠠᠲᠤᠯᠠᠬᠤ︾ ᠱᠠᠭᠠᠷᠲᠠᠯᠭ᠎ᠠ ᠲᠠᠢ ᠪᠠᠷᠢᠮᠵᠢᠶᠠᠯᠡᠵᠤ᠂ | ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠲᠦᠯ ᠦᠭᠡᠢ ᠬᠦᠭᠵᠢᠯᠳᠡ ᠪᠠᠷ ᠤᠲᠤᠷᠢᠳᠤᠮᠵᠢ ᠪᠤᠯᠭᠠᠬᠰᠠᠨ | ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠬᠡᠬᠦ ᠡᠨᠡ ᠬᠦ ᠨᠠᠮ ᠤᠨ ᠲᠦᠪ ᠬᠤᠷᠢᠶᠠᠨ ᠠᠴᠠ ᠦᠪᠦᠷ | ᠮᠤᠩᠭᠤᠯ ᠤᠨ ᠴᠢᠨᠠᠷ ᠰᠠᠶᠢᠲᠠᠢ ᠬᠦᠭᠵᠢᠯᠲᠡ ᠶᠢᠨ ᠪᠠᠶᠢᠯᠲᠤᠬᠤ ᠪᠤᠳᠤᠯᠭ᠎ᠠ ᠳᠤ ᠦᠭᠬᠦᠭᠰᠡᠨ ᠪᠠᠶᠢᠷᠢ | ᠲᠤᠬᠲᠠᠭᠠᠯᠲᠠ ᠪᠠᠷ ᠭᠤᠤᠯᠳᠠᠭᠤᠯᠵᠤ᠂ ᠦᠪᠦᠷ ᠮᠤᠩᠭᠤᠯ ᠤᠨ ᠬᠦᠭᠵᠢᠯᠲᠡ ᠶᠢᠨ ᠱᠠᠭᠠᠷᠲᠠᠯᠭ᠎ᠠ ᠳᠤ ᠦᠨᠡᠨ ᠬᠦ | ᠨᠡᠶᠢᠴᠡᠬᠦᠯᠦᠭᠰᠡᠨ ᠪᠠᠶᠢᠨ᠎ᠠ᠃ |