ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠥᠬᠡᠯᠡᠭᠴᠢᠳ ᠤᠨ ᠶᠡᠭᠡ | ᠬᠤᠷᠡᠯ ᠤᠨ ᠭᠤᠷᠪᠠᠳᠤᠭᠠᠷ ᠬᠤᠷᠡᠯ 28 ᠤ ᠦᠳᠡ ᠶᠢᠨ ᠬᠤᠶᠢᠨ᠎ᠡ ᠠᠷᠠᠳ ᠤᠨ ᠶᠡᠭᠡ ᠬᠤᠷᠡᠯ ᠤᠨ ᠲᠠᠩᠬᠢᠮ ᠳᠤ | ᠰᠤᠷᠪᠤᠯᠵᠢᠯᠠᠬᠴᠢᠳ ᠤᠨ ᠬᠤᠷᠡᠯ ᠬᠢᠵᠥ᠂ ᠲᠦᠷᠦ ᠶᠢᠨ ᠶᠠᠪᠤᠳᠠᠯ ᠤᠨ ᠬᠤᠷᠢᠶᠡᠨ ᠤ ᠶᠡᠷᠤᠩᠬᠡᠢ ᠰᠠᠶᠢᠳ ᠯᠢ ᠺᠧ | ᠴᠢᠶᠠᠩ ᠶᠡᠭᠡ ᠬᠤᠷᠡᠯ ᠤᠨ ᠦᠬᠦᠯᠡᠭᠴᠢ ᠵᠠᠩ ᠶᠧ ᠰᠦᠢ ᠶᠢᠨ ᠤᠷᠢᠯᠭ᠎ᠠ ᠪᠠᠷ ᠲᠤᠮᠳᠠᠳᠤ ᠭᠠᠳᠠᠭᠠᠳᠤ ᠶᠢᠨ | ᠰᠤᠷᠪᠤᠯᠵᠢᠯᠠᠭᠴᠢᠳ ᠲᠠᠢ ᠠᠭᠤᠯᠵᠠᠬᠰᠠᠠ ᠪᠦᠬᠡᠳ ᠲᠡᠳᠡᠨ ᠤ ᠲᠤᠷᠠᠳᠤᠭᠰᠠᠠ ᠠᠰᠠᠭᠤᠯᠳᠠ ᠶᠢ ᠬᠠᠷᠢᠭᠤᠯᠪᠠ᠃ | | | | | ᠰᠤᠷᠪᠤᠯᠵᠢᠯᠠᠬᠴᠢᠳ ᠤᠨ ᠬᠤᠷᠡᠯ ᠡᠬᠢᠯᠡᠬᠦ ᠦᠶ᠎ᠡ ᠳᠤ᠂ ᠯᠢ ᠺᠧ ᠴᠢᠶᠠᠩ᠂ ᠶᠠᠭᠤᠨ ᠤ ᠡᠮᠤᠨ᠎ᠡ | ᠵᠠᠭᠤᠴᠢᠯᠠᠭᠤᠷ ᠤᠨ ᠨᠠᠶᠢᠵᠠ ᠨᠠᠷ ᠤᠨ ᠤᠨᠴᠠᠭᠠᠢ ᠴᠠᠭ ᠦᠶ᠎ᠡ ᠳᠤ ᠤᠨᠴᠠᠭᠠᠢ ᠬᠦᠴᠢᠷ ᠪᠡᠷᠬᠡᠰᠢᠶᠡᠯ ᠢ ᠢᠯᠠᠨ ᠲᠠᠪᠠᠵᠥ᠂ | ᠲᠤᠮᠳᠠᠳᠤ ᠤᠯᠤᠰ ᠤᠨ ᠬᠤᠶᠠᠷ ᠬᠤᠷᠡᠯ ᠢ ᠮᠡᠳᠡᠬᠡᠯᠡᠭᠰᠡᠡ ᠳᠤ ᠲᠠᠯᠠᠷᠬᠠᠵᠥ ᠪᠠᠶᠢᠨ᠎ᠠ᠃ ᠬᠢᠵᠢᠭ ᠤᠨ ᠰᠢᠯᠳᠠᠭᠠᠨ ᠠᠴᠠ | ᠪᠤᠯᠵᠥ᠂ ᠪᠢᠳᠡ ᠸᠢᠳᠢᠣ᠋ ᠬᠡᠯᠪᠡᠷᠢ ᠪᠠᠷ ᠰᠤᠷᠪᠤᠯᠵᠢᠯᠠᠬᠴᠢᠳ ᠤᠨ ᠬᠤᠷᠡᠯ ᠢ ᠬᠤᠷᠡᠯᠳᠤᠭᠤᠯᠵᠥ ᠪᠠᠶᠢᠨ᠎ᠠ᠂ ᠮᠢᠨᠦ | ᠪᠤᠳᠤᠬᠤ ᠪᠠᠷ ᠡᠨᠡ ᠬᠦ ᠵᠠᠢ ᠨᠢ ᠪᠢᠳᠡᠨ ᠤ ᠬᠤᠭᠤᠷᠤᠨᠳᠤᠬᠢ ᠤᠯᠤᠯᠴᠠᠭ᠎ᠠ ᠶᠢ ᠨᠦᠯᠥᠬᠡᠯᠡᠬᠦ ᠦᠬᠡᠢ ᠶᠤᠮ᠃ ᠴᠠᠭ | ᠬᠢᠵᠠᠭᠠᠷ ᠲᠠᠢ ᠲᠤᠯᠠ ᠤᠯᠠᠨ ᠢᠶᠠᠷ ᠢᠶᠠᠨ ᠠᠰᠠᠭᠤᠯᠳᠠ ᠪᠠᠨ ᠠᠰᠠᠭᠤᠭᠠᠷᠠᠢ ᠬᠡᠵᠥ ᠬᠡᠯᠡᠪᠡ᠃ | ᠷᠦᠲ᠋ᠧᠷ ᠬᠤᠷᠢᠶᠠᠨ ᠤ ᠰᠤᠷᠪᠤᠯᠵᠢᠯᠠᠬᠴᠢ᠄ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠲᠡᠯᠡᠬᠡᠢ ᠶᠢᠨ ᠡᠯ᠎ᠡ ᠤᠯᠤᠰ ᠤᠨ ᠠᠵᠥ ᠠᠬᠤᠢ ᠳᠤ ᠬᠦᠨᠳᠤ ᠨᠤᠴᠢᠳᠠᠢ ᠨᠦᠯᠥᠬᠡ ᠤᠴᠠᠷᠠᠭᠤᠯᠵᠥ᠂ ᠴᠦᠬᠡᠨ | ᠪᠤᠰᠤ ᠤᠯᠤᠰ ᠤᠨ ᠵᠠᠰᠠᠭ ᠤᠨ ᠤᠷᠳᠤᠨ ᠬᠡᠳᠤᠨ ᠲᠦᠮᠡᠨ ᠳ᠋ᠦᠩᠰᠢᠭᠤᠷ ᠳ᠋ᠤᠯᠯᠠᠷ ᠤᠨ ᠡᠳ᠋ ᠤᠨ ᠵᠠᠰᠠᠭ ᠪᠤᠯᠤᠨ | ᠵᠤᠭᠤᠰᠤᠨ ᠤ ᠲᠤᠬᠠᠢ ᠠᠷᠭ᠎ᠠ ᠬᠡᠮᠵᠢᠶ᠎ᠡ ᠨᠡᠶᠢᠲᠡᠯᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠠᠵᠥ ᠠᠬᠤᠢ ᠳᠤ ᠦᠵᠡᠬᠦᠯᠬᠦ ᠲᠠᠭᠠᠷᠢᠯᠳᠡ ᠶᠢ ᠠᠷᠭᠠᠴᠠᠭᠠᠵᠥ ᠪᠠᠶᠢᠨ᠎ᠠ᠃ ᠡᠨᠡ ᠵᠢᠯ ᠲᠤᠮᠳᠠᠳᠤ | ᠤᠯᠤᠰ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ GDP ᠶᠢᠨ ᠨᠡᠮᠡᠭᠳᠡᠯ ᠤᠨ ᠬᠤᠷᠳᠤᠴᠠ ᠶᠢ | ᠲᠤᠭᠳᠠᠭᠠᠭᠰᠠᠠ ᠦᠬᠡᠢ᠃ ᠷᠦᠲ᠋ᠧᠷ ᠬᠤᠷᠢᠶᠡᠨ ᠤ ᠲᠦᠰᠦᠬᠡᠯᠡᠭᠰᠡᠨ ᠢᠶᠠᠷ᠂ ᠵᠠᠰᠠᠭ ᠤᠨ ᠤᠷᠳᠤᠨ ᠤ ᠠᠵᠢᠯ ᠤᠨ | ᠢᠯᠡᠳᠬᠡᠯ ᠳᠤ ᠲᠤᠭᠳᠠᠭᠠᠭᠰᠠᠠ ᠡᠳ᠋ ᠤᠨ ᠵᠠᠰᠠᠭ ᠤᠨ ᠠᠷᠭ᠎ᠠ ᠬᠡᠮᠵᠢᠶ᠎ᠡ ᠨᠢ ᠪᠠᠷᠤᠭ ᠲᠤᠮᠳᠠᠳᠤ ᠤᠯᠤᠰ ᠤᠨ 2019 | ᠤᠨ ᠤ ᠤᠯᠤᠰ ᠤᠨ ᠲᠤᠳᠤᠭᠠᠳᠤ ᠶᠢᠨ ᠦᠢᠯᠡᠳᠪᠤᠷᠢᠯᠡᠯ ᠤᠨ ᠶᠡᠷᠤᠩᠬᠡᠢ ᠦᠷᠳᠡᠭ ᠤᠨ 4% ᠶᠢ ᠡᠵᠡᠯᠡᠪᠡ᠃ | ᠡᠨᠡ ᠨᠢ ᠨᠢᠭᠡ ᠪᠦᠯᠦᠭ ᠠᠵᠥ ᠠᠬᠤᠢ ᠶᠢᠨ ᠤᠬᠠᠭᠠᠨᠳᠠᠨ ᠤ ᠵᠢᠱᠢᠭᠰᠡᠡ ᠠᠴᠠ ᠲᠤᠤᠷ᠎ᠡ ᠪᠠᠶᠢᠨ᠎ᠠ᠂ ᠡᠨᠡ ᠵᠢᠯ ᠤᠨ | ᠨᠢᠬᠡᠳᠤᠭᠡᠷ ᠤᠯᠠᠷᠢᠯ ᠳᠤ᠂ ᠲᠤᠮᠳᠠᠳᠤ ᠤᠯᠤᠰ ᠤᠨ ᠠᠵᠥ ᠠᠬᠤᠢ ᠤᠢᠢᠷ᠎ᠠ ᠶᠢᠨ ᠠᠷᠪᠠᠨ ᠬᠡᠳᠤᠨ ᠵᠢᠯ ᠤᠨ ᠲᠤᠷᠰᠢᠲᠠ | ᠠᠩᠬ᠎ᠠ ᠤᠳᠠᠭ᠎ᠠ ᠪᠠᠭᠤᠷᠠᠭᠰᠠᠨ ᠪᠠᠶᠢᠳᠠᠯ ᠢᠯᠡᠷᠡᠪᠡ᠃ ᠢᠷᠡᠬᠦ ᠬᠡᠳᠤᠨ ᠰᠠᠷ᠎ᠠ ᠳᠤ᠂ ᠲᠤᠮᠳᠠᠳᠤ ᠤᠯᠤᠰ ᠨᠡᠩ ᠲᠤᠮᠤ | ᠬᠡᠪᠴᠢᠶᠡᠨ ᠤ ᠠᠵᠤ ᠠᠬᠤᠢ ᠶᠢᠨ ᠬᠦᠭᠵᠢᠯᠲᠡ ᠶᠢ ᠬᠦᠨᠳᠡᠬᠦ ᠠᠷᠭ᠎ᠠ ᠬᠡᠮᠵᠢᠶ᠎ᠡ ᠠᠪᠤᠨ᠎ᠠ ᠤᠤ︖ ᠨᠡᠩ ᠤᠷᠲᠤ | ᠬᠤᠭᠤᠴᠠᠭᠠᠨ ᠳᠤ᠂ ᠲᠤᠮᠳᠠᠳᠤ ᠤᠯᠤᠰ ᠪᠦᠬᠦ ᠪᠦᠮᠪᠦᠷᠴᠡᠭ ᠤᠨ ᠬᠢᠵᠢᠭ ᠤᠨ ᠪᠠᠶᠢᠳᠠᠯ ᠤᠨ ᠦᠷᠬᠦᠯᠵᠢᠯᠡᠨ | ᠦᠷᠪᠢᠰᠦᠨ ᠲᠡᠯᠬᠡᠷᠡᠬᠦ ᠪᠤᠯᠤᠨ ᠶᠠᠪᠤᠬᠤ ᠲᠤᠲᠤᠮ ᠪᠠᠴᠢᠮ ᠪᠤᠯᠵᠥ ᠪᠠᠶᠢᠭ᠎ᠠ ᠲᠤᠮᠳᠠᠳᠤ ᠠᠮᠧᠷᠢᠺᠠ ᠶᠢᠨ | ᠬᠠᠷᠢᠯᠴᠠᠭ᠎ᠠ ᠶᠢ ᠠᠷᠭᠠᠴᠠᠭᠠᠬᠤ ᠪᠦᠲᠦᠮᠵᠢᠲᠡᠢ ᠲᠦᠷᠦ ᠶᠢᠨ ᠪᠤᠳᠤᠯᠭ᠎ᠠ ᠪᠠᠶᠢᠭ᠎ᠠ ᠤᠤ︖ | ᠯᠢ ᠺᠧ ᠴᠢᠶᠠᠩ᠄ ᠡᠨᠡ ᠤᠳᠠᠭ᠎ᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠲᠡᠯᠡᠬᠡᠢ ᠶᠢᠨ ᠠᠵᠥ ᠠᠬᠤᠢ ᠳᠤ ᠬᠦᠨᠳᠤ ᠨᠤᠴᠢᠳᠠᠢ ᠲᠠᠭᠠᠷᠢᠯᠳᠡ ᠪᠤᠯᠪᠠ᠂ ᠲᠡᠤᠬᠡᠨ ᠲᠡᠬᠡᠷ᠎ᠡ ᠬᠤᠪᠤᠷ ᠬᠡᠵᠥ ᠬᠡᠯᠡᠵᠥ | ᠪᠤᠯᠤᠨ᠎ᠠ᠃ ᠤᠢᠢᠷ᠎ᠡ ᠳᠤ ᠴᠦᠬᠡᠨ ᠪᠤᠰᠤ ᠭᠤᠤᠯ ᠪᠤᠯᠬᠤ ᠤᠯᠠᠨ ᠤᠯᠤᠰ ᠤᠨ ᠵᠤᠬᠢᠶᠠᠨ ᠪᠠᠶᠢᠭᠤᠯᠤᠯᠳᠠ᠂ ᠡᠨᠡ ᠵᠢᠯ | ᠪᠦᠬᠦ ᠪᠦᠮᠪᠦᠷᠴᠡᠭ ᠤᠨ ᠠᠵᠥ ᠠᠬᠤᠢ ᠶᠢᠨ ᠨᠡᠮᠡᠭᠳᠡᠯ ᠰᠦᠬᠡᠷᠬᠦ 3%᠂ ᠴᠢᠨᠠᠭᠰᠢᠯᠠᠭᠠᠳ ᠨᠡᠩ ᠲᠤᠤᠷ᠎ᠠ ᠪᠤᠯᠤᠨ᠎ᠠ | ᠬᠡᠵᠥ ᠵᠢᠱᠢᠵᠥ ᠪᠠᠶᠢᠨ᠎ᠠ᠃ ᠲᠤᠮᠳᠠᠳᠤ ᠤᠯᠤᠰ ᠤᠨ ᠠᠵᠥ ᠠᠬᠤᠢ ᠨᠢᠬᠡᠨᠳᠡ ᠲᠡᠯᠡᠬᠡᠢ ᠶᠢᠨ ᠠᠵᠥ ᠠᠬᠤᠢ ᠯᠤᠭ᠎ᠠ | ᠬᠦᠨ ᠠᠭᠤᠰᠤᠯᠴᠠᠭᠰᠠᠨ ᠪᠤᠯᠬᠤᠷ ᠲᠤᠰᠠᠭᠠᠷ ᠪᠠᠶᠢᠵᠤ ᠴᠢᠳᠠᠬᠤ ᠦᠬᠡᠢ ᠶᠤᠮ᠃ ᠡᠶᠢᠮᠤ ᠠᠴᠠ ᠡᠨᠡ ᠵᠢᠯ ᠪᠢᠳᠡ | GDP ᠶᠢᠨ ᠨᠡᠮᠡᠭᠳᠡᠯ ᠤᠨ ᠪᠤᠲᠠᠲᠠᠢ ᠵᠢᠭᠠᠯᠳᠠ ᠲᠤᠭ᠎ᠠ ᠲᠤᠭᠳᠠᠭᠠᠭᠰᠠᠠ ᠦᠬᠡᠢ᠂ ᠡᠨᠡ ᠪᠤᠯ ᠮᠥᠨ ᠴᠦ ᠦᠨᠡᠨ ᠢ | ᠪᠠᠷᠢᠮᠳᠠᠯᠠᠬᠰᠠᠠ ᠶᠠᠪᠤᠳᠠᠯ ᠶᠤᠮ᠃ ᠭᠡᠪᠡᠴᠦ ᠪᠢᠳᠡ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ | ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠵᠡᠷᠭᠡ | ︽ᠵᠢᠷᠭᠤᠭ᠎ᠠ ᠶᠢ ᠪᠠᠲᠤᠯᠠᠬᠤ︾ ᠶᠢᠨ ᠬᠠᠷᠠᠯᠲᠠ ᠡᠭᠦᠷᠭᠡ ᠶᠢ ᠲᠣᠭᠲᠠᠭᠠᠵᠠᠶ᠂ ᠡᠨᠡ ᠪᠤᠯ ᠠᠵᠤ ᠠᠬᠤᠶ ᠶᠢᠨ | ᠨᠡᠮᠡᠭᠳᠡᠯ ᠲᠠᠢ ᠰᠢᠭᠤᠳ ᠬᠤᠯᠪᠣᠭ᠎ᠠ ᠲᠠᠢ᠃ ᠠᠵᠤ ᠠᠬᠤᠢ ᠶᠢᠨ ᠨᠡᠮᠡᠭᠳᠡᠯ ᠴᠢᠬᠤᠯᠠ ᠦᠬᠡᠢ ᠪᠢᠰᠢ᠂ ᠮᠠᠨ ᠤ | ᠢᠩᠭᠢᠵᠦ ᠬᠢᠵᠦ ᠪᠠᠶᠢᠭ᠎ᠠ ᠨᠢ ᠬᠡᠷᠡᠭ ᠳᠡᠭᠡᠷ᠎ᠡ ᠪᠠᠨ ᠪᠠᠰᠠ ᠴᠤ ᠠᠵᠤ ᠠᠬᠤᠶ ᠶᠢᠨ ᠨᠡᠮᠡᠭᠳᠡᠯ ᠤᠨ ᠳᠤᠬᠠᠢ ᠠᠷᠠᠳ | ᠤᠯᠠᠨ ᠳᠤ ᠨᠡᠩ ᠰᠢᠭᠤᠳ ᠲᠦᠷᠦᠭᠳᠡᠯ ᠣᠯᠭᠤᠵᠤ᠂ ᠠᠵᠤ ᠠᠬᠤᠶ ᠶᠢᠨ ᠨᠡᠮᠡᠭᠳᠡᠯ ᠢ ᠨᠡᠩ ᠥᠨᠳᠥᠷ ᠶᠠᠰᠤ | ᠴᠢᠨᠠᠷ ᠲᠠᠢ ᠪᠣᠯᠭᠠᠵᠤ ᠪᠠᠶᠢᠭ᠎ᠠ ᠶᠠᠪᠤᠳᠠᠯ ᠶᠤᠮ᠃ ᠬᠥᠭᠵᠢᠯᠲᠡ ᠪᠣᠯ ᠳᠤᠮᠳᠠᠳᠤ ᠤᠯᠤᠰ ᠤᠨ ᠠᠯᠢᠪᠠ ᠠᠰᠠᠭᠤᠳᠠᠯ ᠢ | ᠰᠢᠢᠳᠪᠦᠷᠢᠯᠡᠬᠦ ᠶᠢᠨ ᠵᠠᠩᠭᠢᠯᠠᠭ᠎ᠠ ᠪᠠ ᠰᠠᠭᠤᠷᠢ ᠮᠥᠨ᠃ ᠬᠠᠮᠤᠷᠤᠭᠤᠯᠤᠨ ᠪᠣᠳᠣᠵᠤ ᠦᠵᠡᠪᠡᠯ᠂ ︽ᠵᠢᠷᠭᠤᠭ᠎ᠠ ᠶᠢ | ᠪᠠᠲᠤᠯᠠᠬᠤ︾ ᠶᠢ ᠪᠡᠶᠡᠯᠡᠬᠦᠯᠬᠦ ᠳᠤ ᠬᠦᠷᠪᠡᠯ᠂ ᠤᠨᠴᠠᠭᠠᠢᠢᠯᠠᠨ ᠡᠮᠦᠨᠡᠬᠢ ︽ᠭᠤᠷᠪᠠ ᠶᠢ ᠪᠠᠲᠤᠯᠠᠬᠤ︾ ᠶᠢ | ᠪᠡᠶᠡᠯᠡᠭᠦᠯᠴᠢᠬᠡᠪᠠᠯ ᠪᠢᠳᠡ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠢ ᠪᠡᠶᠡᠯᠡᠭᠦᠯᠴᠢᠬᠡᠨ᠎ᠡ᠂ | ᠡᠬᠦᠨ ᠢᠶᠠᠷ ᠪᠠᠷᠠᠬᠤ ᠦᠭᠡᠢ ᠵᠣᠬᠢᠬᠤ ᠬᠡᠮᠵᠢᠶ᠎ᠡ ᠪᠠᠷ ᠬᠢᠷᠢ ᠪᠦᠳᠦᠮᠵᠢ ᠭᠠᠷᠭᠠᠬᠤ ᠪᠠᠷ ᠴᠢᠷᠮᠠᠶᠢᠵᠤ᠂ ᠳᠤᠮᠳᠠᠳᠤ | ᠤᠯᠤᠰ ᠤᠨ ᠠᠵᠤ ᠠᠬᠤᠶ ᠶᠢᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠤᠨ᠎ᠠ᠃ | ᠲᠠ ᠰᠠᠶ᠋ᠢ ᠪᠢᠳᠡᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶᠡᠵᠢᠯ ᠵᠢᠱᠢᠯᠲᠡ ᠠᠴᠠ ᠳᠣᠣᠷ᠎ᠠ | ᠪᠠᠶᠢᠨ᠎ᠠ ᠭᠡᠮᠡᠨ ᠲᠤᠰᠬᠠᠵᠤ ᠪᠤᠢ ᠬᠡᠵᠥ ᠶᠠᠷᠢᠯ᠎ᠠ᠂ ᠭᠡᠪᠡᠴᠦ ᠪᠢ ᠪᠠᠰᠠ ᠮᠠᠨ ᠤ ᠨᠡᠶᠢᠲᠡᠯᠡᠭᠰᠡᠨ ᠬᠡᠪᠴᠢᠶᠡᠵᠢᠯ ᠤᠨ | ᠴᠢᠨᠠᠷᠲᠠᠶ ᠲᠦᠷᠦ ᠶᠢᠨ ᠪᠤᠳᠤᠯᠭ᠎ᠠ ᠢᠳᠡ ᠬᠦᠴᠦᠨ ᠲᠠᠢ ᠪᠠᠶᠢᠨ᠎ᠠ ᠭᠡᠵᠦ ᠦᠵᠡᠵᠦ ᠪᠠᠶᠢᠭ᠎ᠠ ᠤᠯᠠᠨ ᠲᠠᠯ᠎ᠠ ᠶᠢᠨ | ᠲᠤᠰᠬᠠᠯ ᠢ ᠴᠤ ᠣᠯᠵᠤ ᠰᠣᠨᠣᠰᠤᠯ᠎ᠠ᠃ ᠡᠨᠡ ᠤᠳᠠᠭᠠᠨ ᠤ ᠲᠠᠭᠠᠷᠢᠯᠳᠠ ᠶᠢ ᠠᠷᠭᠠᠴᠠᠭᠠᠬᠤ ᠳᠤ ᠪᠢᠳᠡ ᠡᠷᠴᠢᠮ ᠢᠶᠠᠨ | ᠠᠳᠬᠤᠬᠤ ᠪᠠᠷ ᠪᠠᠷᠠᠬᠤ ᠦᠭᠡᠢ ᠴᠠᠭ ᠲᠣᠬᠢᠶᠠᠯ ᠢ ᠴᠤ ᠠᠳᠬᠤᠬᠤ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠳᠠᠷᠬᠠᠨ ᠳᠡᠯᠭᠡᠷᠡᠵᠥ ᠪᠠᠶᠢᠬᠰᠠᠨ ᠦᠶ᠎ᠡ ᠳᠤ ᠪᠢᠳᠡ ᠪᠠᠰᠠ ᠨᠢᠭᠡ ᠪᠦᠯᠦᠭ | ᠲᠥᠷᠥ ᠶᠢᠨ ᠪᠣᠳᠣᠯᠭ᠎ᠠ ᠳᠤᠬᠳᠠᠭᠠᠭᠰᠠᠨ᠂ ᠭᠡᠪᠡᠴᠦ ᠲᠤᠬᠠᠶ ᠶᠢᠨ ᠦᠶ᠎ᠡ ᠳᠤ ᠠᠵᠢᠯ ᠦᠢᠯᠡᠳᠪᠦᠷᠢᠯᠡᠯ ᠢᠶᠠᠨ | ᠰᠡᠷᠭᠦᠭᠡᠬᠦ ᠠᠵᠢᠯ ᠢ ᠲᠦᠯᠬᠢᠨ ᠠᠬᠢᠭᠤᠯᠬᠤ ᠱᠠᠲᠤᠨ ᠳᠠᠭᠠᠨ ᠪᠠᠶᠢᠭᠰᠠᠨ ᠪᠤᠯᠬᠤᠷ ᠦᠢᠯᠡᠰ ᠢᠶᠠᠨ ᠡᠷᠬᠢᠯᠡᠵᠦ ᠵᠠᠬ᠎ᠠ | ᠳᠡᠯᠬᠡᠬᠦᠷ ᠢᠶᠠᠨ ᠰᠡᠷᠭᠦᠭᠡᠬᠦ ᠠᠵᠢᠯ ᠰᠠᠭᠠᠳ ᠲᠤᠳᠬᠠᠷ ᠲᠤ ᠤᠴᠠᠷᠠᠵᠤ᠂ ᠵᠠᠷᠢᠮ ᠲᠦᠷᠦ ᠶᠢᠨ ᠪᠤᠳᠤᠯᠭ᠎ᠠ ᠶᠢ | ᠪᠦᠷᠢᠮᠦᠰᠦᠨ ᠨᠠᠶᠢᠳᠠᠪᠤᠷᠢᠵᠢᠭᠤᠯᠵᠤ ᠳᠡᠶᠢᠯᠬᠦ ᠦᠭᠡᠢ᠂ ᠮᠠᠰᠢ ᠤᠯᠠᠨ ᠬᠥᠮᠦᠨ ᠴᠥᠮ ᠭᠡᠷ ᠲᠡᠭᠡᠨ ᠰᠠᠭᠤᠵᠤ ᠪᠠᠶᠢᠪᠠ᠃ | ᠡᠨᠡ ᠬᠦ ᠶᠠᠪᠤᠴᠠ ᠳᠤ ᠪᠢᠳᠡ ᠪᠠᠰᠠ ᠲᠤᠷᠰᠢᠯᠭ᠎ᠠ ᠬᠤᠷᠠᠮᠳᠤᠭᠤᠯᠤᠭᠰᠠᠨ᠃ ᠶᠠᠭ ᠡᠮᠦᠨᠡᠬᠢ ᠬᠤᠭᠤᠴᠠᠭᠠᠨ ᠤ | ᠲᠤᠷᠰᠢᠯᠭ᠎ᠠ ᠪᠠ ᠣᠳᠣᠬᠠᠨ ᠤ ᠪᠠᠶᠢᠳᠠᠯ ᠤᠨ ᠲᠤᠬᠠᠶ ᠮᠠᠭᠠᠳᠯᠠᠯᠲᠠ ᠶᠢ ᠦᠨᠳᠦᠰᠦᠯᠡᠭᠰᠡᠨ ᠪᠤᠯᠬᠤᠷ᠂ ᠮᠠᠨ ᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠨᠡᠶᠢᠲᠡᠯᠡᠭᠰᠡᠨ ᠬᠡᠪᠴᠢᠶᠡᠵᠢᠯ ᠤᠨ ᠴᠢᠨᠠᠷᠲᠠᠶ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠡᠷᠴᠢᠮ ᠲᠠᠢ ᠭᠡᠵᠦ ᠬᠡᠯᠡᠬᠦ ᠶᠣᠰᠣᠲᠠᠶ᠃ | ᠪᠢᠳᠡ ︽ᠶᠡᠭᠡ ᠤᠰᠤ ᠪᠠᠷ ᠨᠡᠯᠦ᠋ᠢᠲᠡᠯ᠎ᠡ ᠤᠰᠤᠯᠠᠬᠤ ᠦᠭᠡᠢ︾ ᠭᠡᠵᠦ ᠬᠡᠯᠡᠵᠦ ᠦᠩᠭᠡᠷᠡᠭᠰᠡᠨ᠂ ᠤᠳᠤ ᠴᠦ | ᠮᠥᠨ ᠠᠳᠠᠯᠢᠬᠠᠨ᠂ ᠭᠡᠪᠡᠴᠦ ᠣᠨᠴᠠᠭᠠᠶ ᠴᠠᠬ ᠦᠶ᠎ᠡ ᠳᠤ ᠣᠨᠴᠠᠭᠠᠶ ᠲᠦᠷᠦ ᠶᠢᠨ ᠪᠤᠳᠤᠯᠭ᠎ᠠ ᠪᠠᠶᠢᠬᠤ ᠬᠡᠷᠡᠭᠲᠡᠢ᠂ | ᠡᠭᠦᠨ ᠢ ᠪᠢᠳᠡ ︽ᠤᠰᠤ ᠲᠠᠯᠪᠢᠵᠥ ᠵᠢᠭᠠᠰᠤ ᠲᠡᠵᠢᠭᠡᠬᠦ︾ ᠭᠡᠳᠡᠭ᠃ ᠭᠦᠢᠴᠡᠳ ᠤᠰᠤ ᠦᠭᠡᠢ ᠪᠣᠯ ᠵᠢᠭᠠᠰᠤ | ᠠᠮᠢᠳᠤᠷᠠᠬᠤ ᠶᠢᠨ ᠠᠷᠭ᠎ᠠ ᠦᠭᠡᠢ ᠶᠤᠮ᠃ ᠭᠡᠪᠡᠴᠦ ᠦᠶᠡᠷᠯᠡᠪᠡᠯ ᠬᠥᠭᠡᠰᠦ ᠪᠤᠯᠤᠨ᠎ᠠ᠃ ᠵᠠᠷᠢᠮ ᠬᠥᠮᠦᠨ | ᠳᠤᠮᠳᠠ ᠠᠴᠠ ᠨᠢ ᠠᠰᠢᠭ ᠣᠯᠵᠤ᠂ ᠵᠢᠭᠠᠰᠤ ᠴᠤ ᠲᠡᠵᠢᠭᠡᠵᠦ ᠴᠢᠳᠠᠬᠤ ᠦᠭᠡᠢ᠂ ᠪᠠᠰᠠ ᠵᠠᠷᠢᠮ ᠬᠥᠮᠦᠨ ᠵᠠᠪᠰᠢᠶᠠᠨ ᠢ | ᠳᠠᠯᠢᠮᠳᠠᠭᠤᠯᠬᠤ ᠪᠣᠯᠤᠨ᠎ᠠ᠃ ᠡᠶᠢᠮᠦ ᠠᠴᠠ ᠮᠠᠨ ᠤ ᠠᠪᠤᠭᠰᠠᠨ ᠠᠷᠭ᠎ᠠ ᠬᠡᠮᠵᠢᠶ᠎ᠡ ᠬᠠᠨᠳᠤᠯᠭᠠᠲᠤ ᠴᠢᠨᠠᠷ ᠲᠠᠢ ᠪᠠᠶᠢᠬᠤ | ᠬᠡᠷᠡᠭᠲᠡᠶ᠂ ᠥᠭᠡᠷ᠎ᠡ ᠪᠠᠷ ᠬᠡᠯᠡᠪᠡᠯ ᠰᠤᠳᠠᠯ ᠢ ᠨᠢ ᠣᠨᠣᠪᠴᠢᠲᠠᠶ ᠪᠠᠷᠢᠵᠥ᠂ ᠣᠨᠣᠪᠴᠢᠲᠠᠶ ᠡᠮ ᠦᠭᠬᠦ ᠬᠡᠷᠡᠭᠲᠡᠶ᠃ | ᠵᠣᠭᠤᠰ ᠬᠠᠮᠢᠭ᠎ᠠ ᠠᠴᠠ ᠢᠷᠡᠬᠦ᠂ ᠬᠠᠮᠢᠭ᠎ᠠ ᠬᠡᠷᠡᠭᠯᠡᠬᠦ ᠳᠤ ᠪᠦᠷ ᠰᠢᠨ᠎ᠡ ᠵᠠᠮ ᠢᠶᠠᠷ ᠵᠠᠮᠨᠠᠬᠤ ᠬᠡᠷᠡᠭᠳᠡᠢ᠃ | ᠡᠨᠡ ᠤᠳᠠᠭ᠎ᠠ ᠶᠢᠨ ᠬᠡᠪᠴᠢᠶᠡᠵᠢᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠤᠶᠠᠷ | ᠶᠡᠭᠡ ᠬᠡᠰᠡᠭ ᠬᠤᠪᠢᠶᠠᠨ᠎ᠠ᠄ ᠨᠢᠭᠡ ᠨᠢ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠤᠯᠠᠭᠠᠨ ᠲᠤᠭ᠎ᠠ ᠪᠣᠯᠤᠨ | ᠬᠢᠵᠢᠭ ᠲᠠᠢ ᠳᠡᠮᠡᠴᠡᠬᠦ ᠣᠨᠴᠠᠭᠠᠶ ᠤᠯᠤᠰ ᠤᠨ ᠵᠢᠭᠡᠯᠡᠯᠭᠡ ᠲᠠᠷᠬᠠᠭᠠᠨ᠎ᠠ᠃ ᠨᠡᠶᠢᠳᠡ ᠬᠤᠶᠠᠷ ᠲᠦᠮᠡᠨ ᠳ᠋ᠦᠩᠰᠢᠭᠤᠷ | ᠲᠥᠭᠦᠷᠢᠭ ᠪᠤᠯᠤᠨ᠎ᠠ᠃ ᠪᠤᠰᠤᠳ ᠨᠠᠩ ᠶᠡᠭᠡ ᠬᠡᠰᠡᠭ ᠨᠢ ᠳᠠᠷᠤᠶ ᠨᠡᠶᠢᠭᠡᠮ ᠤᠨ ᠳᠠᠭᠠᠳᠬᠠᠯ ᠤᠨ ᠵᠠᠷᠤᠳᠠᠯ ᠢ | ᠬᠠᠰᠤᠵᠤ ᠬᠡᠯᠲᠦᠷᠢᠭᠦᠯᠦᠨ᠎ᠡ᠂ ᠵᠠᠷᠢᠮ ᠤᠯᠤᠰ ᠴᠠᠯᠢᠩ ᠤᠨ ᠭᠠᠶᠢᠯᠢ ᠭᠡᠳᠡᠭ ᠪᠥᠭᠡᠳ ᠠᠵᠢᠯ ᠠᠯᠳᠠᠭᠰᠠᠳ ᠤᠨ | ᠳᠠᠭᠠᠳᠬᠠᠯ ᠢ ᠳ᠋ᠦᠩᠨᠡᠨ ᠦᠯᠡᠳᠡᠭᠡᠵᠦ᠂ ᠤᠯᠤᠰ ᠤᠨ ᠥᠮᠴᠢᠯᠡᠯ ᠤᠨ ᠬᠤᠳᠠᠯᠳᠤᠭᠠᠨ ᠤ ᠪᠠᠩᠬᠢ ᠳᠤ ᠠᠰᠢᠭ | ᠣᠯᠭᠤᠬᠤ᠂ ᠠᠶᠠᠨᠳᠠᠭᠠᠨ ᠭᠠᠭᠴᠠᠭᠠᠷ ᠡᠵᠡᠮᠰᠢᠬᠦ ᠴᠢᠨᠠᠷᠲᠠᠶ ᠠᠵᠤ ᠠᠬᠤᠶᠢᠯᠠᠯ ᠤᠨ ᠦᠨ᠎ᠡ ᠪᠠᠨ ᠪᠠᠭᠤᠷᠠᠭᠤᠯᠬᠤ ᠪᠠᠷ | ᠳᠠᠮᠵᠢᠭᠤᠯᠤᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢᠶᠠᠨ ᠪᠠᠭᠤᠷᠠᠭᠤᠯᠬᠤ ᠶᠢ ᠠᠬᠢᠭᠤᠯᠤᠨ᠎ᠠ᠃ | ᠡᠨᠡ ᠬᠡᠰᠡᠭ ᠢ ᠨᠡᠮᠡᠪᠡᠯ ᠪᠠᠷᠤᠭ ᠡᠮᠦᠨᠡᠬᠢ ᠬᠡᠰᠡᠭ ᠤᠨ ᠬᠤᠶᠠᠷ ᠳᠠᠬᠢᠨ ᠪᠣᠯᠤᠨ᠎ᠠ᠃ ᠪᠢᠳᠡ ᠡᠳᠡᠭᠡᠷ ᠪᠡᠯᠡ ᠮᠥᠩᠭᠦ ᠶᠢ | ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠠᠲᠤᠯᠠᠬᠤ ᠳᠤ ᠵᠠᠷᠤᠴᠠᠭᠤᠯᠵᠥ᠂ ᠰᠠᠭᠤᠭᠠᠯᠢ ᠠᠷᠠᠳ ᠤᠨ ᠣᠷᠣᠯᠭ᠎ᠠ ᠶᠢ ᠲᠤᠯᠭᠠᠭᠤᠷᠢᠯᠠᠬᠤ ᠪᠤᠯᠤᠨ᠎ᠠ᠃ | ᠡᠳᠡᠭᠡᠷ ᠪᠡᠯᠡ ᠮᠥᠩᠭᠦ ᠶᠢ ᠮᠠᠨ ᠤ ᠣᠳᠣ ᠶᠢᠨ ᠰᠠᠭᠤᠭᠠᠯᠢ ᠠᠷᠠᠳ ᠤᠨ ᠪᠦᠬᠦ ᠣᠷᠣᠯᠭ᠎ᠠ 40 ᠭᠠᠷᠤᠶ ᠲᠦᠮᠡᠨ | ᠳ᠋ᠦᠩᠰᠢᠭᠤᠷ ᠲᠥᠭᠦᠷᠢᠭ ᠤᠨ ᠶᠡᠷᠦᠩᠬᠡᠶ ᠲᠤᠭ᠎ᠠ ᠲᠠᠢ ᠬᠠᠷᠢᠴᠠᠭᠤᠯᠪᠠᠯ ᠬᠠᠷᠢᠴᠠᠯ ᠨᠢ ᠬᠤᠶᠠᠷ ᠣᠷᠣᠨᠲᠤ ᠲᠤᠭ᠎ᠠ | ᠪᠤᠯᠤᠨ᠎ᠠ᠃ | ᠨᠡᠩ ᠴᠢᠬᠤᠯᠠ ᠨᠢ ᠵᠤᠭᠤᠰ ᠢ ᠬᠠᠮᠢᠭᠠᠰᠢ ᠪᠠᠨ ᠶᠠᠪᠤᠭᠤᠯᠬᠤ ᠪᠤᠢ︖ ᠪᠢᠳᠡ ᠡᠨᠡ ᠤᠳᠠᠭ᠎ᠠ ᠶᠢᠨ ᠠᠵᠤ | ᠠᠬᠤᠢᠢᠯᠠᠯ ᠤᠨ ᠬᠦᠴᠢᠷᠳᠡᠯ ᠢ ᠰᠢᠢᠳᠪᠦᠷᠢᠯᠡᠬᠦ ᠪᠤᠯᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠬᠦ | ᠬᠡᠪᠴᠢᠶᠡᠵᠢᠯ ᠤᠨ ᠴᠢᠨᠠᠷᠳᠠᠢ ᠲᠦᠷᠦ ᠶᠢᠨ ᠪᠤᠳᠤᠯᠭ᠎ᠠ ᠶᠢ ᠭᠤᠤᠯᠳᠠᠭᠤ ᠠᠵᠢᠯ ᠤᠯᠭᠤᠯᠳᠠ ᠶᠢ ᠲᠤᠭᠳᠠᠪᠤᠷᠢᠵᠢᠭᠤᠯᠬᠤ᠂ | ᠠᠷᠠᠳ ᠤᠨ ᠠᠮᠢᠳᠤᠷᠠᠯ ᠢ ᠪᠠᠳᠤᠯᠠᠬᠤ ᠳᠤ ᠬᠡᠷᠡᠭᠯᠡᠵᠤ᠂ ᠰᠠᠭᠤᠭᠠᠯᠢ ᠠᠷᠠᠳ ᠢ ᠵᠤᠭᠤᠰ ᠬᠡᠷᠡᠭᠯᠡᠬᠦ ᠴᠢᠳᠠᠪᠤᠷᠢ ᠲᠠᠢ | ᠪᠤᠯᠭᠠᠨ᠎ᠠ᠂ ᠡᠨᠡ ᠨᠢ ᠬᠡᠷᠡᠭᠯᠡᠭᠡ ᠶᠢ ᠠᠬᠢᠭᠤᠯᠬᠤ᠂ ᠵᠠᠬ᠎ᠠ ᠳᠡᠯᠭᠡᠭᠦᠷ ᠢ ᠬᠦᠭᠵᠢᠭᠡᠬᠦ ᠳᠤ ᠠᠰᠢᠭᠳᠠᠢ ᠶᠤᠮ᠂ ᠡᠭᠦᠨ ᠢ | ᠵᠠᠬ᠎ᠠ ᠳᠡᠯᠭᠡᠭᠦᠷᠴᠢᠯᠡᠭᠰᠡᠨ ᠦᠭᠡᠷᠡᠴᠢᠯᠡᠯᠳᠡ ᠶᠢᠨ ᠵᠠᠮ ᠭᠡᠵᠤ ᠬᠡᠯᠡᠵᠤ ᠪᠤᠯᠤᠨ᠎ᠠ᠃ | ᠵᠤᠭᠤᠰ ᠠᠴᠠ ᠵᠤᠭᠤᠰ ᠲᠦᠷᠦᠳᠡᠭ᠂ ᠠᠷᠠᠳ ᠲᠤ ᠬᠡᠷᠡᠭᠯᠡᠭᠰᠡᠨ ᠵᠤᠭᠤᠰ ᠨᠢ ᠰᠢᠨ᠎ᠠ ᠡᠳ᠋ ᠪᠠᠶᠠᠯᠢᠭ ᠢ | ᠡᠭᠦᠳᠴᠤ᠂ ᠭᠠᠶᠢᠯᠢ ᠶᠢᠨ ᠡᠬᠢ ᠰᠤᠷᠪᠤᠯᠵᠢ ᠶᠢ ᠤᠮᠳᠠᠯᠠᠨ ᠡᠳ᠋ ᠤᠨ ᠵᠠᠰᠠᠭ ᠢ ᠦᠷᠭᠦᠯᠵᠢᠯᠡᠬᠦ ᠴᠢᠨᠠᠷᠳᠠᠢ ᠪᠤᠯᠭᠠᠨ᠎ᠠ᠃ | ᠪᠢᠳᠡ ᠡᠷᠬᠡᠪᠰᠢ ᠤᠳᠤᠬᠠᠨ ᠤ ᠠᠵᠤ ᠠᠬᠤᠢ ᠶᠢ ᠲᠤᠭᠳᠠᠪᠤᠷᠢᠵᠢᠭᠤᠯᠵᠤ᠂ ᠯᠠᠪᠳᠠᠭᠤᠨ ᠢᠶᠠᠷ ᠤᠷᠤᠭᠰᠢᠯᠠᠨ᠎ᠠ᠂ | ᠭᠡᠬᠦ ᠳᠡᠭᠡᠨ ᠠᠯᠬᠤᠮ ᠢᠶᠠᠨ ᠬᠦᠨᠳᠦᠷᠡᠭᠦᠯᠬᠦ ᠠᠴᠠ ᠵᠠᠶᠢᠯᠠᠰᠬᠢᠬᠦ ᠬᠡᠷᠡᠭᠳᠠᠢ᠂ ᠲᠤᠭᠤᠰᠤ ᠰᠢᠷᠤᠢ ᠪᠤᠳᠠᠷᠠᠪᠠᠯ ᠬᠤᠶᠢᠨᠡᠬᠢ | ᠬᠦᠮᠦᠰ ᠤᠨ ᠵᠠᠮ ᠢ ᠬᠠᠭᠠᠨ᠎ᠠ᠃ ᠬᠡᠷᠪᠡ ᠠᠵᠤ ᠠᠬᠤᠢ ᠶᠢᠨ ᠲᠠᠯ᠎ᠠ ᠪᠤᠶᠤ ᠪᠤᠰᠤᠳ ᠲᠠᠯ᠎ᠠ ᠪᠠᠷ ᠲᠠᠬᠢᠨ ᠶᠡᠭᠡ | ᠬᠤᠪᠢᠷᠠᠯᠳᠠ ᠭᠠᠷᠪᠠᠯ᠂ ᠪᠢᠳᠡᠨ ᠳᠤ ᠲᠦᠷᠦ ᠶᠢᠨ ᠪᠤᠳᠤᠯᠭ᠎ᠠ ᠶᠢᠨ ᠤᠷᠤᠨ ᠵᠠᠢ ᠪᠠᠶᠢᠨ᠎ᠠ᠂ ᠡᠳ᠋ ᠤᠨ ᠵᠠᠰᠠᠭ᠂ | ᠮᠦᠩᠭᠦᠨ ᠭᠦᠢᠯᠭᠡᠭᠡᠨ᠂ ᠨᠡᠶᠢᠭᠡᠮ ᠤᠨ ᠪᠠᠳᠤᠯᠠᠭ᠎ᠠ ᠶᠢᠨ ᠲᠠᠯ᠎ᠠ ᠪᠠᠷ ᠴᠦᠮ ᠲᠦᠷᠦ ᠶᠢᠨ ᠪᠤᠳᠤᠯᠭ᠎ᠠ ᠶᠢᠨ | ᠨᠦᠬᠡᠴᠡ ᠲᠠᠢ᠂ ᠴᠠᠭ ᠲᠤᠬᠠᠢ ᠳᠤᠨᠢ ᠰᠢᠨ᠎ᠠ ᠲᠦᠷᠦ ᠶᠢᠨ ᠪᠤᠳᠤᠯᠭ᠎ᠠ ᠲᠤᠭᠳᠠᠭᠠᠵᠤ ᠪᠤᠯᠬᠤ ᠮᠦᠷᠳᠡᠭᠡᠨ ᠦᠴᠦᠬᠡᠨ | ᠴᠦ ᠡᠷᠡᠭᠡᠯᠵᠡᠬᠦ ᠦᠭᠡᠢ᠃ ᠳᠤᠮᠳᠠᠳᠤ ᠤᠯᠤᠰ ᠤᠨ ᠠᠵᠤ ᠠᠬᠤᠢ ᠶᠢᠨ ᠲᠤᠭᠳᠠᠭᠤᠨ ᠡᠷᠭᠢᠯᠳᠡ ᠶᠢ ᠪᠠᠳᠤᠯᠠᠬᠤ ᠨᠢ | ᠲᠦᠢᠯ ᠤᠨ ᠴᠢᠬᠤᠯᠠ ᠶᠤᠮ᠃ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ | ᠤᠳᠤᠷᠢᠳᠤᠯᠭ᠎ᠠ ᠳᠤᠤᠷ᠎ᠠ᠂ ᠪᠦᠬᠦ ᠤᠯᠤᠰ ᠤᠨ ᠠᠷᠠᠳ ᠲᠦᠮᠡᠨ ᠤ ᠬᠠᠮᠳᠦ ᠶᠢᠨ ᠴᠢᠷᠮᠠᠶᠢᠯᠭ᠎ᠠ ᠪᠠᠷ᠂ ᠤᠳᠤᠬᠠᠨ ᠤ | ᠬᠦᠴᠢᠷᠳᠡᠯ ᠢ ᠯᠠᠪᠳᠠᠢ ᠢᠯᠠᠨ ᠳᠠᠪᠠᠵᠤ᠂ ᠪᠦᠬᠦ ᠵᠢᠯ ᠤᠨ ᠬᠠᠷᠠᠯᠳᠠ ᠡᠭᠦᠷᠭᠡ ᠪᠠᠨ ᠪᠡᠶᠡᠯᠡᠭᠦᠯᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠨ᠎ᠠ ᠭᠡᠳᠡᠭ ᠢ ᠪᠢᠳᠡ ᠪᠠᠳᠤ ᠢᠳᠡᠭᠡᠵᠤ ᠪᠠᠶᠢᠨ᠎ᠠ᠃ ᠳᠤᠮᠳᠠᠳᠤ ᠤᠯᠤᠰ ᠤᠨ | ᠠᠵᠤ ᠠᠬᠤᠢ ᠶᠢᠨ ᠲᠤᠭᠳᠠᠭᠤᠨ ᠢ ᠪᠠᠳᠤᠯᠠᠵᠤ᠂ ᠦᠨᠳᠦᠰᠦᠨ ᠪᠠᠶᠢᠳᠠᠯ ᠢ ᠲᠤᠭᠳᠠᠪᠤᠷᠢᠵᠢᠭᠤᠯᠬᠤ ᠨᠢ ᠳᠠᠷᠤᠢ ᠳᠡᠯᠡᠬᠡᠢ | ᠳ᠋ᠠᠬᠢᠨ ᠳᠤ ᠬᠤᠪᠢ ᠨᠡᠮᠡᠷᠢ ᠦᠵᠡᠭᠦᠯᠵᠤ ᠪᠠᠶᠢᠭ᠎ᠠ ᠶᠠᠪᠤᠳᠠᠯ ᠮᠦᠨ᠂ ᠮᠦᠨ ᠴᠦ ᠳᠡᠯᠡᠬᠡᠢ ᠶᠢᠨ ᠠᠵᠤ ᠠᠬᠤᠢ ᠶᠢᠨ | ᠨᠡᠮᠡᠭᠳᠡᠯ ᠢ ᠰᠡᠷᠭᠦᠭᠡᠬᠦ᠂ ᠬᠦᠭᠵᠢᠯᠳᠡ ᠶᠢ ᠪᠡᠶᠡᠯᠡᠭᠦᠯᠬᠦ ᠳᠤ ᠢᠳᠡᠪᠬᠢᠳᠠᠢ ᠬᠤᠪᠢ ᠨᠡᠮᠡᠷᠢ ᠦᠵᠡᠭᠦᠯᠬᠦ ᠪᠤᠯᠤᠨ᠎ᠠ᠃ | ᠫᠧᠩ ᠪᠦᠸᠧ ᠬᠤᠷᠢᠶᠠᠨ ᠤ ᠰᠤᠷᠪᠤᠯᠵᠢᠯᠠᠭᠴᠢ᠄ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠲᠠᠶᠢᠯᠤᠭᠳᠠᠭ᠎ᠠ ᠦᠭᠡᠢ ᠤᠨᠢᠰᠤᠭ᠎ᠠ ᠪᠠᠶᠢᠭᠰᠠᠭᠠᠷ᠂ ᠰᠢᠨᠵᠢᠯᠡᠬᠦ ᠤᠬᠠᠭᠠᠨᠳᠠᠳ ᠠᠴᠠ ᠲᠤᠰ ᠠᠰᠠᠭᠤᠳᠠᠯ ᠤᠨ | ᠬᠠᠷᠢᠭᠤᠯᠳᠠ ᠶᠢ ᠤᠯᠬᠤ ᠨᠢ ᠢᠷᠡᠭᠡᠳᠦᠢ ᠶᠢᠨ ᠲᠠᠬᠤᠯ ᠡᠪᠡᠳᠴᠢᠨ ᠳᠡᠯᠭᠡᠷᠡᠬᠦ ᠶᠢ ᠰᠡᠷᠭᠡᠶᠢᠯᠡᠬᠦ ᠳᠤ ᠠᠰᠢᠭᠳᠠᠢ ᠭᠡᠵᠦ | ᠦᠵᠡᠵᠡᠭᠡᠵᠦ ᠪᠠᠶᠢᠨ᠎ᠠ᠃ ᠵᠠᠷᠢᠮ ᠬᠦᠮᠦᠰ ᠪᠠᠰᠠ ᠡᠬᠢ ᠡᠭᠦᠰᠦᠯ ᠤᠨ ᠬᠢᠨᠢ ᠲᠤᠬᠠᠢ ᠤᠯᠠᠨ ᠤᠯᠤᠰ ᠤᠨ | ᠵᠦᠪᠳᠡᠯᠴᠡᠭᠡ ᠬᠢᠬᠦ ᠶᠢ ᠤᠷᠢᠶᠠᠯᠠᠵᠤ ᠪᠠᠶᠢᠨ᠎ᠠ᠃ ᠡᠨᠡ ᠬᠦ ᠪᠠᠶᠢᠴᠠᠭᠠᠯᠳᠠ ᠳᠤ ᠳᠤᠮᠳᠠᠳᠤ ᠶᠢᠨ ᠲᠠᠯ᠎ᠠ ᠶᠢᠨ ᠬᠢᠨ ᠤ | ᠵᠤᠭᠰᠤᠴᠠ ᠶᠠᠭᠤ ᠪᠤᠢ︖ ᠲᠠᠨ ᠤ ᠦᠵᠡᠬᠦ ᠪᠠᠷ ᠡᠶᠢᠮᠦᠷᠬᠦᠤ ᠪᠠᠶᠢᠴᠠᠭᠠᠯᠳᠠ ᠨᠢ ᠶᠠᠮᠠᠷ ᠬᠠᠷᠠᠯᠳᠠ ᠳᠤ ᠬᠦᠷᠪᠡᠯ | ᠵᠤᠬᠢᠰᠳᠠᠢ ᠪᠤᠢ︖ ᠶᠠᠮᠠᠷ ᠠᠰᠠᠭᠤᠳᠠᠯ ᠠᠴᠠ ᠵᠠᠶᠢᠯᠠᠰᠬᠢᠪᠡᠯ ᠵᠤᠬᠢᠬᠤ ᠪᠤᠢ︖ | ᠯᠢ ᠺᠧ ᠴᠢᠶᠠᠩ᠄ ᠳᠤᠮᠳᠠᠳᠤ ᠤᠯᠤᠰ ᠪᠤᠯᠤᠨ ᠪᠤᠰᠤᠳ ᠤᠯᠠᠩᠬᠢ ᠤᠯᠤᠰ ᠤᠳ ᠴᠦᠮ ᠡᠪᠡᠳᠴᠢᠨ ᠤ | ᠸᠢᠷᠦ᠋ᠰ ᠤᠨ ᠡᠭᠦᠰᠦᠯ ᠤᠨ ᠪᠠᠶᠢᠴᠠᠭᠠᠯᠳᠠ ᠬᠢᠬᠦ ᠶᠢ ᠰᠠᠨᠠᠭᠠᠴᠢᠯᠠᠵᠤ ᠪᠠᠶᠢᠨ᠎ᠠ᠃ ᠲᠦᠷᠦᠭᠦᠬᠡᠨ ᠬᠤᠷᠠᠯᠳᠤᠭᠰᠠᠨ | ᠳᠡᠯᠡᠬᠡᠢ ᠶᠢᠨ ᠡᠷᠡᠭᠦᠯ ᠬᠠᠮᠠᠭᠠᠯᠠᠯ ᠤᠨ ᠶᠡᠭᠡ ᠬᠤᠷᠠᠯ ᠠᠴᠠ ᠬᠤᠯᠪᠤᠭᠳᠠᠯ ᠪᠦᠬᠦᠢ ᠰᠢᠢᠳᠪᠦᠷᠢ ᠶᠢ ᠪᠠᠳᠤᠯᠠᠭᠰᠠᠨ᠂ | ᠳᠤᠮᠳᠠᠳᠤ ᠤᠯᠤᠰ ᠴᠤ ᠤᠷᠤᠯᠴᠠᠪᠠ᠃ ᠤᠴᠢᠷ ᠨᠢ ᠰᠢᠨᠵᠢᠯᠡᠬᠦ ᠤᠬᠠᠭᠠᠨᠴᠢ ᠪᠠᠷ ᠡᠬᠢ ᠡᠭᠦᠰᠦᠯ ᠤᠨ ᠪᠠᠶᠢᠴᠠᠭᠠᠯᠳᠠ | ᠬᠢᠪᠡᠯ ᠬᠢᠵᠢᠭ ᠤᠨ ᠪᠠᠶᠢᠳᠠᠯ ᠢ ᠨᠡᠩ ᠰᠠᠶᠢᠨ ᠢᠶᠠᠷ ᠰᠡᠷᠭᠡᠶᠢᠯᠡᠨ ᠡᠵᠡᠮᠳᠡᠵᠤ ᠴᠢᠳᠠᠨ᠎ᠠ᠂ ᠡᠨᠡ ᠨᠢ ᠮᠦᠨ ᠴᠤ | ᠳᠡᠯᠡᠭᠡᠢ ᠶᠢᠨ ᠡᠯ᠎ᠠ ᠤᠯᠤᠰ ᠤᠨ ᠠᠷᠠᠳ ᠲᠦᠮᠡᠨ ᠤ ᠠᠮᠢ ᠨᠠᠰᠤᠨ ᠤ ᠡᠷᠡᠭᠦᠯ ᠮᠡᠨᠳᠦ ᠶᠢᠨ ᠲᠦᠯᠦᠭᠡ ᠶᠤᠮ᠃ | ᠲᠤᠰ ᠤᠳᠠᠭ᠎ᠠ ᠶᠢᠨ ᠬᠢᠵᠢᠭ ᠤᠨ ᠪᠠᠶᠢᠳᠠᠯ ᠭᠡᠨᠡᠳᠳᠡ ᠪᠠᠷ ᠡᠭᠦᠰᠴᠠᠢ᠂ ᠬᠦᠮᠦᠨ ᠲᠦᠷᠦᠯᠬᠢᠳᠡᠨ ᠳᠤ ᠠᠪᠴᠤ | ᠬᠡᠯᠡᠪᠡᠯ ᠴᠣ᠋ ᠰᠢᠨ᠎ᠠ ᠬᠠᠯᠳᠠᠪᠤᠷᠢᠳᠤ ᠡᠪᠡᠳᠴᠢᠨ ᠪᠤᠯᠤᠨ᠎ᠠ᠂ ᠤᠳᠤ ᠪᠤᠯᠳᠠᠯ᠎ᠠ ᠡᠭᠦᠨ ᠤ ᠲᠤᠬᠠᠢ ᠮᠡᠳᠡᠭᠡᠳᠦᠢ ᠨᠢ | ᠮᠡᠳᠡᠭᠰᠡᠨ ᠠᠴᠠ ᠪᠠᠨ ᠢᠯᠡᠭᠦᠦ ᠪᠠᠶᠢᠭᠰᠠᠭᠠᠷ ᠶᠤᠮ᠃ ᠡᠪᠡᠳᠴᠢᠨ ᠤ ᠸᠢᠷᠦ᠋ᠰ ᠲᠤ ᠤᠯᠤᠰ ᠤᠨ ᠵᠠᠭᠠᠭ ᠬᠢᠵᠠᠭᠠᠷ | ᠭᠡᠵᠤ ᠪᠠᠶᠢᠬᠤ ᠦᠭᠡᠢ᠂ ᠲᠡᠷᠡ ᠪᠤᠯ ᠪᠦᠬᠦ ᠳᠡᠯᠡᠬᠡᠢ᠂ ᠪᠦᠬᠦ ᠬᠦᠮᠦᠨ ᠲᠦᠷᠦᠯᠬᠢᠳᠡᠨ ᠤ ᠳᠠᠶᠢᠰᠤᠨ ᠮᠦᠨ᠃ ᠤᠯᠤᠰ | ᠨᠢᠭᠡᠪᠦᠷᠢ ᠰᠡᠷᠭᠡᠶᠢᠯᠡᠨ ᠡᠵᠡᠮᠳᠡᠬᠦ ᠠᠵᠢᠯ ᠬᠢᠵᠤ ᠪᠠᠶᠢᠨ᠎ᠠ᠂ ᠬᠠᠶᠢᠨ ᠰᠦᠪᠡᠭᠴᠢᠯᠡᠬᠦ ᠶᠢᠨ ᠳᠠᠭᠠᠤ ᠤᠷᠤᠭᠰᠢᠯᠠᠵᠤ | ᠪᠠᠶᠢᠨ᠎ᠠ᠂ ᠤᠳᠤᠬᠠᠨ ᠳᠤ ᠪᠦᠷᠢᠨ ᠲᠡᠭᠦᠯᠳᠡᠷ ᠲᠤᠷᠰᠢᠯᠭ᠎ᠠ ᠭᠡᠵᠦ ᠪᠠᠶᠢᠬᠤ ᠦᠭᠡᠢ᠃ ᠪᠢᠳᠡ ᠬᠢᠵᠢᠭ ᠤᠨ | ᠪᠠᠶᠢᠳᠠᠯ ᠤᠨ ᠬᠦᠭᠵᠢᠯᠳᠡ ᠶᠢ ᠡᠷᠬᠡᠰᠢᠶᠡᠵᠤ᠂ ᠸᠠᠺᠼᠢᠨ᠂ ᠲᠤᠰᠠᠲᠠᠢ ᠡᠮ᠂ ᠰᠢᠯᠭᠠᠨ ᠪᠠᠶᠢᠴᠠᠭᠠᠬᠤ ᠲᠤᠷᠰᠢᠭᠴᠢ ᠡᠮ | ᠰᠤᠳᠤᠯᠤᠨ ᠦᠢᠯᠡᠳᠬᠦ ᠰᠢᠪᠳᠤᠯᠤᠯᠳᠠ ᠶᠢ ᠲᠦᠷᠭᠡᠳᠭᠡᠬᠦ ᠬᠡᠷᠡᠭᠳᠠᠢ᠂ ᠡᠨᠡ ᠪᠤᠯ ᠬᠦᠮᠦᠨ ᠲᠦᠷᠦᠯᠬᠢᠳᠡᠨ ᠤ ᠡᠨᠡ ᠬᠦ | ᠡᠪᠡᠳᠴᠢᠨ ᠤ ᠸᠢᠷᠦ᠋ᠰ ᠢ ᠢᠯᠠᠬᠤ ᠬᠦᠴᠦᠳᠤ ᠵᠡᠪᠰᠡᠭ ᠪᠤᠯᠤᠨ᠎ᠠ᠃ ᠳᠤᠮᠳᠠᠳᠤ ᠤᠯᠤᠰ ᠪᠤᠯᠤᠨ ᠪᠤᠰᠤᠳ ᠤᠯᠠᠩᠬᠢ | ᠤᠯᠤᠰ ᠤᠳ ᠴᠦᠮ ᠡᠭᠦᠨ ᠤ ᠲᠤᠬᠠᠢ ᠬᠢᠵᠤ ᠪᠠᠶᠢᠨ᠎ᠠ᠂ ᠪᠢᠳᠡ ᠪᠠᠰᠠ ᠳᠤᠷᠠᠳᠠᠶ᠎ᠠ ᠤᠯᠠᠨ ᠤᠯᠤᠰ ᠤᠨ | ᠬᠠᠮᠳᠤᠷᠠᠯᠴᠠᠭ᠎ᠠ ᠦᠷᠨᠢᠭᠦᠯᠦᠨ᠎ᠠ᠃ ᠡᠳᠡᠭᠡᠷ ᠪᠦᠲᠦᠭᠡᠭᠳᠡᠭᠦᠨ ᠪᠤᠯ ᠪᠦᠬᠦ ᠳᠡᠯᠡᠬᠡᠢ ᠶᠢᠨ ᠤᠯᠠᠨ ᠨᠡᠶᠢᠳᠡ ᠶᠢᠨ | ᠪᠦᠲᠦᠭᠡᠭᠳᠡᠭᠦᠨ ᠪᠤᠯᠤᠨ᠎ᠠ᠂ ᠪᠢᠳᠡ ᠳᠤᠷᠠᠳᠠᠶ᠎ᠠ ᠬᠤᠪᠢᠶᠠᠯᠴᠠᠵᠤ᠂ ᠬᠦᠮᠦᠨ ᠲᠦᠷᠦᠯᠬᠢᠳᠡᠨ ᠬᠠᠮᠳᠦ ᠪᠠᠷ ᠡᠪᠡᠳᠴᠢᠨ ᠤ | ᠸᠢᠷᠦ᠋ᠰ ᠢ ᠢᠯᠠᠬᠤ ᠶᠢ ᠳᠡᠮᠵᠢᠨ᠎ᠠ᠃ | ᠲᠤᠮᠲᠠᠲᠤ ᠤᠯᠤᠰ ᠤᠨ ᠠᠷᠠᠳ ᠲᠦᠮᠡᠡ ᠰᠢᠷᠭᠠᠭᠤ ᠬᠠᠲᠠᠭᠤᠵᠢᠯᠲᠠᠢ ᠪᠦᠲᠦᠭᠡᠯᠴᠢ ᠴᠢᠷᠮᠠᠶᠢᠯᠭ᠎ᠠ ᠪᠠᠷ ᠢᠶᠠᠨ | ᠤᠲᠤ ᠪᠤᠯᠬᠤ ᠳᠤ ᠬᠢᠵᠢᠭ ᠤᠨ ᠪᠠᠶᠢᠲᠠᠯ ᠢ ᠪᠦᠲᠦᠮᠵᠢᠲᠠᠢ ᠡᠵᠡᠮᠲᠡᠵᠦ ᠴᠢᠲᠠᠭᠰᠠᠠ ᠪᠦᠭᠡᠳ ᠤᠯᠠᠠ | ᠤᠯᠤᠰ ᠯᠤᠭ᠎ᠠ ᠶᠢᠨ ᠬᠠᠮᠲᠤᠷᠠᠯᠴᠠᠭ᠎ᠠ ᠳᠤ ᠢᠲᠡᠪᠬᠢᠲᠠᠢ ᠤᠷᠤᠯᠴᠠᠵᠦ᠂ ᠲᠡᠯᠡᠭᠡᠢ ᠨᠡᠶᠢᠭᠡᠮ ᠳᠤ ᠬᠤᠯᠪᠤᠭᠲᠡᠯ ᠪᠦᠬᠦᠢ | ᠮᠡᠲᠡᠭᠡ ᠵᠠᠩᠭᠢ ᠶᠢ ᠢᠯᠠ ᠪᠠᠷ ᠬᠠᠷᠢᠭᠤᠴᠠᠯᠭ᠎ᠠ ᠲᠠᠢ ᠴᠠᠭ ᠲᠤᠬᠠᠢ ᠳᠤᠨᠢ ᠮᠡᠲᠡᠭᠲᠡᠭᠰᠡᠡ ᠪᠠᠶᠢᠨ᠎ᠠ᠃ ᠭᠡᠪᠡᠴᠦ | ᠬᠢᠵᠢᠭ ᠤᠨ ᠪᠠᠶᠢᠲᠠᠯ ᠪᠦᠬᠦ ᠲᠡᠯᠡᠭᠡᠢ ᠳᠤ ᠲᠠᠷᠬᠠᠨ ᠲᠠᠯᠭᠡᠷᠡᠭᠰᠡᠭᠡᠷ ᠪᠠᠶᠢᠨ᠎ᠠ᠂ ᠲᠤᠮᠲᠠᠲᠤ ᠤᠯᠤᠰ ᠲᠤ ᠪᠠᠰᠠ | ᠠᠷᠢᠯᠤᠭ᠎ᠠ ᠦᠭᠡᠢ ᠪᠠᠶᠢᠭᠰᠠᠭᠠᠷ᠂ ᠡᠪᠡᠳᠴᠢᠨ ᠤ ᠵᠢᠱᠢᠶ᠎ᠠ ᠪᠠᠰᠠ ᠲᠠᠷᠬᠠᠠ ᠲᠡᠯᠭᠡᠷᠡᠵᠦ ᠪᠠᠶᠢᠨ᠎ᠠ᠂ ᠴᠦᠭᠡᠡ ᠪᠤᠰᠤ | ᠰᠢᠨᠵᠢᠯᠡᠬᠦ ᠤᠬᠠᠭᠠᠠᠲᠠᠳ ᠰᠤᠨᠤᠷ ᠰᠡᠷᠡᠮᠵᠢ ᠲᠠᠢ ᠪᠠᠶᠢᠵᠦ᠂ ᠲᠠᠬᠢᠨ ᠲᠡᠯᠭᠡᠷᠡᠬᠦ ᠶᠢ ᠰᠡᠷᠭᠡᠶᠢᠯᠡᠬᠦ ᠬᠡᠷᠡᠭᠲᠡᠢ ᠭᠡᠵᠦ | ᠴᠢᠬᠤᠯᠠᠴᠢᠯᠠᠵᠦ ᠪᠤᠢ᠃ ᠪᠢᠲᠠ ᠦᠨᠡᠡ ᠠᠴᠠ ᠵᠦᠪ ᠢ ᠡᠷᠢᠬᠦ᠂ ᠢᠯᠡ ᠲᠤᠲᠤᠷᠬᠠᠢ ᠪᠠᠶᠢᠯᠭᠠᠬᠤ ᠵᠠᠷᠴᠢᠮ ᠢ | ᠦᠷᠬᠦᠯᠵᠢᠯᠡᠡ ᠪᠠᠷᠢᠮᠲᠠᠯᠠᠵᠦ᠂ ᠬᠢᠵᠢᠭ ᠤᠨ ᠪᠠᠶᠢᠲᠠᠯ ᠢ ᠢᠯᠡᠷᠡᠭᠦᠯᠦᠭᠰᠡᠭᠡᠷ ᠡᠷᠡᠰ ᠢᠶᠠᠷ ᠬᠠᠮᠢᠶᠠᠷᠤᠨ ᠡᠵᠡᠮᠲᠡᠵᠦ᠂ | ᠨᠢᠭᠤᠵᠦ ᠲᠠᠯᠲᠠᠯᠠᠬᠤ ᠶᠢ ᠵᠦᠪᠰᠢᠶᠡᠷᠡᠬᠦ ᠦᠭᠡᠢ᠂ ᠰᠢᠨᠵᠢᠯᠡᠬᠦ ᠤᠬᠠᠭᠠᠠᠴᠢ ᠪᠠᠷ ᠰᠡᠷᠭᠡᠶᠢᠯᠡᠡ ᠡᠮᠴᠢᠯᠡᠬᠦ ᠪᠤᠯᠤᠨ᠎ᠠ᠃ | ᠤᠲᠤ ᠪᠠᠰᠠ ᠮᠠᠰᠢ ᠤᠯᠠᠠ ᠬᠦᠮᠦᠰ ᠬᠢᠵᠢᠭ ᠤᠨ ᠪᠠᠶᠢᠲᠠᠯ ᠤᠬᠤᠷᠬᠠᠠ ᠬᠤᠭᠤᠴᠠᠭᠠᠠ ᠳᠤ ᠠᠷᠢᠯᠬᠤ ᠦᠭᠡᠢ᠂ | ᠪᠠᠰᠠ ᠨᠢᠭᠡ ᠬᠡᠰᠡᠭ ᠬᠤᠭᠤᠴᠠᠭ᠎ᠠ ᠦᠷᠬᠦᠯᠵᠢᠯᠡᠵᠦ ᠮᠡᠲᠡᠨ᠎ᠠ ᠭᠡᠵᠦ ᠬᠡᠯᠡᠵᠦ ᠪᠠᠶᠢᠨ᠎ᠠ᠃ ᠦᠨᠡᠡ ᠳᠡᠭᠡᠨ ᠲᠡᠯᠡᠭᠡᠢ | ᠨᠡᠶᠢᠭᠡᠮ ᠢᠶᠠᠷ ᠢᠶᠠᠨ ᠨᠢᠭᠡᠨᠲᠡ ᠲᠠᠪᠬᠤᠷ ᠦᠷᠢᠰᠦᠯᠲᠦᠭᠡᠡ ᠳᠤ ᠲᠤᠯᠭᠠᠷᠠᠵᠤ᠂ ᠬᠤᠶᠠᠷ ᠰᠢᠯᠭᠠᠯᠲᠠ ᠶᠢᠨ ᠬᠠᠭᠤᠳᠠᠰᠤ | ᠲᠤᠰᠢᠶᠠᠬᠤ ᠭᠡᠷᠡᠭᠲᠡᠢ ᠪᠤᠯᠵᠠᠢ᠄ ᠨᠢᠭᠡ ᠲᠠᠯ᠎ᠠ ᠪᠠᠷ ᠬᠢᠵᠢᠭ ᠤᠨ ᠪᠠᠶᠢᠲᠠᠯ ᠢ ᠡᠵᠡᠮᠲᠡᠨᠠ︔ ᠨᠦᠬᠦᠭᠡ ᠲᠠᠯ᠎ᠠ ᠪᠠᠷ ᠠᠵᠦ | ᠠᠬᠤᠢ ᠨᠡᠶᠢᠭᠡᠮ ᠤᠨ ᠬᠦᠭᠵᠢᠯᠲᠠ ᠶᠢ ᠰᠡᠷᠭᠦᠭᠡᠵᠦ᠂ ᠬᠡᠪ ᠤᠨ ᠡᠮᠬᠢ ᠲᠢᠭᠯᠢᠮ ᠢ ᠰᠡᠷᠭᠦᠭᠡᠨ᠎ᠠ᠃ ᠡᠨᠡ ᠬᠤᠶᠠᠷ ᠪᠤᠯ | ᠵᠦᠷᠢᠴᠡᠯ ᠲᠠᠢ᠂ ᠭᠡᠷᠪᠠ ᠵᠦᠪᠬᠡᠨ ᠨᠢᠭᠡᠯᠡ ᠲᠠᠯ᠎ᠠ ᠶᠢᠨ ᠤᠴᠢᠷ ᠢ ᠬᠢᠪᠠᠯ ᠠᠲᠠᠯᠢ ᠦᠭᠡᠢ ᠪᠤᠯᠴᠢᠬᠠᠨ᠎ᠠ᠃ ᠤᠲᠤ | ᠪᠢᠲᠠ ᠵᠦᠷᠢᠴᠡᠯ ᠤᠨ ᠲᠤᠮᠲᠠ ᠲᠡᠩᠴᠡᠬᠦᠷᠢᠰᠢᠭᠦᠯᠵᠦ᠂ ᠬᠠᠶᠢᠨ ᠰᠦᠪᠡᠭᠴᠢᠯᠡᠯᠲᠡ ᠶᠢᠨ ᠲᠤᠮᠲᠠ ᠤᠷᠤᠭᠰᠢᠯᠠᠬᠤ ᠶᠢ | ᠱᠠᠭᠠᠷᠳᠠᠵᠤ ᠪᠠᠶᠢᠨ᠎ᠠ᠂ ᠢᠯᠠᠩᠭᠤᠶ᠎ᠠ ᠤᠯᠠᠠ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠱᠠᠭᠠᠷᠳᠠᠵᠦ ᠪᠠᠶᠢᠨ᠎ᠠ᠃ | ᠬᠢᠵᠢᠭ ᠤᠨ ᠪᠠᠶᠢᠲᠠᠯ ᠲᠠᠢ ᠲᠡᠮᠡᠴᠡᠬᠦ ᠡᠰᠡᠭᠦᠯ᠎ᠠ ᠠᠵᠦ ᠠᠬᠤᠢ ᠪᠠᠨ ᠬᠦᠭᠵᠢᠭᠦᠯᠬᠦ ᠶᠢᠨ ᠠᠯᠢ ᠲᠠᠯ᠎ᠠ ᠪᠠᠷ ᠴᠦ ᠬᠡᠰᠡᠨ | ᠪᠢᠲᠠ ᠵᠤᠪᠠᠯ ᠵᠦᠲᠡᠷᠡᠯ ᠢ ᠬᠠᠮᠲᠤ ᠪᠠᠷ ᠲᠤᠭᠤᠯᠵᠦ᠂ ᠬᠦᠮᠦᠨ ᠲᠦᠷᠦᠯᠬᠢᠲᠡᠨ ᠳᠤ ᠲᠤᠯᠭᠠᠷᠠᠭᠰᠠᠨ ᠡᠨᠡ | ᠤᠲᠠᠭ᠎ᠠ ᠶᠢᠨ ᠯᠤᠲᠦ ᠶᠡᠭᠡ ᠲᠠᠭᠠᠷᠢᠯᠲᠠ ᠶᠢ ᠲᠤᠭᠤᠯᠤᠨ ᠭᠠᠷᠬᠤ ᠭᠡᠷᠡᠭᠲᠡᠢ᠃ | ᠲᠦᠪ ᠤᠨ ᠷᠠᠲᠢᠣ᠋ ᠲᠧᠯᠸᠢᠰ ᠤᠨ ᠶᠡᠷᠦᠩᠭᠡᠢ ᠬᠤᠷᠢᠶᠠᠠ ᠤ ᠲᠦᠪ ᠲᠧᠯᠸᠢᠰ ᠤᠨ ᠰᠤᠷᠪᠤᠯᠵᠢᠯᠠᠭᠴᠢ᠄ ᠲᠠ | ᠵᠠᠰᠠᠭ ᠤᠨ ᠤᠷᠲᠤᠨ ᠤ ᠠᠵᠢᠯ ᠤᠨ ᠢᠯᠡᠳᠭᠡᠯ ᠳᠡᠭᠡᠨ ᠡᠨᠡ ᠵᠢᠯ ᠤᠨ ᠲᠤᠮᠲᠠᠲᠤ ᠤᠯᠤᠰ ᠤᠨ ᠠᠵᠦ ᠠᠬᠤᠢ ᠶᠢᠨ | ᠲᠦᠷᠦ ᠶᠢᠨ ᠪᠤᠲᠤᠯᠭ᠎ᠠ ᠶᠢ ᠲᠤᠲᠤᠷᠬᠠᠢᠢᠯᠠᠠ ᠦᠭᠦᠯᠡᠵᠠᠢ᠃ ᠵᠠᠰᠠᠭ ᠤᠨ ᠤᠷᠲᠤᠨ ᠶᠠᠮᠠᠷᠰᠢᠤ ᠠᠷᠭ᠎ᠠ ᠬᠡᠮᠵᠢᠶ᠎ᠠ | ᠠᠪᠴᠤ ᠡᠲᠡᠭᠡᠷ ᠪᠡᠯᠡ ᠮᠦᠩᠭᠦ ᠪᠠᠷ ᠠᠵᠦ ᠠᠬᠤᠢᠢᠯᠠᠯ ᠳᠤ ᠵᠢᠩᠭᠢᠨᠢ ᠠᠰᠢᠭ ᠬᠦᠷᠲᠡᠭᠡᠬᠦ ᠶᠢ ᠪᠠᠲᠤᠯᠠᠨ᠂ | ᠬᠤᠭᠤᠰᠤᠨ ᠢᠶᠠᠷ ᠡᠷᠭᠢᠯᠲᠦᠬᠦ ᠠᠴᠠ ᠨᠢ ᠵᠠᠶᠢᠯᠠᠰᠬᠢᠵᠦ᠂ ᠠᠷᠠᠳ ᠤᠯᠠᠨ ᠳᠤ ᠭᠡᠷᠬᠢᠨ ᠦᠨᠡᠡ ᠬᠦ ᠠᠰᠢᠭ | ᠲᠤᠰᠠ ᠶᠢ ᠨᠢ ᠮᠡᠲᠡᠷᠡᠭᠦᠯᠬᠦ ᠪᠤᠢ︖ | ᠯᠢ ᠺᠧ ᠴᠢᠶᠠᠩ᠄ ᠡᠨᠡ ᠪᠤᠯ ᠨᠢᠭᠡ ᠤᠲᠠᠭ᠎ᠠ ᠶᠢᠨ ᠤᠷᠢᠳ ᠡᠮᠦᠨ᠎ᠠ ᠪᠠᠶᠢᠭ᠎ᠠ ᠦᠭᠡᠢ ᠲᠠᠭᠠᠷᠢᠯᠲᠠ ᠮᠦᠨ᠂ | ᠪᠢᠲᠠ ᠬᠦᠩᠭᠡᠡ ᠲᠡᠷᠭᠡ ᠪᠠᠷ ᠲᠠᠨᠢᠯ ᠵᠠᠮ ᠢᠶᠠᠷ ᠶᠠᠪᠤᠬᠤ ᠪᠤᠯᠤᠮᠵᠢ ᠦᠭᠡᠢ᠂ ᠵᠦᠪᠬᠡᠡ ᠲᠤᠮᠤ ᠲᠡᠷᠭᠡ ᠭᠡᠯᠢᠵᠦ ᠪᠡᠷᠭᠡ | ᠵᠠᠮ ᠢᠶᠠᠷ ᠶᠠᠪᠤᠨ᠎ᠠ᠃ ᠡᠶᠢᠮᠦ ᠠᠴᠠ ᠪᠢᠲᠠ ᠲᠦᠷᠦ ᠶᠢᠨ ᠪᠤᠲᠤᠯᠭ᠎ᠠ ᠶᠢᠨ ᠲᠠᠯ᠎ᠠ ᠪᠠᠷ ᠰᠢᠨ᠎ᠠ ᠶᠢ ᠡᠭᠦᠳᠬᠦ ᠶᠢ | ᠴᠢᠬᠤᠯᠠᠴᠢᠯᠠᠬᠤ ᠭᠡᠷᠡᠭᠲᠡᠢ᠃ ᠪᠢ ᠰᠠᠶᠢᠬᠠᠠ ᠶᠠᠷᠢᠵᠦ ᠦᠩᠭᠡᠷᠡᠭᠰᠡᠨ᠂ ᠮᠠᠠ ᠤ ᠲᠤᠭᠲᠠᠭᠠᠭᠰᠠᠠ ᠭᠡᠪᠴᠢᠶᠡᠵᠢᠯ ᠤᠨ | ᠴᠢᠨᠠᠷ ᠲᠠᠢ ᠲᠦᠷᠦ ᠶᠢᠨ ᠪᠤᠲᠤᠯᠭ᠎ᠠ ᠶᠢ ᠬᠦᠴᠢᠷᠲᠡᠯ ᠢ ᠨᠠᠮᠲᠠᠭᠤᠯᠵᠦ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠤᠨ ᠢ | ᠤᠷᠮᠠᠰᠢᠭᠤᠯᠤᠨ ᠬᠦᠭᠵᠢᠭᠡᠬᠦ ᠲᠦᠷᠦ ᠶᠢᠨ ᠪᠤᠲᠤᠯᠭ᠎ᠠ ᠭᠡᠲᠡᠭ᠂ ᠠᠵᠢᠯ ᠤᠯᠭᠤᠯᠲᠠ ᠶᠢ ᠴᠢᠬᠤᠯᠠᠴᠢᠯᠠᠵᠦ᠂ | ᠠᠷᠠᠳ ᠤᠨ ᠠᠮᠢᠲᠤᠷᠠᠯ ᠢ ᠪᠠᠲᠤᠯᠠᠬᠤ ᠶᠢ ᠴᠢᠬᠤᠯᠠᠴᠢᠯᠠᠨ᠎ᠠ᠂ ᠭᠤᠤᠯ ᠨᠢ ᠰᠠᠭᠤᠷᠢ ᠪᠦᠲᠦᠭᠡᠡ ᠪᠠᠶᠢᠭᠤᠯᠤᠯᠲᠠ ᠳᠤ | ᠲᠦᠰᠢᠭᠯᠡᠬᠦ ᠲᠦᠷᠦᠯ ᠵᠦᠢᠯ ᠪᠢᠰᠢ᠃ ᠤᠴᠢᠷ ᠨᠢ ᠤᠲᠤ ᠲᠤᠮᠲᠠᠲᠤ ᠤᠯᠤᠰ ᠤᠨ ᠠᠵᠦ ᠠᠬᠤᠢ ᠶᠢᠨ ᠪᠦᠲᠦᠴᠡ ᠳᠤ | ᠲᠤᠩ ᠶᠡᠭᠡ ᠬᠤᠪᠢᠷᠠᠯᠲᠠ ᠭᠠᠷᠴᠤ᠂ ᠬᠡᠷᠡᠭᠯᠡᠭᠡ ᠨᠢ ᠠᠵᠦ ᠠᠬᠤᠢ ᠶᠢᠨ ᠨᠡᠮᠡᠭᠲᠡᠯ ᠲᠤᠮᠲᠠ ᠴᠢᠬᠤᠯᠠ ᠲᠠᠶᠢᠴᠢᠯᠠᠬᠤ | ᠦᠢᠯᠡᠲᠦᠯ ᠦᠵᠡᠭᠦᠯᠵᠦ᠂ ᠲᠤᠮᠲᠠ ᠪᠠᠭ᠎ᠠ ᠵᠢᠵᠢᠭ ᠠᠵᠦ ᠠᠬᠤᠢᠢᠯᠠᠯ ᠤᠨ ᠠᠵᠢᠯ ᠤᠯᠭᠤᠯᠲᠠ ᠳᠤ ᠦᠵᠡᠭᠦᠯᠬᠦ | ᠦᠢᠯᠡᠳᠦᠯ ᠨᠢ 90% ᠠᠴᠠ ᠲᠡᠭᠡᠭᠰᠢᠬᠢ ᠶᠢ ᠡᠵᠡᠯᠡᠵᠦ ᠪᠠᠶᠢᠲᠠᠭ᠃ ᠮᠠᠠ ᠤ ᠡᠨᠡ ᠤᠲᠠᠭ᠎ᠠ ᠶᠢᠨ ᠠᠪᠤᠭᠰᠠᠠ | ᠬᠡᠪᠴᠢᠶᠡᠵᠢᠯ ᠤᠨ ᠴᠢᠨᠠᠷᠲᠠᠢ ᠲᠦᠷᠦ ᠶᠢᠨ ᠪᠤᠲᠤᠯᠭ᠎ᠠ ᠳᠤ 70% ᠤᠷᠴᠢᠮ ᠤᠨ ᠪᠡᠯᠡ ᠮᠦᠩᠭᠦ ᠶᠢ ᠰᠢᠭᠤᠳ ᠪᠤᠶᠤ | ᠨᠡᠯᠢᠶᠡᠳ ᠰᠢᠭᠤᠳ ᠢᠶᠠᠷ ᠰᠠᠭᠤᠭᠠᠯᠢ ᠠᠷᠠᠳ ᠤᠨ ᠤᠷᠤᠯᠭ᠎ᠠ ᠶᠢ ᠲᠤᠯᠭᠠᠭᠤᠷᠢᠯᠠᠬᠤ ᠳᠤ ᠭᠡᠷᠡᠭᠯᠡᠪᠡ᠂ ᠢᠩᠭᠢᠵᠦ | ᠬᠢᠬᠦ ᠨᠢ ᠬᠡᠷᠡᠭᠯᠡᠭᠡ ᠶᠢ ᠠᠬᠢᠭᠤᠯᠵᠦ᠂ ᠵᠠᠬ᠎ᠠ ᠲᠡᠯᠭᠡᠭᠦᠷ ᠢ ᠲᠠᠶᠢᠴᠢᠯᠠᠵᠦ ᠴᠢᠳᠠᠨ᠎ᠠ᠃ ᠭᠡᠪᠡᠴᠦ ᠬᠢᠵᠢᠭ ᠤᠨ | ᠪᠠᠶᠢᠲᠠᠯ ᠠᠴᠠ ᠪᠤᠯᠵᠤ ᠪᠢᠳᠡ ᠲᠤᠩ ᠶᠡᠭᠡ ᠬᠦᠴᠢᠷ ᠠᠰᠠᠭᠤᠲᠠᠯ ᠳᠤ ᠲᠤᠯᠭᠠᠷᠠᠪᠠ᠂ ᠲᠠᠷᠤᠢ ᠬᠢᠵᠢᠭ ᠤᠨ ᠪᠠᠶᠢᠲᠠᠯ ᠢ | ᠰᠡᠷᠭᠡᠶᠢᠯᠡᠡ ᠡᠵᠡᠮᠲᠡᠬᠦ ᠠᠷᠭ᠎ᠠ ᠬᠡᠮᠵᠢᠶ᠎ᠠ ᠨᠢ ᠭᠡᠷᠡᠭᠯᠡᠭᠡ ᠶᠢ ᠬᠢᠵᠠᠭᠠᠷᠯᠠᠭᠰᠠᠠ ᠪᠠᠶᠢᠲᠠᠭ᠃ ᠪᠢᠲᠠ ᠡᠨᠡ ᠮᠠᠶ᠋ᠢᠭ ᠢᠶᠠᠷ | ᠲᠦᠷᠦ ᠶᠢᠨ ᠪᠤᠲᠤᠯᠭ᠎ᠠ ᠶᠢᠨ ᠭᠡᠷᠡᠭᠵᠢᠭᠦᠯᠦᠯᠲᠠ ᠶᠢ ᠠᠬᠢᠭᠤᠯᠬᠤ ᠨᠢ ᠪᠠᠰᠠ ᠴᠤ ᠵᠠᠬ᠎ᠠ ᠲᠡᠯᠭᠡᠭᠦᠷᠴᠢᠯᠡᠬᠦ | ᠦᠭᠡᠷᠡᠴᠢᠯᠡᠯᠲᠡ ᠮᠦᠨ᠃ | ᠲᠠᠷᠠᠭᠠᠯᠠᠪᠠᠯ᠂ ᠪᠢᠲᠠ ᠲᠦᠷᠦ ᠶᠢᠨ ᠪᠤᠲᠤᠯᠭ᠎ᠠ ᠶᠢᠨ ᠪᠡᠯᠡ ᠮᠦᠩᠭᠦ ᠶᠢ ᠰᠢᠭᠤᠳ ᠦᠨᠲᠦᠰᠦᠨ ᠱᠠᠲᠤᠠ ᠳᠤ | ᠬᠦᠷᠭᠡᠵᠦ᠂ ᠰᠢᠭᠤᠳ ᠠᠵᠦ ᠠᠬᠤᠢᠢᠯᠠᠯ ᠳᠤ ᠬᠦᠷᠭᠡᠵᠦ᠂ ᠰᠢᠭᠤᠳ ᠠᠷᠠᠳ ᠤᠨ ᠠᠮᠢᠲᠤᠷᠠᠯ ᠳᠤ ᠬᠦᠷᠭᠡᠬᠦ ᠶᠢ | ᠴᠢᠬᠤᠯᠠᠴᠢᠯᠠᠵᠠᠢ᠃ ᠰᠢᠨ᠎ᠠ ᠪᠠᠷ ᠨᠡᠮᠡᠭᠲᠡᠭᠰᠡᠡ ᠤᠯᠠᠭᠠᠠ ᠲᠤᠭ᠎ᠠ ᠪᠤᠯᠤᠨ ᠬᠢᠵᠢᠭ ᠲᠠᠢ ᠲᠡᠮᠡᠴᠡᠬᠦ ᠤᠨᠴᠠᠭᠠᠢ | ᠤᠯᠤᠰ ᠤᠨ ᠵᠢᠭᠡᠯᠡᠯᠭᠡ ᠶᠢᠨ ᠪᠡᠯᠡ ᠮᠦᠩᠭᠦ ᠶᠢ ᠪᠦᠬᠦᠨ ᠢ ᠤᠷᠤᠨ ᠨᠤᠲᠤᠭ ᠲᠤ ᠰᠢᠯᠵᠢᠭᠦᠯᠵᠦ᠂ ᠰᠢᠭᠤᠳ | ᠦᠨᠲᠦᠰᠦᠨ ᠱᠠᠲᠤᠨ ᠳᠤ ᠬᠦᠷᠭᠡᠪᠡ᠃ ᠦᠨᠲᠦᠰᠦᠨ ᠱᠠᠲᠤ ᠨᠢ ᠡᠨᠡ ᠵᠤᠭᠤᠰ ᠢ ᠰᠠᠶᠢᠬᠠᠨ ᠭᠡᠷᠡᠭᠯᠡᠵᠦ ᠴᠢᠲᠠᠨ᠎ᠠ | ᠭᠡᠵᠢ ᠤᠤ︖ ᠭᠡᠵᠦ ᠵᠠᠷᠢᠮ ᠬᠦᠮᠦᠠ ᠠᠰᠠᠭᠤᠬᠤ ᠮᠠᠭᠠᠳ᠃ ᠪᠢᠳᠠ ᠤᠨᠴᠠᠭᠠᠢ ᠰᠢᠯᠵᠢᠬᠦᠯᠤᠨ ᠦᠭᠬᠦ | ᠲᠤᠭᠳᠠᠴᠠ ᠪᠠᠷ ᠡᠳᠡᠬᠡᠷ ᠵᠤᠭᠤᠰ ᠢ ᠪᠦᠬᠦᠨ ᠢ ᠠᠵᠤ ᠠᠬᠤᠢᠢᠯᠠᠯ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ | ᠠᠬᠤᠢᠢᠯᠠᠯ ᠳᠤ ᠨᠠᠶᠢᠳᠠᠪᠤᠷᠢᠵᠢᠭᠤᠯᠵᠤ᠂ ᠨᠡᠶᠢᠬᠡᠮ ᠤᠨ ᠲᠠᠭᠠᠳᠬᠠᠯ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ | ᠠᠵᠢᠯ ᠠᠯᠳᠠᠯᠲᠠ᠂ ᠨᠠᠰᠤᠵᠢᠯ ᠤᠨ ᠲᠠᠭᠠᠳᠬᠠᠯ ᠪᠤᠯᠤᠨ ᠤᠨᠴᠠ ᠬᠦᠴᠢᠷᠳᠠᠯᠳᠠᠢ ᠬᠦᠮᠤᠰ ᠲᠤ | ᠨᠠᠶᠢᠳᠠᠪᠤᠷᠢᠵᠢᠭᠤᠯᠤᠨ᠎ᠠ᠃ ᠵᠢᠩᠬᠢᠨᠢ ᠨᠡᠷ᠎ᠠ ᠶᠢᠨ ᠲᠦᠷᠢᠮ ᠪᠠᠶᠢᠭᠤᠯᠵᠤ᠂ ᠪᠠᠶᠢᠴᠠᠭᠠᠬᠤ ᠲᠠᠩᠰᠠ ᠲᠠᠢ ᠪᠤᠯᠭᠠᠵᠤ᠂ | ᠶᠠᠭᠠᠬᠢᠬᠰᠠᠨ ᠴᠤ ᠬᠤᠳᠠᠯ ᠬᠠᠭᠤᠷᠮᠠᠬ ᠬᠢᠵᠤ ᠪᠤᠯᠬᠤ ᠦᠬᠡᠢ᠂ ᠶᠠᠭᠠᠬᠢᠬᠰᠠᠨ ᠴᠤ ᠵᠠᠯᠢᠯᠠᠵᠤ ᠬᠠᠭᠤᠷᠮᠠᠬᠯᠠᠵᠤ ᠪᠤᠯᠬᠤ | ᠦᠬᠡᠢ᠃ ᠪᠢᠳᠠ ᠢᠮᠠᠬᠳᠠ ᠮᠦᠷᠳᠠᠨ ᠪᠠᠶᠢᠴᠠᠭᠠᠵᠤ᠂ ᠨᠡᠶᠢᠬᠡᠮ ᠨᠡᠶᠢᠳᠠ ᠪᠠᠷ ᠢᠶᠠᠨ ᠬᠢᠨᠠᠯᠳᠠ ᠲᠠᠯᠪᠢᠬᠤ ᠶᠢ ᠪᠠᠶᠠᠷᠯᠠᠨ | ᠤᠬᠳᠤᠵᠤ ᠪᠠᠶᠢᠨ᠎ᠠ᠃ ᠪᠢᠳᠡᠨ ᠤ ᠠᠷᠭ᠎ᠠ ᠬᠡᠮᠵᠢᠶ᠎ᠠ ᠠᠪᠤᠭᠰᠠᠨ ᠡᠴᠤᠰ ᠤᠨ ᠦᠷ᠎ᠡ ᠳ᠋ᠦᠩ ᠪᠤᠯ ᠵᠠᠬ᠎ᠠ ᠲᠡᠯᠬᠡᠬᠦᠷ ᠤᠨ | ᠭᠤᠤᠯ ᠴᠤᠬᠴᠠ ᠪᠤᠯᠤᠨ ᠠᠷᠠᠳ ᠲᠦᠮᠡᠨ ᠳᠤ ᠮᠡᠳᠡᠷᠡᠭᠳᠡᠬᠦ ᠶᠠᠪᠤᠳᠠᠯ ᠪᠤᠯᠤᠨ᠎ᠠ᠃ ᠲᠦᠪ ᠤᠨ ᠵᠠᠰᠠᠬ ᠤᠨ | ᠤᠷᠳᠤᠨ ᠤ ᠬᠢᠨ ᠡᠨᠡ ᠤᠳᠠᠭ᠎ᠠ ᠲᠠᠭᠠᠭᠤᠯᠤᠨ ᠠᠵᠢᠯᠴᠢ ᠠᠷᠪᠢᠴᠢ ᠪᠠᠷ ᠠᠮᠢᠳᠤᠷᠠᠵᠤ᠂ ᠪᠢᠳᠡ ᠲᠦᠪ ᠤᠨ ᠰᠠᠯᠠᠭ᠎ᠠ | ᠮᠦᠴᠢᠷ ᠤᠨ ᠪᠠᠴᠢᠮ ᠭᠡᠷᠡᠭᠴᠡᠬᠡᠳᠤ ᠪᠤᠰᠤ ᠵᠠᠷᠤᠯᠭ᠎ᠠ ᠶᠢ ᠬᠠᠭᠠᠰ ᠲᠤᠭ᠎ᠠ ᠠᠴᠠ ᠲᠡᠭᠡᠭᠰᠢ ᠬᠠᠰᠤᠵᠤ᠂ ᠠᠷᠪᠢᠯᠠᠨ | ᠭᠠᠷᠭᠠᠬᠰᠠᠨ ᠪᠡᠯᠡ ᠮᠦᠩᠬᠦ ᠶᠢ ᠦᠨᠳᠤᠰᠤᠨ ᠱᠠᠳᠤ᠂ ᠠᠵᠤ ᠠᠬᠤᠢᠢᠯᠠᠯ ᠪᠤᠯᠤᠨ ᠠᠷᠠᠳ ᠤᠨ ᠠᠮᠢᠳᠤᠷᠠᠯ ᠳᠤ | ᠭᠡᠷᠡᠭᠯᠠᠨᠠ᠃ ᠡᠯ᠎ᠠ ᠱᠠᠳᠤᠨ ᠤ ᠠᠷᠠᠳ ᠤᠨ ᠵᠠᠰᠠᠬ ᠤᠨ ᠤᠷᠳᠤᠨ ᠤ ᠬᠢᠨ ᠴᠦᠮ ᠠᠵᠢᠯᠴᠢ ᠠᠷᠪᠢᠴᠢ ᠪᠠᠷ | ᠠᠮᠢᠳᠤᠷᠠᠵᠤ᠂ ᠶᠠᠭᠠᠬᠢᠬᠰᠠᠨ ᠴᠤ ᠬᠡᠯᠪᠡᠷᠢᠴᠢ ᠦᠵᠡᠯ ᠲᠠᠢ ᠪᠠᠶᠢᠵᠤ᠂ ᠵᠤᠭᠤᠰ ᠵᠠᠷᠤᠬᠤ ᠲᠠᠯ᠎ᠠ ᠪᠠᠷ ᠭᠠᠷ ᠶᠡᠭᠡ | ᠪᠠᠶᠢᠵᠤ ᠪᠤᠯᠬᠤ ᠦᠬᠡᠢ᠃ | ᠰᠠᠶ᠋ᠢ ᠪᠢ ᠭᠡᠷᠡᠭᠯᠡᠭᠡ ᠶᠢ ᠦᠷᠬᠡᠳᠬᠡᠬᠦ ᠶᠢ ᠢᠯᠡᠬᠦᠤ ᠶᠠᠷᠢᠬᠰᠠᠨ᠂ ᠭᠡᠪᠡᠴᠦ ᠪᠡᠯᠡ ᠤᠷᠤᠭᠤᠯᠵᠤ ᠪᠤᠯᠬᠤ ᠦᠬᠡᠢ | ᠬᠡᠰᠡᠨ ᠶᠠᠪᠤᠳᠠᠯ ᠪᠢᠰᠢ᠂ ᠪᠢᠳᠠ ᠪᠠᠰᠠ ᠪᠦᠳᠤᠮᠵᠢᠳᠠᠢ ᠪᠡᠯᠡ ᠤᠷᠤᠭᠤᠯᠤᠯᠳᠠ ᠶᠢ ᠦᠷᠬᠡᠳᠬᠡᠨ᠎ᠡ᠃ ᠡᠨᠡ ᠤᠳᠠᠭ᠎ᠠ | ᠤᠷᠤᠨ ᠨᠤᠳᠤᠬ ᠤᠨ ᠲᠤᠰᠬᠠᠢ ᠵᠢᠬᠡᠯᠡᠯᠬᠡ ᠶᠢᠨ ᠲᠡᠮᠳᠡᠭᠲᠦ ᠶᠢ 1.6 ᠳ᠋ᠦᠩᠰᠢᠭᠤᠷ ᠲᠦᠬᠦᠷᠢᠭ ᠰᠢᠨ᠎ᠠ ᠪᠠᠷ | ᠨᠡᠮᠡᠭᠳᠡᠬᠦᠯᠪᠡ᠂ ᠲᠠᠬᠢᠨ ᠨᠢᠭᠡ ᠪᠦᠯᠦᠭ ᠤᠯᠤᠰ ᠤᠨ ᠵᠢᠬᠡᠯᠡᠯᠬᠡ ᠶᠢ ᠨᠡᠮᠡᠵᠤ ᠪᠤᠳᠤᠪᠠᠯ᠂ 2 ᠲᠦᠮᠡᠨ ᠳ᠋ᠦᠩᠰᠢᠭᠤᠷ | ᠲᠦᠬᠦᠷᠢᠭ ᠤᠨ ᠬᠡᠪᠴᠢᠶ᠎ᠠ ᠲᠠᠢ᠂ ᠡᠨᠡ ᠨᠢ ᠬᠡᠪᠴᠢᠶᠠᠵᠢᠯ ᠤᠨ ᠴᠢᠨᠠᠷᠳᠠᠢ ᠲᠦᠷᠤ ᠶᠢᠨ ᠪᠤᠳᠤᠯᠭ᠎ᠠ ᠳᠤ ᠵᠠᠭᠤᠨ ᠤ | ᠬᠤᠷᠢ ᠠᠴᠠ ᠭᠤᠴᠢ ᠶᠢ ᠡᠵᠡᠯᠡᠭᠰᠡᠨ ᠪᠠᠶᠢᠨ᠎ᠠ᠃ ᠪᠢᠳᠡᠨ ᠤ ᠪᠡᠯᠡ ᠤᠷᠤᠭᠤᠯᠤᠯᠳᠠ ᠶᠢᠨ ᠭᠤᠤᠯᠳᠠᠯᠭ᠎ᠠ ᠨᠢ ︽ᠬᠤᠶᠠᠷ | ᠰᠢᠨ᠎ᠠ ᠨᠢᠭᠡ ᠭᠤᠤᠯᠳᠠᠯᠭ᠎ᠠ︾ ᠪᠤᠯᠤᠨ᠎ᠠ᠂ ᠲᠠᠷᠤᠢ ᠰᠢᠨ᠎ᠠ ᠬᠡᠯᠪᠡᠷᠢ ᠶᠢᠨ ᠰᠠᠭᠤᠷᠢ ᠲᠦᠬᠦᠬᠡᠷᠤᠮᠵᠢ᠂ ᠰᠢᠨ᠎ᠠ | ᠬᠡᠯᠪᠡᠷᠢ ᠶᠢᠨ ᠬᠤᠳᠠ ᠪᠠᠯᠭᠠᠰᠤᠵᠢᠯᠳᠠ ᠪᠤᠯᠤᠨ ᠤᠯᠤᠰ ᠤᠨ ᠡᠳ᠋ ᠤᠨ ᠵᠠᠰᠠᠬ ᠪᠠ ᠠᠷᠡᠳ ᠤᠨ ᠠᠮᠢᠳᠤᠷᠠᠯ ᠤᠨ | ᠭᠤᠤᠯᠳᠠᠯᠭ᠎ᠠ ᠲᠠᠢ ᠲᠦᠷᠤᠯ ᠵᠦᠢᠯ ᠪᠤᠯᠤᠨ᠎ᠠ᠂ ᠲᠡᠬᠡᠬᠦ ᠮᠦᠷᠳᠡᠬᠡᠨ ᠦᠬᠡᠷᠡᠴᠢᠯᠠᠯᠳᠠ ᠶᠢᠨ ᠠᠷᠭ᠎ᠠ ᠪᠠᠷ ᠡᠳᠡᠬᠡᠷ ᠪᠡᠯᠡ | ᠮᠦᠩᠬᠦ ᠪᠠᠷ ᠨᠡᠶᠢᠬᠡᠮ ᠤᠨ ᠪᠡᠯᠡ ᠮᠦᠩᠬᠦᠨ ᠤ ᠤᠷᠤᠭᠤᠯᠤᠯᠳᠠ ᠶᠢ ᠲᠠᠶᠢᠴᠢᠯᠠᠨ᠎ᠠ᠃ ᠲᠦᠷᠤᠯ ᠵᠦᠢᠯ ᠨᠢ ᠦᠷ᠎ᠠ | ᠠᠰᠢᠭ ᠲᠠᠢ ᠪᠠᠶᠢᠬᠤ ᠭᠡᠷᠡᠭᠳᠠᠢ᠂ ᠠᠰᠢᠬ ᠤᠷᠤᠯᠭ᠎ᠠ ᠲᠠᠢ ᠪᠠᠶᠢᠬᠤ ᠭᠡᠷᠡᠭᠳᠠᠢ᠂ ᠰᠢᠨᠵᠢᠯᠡᠬᠦ ᠤᠬᠠᠭᠠᠨᠴᠢ ᠮᠠᠭᠠᠳᠯᠠᠯ | ᠬᠢᠵᠤ᠂ ᠵᠢᠮ᠎ᠠ ᠶᠤᠰᠤ ᠪᠠᠷ ᠠᠵᠢᠯ ᠢᠶᠠᠨ ᠬᠢᠵᠤ᠂ ᠠᠷᠬᠠᠬ ᠬᠡᠮ ᠦᠯᠡᠳᠡᠬᠡᠵᠤ ᠪᠤᠯᠬᠤ ᠦᠬᠡᠢ᠃ | ᠳᠤᠮᠳᠠᠳᠤ ᠤᠯᠤᠰ ᠤᠨ ᠴᠠᠬ ᠰᠤᠨᠢᠨ ᠤ ᠰᠤᠷᠪᠤᠯᠵᠢᠯᠠᠬᠴᠢ᠄ ᠡᠨᠡ ᠵᠢᠯ ᠤᠨ ᠬᠤᠶᠠᠷ ᠬᠤᠷᠠᠯ ᠨᠢ ᠬᠢᠵᠢᠭ ᠤᠨ | ᠪᠠᠶᠢᠳᠠᠯ ᠠᠴᠠ ᠪᠤᠯᠵᠤ ᠬᠤᠶᠢᠰᠢᠯᠠᠭᠤᠯᠤᠨ 5 ᠰᠠᠷ᠎ᠠ ᠳᠤ ᠬᠢᠪᠠ᠂ ᠡᠨᠡ ᠬᠦ ᠴᠠᠬ ᠨᠢ ︽5 · 20︾ ᠲᠠᠢ ᠶᠡᠭᠡ | ᠤᠢᠢᠷᠠᠬᠠᠨ ᠪᠤᠯᠪᠠ᠃ ᠳᠤᠮᠳᠠᠳᠤ ᠤᠯᠤᠰ ᠤᠨ ᠠᠷᠠᠳᠴᠢᠯᠠᠯ ᠲᠠᠪᠰᠢᠯᠳᠠ ᠨᠠᠮ ᠦᠷᠬᠦᠯᠵᠢᠯᠠᠨ ᠡᠷᠬᠡ ᠪᠠᠷᠢᠬᠰᠠᠨ | ᠪᠠᠶᠢᠳᠠᠯ ᠲᠤᠤᠷ᠎ᠠ᠂ ᠢᠷᠡᠬᠡᠳᠤᠢ ᠳᠤ ᠡᠬᠡ ᠬᠠᠭᠤᠷᠠᠢ ᠶᠢᠨ ᠲᠠᠶᠢᠸᠠᠨ ᠳᠠᠬᠢ ᠲᠦᠷᠤ ᠶᠢᠨ ᠪᠤᠳᠤᠯᠭ᠎ᠠ ᠶᠢᠨ ᠶᠠᠷᠤᠩᠬᠡᠢ | ᠪᠤᠳᠤᠯᠬᠢᠯᠠᠯ ᠨᠢ ᠶᠠᠮᠠᠷ ᠪᠤᠢ︖ ᠢᠷᠡᠬᠡᠳᠤᠢ ᠳᠤ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠬᠠᠷᠢᠴᠠᠭ᠎ᠠ ᠶᠢᠨ | ᠬᠦᠭᠵᠢᠯᠳᠠ ᠶᠢ ᠬᠡᠷᠬᠢᠨ ᠦᠷᠬᠦᠯᠵᠢᠯᠠᠨ ᠠᠬᠢᠭᠤᠯᠬᠤ ᠪᠤᠢ︖ | ᠯᠢ ᠺᠧ ᠴᠢᠶᠠᠩ᠄ ᠪᠢᠳᠠ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ ᠨᠢᠬᠡᠨᠳᠠ ᠶᠠᠷᠢᠵᠠᠢ᠂ ᠪᠢᠳᠡᠨ ᠤ | ᠲᠠᠶᠢᠸᠠᠨ ᠳᠠᠬᠢ ᠶᠠᠷᠤᠩᠬᠡᠢ ᠪᠤᠳᠤᠯᠭ᠎ᠠ ᠴᠢᠭᠯᠡᠯᠳᠠ ᠪᠤᠯ ᠬᠤᠪᠢᠷᠠᠰᠢ ᠦᠭᠡᠢ ᠶᠤᠮ᠂ ᠮᠦᠨ ᠴᠤ ᠲᠡᠯᠡᠬᠡᠢ | ᠨᠡᠶᠢᠲᠡ ᠪᠠᠷ ᠢᠶᠠᠨ ᠨᠡᠶᠢᠳᠡᠮ ᠮᠡᠳᠡᠷᠡᠵᠤ ᠪᠠᠶᠢᠨ᠎ᠠ᠃ ᠨᠢᠬᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠳᠠᠯᠠᠵᠤ᠂ ︽ | ᠶᠡᠷᠡᠨ ᠬᠤᠶᠠᠷ ᠤᠨ ᠤ ᠬᠠᠮᠳᠤ ᠶᠢᠨ ᠲᠠᠨᠢᠯᠳᠠ︾ ᠶᠢ ᠪᠠᠷᠢᠮᠳᠠᠯᠠᠵᠤ᠂ ︽ᠲᠠᠶᠢᠸᠠᠨ ᠢ ᠲᠤᠰᠠᠭᠠᠷ ᠲᠤᠭᠳᠠᠨᠢᠭᠤᠯᠬᠤ︾ | ᠶᠢ ᠡᠷᠡᠰ ᠡᠰᠡᠷᠬᠦᠴᠡᠨ᠎ᠠ᠃ ᠡᠨᠡ ᠬᠦ ᠤᠯᠤᠰ ᠲᠦᠷᠤ ᠶᠢᠨ ᠰᠠᠭᠤᠷᠢ ᠲᠡᠭᠡᠷ᠎ᠠ᠂ ᠪᠢᠳᠠ ᠲᠤᠷᠠᠳᠠᠶ᠎ᠠ ᠲᠠᠶᠢᠸᠠᠨ ᠤ ᠡᠯ᠎ᠠ | ᠨᠠᠮ ᠪᠦᠯᠦᠭ᠂ ᠪᠦᠯᠬᠦᠮ ᠨᠢᠬᠡᠴᠢ ᠪᠤᠯᠤᠨ ᠡᠳᠡᠬᠡᠳ ᠲᠠᠢ ᠬᠤᠶᠠᠷ ᠬᠦᠪᠡᠬᠡᠨ ᠤ ᠬᠠᠷᠢᠴᠠᠭ᠎ᠠ ᠪᠤᠯᠤᠨ | ᠦᠨᠳᠤᠰᠤᠳᠠᠨ ᠤ ᠢᠷᠡᠬᠡᠳᠤᠢ ᠶᠢᠨ ᠲᠤᠬᠠᠢ ᠶᠠᠷᠢᠯᠴᠠᠨ ᠵᠦᠪᠳᠡᠯᠴᠠᠵᠤ᠂ ᠬᠤᠶᠠᠷ ᠬᠦᠪᠡᠬᠡᠨ ᠤ ᠡᠩᠬᠡ ᠲᠠᠶᠢᠪᠤᠩ | ᠬᠦᠭᠵᠢᠯᠲᠡ ᠶᠢ ᠠᠬᠢᠭᠤᠯᠤᠨ᠎ᠠ᠂ ᠲᠤᠷᠠᠳᠠᠶ᠎ᠠ ᠬᠠᠮᠤᠬ ᠤᠨ ᠴᠢᠩ ᠦᠨᠡᠨᠴᠢ ᠰᠡᠳᠬᠢᠯᠬᠡ ᠪᠠᠷ᠂ ᠪᠠᠶᠢᠳᠠᠬ | ᠴᠢᠳᠠᠯ ᠢᠶᠠᠷ ᠢᠶᠠᠨ ᠴᠢᠷᠮᠠᠶᠢᠵᠤ ᠪᠠᠶᠢᠭᠠᠳ ᠡᠬᠡ ᠤᠯᠤᠰ ᠤᠨ ᠨᠠᠶᠢᠷᠠᠮᠳᠠᠯ ᠢᠶᠠᠷ ᠨᠢᠭᠡᠳᠬᠡᠬᠦ ᠶᠢ ᠪᠡᠶᠡᠯᠡᠬᠦᠯᠤᠨ᠎ᠠ᠃ | ᠲᠠᠶᠢᠸᠠᠨ ᠤ ᠠᠰᠠᠭᠤᠳᠠᠯ ᠪᠤᠯ ᠳᠤᠮᠳᠠᠳᠤ ᠤᠯᠤᠰ ᠤᠨ ᠳᠤᠳᠤᠭᠠᠳᠤ ᠶᠠᠪᠤᠳᠠᠯ᠂ ᠪᠢᠳᠠ ᠭᠠᠳᠠᠭᠠᠳᠤ ᠶᠢᠨ ᠭᠠᠷ | ᠲᠦᠷᠤᠯᠳᠠ ᠶᠢ ᠡᠰᠡᠷᠬᠦᠴᠡᠭᠰᠡᠭᠡᠷ ᠢᠷᠡᠭᠰᠡᠨ ᠶᠤᠮ᠃ ᠳᠤᠮᠳᠠᠳᠤ ᠶᠢᠨ ᠦᠨᠳᠤᠰᠤᠳᠠᠨ ᠦᠪᠡᠷ ᠤᠨ ᠶᠠᠪᠤᠳᠠᠯ ᠢᠶᠠᠨ | ᠰᠢᠢᠳᠪᠤᠷᠢᠯᠡᠬᠦ ᠤᠶᠤᠨ ᠤᠬᠠᠭᠠᠨ ᠪᠤᠯᠤᠨ ᠴᠢᠳᠠᠪᠤᠷᠢ ᠲᠠᠢ ᠶᠤᠮ᠃ | ᠲᠠᠶᠢᠸᠠᠨ ᠤ ᠠᠬ᠎ᠠ ᠲᠡᠬᠦᠤ ᠨᠠᠷ ᠪᠤᠯ ᠴᠢᠰᠤ ᠮᠢᠬᠠᠨ ᠤ ᠪᠠᠷᠢᠯᠳᠤᠯᠭ᠎ᠠ ᠲᠠᠢ ᠠᠬᠠᠨ ᠲᠡᠬᠦᠤᠰ ᠶᠤᠮ᠂ ᠪᠢᠳᠠ | ᠲᠠᠶᠢᠸᠠᠨ ᠤ ᠠᠬ᠎ᠠ ᠲᠡᠬᠦᠤ ᠨᠠᠷ ᠤᠨ ᠪᠤᠶᠠᠨ ᠵᠢᠷᠭᠠᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠬᠰᠠᠭᠠᠷ ᠢᠷᠡᠪᠠ᠃ ᠡᠨᠡ | ᠤᠳᠠᠭ᠎ᠠ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠲᠠᠷᠠᠭ᠎ᠠ᠂ ᠤᠯᠠᠨ ᠤ ᠬᠠᠮᠳᠤ ᠶᠢᠨ ᠴᠢᠷᠮᠠᠶᠢᠯᠭ᠎ᠠ ᠪᠠᠷ᠂ | ᠲᠠᠶᠢᠸᠠᠨ ᠤ ᠠᠬ᠎ᠠ ᠲᠡᠬᠦᠤ ᠨᠠᠷ ᠡᠬᠡ ᠬᠠᠭᠤᠷᠠᠢ ᠳᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ | ᠬᠠᠯᠳᠠᠪᠤᠷᠢᠯᠠᠬᠰᠠᠨ ᠠᠴᠠ ᠪᠤᠯᠵᠤ ᠠᠮᠢ ᠨᠠᠰᠤ ᠪᠠᠨ ᠠᠯᠳᠠᠬᠰᠠᠨ ᠵᠢᠱᠢᠶ᠎ᠠ ᠭᠠᠷᠤᠬᠰᠠᠨ ᠦᠬᠡᠢ᠃ ᠬᠢᠵᠢᠭ ᠤᠨ | ᠪᠠᠶᠢᠳᠠᠯ ᠤᠨ ᠡᠮᠦᠨ᠎ᠡ᠂ ᠪᠢᠳᠡ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠠᠬ᠎ᠠ ᠲᠡᠬᠦᠤ ᠨᠠᠷ ᠤᠨ ᠠᠮᠤᠷ | ᠠᠮᠤᠭᠤᠯᠠᠩ ᠡᠷᠡᠭᠦᠯ ᠮᠡᠨᠳᠦ ᠪᠠᠶᠢᠬᠤ ᠶᠢ ᠲᠠᠭᠠᠳᠬᠠᠵᠤ ᠪᠠᠶᠢᠨ᠎ᠠ᠃ | ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠡᠨᠡ ᠵᠢᠯ ᠲᠠ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠭᠤᠬᠤ ᠬᠠᠷᠠᠯᠲᠠ ᠶᠢ ᠲᠤᠤᠷ᠎ᠠ ᠪᠤᠯᠭᠠᠵᠤ᠂ | ᠬᠤᠲᠠ ᠪᠠᠯᠭᠠᠰᠤᠨ ᠳᠤ ᠪᠠᠶᠢᠴᠠᠭᠠᠯᠳᠠ ᠬᠢᠭᠰᠡᠨ ᠠᠵᠢᠯ ᠠᠯᠳᠠᠯᠲᠠ ᠶᠢᠨ ᠨᠣᠷᠮ᠎ᠠ ᠶᠢ ᠦᠨᠳᠦᠷ ᠪᠤᠯᠭᠠᠪᠠ᠃ ᠠᠵᠢᠯ | ᠣᠯᠭᠤᠯᠲᠠ ᠶᠢᠨ ᠬᠦᠨᠳᠦ ᠬᠡᠴᠡᠭᠦᠤ ᠪᠠᠶᠢᠳᠠᠯ ᠤᠨ ᠡᠮᠦᠨ᠎ᠡ᠂ ᠵᠠᠰᠠᠭ ᠤᠨ ᠣᠷᠳᠣᠨ ᠠᠵᠢᠯ ᠠᠯᠳᠠᠬᠤ ᠤᠷᠤᠰᠬᠠᠯ ᠢ | ᠬᠡᠷᠬᠢᠨ ᠬᠤᠷᠢᠬᠯᠠᠬᠤ ᠪᠣᠶ︖ ᠣᠶᠤᠲᠠᠨ ᠪᠠ ᠬᠥᠯᠥᠰᠥᠨ ᠠᠵᠢᠯᠴᠢᠨ ᠢ ᠬᠡᠷᠬᠢᠨ ᠬᠠᠪᠰᠤᠷᠴᠤ ᠠᠵᠢᠯ ᠤᠯᠭᠤᠬᠤ | ᠪᠤᠢ︖ | ᠯᠢ ᠺᠧ ᠴᠢᠶᠠᠩ᠄ ᠡᠨᠡ ᠵᠢᠯ ᠪᠢᠳᠡ ᠬᠤᠲᠠ ᠪᠠᠯᠭᠠᠰᠤᠨ ᠤ 900 ᠲᠦᠮᠡ ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠬᠤ ᠪᠠᠷ ᠲᠣᠭᠲᠠᠪᠠ᠂ ᠦᠨᠡᠬᠡᠷ ᠨᠢᠳᠤᠨᠤᠨ ᠤ ᠬᠢ ᠠᠴᠠ ᠳᠣᠤᠷ᠎ᠠ ᠪᠠᠶᠢᠨ᠎ᠠ᠂ ᠡᠨᠡ ᠬᠦ | ᠬᠠᠷᠠᠯᠲᠠ ᠶᠢ ᠪᠡᠶᠡᠯᠡᠭᠦᠯᠬᠦ ᠳᠤ ᠵᠣᠬᠢᠬᠤ ᠬᠡᠮᠵᠢᠶᠡᠨ ᠤ ᠠᠵᠤ ᠠᠬᠤᠶ ᠶᠢᠨ ᠨᠡᠮᠡᠭᠳᠡᠯ ᠢᠶᠠᠷ ᠳᠤᠯᠭᠠᠭᠤᠷᠢᠯᠠᠬᠤ ᠬᠡᠷᠡᠭᠲᠡᠶ᠃ | ᠪᠢᠳᠡ ᠬᠤᠲᠠ ᠪᠠᠯᠭᠠᠰᠤᠨ ᠳᠤ ᠪᠠᠶᠢᠴᠠᠭᠠᠯᠳᠠ ᠬᠢᠭᠰᠡᠨ ᠠᠵᠢᠯ ᠠᠯᠳᠠᠯᠲᠠ ᠶᠢᠨ ᠨᠣᠷᠮ᠎ᠠ ᠶᠢ 6% ᠣᠷᠴᠢᠮ ᠢᠶᠠᠷ | ᠲᠣᠭᠲᠠᠭᠠᠪᠠ᠃ ᠡᠨᠡ ᠵᠢᠯ ᠤᠨ 4 ᠰᠠᠷ᠎ᠠ ᠳᠤ ᠬᠤᠳᠠ ᠪᠠᠯᠭᠠᠰᠤᠨ ᠳᠤ ᠪᠠᠶᠢᠴᠠᠭᠠᠯᠳᠠ ᠬᠢᠭᠰᠡᠨ ᠠᠵᠢᠯ | ᠠᠯᠳᠠᠯᠲᠠ ᠶᠢᠨ ᠨᠤᠷᠮ᠎ᠠ ᠨᠢᠭᠡᠨᠲᠡ 6 % ᠬᠦᠷᠴᠡᠢ᠂ ᠪᠢᠳᠡ ᠢᠩᠭᠢᠵᠦ ᠬᠢᠵᠤ ᠪᠠᠶᠢᠭ᠎ᠠ ᠨᠢ ᠪᠠᠰᠠ ᠴᠤ ᠦᠨᠡᠨ ᠠᠴᠠ | ᠵᠥᠪ ᠢ ᠡᠷᠢᠵᠦ ᠪᠠᠶᠢᠭ᠎ᠠ ᠶᠠᠪᠤᠳᠠᠯ ᠪᠣᠯᠤᠨ᠎ᠠ᠃ | ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ ᠶᠠᠪᠤᠳᠠᠯ ᠮᠥᠨ᠂ ᠨᠢᠭᠡ ᠭᠡᠷ | ᠪᠦᠯᠢ ᠳᠤ ᠠᠪᠴᠤ ᠬᠡᠯᠡᠪᠡᠯ ᠲᠦᠢᠯ ᠤᠨ ᠴᠢᠬᠤᠯᠠ ᠶᠠᠪᠤᠳᠠᠯ ᠪᠤᠯᠤᠨ᠎ᠠ᠃ ᠡᠨᠡ ᠬᠡᠳᠦᠨ ᠡᠳᠦᠷ ᠪᠢ ᠳᠤᠮᠳᠠᠳᠤ | ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠦᠯᠡᠳᠡᠭᠡᠭᠰᠡᠨ ᠦᠭᠡ ᠶᠢ ᠦᠵᠡᠯ᠎ᠡ᠂ ᠪᠠᠷᠤᠭ ᠭᠤᠷᠪᠠᠨ ᠤ | ᠨᠢᠭᠡ ᠬᠤᠪᠢ ᠨᠢ ᠴᠥᠮ ᠠᠵᠢᠯ ᠤᠯᠬᠤ ᠲᠤᠬᠠᠶ ᠶᠠᠷᠢᠭᠰᠠᠨ ᠶᠤᠮ᠃ ᠲᠡᠭᠦᠨ ᠤ ᠳᠣᠲᠣᠷᠠᠬᠢ ᠨᠢᠭᠡ 50 ᠭᠠᠷᠤᠭᠰᠠᠨ | ᠬᠦᠯᠦᠰᠦᠨ ᠠᠵᠢᠯᠴᠢᠨ᠂ ᠭᠠᠳᠠᠨ᠎ᠠ 30 ᠭᠠᠷᠤᠶ ᠵᠢᠯ ᠬᠥᠯᠥᠰᠥᠨ ᠠᠵᠢᠯ ᠬᠢᠵᠦ᠂ ᠵᠢᠯ ᠪᠦᠷᠢ ᠡᠶᠢᠮᠦ ᠯᠡ ᠪᠠᠶᠢᠳᠠᠭ᠂ | ᠭᠡᠪᠡᠴᠦ ᠡᠨᠡ ᠵᠢᠯ ᠠᠵᠢᠯ ᠣᠯᠤᠭ᠎ᠠ ᠦᠭᠡᠢ ᠪᠠᠶᠢᠭᠰᠠᠭᠠᠷ᠂ ᠪᠦᠬᠦ ᠭᠡᠷ ᠢᠶᠠᠷ ᠢᠶᠠᠨ ᠬᠦᠴᠢᠷᠳᠡᠯ ᠳᠤ ᠲᠤᠯᠭᠠᠷᠠᠪᠠ | ᠬᠡᠵᠦ ᠶᠠᠷᠢᠯ᠎ᠠ᠃ ᠪᠠᠰᠠ ᠵᠠᠷᠢᠮ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠬᠡᠳᠦᠨ ᠰᠠᠷ᠎ᠠ ᠡᠭᠦᠳᠡ ᠪᠠᠨ | ᠬᠠᠭᠠᠵᠠᠶ᠃ ᠵᠠᠷᠢᠮ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠳᠤ ᠪᠤᠯᠳᠠᠯ᠎ᠠ ᠵᠠᠬᠢᠶᠠᠯᠠᠭ᠎ᠠ ᠶᠢᠨ ᠬᠠᠭᠤᠳᠠᠰᠤ | ᠦᠭᠡᠢ᠂ ᠠᠵᠢᠯᠳᠠᠨ ᠤ ᠠᠵᠢᠯ ᠤᠯᠬᠤ ᠶᠢ ᠨᠥᠯᠥᠭᠡᠯᠡᠵᠦ ᠪᠠᠶᠢᠨ᠎ᠠ᠃ ᠳᠡᠳᠡᠨ ᠤ ᠬᠦᠴᠢᠷᠳᠡᠯ ᠢ ᠪᠢᠳᠡ ᠠᠪᠤᠷᠠᠨ | ᠲᠤᠰᠠᠯᠠᠬᠤ ᠬᠡᠷᠡᠭᠲᠡᠶ᠂ ᠭᠡᠪᠡᠴᠦ ᠦᠨᠳᠦᠰᠦᠨ ᠠᠴᠠ ᠨᠢ ᠠᠪᠴᠤ ᠬᠡᠯᠡᠪᠡᠯ ᠬᠠᠰᠢᠯᠠ ᠳᠡᠳᠡᠨ ᠢ ᠬᠠᠪᠰᠤᠷᠴᠤ ᠠᠵᠢᠯ | ᠣᠯᠭᠤᠬᠤ ᠬᠡᠷᠡᠭᠲᠡᠶ᠃ ᠳᠤᠮᠳᠠᠳᠤ ᠤᠯᠤᠰ ᠲᠤ 9 ᠳ᠋ᠦᠩᠰᠢᠭᠤᠷ ᠬᠥᠳᠡᠯᠮᠦᠷᠢ ᠬᠦᠴᠦᠨ ᠲᠠᠢ᠂ ᠠᠵᠢᠯ ᠣᠯᠤᠭᠰᠠᠨ | ᠦᠭᠡᠢ ᠪᠣᠯ 9 ᠳ᠋ᠦᠩᠰᠢᠭᠤᠷ ᠬᠦᠮᠦᠨ ᠵᠦᠪᠬᠡᠨ ᠬᠤᠭᠤᠯᠠ ᠢᠳᠡᠬᠦ ᠪᠤᠯᠤᠨ᠎ᠠ︔ ᠠᠵᠢᠯ ᠤᠯᠪᠠᠯ 9 ᠳ᠋ᠦᠩᠰᠢᠭᠤᠷ | ᠬᠤᠣᠰ ᠭᠠᠷ ᠢᠶᠠᠷ ᠲᠣᠮᠣ ᠡᠳ᠋ ᠪᠠᠶᠠᠯᠢᠭ ᠪᠦᠲᠦᠭᠡᠵᠦ ᠴᠢᠳᠠᠨ᠎ᠠ᠃ | ᠣᠳᠣ ᠪᠠᠶᠢᠭ᠎ᠠ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠶᠢᠨ ᠲᠥᠯᠥᠭᠡ᠂ ᠲᠦᠷᠦ ᠶᠢᠨ ᠪᠤᠳᠤᠯᠭ᠎ᠠ ᠶᠢ | ᠬᠡᠷᠡᠭᠯᠡᠵᠦ ᠪᠤᠯᠬᠤ ᠯᠡ ᠶᠤᠮ ᠪᠤᠯ ᠬᠡᠷᠡᠭᠯᠡᠵᠦ᠂ ᠪᠡᠯᠡ ᠣᠷᠣᠭᠤᠯᠤᠭᠰᠠᠨ ᠵᠣᠭᠤᠰ ᠴᠤ ᠬᠠᠮᠤᠭ ᠤᠨ ᠠᠷᠪᠢᠨ ᠭᠡᠵᠦ | ᠬᠡᠯᠡᠵᠦ ᠪᠣᠯᠤᠨ᠎ᠠ᠃ ᠮᠠᠨ ᠤ ᠬᠡᠪᠴᠢᠶᠡᠵᠢᠯ ᠤᠨ ᠴᠢᠨᠠᠷᠲᠠᠶ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ | ᠦᠨᠳᠦᠰᠦᠨ ᠱᠠᠲᠤᠨ ᠳᠤ ᠭᠠᠶᠢᠯᠢ ᠠᠴᠠ ᠬᠡᠯᠳᠦᠷᠢᠬᠦᠯᠵᠦ ᠰᠦᠶ᠋ᠳᠬᠡᠯ ᠢ ᠪᠠᠭᠤᠷᠠᠭᠤᠯᠬᠤ ᠳᠤ ᠬᠡᠷᠡᠭᠯᠡᠬᠦ ᠶᠢ | ᠵᠥᠪᠰᠢᠶᠡᠷᠡᠬᠦ ᠪᠥᠭᠡᠳ ᠠᠵᠤ ᠠᠬᠤᠶᠢᠯᠠᠯ ᠤᠨ ᠭᠡᠷ ᠤᠨ ᠲᠦᠷᠢᠶᠡᠰᠦ ᠶᠢ ᠬᠥᠩᠭᠡᠯᠡᠬᠦ᠂ ᠬᠦᠤ ᠮᠥᠩᠭᠦ | ᠨᠥᠬᠦᠪᠥᠷᠢᠯᠡᠬᠦ ᠳᠤ ᠬᠡᠷᠡᠭᠯᠡᠬᠦ ᠶᠢ ᠵᠥᠪᠰᠢᠶᠡᠷᠡᠨ᠎ᠡ᠃ ᠡᠶᠢᠮᠦᠷᠬᠦᠦ ᠠᠷᠭ᠎ᠠ ᠬᠡᠮᠵᠢᠶ᠎ᠡ ᠠᠪᠬᠤ ᠨᠢ ᠳᠠᠷᠤᠶ ᠠᠵᠤ | ᠠᠬᠤᠶᠢᠯᠠᠯ ᠢ ᠲᠣᠭᠲᠠᠪᠤᠷᠢᠵᠢᠭᠤᠯᠵᠤ᠂ ᠠᠵᠢᠯ ᠤᠨ ᠪᠠᠶᠢᠷᠢ ᠶᠢ ᠪᠠᠲᠤᠯᠠᠵᠤ ᠴᠢᠳᠠᠬᠤ ᠮᠥᠷᠲᠡᠭᠡᠨ ᠲᠥᠪ ᠭᠤᠣᠯᠴᠢ | ᠵᠦᠢ ᠵᠣᠬᠢᠰᠲᠠᠢ ᠪᠠᠶᠢᠳᠠᠭ᠃ ᠪᠢᠳᠡ ᠪᠠᠰᠠ ᠠᠵᠤ ᠠᠬᠤᠶᠢᠯᠠᠯ ᠢ ᠲᠤᠰᠠᠯᠠᠵᠤ ᠪᠠᠶᠢᠭᠠᠳ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠠᠪᠴᠤ᠂ ᠡᠨᠡ ᠵᠢᠯ ᠪᠠ ᠢᠷᠡᠬᠦ ᠵᠢᠯ ᠳᠤ ᠠᠵᠢᠯ ᠠᠯᠳᠠᠯᠲᠠ ᠶᠢᠨ | ᠳᠠᠭᠠᠳᠬᠠᠯ ᠤᠨ ᠳ᠋ᠦᠩᠨᠡᠨ ᠬᠠᠳᠠᠭᠠᠯᠠᠭᠰᠠᠨ ᠪᠠᠯᠠ ᠮᠥᠩᠭᠦ ᠪᠠᠷ ᠳᠠᠮᠵᠢᠨ 3500 ᠲᠦᠮᠡᠨ ᠬᠥᠮᠦᠨ ᠤᠳᠠᠭ᠎ᠠ ᠳᠤ | ᠠᠵᠢᠯ ᠤᠨ ᠪᠠᠶᠢᠷᠢ ᠶᠢᠨ ᠪᠤᠯᠪᠠᠰᠤᠷᠠᠯ ᠬᠢᠵᠦ᠂ ᠲᠡᠳᠡᠨ ᠳᠤ ᠨᠠᠮᠳᠠᠭᠤᠯᠬᠤ ᠲᠣᠬᠢᠶᠠᠯ ᠤᠯᠭᠤᠨ᠎ᠠ᠃ ᠠᠵᠢᠯ | ᠠᠯᠳᠠᠴᠢᠬᠠᠯ᠎ᠠ ᠴᠤ ᠭᠡᠰᠡᠨ ᠲᠡᠳᠡᠠ ᠢ ᠣᠬᠤᠷᠬᠠᠨ ᠬᠤᠭᠤᠴᠠᠭᠠᠨ ᠤ ᠳᠣᠲᠣᠷ᠎ᠠ ᠲᠡᠬᠢᠠ ᠠᠵᠢᠯ ᠤᠯᠬᠤ ᠲᠣᠬᠢᠶᠠᠯ ᠲᠠᠢ | ᠪᠣᠯᠭᠠᠬᠤ ᠪᠠᠷ ᠴᠢᠷᠮᠠᠶᠢᠬᠤ ᠬᠡᠷᠡᠭᠲᠡᠶ᠃ | ᠡᠭᠦᠨ ᠤ ᠬᠠᠮᠲᠤ ᠪᠠᠰᠠ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠪᠤᠢ ᠪᠤᠯᠭᠠᠨ᠎ᠠ᠃ ᠤᠳᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠨ ᠬᠥᠭᠵᠢᠵᠦ᠂ ᠪᠠᠷᠤᠭ 1 ᠳ᠋ᠦᠩᠰᠢᠭᠤᠷ ᠬᠥᠮᠦᠨ ᠠᠵᠢᠯ ᠣᠯᠪᠠ᠃ | ᠮᠠᠨ ᠤ ᠡᠳᠦᠷ ᠤᠨ ᠬᠦᠴᠦᠨ ᠤ ᠠᠵᠤ ᠠᠬᠤᠶ ᠴᠤ 2 ᠳ᠋ᠦᠩᠰᠢᠭᠤᠷ ᠬᠥᠮᠦᠨ ᠳᠤ ᠠᠵᠢᠯ ᠤᠯᠭᠤᠪᠠ᠃ ᠨᠠᠩ ᠣᠯᠠᠨ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠠᠪᠴᠤ᠂ ᠲᠡᠷᠡᠴᠢᠯᠡᠨ ᠲᠡᠳᠡᠭᠡᠷ ᠵᠦᠶ ᠵᠤᠬᠢᠰ ᠦᠭᠡᠢ ᠬᠡᠪ ᠵᠤᠷᠰᠢᠯ ᠢ | ᠡᠪᠳᠡᠵᠦ᠂ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠪᠤᠢ ᠪᠤᠯᠭᠠᠬᠤ ᠬᠡᠷᠡᠭᠲᠡᠶ᠃ ᠨᠢᠳᠤᠨᠤᠨ ᠡᠳᠦᠷ ᠳᠤᠮᠳᠠᠴᠢ ᠳᠤ | 1 ᠲᠦᠮᠡ ᠭᠠᠷᠤᠶ ᠠᠵᠤ ᠠᠬᠤᠶᠢᠯᠠᠯ ᠴᠡᠪᠡᠷ ᠨᠡᠮᠡᠭᠳᠡᠭᠰᠡᠨ ᠪᠠᠶᠢᠨ᠎ᠠ᠂ ᠡᠨᠡ ᠵᠢᠯ ᠪᠠᠰᠠ ᠡᠨᠡ ᠬᠦ ᠬᠠᠷᠠᠯᠲᠠ ᠶᠣᠰᠣᠭᠠᠷ | ᠴᠢᠷᠮᠠᠶᠢᠨ᠎ᠠ᠃ | ᠠᠷᠠᠳ ᠣᠯᠠᠨ ᠬᠢᠵᠠᠭᠠᠯᠠᠰᠢ ᠦᠭᠡᠢ ᠪᠦᠲᠦᠭᠡᠯᠴᠢ ᠴᠢᠳᠠᠪᠤᠷᠢ ᠲᠠᠢ ᠪᠠᠶᠢᠳᠠᠭ᠃ ᠥᠭᠡᠷᠡᠴᠢᠯᠡᠯᠲᠡ | ᠨᠡᠭᠡᠭᠡᠯᠲᠡ ᠶᠢᠨ ᠡᠬᠢᠨ ᠤ ᠦᠶ᠎ᠡ ᠪᠠᠨ ᠡᠷᠭᠢᠴᠡᠭᠦᠯᠬᠦᠶ᠎ᠡ᠂ ᠶᠡᠭᠡ ᠬᠡᠮᠵᠢᠶᠡᠨ ᠤ ᠰᠡᠬᠡᠭᠡᠲᠡᠳ ᠬᠤᠲᠠ ᠳᠤ ᠪᠤᠴᠠᠵᠤ᠂ | ᠨᠢᠭᠡ ᠯᠡ ︽ᠲᠤᠮᠤ ᠠᠶᠠᠭ᠎ᠠ ᠴᠠᠶ︾ ᠪᠠᠷ ᠬᠡᠴᠢᠨᠡᠬᠡᠨ ᠬᠥᠮᠦᠨ ᠤ ᠠᠵᠢᠯ ᠣᠯᠭᠤᠯᠲᠠ ᠶᠢ ᠰᠢᠢᠳᠪᠦᠷᠢᠯᠡᠪᠡ︕ | ᠬᠤᠶᠠᠷ ᠭᠠᠷᠠᠭ ᠤᠨ ᠡᠮᠦᠨ᠎ᠡ᠂ ᠪᠢ ᠮᠡᠳᠡᠭᠡᠯᠡᠯ ᠠᠴᠠ ᠤᠯᠵᠤ ᠦᠵᠡᠭᠰᠡᠨ ᠢᠶᠠᠷ᠂ ᠪᠠᠷᠠᠭᠤᠨ ᠬᠡᠰᠡᠭ ᠤᠨ ᠨᠢᠭᠡ | ᠬᠤᠲᠠ ᠨᠢ ᠲᠤᠬᠠᠶ ᠶᠢᠨ ᠭᠠᠵᠠᠷ ᠤᠨ ᠵᠢᠷᠤᠮᠵᠢᠯ ᠢᠶᠠᠷ 3.6 ᠲᠦᠮᠡᠨ ᠶᠠᠪᠤᠭᠤᠯ ᠬᠤᠳᠠᠯᠳᠤᠭᠠᠴᠢᠨ ᠤ ᠳᠡᠯᠭᠡᠭᠦᠷ | ᠭᠠᠷᠭᠠᠵᠠᠶ᠃ ᠡᠭᠦᠨ ᠤ ᠳ᠋ᠦᠩ ᠳᠤ ᠨᠢᠭᠡ ᠯᠡ ᠰᠥᠨᠢ ᠶᠢᠨ ᠬᠤᠭᠤᠷᠣᠨᠳᠣ 10 ᠲᠦᠮᠡᠨ ᠬᠥᠮᠦᠨ ᠳᠤ ᠠᠵᠢᠯ | ᠣᠯᠭᠤᠪᠠ᠃ ᠳᠤᠮᠳᠠᠳᠤ ᠤᠯᠤᠰ ᠤᠨ ᠠᠷᠠᠳ ᠲᠦᠮᠡᠨ ᠠᠵᠢᠯᠴᠢ ᠬᠥᠳᠡᠯᠮᠦᠷᠢᠴᠢ ᠪᠠᠶᠢᠳᠠᠭ ᠪᠥᠭᠡᠳ ᠳᠤᠮᠳᠠᠳᠤ | ᠤᠯᠤᠰ ᠤᠨ ᠵᠠᠬ᠎ᠠ ᠳᠡᠯᠭᠡᠭᠦᠷ ᠴᠦ ᠲᠡᠰᠦᠷᠡᠯᠳᠠ ᠤᠢᠭᠡᠢ ᠥᠷᠭᠡᠵᠢᠨ ᠳᠡᠰ ᠳᠡᠪᠰᠢᠵᠦ ᠪᠠᠶᠢᠨ᠎ᠠ᠃ ᠶᠠᠷᠢᠶᠠᠨ ᠦᠭᠡᠢ᠂ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠳᠤ ᠪᠢᠳᠡᠨ ᠳᠤ ᠭᠤᠤᠯᠳᠠᠯᠭ᠎ᠠ ᠲᠠᠢ ᠲᠡᠳᠬᠦᠬᠦ ᠲᠦᠷᠦ ᠶᠢᠨ | ᠪᠤᠳᠤᠯᠭ᠎ᠠ ᠪᠠᠶᠢᠨ᠎ᠠ᠃ ᠡᠨᠡ ᠵᠢᠯ ᠶᠡᠭᠡ ᠰᠤᠷᠭᠠᠭᠤᠯᠢ ᠲᠡᠭᠦᠰᠬᠦ ᠤᠶᠤᠲᠠᠨ 874 ᠲᠦᠮᠡᠨ ᠬᠥᠮᠦᠨ ᠳᠤ ᠬᠦᠷᠴᠦ᠂ | ᠰᠢᠨ᠎ᠡ ᠳᠡᠮᠳᠡᠭᠯᠡᠯ ᠢ ᠡᠭᠦᠳᠬᠦ ᠪᠤᠯᠤᠨ᠎ᠠ᠃ ᠲᠡᠳᠡᠨ ᠢ ︽ᠤᠳᠠᠰᠤ ᠨᠢ ᠳᠠᠰᠤᠷᠠᠬᠤ ᠦᠬᠡᠢ ᠴᠠᠭᠠᠰᠤᠨ ᠰᠢᠪᠠᠭᠤ︾ | ᠪᠣᠯᠭᠠᠶ᠎ᠠ ᠬᠡᠪᠡᠯ᠂ ᠡᠨᠡ ᠵᠢᠯ ᠪᠠ ᠢᠷᠡᠬᠦ ᠵᠢᠯ ᠪᠦᠷ ᠠᠵᠢᠯ ᠣᠯᠭᠤᠯᠲᠠ ᠶᠢᠨ ᠦᠢᠯᠡᠴᠢᠯᠡᠭᠡ ᠶᠢ ᠦᠷᠭᠦᠯᠵᠢᠯᠡᠨ | ᠬᠠᠩᠭᠠᠬᠤ ᠬᠡᠷᠡᠭᠲᠡᠶ᠃ ᠬᠥᠯᠥᠰᠥᠨ ᠠᠵᠢᠯᠴᠢᠨ ᠳᠤ ᠠᠪᠴᠤ ᠬᠡᠯᠡᠪᠡᠯ᠂ ᠪᠠᠶᠢᠩᠭᠤ ᠰᠠᠭᠤᠭ᠎ᠠ ᠭᠠᠵᠠᠷ ᠴᠤ ᠲᠡᠷᠡ᠂ | ᠨᠤᠲᠤᠭ ᠲᠠᠭᠠᠨ ᠪᠤᠴᠠᠭᠰᠠᠨ ᠴᠤ ᠲᠡᠷᠡ᠂ ᠴᠥᠮ ᠲᠡᠳᠡᠨ ᠳᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ | ᠬᠠᠩᠭᠠᠬᠤ ᠬᠡᠷᠡᠭᠲᠡᠢ᠃ ᠴᠡᠷᠢᠭ ᠠᠴᠠ ᠬᠠᠯᠠᠭᠳᠠᠭᠰᠠᠳ ᠲᠤ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠦᠨᠡᠨ ᠬᠦ | ᠰᠠᠶᠢᠲᠤᠷ ᠨᠠᠶᠢᠳᠠᠪᠤᠷᠢᠵᠢᠭᠤᠯᠤᠨ᠎ᠠ᠃ | ᠹᠧᠩ ᠬᠤᠸᠠᠩ ᠤᠳᠤᠨ ᠲᠧᠯᠧᠢᠰ ᠤᠨ ᠰᠤᠷᠪᠤᠯᠵᠢᠯᠠᠭᠴᠢ᠄ ᠡᠨᠡ ᠤᠳᠠᠭ᠎ᠠ ᠶᠢᠨ ᠪᠦᠬᠦ ᠤᠯᠤᠰ ᠤᠨ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠠᠴᠠ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠪᠠ ᠬᠡᠷᠡᠭᠵᠢᠬᠦᠯᠬᠦ ᠳᠤᠭᠳᠠᠴᠠ ᠶᠢ | ᠪᠠᠶᠢᠭᠤᠯᠤᠨ ᠪᠦᠷᠢᠨᠰᠢᠬᠦᠯᠬᠦ ᠳᠤᠬᠠᠢ ᠳᠤᠭᠳᠠᠭᠠᠯ ᠭᠠᠷᠭᠠᠵᠤ᠂ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠠᠴᠠ ᠡᠬᠦᠨ ᠤ ᠳᠤᠬᠠᠢ ᠳᠤᠰᠬᠠᠢ ᠬᠠᠤᠯᠢ ᠴᠠᠭᠠᠵᠠ ᠳᠤᠭᠳᠠᠭᠠᠬᠤ | ᠪᠤᠯᠤᠨ᠎ᠠ᠃ ᠡᠨᠡ ᠨᠢ ᠲᠦᠪ ᠠᠴᠠ ᠰᠢᠶᠠᠩᠭᠠᠩ ᠳᠠᠬᠢ ᠲᠦᠷᠦ ᠶᠢᠨ ᠪᠤᠳᠤᠯᠭ᠎ᠠ ᠳᠤ ᠳᠤᠬᠢᠷᠠᠭᠤᠯᠤᠯᠳᠠ ᠬᠢᠵᠦ | ᠪᠠᠶᠢᠭ᠎ᠠ ᠶᠢ ᠢᠯᠡᠳᠬᠡᠵᠦ ᠪᠠᠶᠢᠨ᠎ᠠ ᠤᠤ᠂ ︽ᠨᠢᠬᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠶᠢ | ᠳᠠᠶᠠᠭᠳᠠᠭᠰᠠᠨ ᠤᠤ︖ ᠲᠠ ᠤᠳᠤᠬᠠᠨ ᠤ ᠡᠯ᠎ᠠ ᠳᠠᠯ᠎ᠠ ᠶᠢᠨ ᠳᠤᠰᠬᠠᠯ ᠢ ᠬᠡᠷᠬᠢᠨ ᠦᠵᠡᠵᠦ ᠪᠠᠶᠢᠬᠤ ᠪᠤᠢ︖ | ᠯᠢ ᠺᠧ ᠴᠢᠶᠠᠩ᠄ ︽ᠨᠢᠬᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠪᠤᠯ ᠤᠯᠤᠰ ᠤᠨ | ᠦᠨᠳᠦᠰᠦᠨ ᠲᠦᠷᠦ ᠶᠢᠨ ᠪᠤᠳᠤᠯᠭ᠎ᠠ ᠪᠤᠯᠤᠨ᠎ᠠ᠂ ᠲᠦᠪ ᠤᠨ ᠵᠠᠰᠠᠭ ᠤᠨ ᠤᠷᠳᠤᠨ ᠠᠴᠠ ︽ᠨᠢᠬᠡ ᠤᠯᠤᠰ ᠲᠤ | ᠬᠤᠶᠠᠷ ᠪᠠᠶᠢᠭᠤᠯᠤᠯ ᠢ ᠬᠡᠷᠡᠭᠵᠢᠬᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ᠳᠡᠬᠡᠳᠤ | ᠬᠡᠮᠵᠢᠶᠡᠨ ᠤ ᠦᠪᠡᠷᠳᠡᠬᠡᠨ ᠵᠠᠰᠠᠬᠤ ᠴᠢᠭᠯᠡᠯᠳᠡ ᠶᠢ ᠪᠦᠬᠦ ᠳᠠᠯ᠎ᠠ ᠪᠠᠷ ᠤᠨᠤᠪᠴᠢᠳᠠᠢ ᠳᠤᠭᠤᠰᠢᠯᠠᠭᠤᠯᠬᠤ ᠶᠢ ᠢᠮᠠᠭᠳᠠ | ᠴᠢᠬᠤᠯᠠᠴᠢᠯᠠᠭᠰᠠᠭᠠᠷ ᠢᠷᠡᠵᠡᠢ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠶᠢ ᠴᠢᠩᠭ᠎ᠠ ᠵᠢᠷᠤᠮᠯᠠᠨ | ᠠᠵᠢᠯᠯᠠᠵᠤ᠂ ᠤᠨᠴᠠᠭᠠᠢ ᠵᠠᠰᠠᠭ ᠵᠠᠬᠢᠷᠭᠠᠨ ᠤ ᠤᠷᠤᠨ ᠪᠠ ᠵᠠᠰᠠᠭ ᠵᠠᠬᠢᠷᠭᠠᠨ ᠤ ᠳᠠᠷᠤᠭ᠎ᠠ ᠶᠢᠨ ᠬᠠᠤᠯᠢ ᠶᠤᠰᠤᠭᠠᠷ | ᠵᠠᠰᠠᠭ ᠶᠠᠪᠤᠭᠤᠯᠬᠤ ᠶᠢ ᠳᠡᠮᠵᠢᠬᠦ ᠪᠤᠯ ᠢᠮᠠᠭᠳᠠ ᠶᠢᠨ ᠪᠠᠶᠢᠳᠠᠭ᠃ ᠲᠠᠨ ᠤ ᠳᠤᠷᠠᠳᠤᠭᠰᠠᠨ ᠪᠦᠬᠦ ᠤᠯᠤᠰ ᠤᠨ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠠᠴᠠ ᠰᠠᠶ᠋ᠢᠬᠠᠨ ᠪᠠᠳᠤᠯᠠᠭᠰᠠᠨ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠲᠤᠬᠠᠢ ᠳᠤᠭᠳᠠᠭᠠᠯ ᠪᠤᠯ ︽ᠨᠢᠬᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠶᠢ ᠤᠷᠳᠤ | ᠬᠤᠭᠤᠴᠠᠭ᠎ᠠ ᠳᠤᠭᠳᠠᠭᠤᠨ ᠪᠠᠶᠢᠯᠭᠠᠬᠤ ᠶᠢ ᠪᠠᠳᠤᠯᠠᠬᠤ ᠶᠢᠨ ᠲᠦᠯᠦᠬᠡ᠂ ᠰᠢᠶᠠᠩᠭᠠᠩ ᠤᠨ ᠤᠷᠳᠤ ᠬᠤᠭᠤᠴᠠᠭᠠᠨ ᠤ | ᠴᠡᠴᠡᠭᠯᠡᠯ ᠳᠤᠭᠳᠠᠭᠤᠨ ᠢ ᠬᠠᠮᠠᠭᠠᠯᠠᠬᠤ ᠶᠢᠨ ᠲᠦᠯᠦᠬᠡ ᠶᠤᠮ᠃ | ᠠᠮᠧᠷᠢᠺᠠ ᠶᠢᠨ ᠪᠦᠬᠦ ᠤᠯᠤᠰ ᠤᠨ ᠷᠠᠳᠢᠣ᠋ ᠨᠡᠪᠲᠡᠷᠡᠭᠦᠯᠭᠡ ᠶᠢᠨ ᠺᠣᠮᠫᠠᠨᠢ ᠶᠢᠨ ᠰᠤᠷᠪᠤᠯᠵᠢᠯᠠᠭᠴᠢ᠄ ᠠᠮᠧᠷᠢᠺᠠ | ᠦᠷᠬᠦᠯᠵᠢᠯᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠦᠬᠦ ᠳᠡᠯᠡᠬᠡᠶ ᠶᠢᠨ ᠶᠡᠭᠡ ᠳᠡᠯᠭᠡᠷᠡᠯ ᠢ | ᠳᠤᠮᠳᠠᠳᠤ ᠤᠯᠤᠰ ᠲᠤ ᠲᠤᠯᠭᠠᠵᠥ᠂ ᠳᠤᠮᠳᠠᠳᠤ ᠠᠮᠧᠷᠢᠺᠠ ᠶᠢᠨ ᠬᠤᠭᠤᠷᠣᠨᠳᠣᠬᠢ ᠰᠢᠨ᠎ᠡ ᠬᠦᠢᠲᠡᠨ ᠳᠠᠶᠢᠨ ᠤ | ᠲᠤᠬᠠᠶ ᠬᠡᠯᠡᠯᠭᠡ ᠨᠡᠩ ᠣᠯᠠᠨ ᠭᠠᠷᠴᠤ ᠪᠤᠢ᠃ ᠡᠭᠦᠨ ᠤ ᠬᠠᠮᠲᠤ᠂ ᠠᠮᠧᠷᠢᠺᠠ ᠳᠤᠮᠳᠠᠳᠤ ᠬᠤᠶᠠᠷ ᠲᠠᠯ᠎ᠠ ᠶᠢᠨ | ᠠᠯᠪᠠᠨ ᠲᠤᠰᠢᠶᠠᠯᠲᠠᠳ ᠠᠴᠠ ᠪᠠᠰᠠ ᠬᠤᠶᠠᠷ ᠤᠯᠤᠰ ᠤᠨ ᠬᠤᠭᠤᠷᠣᠨᠳᠣᠬᠢ ᠨᠢᠭᠡᠳᠦᠭᠡᠷ ᠱᠠᠲᠤᠨ ᠤ ᠠᠵᠤ ᠠᠬᠤᠶ | ᠠᠷᠠᠯᠵᠢᠶᠠᠨ ᠤ ᠬᠡᠯᠡᠯᠴᠡᠭᠡᠷ ᠢ ᠨᠠᠶᠢᠳᠠᠪᠤᠷᠢᠵᠢᠭᠤᠯᠬᠤ ᠳᠤ ᠬᠡᠷᠬᠢᠨ ᠠᠰᠢᠭᠲᠠᠶ ᠨᠥᠬᠦᠴᠡᠯ ᠢ ᠪᠤᠢ ᠪᠣᠯᠭᠠᠵᠤ᠂ | ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠲᠤᠬᠠᠶ ᠶᠠᠷᠢᠯᠴᠠᠵᠤ | ᠪᠠᠶᠢᠨ᠎ᠠ᠃ ᠳᠤᠮᠳᠠᠳᠤ ᠤᠯᠤᠰ ᠤᠨ ᠲᠤᠰ ᠪᠡᠶ᠎ᠡ ᠶᠢᠨ ᠠᠵᠤ ᠠᠬᠤᠶ ᠳᠤ ᠲᠤᠯᠭᠠᠷᠠᠭᠰᠠᠨ ᠬᠦᠴᠢᠷᠳᠡᠯ ᠢ | ᠪᠣᠳᠣᠯᠬᠢᠯᠠᠭᠠᠳ᠂ ᠳᠤᠮᠳᠠᠳᠤ ᠤᠯᠤᠰ ᠤᠨ ᠠᠵᠤ ᠠᠬᠤᠶ ᠶᠢᠨ ᠥᠭᠡᠷᠡᠴᠢᠯᠡᠯᠲᠡ ᠪᠠ ᠨᠠᠶᠢᠷ ᠲᠠᠯᠪᠢᠬᠤ ᠶᠠᠪᠤᠳᠠᠯ ᠨᠢ | ᠠᠮᠧᠷᠢᠺᠠ ᠶᠢᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠭᠦᠢᠴᠡᠳ ᠰᠢᠢᠳᠪᠦᠷᠢᠯᠡᠵᠦ ᠴᠢᠳᠠᠨ᠎ᠠ ᠭᠡᠵᠦ ᠲᠠ | ᠦᠵᠡᠵᠦ ᠪᠠᠶᠢᠨ᠎ᠠ ᠤᠤ︖ ᠬᠡᠷᠪᠡ ᠬᠠᠮᠲᠤᠷᠠᠯᠴᠠᠭ᠎ᠠ ᠨᠢ ᠢᠯᠠᠭᠳᠠᠬᠤ ᠳᠤ ᠬᠦᠷᠪᠡᠯ᠂ ᠳᠤᠮᠳᠠᠳᠤ ᠤᠯᠤᠰ ᠤᠨ ᠠᠵᠤ | ᠠᠬᠤᠢ ︽ᠰᠢᠨ᠎ᠡ ᠬᠦᠢᠳᠡᠨ ᠳᠠᠶᠢᠨ︾ ᠪᠠ ︽ᠬᠠᠷᠢᠴᠠᠭ᠎ᠠ ᠪᠠᠨ ᠲᠠᠰᠤᠯᠬᠤ︾ ᠰᠦᠷᠳᠡᠭᠦᠯᠦᠯ ᠢ ᠡᠰᠡᠷᠭᠦᠴᠡᠵᠦ | ᠴᠢᠳᠠᠨ᠎ᠠ ᠤᠤ︖ | ᠯᠢ ᠺᠧ ᠴᠢᠶᠠᠩ᠄ ᠣᠳᠣᠬᠠᠨ ᠳᠤ ᠳᠤᠮᠳᠠᠳᠤ ᠠᠮᠧᠷᠢᠺᠠ ᠶᠢᠨ ᠬᠠᠷᠢᠴᠠᠭ᠎ᠠ ᠳᠤ ᠦᠨᠡᠬᠡᠷ ᠵᠠᠷᠢᠮ ᠰᠢᠨ᠎ᠡ | ᠠᠰᠠᠭᠤᠳᠠᠯ᠂ ᠰᠢᠨ᠎ᠡ ᠥᠷᠢᠰᠥᠯᠳᠦᠭᠡᠨ ᠭᠠᠷᠴᠤ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠴᠠᠭ᠎ᠠ ᠮᠠᠰᠢ ᠴᠢᠬᠤᠯᠠ᠂ | ᠬᠤᠶᠠᠷ ᠤᠯᠤᠰ ᠪᠣᠯ ᠪᠦᠷ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯᠭᠦᠢ ᠶᠢᠨ ᠵᠥᠪᠯᠡᠯ ᠤᠨ | ᠪᠠᠶᠢᠩᠭᠤ ᠶᠢᠨ ᠬᠡᠷᠡᠭ ᠡᠷᠬᠢᠯᠡᠭᠴᠢ ᠤᠯᠤᠰ ᠪᠣᠯᠤᠨ᠎ᠠ᠃ ᠠᠵᠤ ᠠᠬᠤᠶ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠰᠣᠶᠣᠯ ᠢᠷᠭᠡᠨᠰᠢᠯ ᠤᠨ ᠲᠠᠯ᠎ᠠ ᠪᠠᠷ ᠪᠠᠰᠠ ᠥᠷᠭᠡᠨ ᠳᠡᠯᠭᠡᠷ ᠰᠣᠯᠢᠯᠴᠠᠭ᠎ᠠ ᠬᠢᠵᠦ᠂ ᠬᠤᠶᠠᠷ ᠤᠯᠤᠰ ᠤᠨ | ᠬᠤᠭᠤᠷᠣᠨᠳᠣ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠣᠷᠣᠰᠢᠵᠤ ᠪᠠᠶᠢᠨ᠎ᠠ᠃ ᠳᠤᠮᠳᠠᠳᠤ ᠠᠮᠧᠷᠢᠺᠠ ᠬᠤᠶᠠᠷ | ᠤᠯᠤᠰ ᠡᠶᠡᠳᠡᠪᠡᠯ ᠬᠤᠶᠠᠭᠤᠯᠠ ᠳᠤ ᠠᠰᠢᠭᠲᠠᠢ ᠪᠠᠶᠢᠵᠤ᠂ ᠲᠡᠮᠡᠴᠡᠯᠳᠦᠪᠡᠯ ᠪᠦᠷ ᠰᠢᠷᠬᠠᠲᠤᠨ᠎ᠠ᠂ ᠲᠡᠷᠡ ᠨᠢ ᠬᠤᠶᠠᠷ | ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ ᠬᠤᠯᠪᠣᠭᠳᠠᠬᠤ ᠪᠠᠷ ᠪᠠᠷᠠᠬᠤ ᠦᠭᠡᠶ ᠳᠡᠯᠡᠬᠡᠶ ᠶᠢᠷᠲᠢᠨᠴᠦ ᠲᠠᠢ | ᠬᠤᠯᠪᠣᠭᠳᠠᠬᠤ ᠪᠣᠯᠬᠤᠷ ᠵᠠᠷᠢᠮ ᠠᠰᠠᠭᠤᠳᠠᠯ ᠭᠠᠷᠤᠭᠰᠠᠨ ᠤ ᠳᠠᠷᠠᠭ᠎ᠠ ᠳᠡᠯᠡᠬᠡᠶ ᠳ᠋ᠠᠬᠢᠨ ᠤ ᠰᠠᠨᠠᠭᠠᠰᠢᠷᠠᠯ ᠢ ᠡᠭᠦᠰᠭᠡᠬᠦ | ᠪᠤᠯᠤᠨ᠎ᠠ᠃ ︽ᠰᠢᠨ᠎ᠡ ᠬᠦᠢᠲᠡᠨ ᠳᠠᠶᠢᠨ︾ ᠤ ᠲᠤᠬᠠᠶ ᠶᠠᠷᠢᠪᠠᠯ᠂ ᠪᠢᠳᠡ ᠶᠡᠷᠦ ᠠᠴᠠ ︽ᠬᠦᠢᠲᠡᠨ ᠳᠠᠶᠢᠨ︾ ᠤ | ᠰᠡᠳᠬᠢᠬᠦᠢ ᠶᠢ ᠲᠠᠶᠠᠭᠳᠠᠬᠤ ᠶᠢ ᠵᠣᠷᠢᠳᠠᠭ᠃ ︽ᠬᠠᠷᠢᠴᠠᠭ᠎ᠠ ᠪᠠᠨ ᠲᠠᠰᠤᠯᠬᠤ︾ ᠭᠡᠳᠡᠭ ᠢ ᠬᠤᠶᠠᠷ ᠭᠤᠣᠯ ᠪᠣᠯᠬᠤ | ᠠᠵᠤ ᠠᠬᠤᠢ ᠶᠢᠨ ᠴᠣᠭᠴᠠ ︽ᠬᠠᠷᠢᠴᠠᠭ᠎ᠠ ᠪᠠᠨ ᠲᠠᠰᠤᠯᠬᠤ︾ ᠬᠡᠵᠥ ᠬᠡᠯᠡᠵᠥ ᠪᠤᠯᠤᠨ᠎ᠠ᠂ ᠬᠡᠨ ᠠᠯᠢᠨ ᠳᠤᠨᠢ ᠴᠦ | ᠠᠰᠢᠭ ᠦᠭᠡᠢ᠂ ᠪᠠᠰᠠ ᠳᠡᠯᠡᠬᠡᠶ ᠳ᠋ᠠᠬᠢᠨ ᠢ ᠬᠤᠬᠢᠷᠠᠭᠤᠯᠬᠤ ᠪᠣᠯᠤᠨ᠎ᠠ᠃ ᠪᠢᠳᠡ ᠬᠤᠶᠠᠷ ᠤᠯᠤᠰ ᠤᠨ ᠲᠡᠷᠢᠬᠦᠨ ᠤ | ᠲᠤᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠣᠰᠣᠭᠠᠷ ᠵᠣᠬᠢᠴᠠᠭᠤᠯᠬᠤ᠂ ᠬᠠᠮᠲᠤᠷᠠᠯᠴᠠᠬᠤ᠂ ᠲᠣᠭᠲᠠᠭᠤᠨ | ᠪᠠᠶᠢᠬᠤ ᠪᠠᠷ ᠦᠨᠳᠦᠰᠦᠨ ᠬᠦᠭ ᠠᠶᠠᠰ ᠪᠣᠯᠭᠠᠭᠰᠠᠨ ᠳᠤᠮᠳᠠᠳᠤ ᠠᠮᠧᠷᠢᠺᠠ ᠶᠢᠨ ᠬᠠᠷᠢᠴᠠᠭ᠎ᠠ ᠪᠠᠶᠢᠭᠤᠯᠬᠤ ᠶᠢ | ᠠᠬᠢᠭᠤᠯᠪᠠᠯ ᠵᠣᠬᠢᠨ᠎ᠠ᠃ | ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠶ ᠨᠢ ᠲᠡᠳᠠᠨ ᠤ ᠲᠤᠳᠤᠷ᠎ᠠ ᠪᠢᠳᠠ ᠪᠠᠶᠢᠵᠥ᠂ | ᠪᠢᠳᠡᠨ ᠤ ᠲᠤᠳᠤᠷ᠎ᠠ ᠲᠡᠳᠠ ᠪᠠᠶᠢᠳᠠᠬ᠂ ᠶᠠᠪᠤᠵᠥ ᠢᠷᠡᠭᠰᠡᠨ ᠥᠡᠭᠭᠡᠷᠡᠯᠳᠠ ᠬᠢᠯᠪᠡᠷ ᠪᠤᠰᠤ᠂ ᠬᠤᠶᠠᠷ ᠲᠠᠯ᠎ᠠ ᠪᠠᠷ ᠢᠶᠠᠨ | ᠪᠦᠷ ᠳᠤᠮᠳᠠ ᠠᠴᠠ ᠨᠢ ᠠᠰᠢᠭ ᠬᠦᠷᠲᠡᠵᠡᠢ᠃ ᠡᠨᠡ ᠨᠢ ᠨᠠᠳᠠᠳᠤ ᠬᠡᠳᠦᠨ ᠡᠳᠦᠷ ᠤᠨ ᠡᠮᠦᠨ᠎ᠡ ᠠᠮᠧᠷᠢᠺᠠ ᠶᠢᠨ | ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡᠨ ᠺᠣᠮᠫᠠᠨᠢ ᠳᠤᠮᠳᠠᠳᠤ ᠤᠯᠤᠰ ᠤᠨ ᠦᠬᠠᠨ ᠳᠤ ᠪᠡᠯᠡ | ᠣᠷᠣᠭᠤᠯᠤᠭᠰᠠᠨ ᠲᠦᠷᠦᠯ ᠵᠦᠢᠯ ᠢᠶᠠᠨ ᠠᠵᠢᠯ ᠡᠬᠢᠯᠡᠬᠦᠯᠥᠭᠰᠡᠨ ᠢ ᠨᠡᠶᠢᠳᠡᠯᠡᠭᠰᠡᠨ ᠶᠠᠪᠤᠳᠠᠯ ᠢ ᠪᠤᠳᠤᠭᠳᠠᠭᠤᠯᠪᠠ᠃ | ᠪᠢ ᠬᠤᠳᠠᠯᠳᠤᠭᠠᠨ ᠤ ᠵᠠᠷ ᠬᠢᠵᠦ ᠪᠠᠶᠢᠭ᠎ᠠ ᠪᠢᠰᠢ᠃ ᠭᠡᠪᠡᠴᠦ ᠪᠢ ᠲᠡᠳᠡᠨ ᠤ ᠦᠢᠯᠡ ᠠᠵᠢᠯᠯᠠᠭ᠎ᠠ ᠶᠢ ᠮᠠᠭᠲᠠᠨ | ᠰᠠᠶᠢᠰᠢᠶᠠᠵᠤ ᠪᠠᠶᠢᠨ᠎ᠠ᠂ ᠡᠶᠢᠮᠦ ᠠᠴᠠ ᠪᠠᠶᠠᠷ ᠤᠨ ᠵᠠᠬᠢᠳᠠᠯ ᠢᠯᠡᠭᠡᠵᠠᠢ᠃ ᠡᠨᠡ ᠬᠦ ᠵᠢᠱᠢᠶ᠎ᠡ ᠨᠢ ᠳᠤᠮᠳᠠᠳᠤ | ᠠᠮᠧᠷᠢᠺᠠ ᠶᠢᠨ ᠠᠷᠠᠯᠵᠢᠶ᠎ᠠ ᠬᠤᠳᠠᠯᠳᠤᠭᠠᠨ ᠤ ᠡᠲᠡᠭᠡᠳ ᠤᠨ ᠬᠢᠨ ᠬᠠᠷᠢᠯᠴᠠᠨ ᠬᠡᠷᠡᠭᠴᠡᠭᠡ ᠴᠢᠬᠤᠯᠠ ᠲᠠᠢ ᠪᠥᠭᠡᠳ | ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ ᠪᠣᠯᠬᠤ ᠶᠢ ᠬᠠᠷᠠᠭᠤᠯᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠤᠭᠤᠷᠣᠨᠳᠣᠬᠢ ᠠᠷᠠᠯᠵᠢᠶ᠎ᠠ ᠬᠤᠳᠠᠯᠳᠤᠭᠠᠨ ᠤ ᠬᠠᠮᠲᠤᠷᠠᠯᠴᠠᠭ᠎ᠠ ᠨᠢ | ᠬᠤᠳᠠᠯᠳᠤᠭᠠᠨ ᠤ ᠳᠦᠷᠢᠮ ᠢ ᠵᠢᠷᠤᠮᠯᠠᠬᠤ ᠬᠡᠷᠡᠭᠲᠡᠶ᠂ ᠵᠠᠬ᠎ᠠ ᠳᠡᠯᠭᠡᠭᠦᠷ ᠢᠶᠠᠷ ᠰᠣᠩᠭᠤᠭᠤᠯᠵᠤ᠂ ᠠᠵᠤ | ᠠᠬᠤᠶᠢᠯᠠᠯᠲᠠᠨ ᠢᠶᠠᠷ ᠮᠠᠭᠠᠳᠯᠠᠭᠤᠯᠵᠤ᠂ ᠠᠷᠭ᠎ᠠ ᠬᠡᠮᠵᠢᠶ᠎ᠡ ᠠᠪᠴᠤ᠂ ᠵᠠᠰᠠᠭ ᠤᠨ ᠣᠷᠳᠣᠨ ᠲᠠᠪᠴᠠᠩ ᠬᠠᠨᠭ᠍ᠭᠠᠬᠤ | ᠦᠢᠯᠡᠳᠦᠯ ᠭᠠᠷᠭᠠᠳᠠᠭ᠃ ᠳᠤᠮᠳᠠᠳᠤ ᠠᠮᠧᠷᠢᠺᠠ ᠬᠤᠶᠠᠷ ᠤᠯᠤᠰ ᠤᠨ ᠨᠢᠭᠡ ᠨᠢ ᠳᠡᠯᠡᠬᠡᠶ ᠳᠡᠭᠡᠷᠡᠬᠢ ᠬᠠᠮᠤᠭ ᠤᠨ | ᠲᠣᠮᠣ ᠬᠥᠭᠵᠢᠵᠦ ᠪᠠᠶᠢᠭ᠎ᠠ ᠤᠯᠤᠰ᠂ ᠨᠢᠭᠡ ᠨᠢ ᠳᠡᠯᠡᠬᠡᠶ ᠳᠡᠭᠡᠷᠡᠬᠢ ᠬᠠᠮᠤᠭ ᠤᠨ ᠲᠤᠮᠤ ᠬᠥᠭᠵᠢᠭᠰᠡᠨ ᠤᠯᠤᠰ᠂ | ᠠᠳᠠᠯᠢ ᠪᠤᠰᠤ ᠨᠡᠶᠢᠭᠡᠮ ᠤᠨ ᠪᠠᠶᠢᠭᠤᠯᠤᠯ᠂ ᠰᠣᠶᠣᠯ ᠤᠨ ᠤᠯᠠᠮᠵᠢᠯᠠᠯ᠂ ᠲᠡᠤᠬᠡ ᠶᠢᠨ ᠠᠬᠤᠶ ᠪᠠᠶᠢᠳᠠᠯ ᠲᠠᠢ ᠪᠠᠶᠢᠳᠠᠭ᠃ | ᠵᠥᠷᠢᠴᠡᠯ ᠣᠷᠣᠰᠢᠵᠤ᠂ ᠵᠥᠷᠢᠯᠳᠦᠭᠡᠨ ᠭᠠᠷᠬᠤ ᠨᠢ ᠵᠠᠶᠢᠯᠠᠰᠢ ᠦᠭᠡᠢ ᠶᠤᠮ᠂ ᠡᠬᠦᠨ ᠳᠤ ᠠᠰᠠᠭᠤᠳᠠᠯ ᠳᠤ | ᠬᠠᠷᠢᠯᠴᠠᠨ ᠬᠡᠷᠬᠢᠨ ᠬᠠᠨᠳᠤᠬᠤ ᠳᠤ ᠪᠠᠶᠢᠨ᠎ᠠ᠃ ᠳᠤᠮᠳᠠᠳᠤ ᠠᠮᠧᠷᠢᠺᠠ ᠶᠢᠨ ᠬᠠᠷᠢᠴᠠᠭ᠎ᠠ ᠬᠡᠳᠦᠨ ᠠᠷᠪᠠᠨ ᠵᠢᠯ ᠤᠨ | ᠲᠤᠷᠰᠢ ᠰᠠᠯᠬᠢ ᠪᠤᠷᠤᠭᠠᠨ ᠢ ᠦᠡᠭᠭᠡᠷᠡᠭᠡᠵᠤ ᠢᠷᠡᠭᠰᠡᠨ ᠪᠦᠭᠡᠳ ᠨᠢᠭᠡ ᠲᠠᠯ᠎ᠠ ᠪᠠᠷ ᠬᠠᠮᠳᠤᠷᠠᠯᠴᠠᠨ ᠤᠷᠤᠬᠰᠢᠯᠠᠵᠤ᠂ | ᠨᠦᠬᠦᠭᠡ ᠳᠠᠯ᠎ᠠ ᠪᠠᠷ ᠪᠦᠳᠦᠷᠢᠵᠤ ᠪᠦᠳᠦᠴᠡᠨ᠂ ᠦᠨᠡᠬᠡᠷ ᠪᠤᠳᠤᠯᠢᠶᠠᠨᠲᠠᠶ ᠪᠠᠶᠢᠳᠠᠬ᠂ ᠡᠭᠦᠨ ᠳᠤ ᠤᠶᠤᠨ | ᠤᠬᠠᠭᠠᠨ ᠢᠶᠠᠷ ᠬᠠᠮᠲᠤ ᠶᠢᠨ ᠠᠰᠢᠭ ᠲᠤᠰᠠ ᠪᠠᠨ ᠥᠷᠭᠡᠳᠬᠡᠵᠦ᠂ ᠵᠥᠷᠢᠯᠳᠦᠭᠡᠨ ᠪᠠ ᠵᠥᠷᠢᠴᠡᠯ ᠢᠶᠠᠨ ᠬᠠᠮᠢᠶᠠᠷᠤᠨ | ᠡᠵᠡᠮᠳᠡᠬᠦ ᠴᠢᠬᠤᠯᠠᠲᠠᠶ᠃ ᠶᠡᠷᠦᠩᠬᠡᠶᠢᠯᠡᠪᠡᠯ᠂ ᠬᠠᠷᠢᠯᠴᠠᠨ ᠬᠦᠨᠳᠦᠳᠬᠡᠵᠦ᠂ ᠡᠷᠬᠡ ᠲᠡᠭᠰᠢ ᠬᠠᠷᠢᠯᠴᠠᠨ ᠠᠰᠢᠭᠲᠠᠢ | ᠪᠠᠶᠢᠬᠤ ᠬᠡᠷᠡᠭᠲᠡᠶ᠂ ᠨᠦᠬᠦᠭᠡ ᠡᠲᠡᠭᠡᠳ ᠤᠨ ᠢᠶᠠᠨ ᠭᠤᠤᠯᠯᠠᠬᠤ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ | ᠶᠡᠭᠡ ᠠᠰᠠᠭᠤᠳᠠᠯ ᠢ ᠬᠦᠨᠳᠦᠳᠬᠡᠵᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠶᠢ ᠡᠷᠢᠯᠬᠢᠯᠡᠬᠦ | ᠬᠡᠷᠡᠭᠲᠡᠶ᠃ ᠡᠨᠡ ᠨᠢ ᠥᠪᠡᠷ ᠤᠨ ᠪᠡᠶ᠎ᠡ᠂ ᠥᠭᠡᠷ᠎ᠠ ᠪᠤᠰᠤᠳ ᠬᠥᠮᠥᠰ᠂ ᠳᠡᠯᠡᠬᠡᠶ ᠳ᠋ᠠᠬᠢᠨ ᠳᠤ ᠴᠥᠮ ᠠᠰᠢᠭᠲᠠᠶ | ᠶᠠᠪᠤᠳᠠᠯ ᠪᠤᠯᠬᠤ ᠶᠤᠮ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠡᠨᠡ ᠵᠢᠯ ᠤᠨ ᠠᠵᠤ ᠠᠬᠤᠢ ᠶᠢᠨ ᠠᠵᠢᠯ ᠤᠨ ᠲᠤᠬᠠᠢ | ᠶᠠᠷᠢᠬᠤ ᠳᠤ᠂ ᠳᠠᠪᠲᠠᠮᠵᠢ ᠪᠠᠷ ᠬᠠᠮᠤᠭ ᠤᠨ ᠥᠨᠳᠥᠷ ᠦᠭᠡ ᠪᠣᠯ ︽ᠲᠣᠭᠲᠠᠪᠤᠷᠢᠵᠢᠭᠤᠯᠬᠤ︾ ᠪᠠ ︽ᠪᠠᠲᠤᠯᠠᠬᠤ︾ | ᠶᠠᠪᠤᠳᠠᠯ ᠪᠣᠯᠤᠨ᠎ᠠ᠃ ᠡᠨᠡ ᠨᠢ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠲᠠᠢ ᠶᠠᠮᠠᠷ ᠬᠠᠷᠢᠴᠠᠭ᠎ᠠ ᠲᠠᠢ ᠪᠤᠢ︖ | ᠵᠠᠰᠠᠭ ᠤᠨ ᠣᠷᠳᠣᠨ ᠤ ᠡᠨᠡ ᠲᠠᠯ᠎ᠠ ᠪᠠᠷ ᠬᠢ ᠭᠤᠤᠯᠳᠠᠯᠭ᠎ᠠ ᠨᠢ ᠶᠠᠭᠤ ᠪᠤᠢ︖ | ᠯᠢ ᠺᠧ ᠴᠢᠶᠠᠩ᠄ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠬᠢᠭᠰᠡᠨ 40 ᠭᠠᠷᠤᠢ ᠵᠢᠯ ᠤᠨ | ᠲᠤᠷᠰᠢᠯᠭ᠎ᠠ ᠠᠴᠠ ᠦᠵᠡᠪᠡᠯ᠂ ᠬᠡᠳᠦᠢ ᠬᠦᠴᠢᠷ ᠪᠡᠷᠬᠡᠰᠢᠶᠡᠯ ᠲᠠᠢ ᠪᠣᠯ ᠲᠡᠳᠦᠢ ᠥᠭᠡᠷᠡᠴᠢᠯᠡᠯᠲᠡ ᠶᠢ ᠪᠠᠷᠢᠮᠲᠠᠯᠠᠬᠤ | ᠬᠡᠷᠡᠭᠲᠡᠢ᠃ ᠮᠠᠨ ᠤ ᠬᠤᠷᠸ᠎ᠠ ᠲᠤᠬᠢᠷᠠᠭᠤᠯᠤᠯᠳᠠ ᠶᠢᠨ ᠲᠥᠷᠥ ᠶᠢᠨ ᠪᠣᠳᠣᠯᠭ᠎ᠠ ᠳᠤ ᠳᠤᠷᠠᠳᠤᠭᠰᠠᠨ ︽ | ᠲᠤᠬᠳᠠᠪᠤᠷᠢᠵᠢᠭᠤᠯᠬᠤ︾ ᠪᠠ ︽ᠪᠠᠲᠤᠯᠠᠬᠤ︾ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠪᠠᠷ ᠲᠤᠯᠭᠠᠭᠤᠷᠢᠯᠠᠭᠰᠠᠨ | ᠮᠥᠷᠲᠡᠭᠡᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠴᠢᠷ ᠪᠡᠷᠬᠡᠰᠢᠶᠡᠯ ᠪᠣᠯᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠬᠠᠨᠳᠤᠭᠤᠯᠤᠨ ᠬᠢᠭᠰᠡᠨ ᠶᠤᠮ᠃ ᠡᠨᠡ ᠪᠣᠯ ᠳᠠᠷᠤᠶ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢᠨ | ᠠᠷᠭ᠎ᠠ ᠬᠢᠳᠡᠯ ᠮᠥᠨ᠃ | ᠪᠢᠳᠡ ᠶᠠᠭᠤᠨ ᠤ ᠡᠮᠦᠨ᠎ᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠠᠮᠢᠳᠤᠯᠢᠭ ᠪᠣᠯᠭᠠᠬᠤ ᠬᠡᠷᠡᠭᠲᠡᠶ᠃ | ᠲᠦᠷᠦ ᠶᠢᠨ ᠪᠤᠳᠤᠯᠭ᠎ᠠ ᠶᠢᠨ ᠵᠢᠩᠬᠢᠨᠢ ᠦᠢᠯᠡᠳᠤᠯ ᠨᠢ ᠭᠤᠣᠯᠳᠠᠭᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠦᠴᠢᠷᠳᠡᠯ ᠢ ᠨᠠᠮᠳᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠳᠡᠭ᠃ ᠵᠢᠩᠬᠢᠨᠢ | ᠦᠢᠯᠡᠳᠤᠯ ᠢ ᠠᠵᠤ ᠠᠬᠤᠶᠢᠯᠠᠯ ᠪᠣᠯᠤᠨ ᠬᠤᠪᠢ ᠶᠢᠨ ᠠᠷᠠᠯᠵᠢᠶ᠎ᠠ ᠬᠤᠳᠠᠯᠳᠤᠭᠠᠨ ᠤ ᠡᠷᠦᠬᠡ ᠶᠢᠨ ᠪᠡᠶ᠎ᠡ ᠳᠡᠭᠡᠷ᠎ᠡ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠨᠡ ᠤᠳᠠᠭ᠎ᠠ ᠶᠢᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ᠂ ᠬᠥᠬᠡᠮᠳᠦᠭ ᠠᠭᠤᠯᠠ ᠶᠢ ᠨᠤᠭᠤᠭᠠᠷᠠᠭᠤᠯᠵᠥ᠂ ᠢᠷᠡᠭᠡᠳᠦᠢ ᠶᠢ ᠲᠡᠮᠡᠴᠡᠨ ᠣᠯᠤᠨ᠎ᠠ ᠭᠡᠵᠦ ᠬᠡᠯᠡᠪᠡ᠃ | ᠪᠢᠳᠡᠨ ᠳᠤ ᠤᠳᠤ 1.2 ᠳ᠋ᠦᠩᠰᠢᠭᠤᠷ ᠵᠠᠬ᠎ᠠ ᠳᠡᠯᠭᠡᠭᠦᠷ ᠤᠨ ᠭᠤᠤᠯ ᠴᠣᠭᠴᠠ ᠪᠠᠶᠢᠨ᠎ᠠ᠂ ᠲᠡᠳᠡ ᠪᠣᠯ ᠳᠠᠷᠤᠶ | ᠬᠥᠬᠡᠮᠳᠥᠭ ᠠᠭᠤᠯᠠ ᠮᠥᠨ᠂ ᠲᠡᠳᠡᠨ ᠢ ᠨᠤᠭᠤᠭᠠᠷᠠᠭᠤᠯᠪᠠᠯ ᠳᠠᠷᠤᠶ ᠢᠷᠡᠭᠡᠳᠦᠢ ᠶᠢ ᠣᠯᠵᠤ ᠴᠢᠳᠠᠨ᠎ᠠ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠠᠮᠢᠵᠢᠷᠠᠭᠤᠯᠬᠤ ᠪᠠᠷ ᠪᠠᠷᠠᠬᠤ ᠥᠬᠡᠶ᠂ ᠨᠠᠩ ᠴᠢᠬᠤᠯᠠ ᠨᠢ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠳᠠᠮᠵᠢᠭᠤᠯᠤᠨ ᠲᠡᠳᠡᠨ ᠢ ᠬᠥᠭᠵᠢᠭᠡᠨ᠎ᠡ᠃ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠬᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ | ᠪᠣᠯᠭᠠᠵᠤ᠂ ᠲᠡᠳᠡᠭᠡᠷ ᠵᠥᠢ ᠵᠤᠬᠢᠰ ᠦᠭᠡᠢ ᠵᠤᠷᠰᠢᠯ ᠢ ᠡᠪᠳᠡᠵᠦ᠂ ᠲᠡᠳᠡᠨ ᠢ ᠡᠷᠬᠡ ᠲᠡᠭᠰᠢ ᠪᠠᠷ ᠥᠷᠢᠰᠥᠯᠳᠦᠭᠦᠯᠦᠨ᠎ᠡ᠃ | ᠡᠨᠡ ᠬᠦ ᠠᠷᠭ᠎ᠠ ᠬᠡᠮᠵᠢᠶ᠎ᠡ ᠨᠢ ᠦᠵᠡᠬᠦ ᠳᠤ ᠬᠡᠯᠪᠡᠷᠢ ᠪᠤᠰᠤ ᠰᠢᠭ᠂ ᠭᠡᠪᠡᠴᠦ ᠢᠯᠡ ᠡᠳ᠋ ᠪᠠᠶᠠᠯᠢᠭ ᠢ ᠡᠭᠦᠳᠦᠨ | ᠪᠦᠲᠦᠭᠡᠵᠦ᠂ ᠰᠠᠶᠢᠳᠤᠷ ᠬᠢᠵᠥ ᠴᠢᠳᠠᠪᠠᠯ ᠵᠢᠩᠬᠢᠨᠢ ᠠᠯᠲᠠ ᠮᠥᠩᠭᠦᠨ ᠤ ᠪᠡᠯᠡ ᠣᠷᠣᠭᠤᠯᠤᠯᠲᠠ ᠠᠴᠠ ᠳᠣᠣᠷᠠᠳᠠᠬᠤ | ᠦᠭᠡᠢ ᠶᠤᠮ᠃ | ᠲᠠᠬᠢᠪᠠᠯ᠂ ᠲᠠᠷᠤᠢ ᠰᠢᠨ᠎ᠠ ᠵᠠᠬ᠎ᠠ ᠲᠡᠯᠬᠡᠬᠦᠷ ᠤᠨ ᠭᠤᠤᠯ ᠴᠤᠬᠴᠠ ᠶᠢ ᠨᠡᠩ ᠢᠯᠡᠬᠦᠦ ᠪᠤᠶᠢᠵᠢᠭᠤᠯᠵᠦ | ᠭᠠᠷᠭᠠᠨ᠎ᠠ᠃ ᠤᠯᠨᠨ ᠤ ᠮᠡᠳᠡᠭᠡᠵᠢ ᠪᠠᠷ᠂ ᠡᠨᠡ ᠤᠳᠠᠭ᠎ᠠ ᠬᠢᠵᠢᠭ ᠤᠨ ᠪᠠᠶᠢᠳᠠᠯ ᠢ ᠠᠷᠭᠠᠴᠠᠭᠠᠬᠤ ᠲᠤᠮᠳᠠ᠂ | ᠰᠦᠯᠵᠢᠶᠡᠨ ᠲᠡᠬᠡᠷ᠎ᠠ ᠬᠤᠳᠠᠯᠳᠤᠨ ᠠᠪᠬᠤ᠂ ᠲᠦᠷᠬᠡᠨ ᠲᠠᠮᠵᠢᠭᠤᠯᠭ᠎ᠠ᠂ ᠡᠬᠦᠯᠡᠨ ᠮᠡᠷᠭᠡᠵᠢᠯ ᠢᠶᠠᠷ ᠠᠯᠪᠠᠯᠠᠬᠤ ᠵᠡᠷᠬᠡ | ᠰᠢᠨ᠎ᠠ ᠬᠡᠯᠪᠡᠷᠢ ᠪᠠᠶᠢᠳᠠᠯ ᠤᠨ ᠡᠵᠡᠩᠨᠡᠯᠳᠡ ᠰᠦᠷᠴᠤ ᠨᠡᠮᠡᠭᠳᠡᠵᠦ᠂ ᠵᠠᠷᠢᠮ ᠡᠵᠡᠩᠨᠡᠯᠳᠡ ᠶᠢᠨ ᠦᠢᠯᠡᠰ ᠤᠨ | ᠤᠷᠤᠯᠭ᠎ᠠ ᠨᠢ ᠭᠤᠷᠪᠠᠨ ᠤ ᠬᠤᠶᠠᠷ ᠢᠶᠠᠷ ᠨᠡᠮᠡᠭᠳᠡᠭᠰᠡᠨ ᠮᠦᠷᠳᠡᠬᠡᠨ ᠤᠳᠤ ᠰᠢᠨ᠎ᠠ ᠡᠵᠡᠩᠨᠡᠯᠳᠡ ᠶᠢᠨ ᠬᠡᠯᠪᠡᠷᠢ ᠨᠢ | ᠪᠠᠰᠠ ᠲᠠᠰᠤᠷᠠᠭ᠎ᠠ ᠦᠬᠡᠢ ᠪᠤᠢ ᠪᠤᠯᠤᠬᠰᠠᠭᠠᠷ ᠪᠠᠶᠢᠨ᠎ᠠ᠃ ᠡᠨᠡ ᠨᠢ ᠪᠢᠳᠡᠨ ᠤ ᠡᠳᠡᠬᠡᠷ ᠵᠢᠯ ᠤᠳ ᠲᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠵᠦ᠂ ᠰᠢᠨ᠎ᠠ ᠬᠦᠳᠡᠯᠬᠡᠬᠦ ᠡᠨᠧᠷᠬᠢ ᠶᠢ ᠪᠤᠶᠢᠵᠢᠭᠤᠯᠤᠨ ᠲᠤᠮᠤᠷᠠᠭᠤᠯᠵᠦ᠂ ᠤᠯᠠᠨ ᠢᠶᠠᠷ ᠢᠶᠠᠨ | ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠠ ᠶᠢ ᠡᠬᠦᠳᠬᠦ ᠶᠢ ᠦᠷᠨᠢᠬᠦᠯᠦᠭᠰᠡᠨ ᠲᠠᠢ ᠪᠦᠷ ᠬᠤᠯᠪᠤᠭ᠎ᠠ ᠲᠠᠢ᠃ | ᠪᠢᠳᠡ ᠡᠳᠡᠬᠡᠷ ᠲᠤᠷᠰᠢᠯᠭ᠎ᠠ ᠪᠠᠨ ᠲᠡᠯᠬᠡᠷᠡᠬᠦᠯᠤᠨ᠂ ᠰᠢᠨ᠎ᠠ ᠬᠦᠳᠡᠯᠬᠡᠬᠦ ᠡᠨᠧᠷᠬᠢ᠂ ᠰᠢᠨ᠎ᠠ ᠵᠠᠬ᠎ᠠ ᠲᠡᠯᠬᠡᠬᠦᠷ ᠤᠨ | ᠭᠤᠤᠯ ᠴᠤᠬᠴᠠ ᠶᠢ ᠨᠡᠩ ᠢᠯᠡᠬᠦᠦ ᠪᠤᠶᠢᠵᠢᠭᠤᠯᠬᠤ ᠶᠢ ᠠᠬᠢᠭᠤᠯᠪᠠᠯ ᠵᠤᠬᠢᠨ᠎ᠠ᠃ ᠡᠨᠡ ᠵᠢᠯ ᠪᠢᠳᠡ ᠲᠤᠮᠳᠠᠴᠢ ᠪᠠᠷ | ᠡᠳᠦᠷ ᠪᠦᠷᠢ ᠲᠠᠩᠰᠠᠯᠠᠭᠤᠯᠬᠤ ᠠᠵᠦ ᠠᠬᠤᠢᠢᠯᠠᠯ ᠤᠨ ᠲᠤᠭ᠎ᠠ ᠶᠢ 2 ᠲᠦᠮᠡᠨ ᠡᠷᠦᠬᠡ ᠤᠷᠴᠢᠮ ᠳᠤ ᠬᠦᠷᠬᠡᠬᠦ ᠪᠠᠷ | ᠴᠢᠷᠮᠠᠶᠢᠨ᠎ᠠ᠂ ᠡᠨᠡ ᠪᠤᠯ ᠲᠤᠮᠳᠠᠳᠤ ᠤᠯᠤᠰ ᠤᠨ ᠠᠵᠦ ᠠᠬᠤᠢ ᠶᠢᠨ ᠠᠮᠢᠵᠢᠷᠠᠯ ᠤᠨ ᠬᠦᠴᠦᠨ ᠢ ᠠᠵᠢᠬᠯᠠᠬᠤ | ᠴᠢᠬᠤᠯᠠ ᠵᠢᠭᠠᠯᠳᠠ ᠲᠤᠭ᠎ᠠ ᠪᠤᠯᠬᠤ ᠶᠤᠮ᠃ | ᠪᠢᠳᠡ ᠲᠤᠮᠳᠠ ᠪᠠᠭ᠎ᠠ ᠠᠵᠦ ᠠᠬᠤᠢᠢᠯᠠᠯ ᠢ ᠴᠢᠬᠤᠯᠠᠴᠢᠯᠠᠬᠤ ᠨᠢ ᠲᠤᠮᠤ ᠠᠵᠦ ᠠᠬᠤᠢᠢᠯᠠᠯ ᠢ ᠴᠢᠬᠤᠯᠠᠴᠢᠯᠠᠬᠤ | ᠦᠬᠡᠢ ᠬᠡᠰᠡᠨ ᠶᠠᠪᠤᠳᠠᠯ ᠪᠢᠰᠢ᠂ ᠬᠠᠰᠢᠯᠠ ᠲᠤᠮᠤ ᠲᠤᠮᠳᠠ ᠪᠠᠭ᠎ᠠ ᠠᠵᠦ ᠠᠬᠤᠢᠢᠯᠠᠯ ᠤᠳ ᠬᠠᠮᠳᠤ ᠪᠠᠷ ᠤᠷᠤᠰᠢᠵᠦ | ᠬᠠᠮᠳᠤ ᠪᠠᠷ ᠴᠡᠴᠡᠭᠯᠡᠨ ᠬᠦᠭᠵᠢᠬᠦ ᠮᠦᠷᠳᠡᠬᠡᠨ ᠵᠠᠷᠢᠮ ᠲᠤᠮᠳᠠ ᠪᠠᠭ᠎ᠠ ᠠᠵᠦ ᠠᠬᠤᠢᠢᠯᠠᠯ ᠨᠢ ᠬᠤᠵᠢᠮ ᠲᠤᠮᠤ ᠠᠵᠦ | ᠠᠬᠤᠢᠢᠯᠠᠯ ᠪᠤᠯᠵᠦ ᠬᠦᠭᠵᠢᠵᠤ᠂ ᠬᠠᠷᠢᠯᠴᠠᠨ ᠠᠭᠤᠰᠤᠯᠴᠠᠨ ᠨᠡᠪᠲᠡᠷᠡᠵᠦ ᠬᠦᠭᠵᠢᠭᠰᠡᠨ ᠪᠠᠶᠢᠳᠠᠯ ᠢ ᠪᠦᠷᠢᠯᠳᠦᠬᠦᠯᠬᠦ ᠶᠢ | ᠬᠦᠰᠡᠵᠦ ᠪᠠᠶᠢᠨ᠎ᠠ᠃ ᠡᠨᠡ ᠵᠢᠯ ᠪᠢᠳᠡ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠬᠡᠷᠬᠢᠨ | ᠬᠡᠷᠡᠭᠵᠢᠬᠦᠯᠦᠭᠰᠡᠨ ᠢ ᠦᠵᠡᠬᠦ ᠮᠦᠷᠳᠡᠬᠡᠨ ᠪᠠᠰᠠ ᠬᠤᠳᠠᠯᠳᠤᠭ᠎ᠠ ᠡᠵᠡᠩᠨᠡᠬᠦ ᠤᠷᠴᠢᠨ ᠨᠦᠬᠦᠴᠡᠯ ᠢ ᠢᠯᠡᠷᠬᠡᠢ | ᠰᠠᠶᠢᠵᠢᠷᠠᠭᠤᠯᠤᠬᠰᠠᠨ ᠡᠰᠡᠬᠦ ᠶᠢ ᠦᠵᠡᠨ᠎ᠠ᠂ ᠢᠩᠬᠢᠪᠡᠯ ᠬᠡᠳᠤᠨ ᠲᠠᠬᠢᠨ ᠤ ᠦᠷ᠎ᠠ ᠨᠦᠯᠦᠭᠡ ᠭᠠᠷᠴᠤ ᠴᠢᠳᠠᠨ᠎ᠠ᠃ | ᠶᠠᠫᠤᠨ ᠤ ᠠᠰᠠᠾᠢ ᠰᠤᠨᠢᠨ ᠮᠡᠳᠡᠬᠡᠨ ᠤ ᠰᠤᠷᠪᠤᠯᠵᠢᠯᠠᠬᠴᠢ᠄ ᠲᠡᠯᠡᠬᠡᠢ ᠶᠢᠨ ᠠᠵᠦ ᠠᠬᠤᠢ ᠰᠢᠨ᠎ᠠ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠡᠯᠬᠡᠷᠡᠭᠰᠡᠨ ᠠᠴᠠ ᠪᠤᠯᠵᠦ ᠬᠦᠨᠳᠤ ᠴᠤᠬᠢᠯᠳᠠ ᠳᠤ ᠤᠴᠠᠷᠠᠵᠠᠢ᠂ | ᠲᠤᠮᠳᠠᠳᠤ ᠤᠯᠤᠰ ᠬᠢᠵᠢᠭ ᠤᠨ ᠪᠠᠶᠢᠳᠠᠯ ᠢ ᠨᠢᠬᠡᠨᠳᠡ ᠡᠵᠡᠮᠳᠡᠵᠡᠢ᠂ ᠬᠤᠶᠢᠰᠢᠳᠠ ᠶᠠᠫᠤᠨ ᠢ ᠪᠠᠭᠳᠠᠭᠠᠬᠰᠠᠨ ᠤᠢᠢᠷ᠎ᠠ | ᠬᠠᠪᠢ ᠶᠢᠨ ᠡᠯ᠎ᠠ ᠤᠯᠤᠰ ᠲᠠᠢ ᠠᠵᠦ ᠠᠬᠤᠢ ᠶᠢᠨ ᠬᠠᠮᠳᠤᠷᠠᠯᠴᠠᠭ᠎ᠠ ᠦᠷᠨᠢᠬᠦᠯᠬᠦ ᠲᠦᠯᠦᠪᠯᠡᠭᠡ ᠪᠠᠶᠢᠨ᠎ᠠ ᠤᠤ︖ | ᠲᠤᠮᠳᠠᠳᠤ ᠤᠯᠤᠰ ᠬᠤᠶᠢᠰᠢᠳᠠ ᠲᠤᠮᠳᠠᠳᠤ ᠶᠠᠫᠤᠨ ᠺᠤᠷᠢᠶᠠ ᠶᠢᠨ ᠴᠢᠯᠦᠬᠡᠳᠤ ᠠᠷᠠᠯᠵᠢᠶᠠᠨ ᠤ ᠵᠦᠪᠳᠡᠯᠴᠡᠬᠡᠷ ᠪᠠ | ᠴᠢᠯᠦᠬᠡᠳᠤ ᠠᠷᠠᠯᠵᠢᠶᠠᠨ ᠤ ᠰᠢᠰᠲ᠋ᠧᠮ ᠤᠨ ᠪᠠᠶᠢᠭᠤᠯᠤᠯᠳᠠ ᠶᠢᠨ ᠲᠠᠯ᠎ᠠ ᠪᠠᠷ ᠶᠠᠭᠠᠬᠢᠵᠦ ᠠᠬᠢᠭᠤᠯᠬᠤ ᠪᠠᠷ ᠲᠦᠯᠦᠪᠯᠡᠵᠦ | ᠪᠠᠶᠢᠬᠤ ᠪᠤᠢ︖ ᠲᠤᠮᠳᠠᠳᠤ ᠤᠯᠤᠰ ᠨᠤᠮᠤᠬᠠᠨ ᠲᠠᠯᠠᠢ ᠠᠯᠤᠰᠯᠠᠬᠰᠠᠨ ᠬᠠᠨᠢᠳᠠᠨ ᠤ ᠬᠠᠷᠢᠴᠠᠭ᠎ᠠ ᠶᠢᠨ ᠵᠦᠪᠳᠡᠯᠴᠡᠬᠡᠷ | ︵TPP︶ ᠲᠤ ᠤᠷᠤᠯᠴᠠᠬᠤ ᠪᠠᠷ ᠪᠤᠳᠤᠯᠬᠢᠯᠠᠵᠦ ᠪᠠᠶᠢᠨ᠎ᠠ ᠤᠤ︖ | ᠯᠢ ᠺᠧ ᠴᠢᠶᠠᠩ᠄ ᠨᠢᠳᠤᠨᠤᠨ ᠤ ᠵᠡᠬᠦᠨ ᠠᠽᠢᠶ᠎ᠠ ᠶᠢᠨ ᠬᠠᠮᠳᠤᠷᠠᠯᠴᠠᠭᠠᠨ ᠤ ᠤᠳᠤᠷᠢᠳᠬᠤ ᠬᠦᠮᠦᠰ ᠤᠨ | ᠰᠢᠷᠢᠰ ᠬᠤᠷᠠᠯ ᠲᠡᠬᠡᠷ᠎ᠠ᠂ ᠠᠷᠪᠠᠨ ᠲᠠᠪᠤᠨ ᠤᠯᠤᠰ ᠤᠨ ᠤᠳᠤᠷᠢᠳᠬᠤ ᠬᠦᠮᠦᠨ ᠠᠴᠠ᠂ ᠡᠨᠡ ᠵᠢᠯ ᠲᠤᠬᠳᠠᠬᠰᠠᠨ | ᠬᠤᠭᠤᠴᠠᠭᠠᠨ ᠳᠤ ᠤᠷᠤᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠬᠠᠨᠢᠳᠠᠨ ᠤ | ᠬᠠᠷᠢᠴᠠᠭ᠎ᠠ ᠶᠢᠨ ᠵᠦᠪᠳᠡᠯᠴᠡᠬᠡᠷ ᠲᠤᠬᠳᠠᠨ᠎ᠠ ᠬᠡᠵᠦ ᠬᠠᠮᠳᠤ ᠪᠠᠷ ᠠᠮᠠᠯᠳᠠᠬᠰᠠᠨ ᠪᠠᠶᠢᠨ᠎ᠠ᠂ ᠡᠨᠡ ᠬᠦ ᠠᠮᠠᠯᠳᠠᠯᠭ᠎ᠠ | ᠪᠡᠶᠡᠯᠡᠭᠳᠡᠬᠦ ᠶᠢ ᠪᠢ ᠬᠦᠰᠡᠵᠦ ᠪᠠᠶᠢᠬᠤ ᠮᠦᠷᠳᠡᠬᠡᠨ ᠢᠳᠡᠬᠡᠵᠦ ᠪᠠᠶᠢᠨ᠎ᠠ᠃ ᠪᠢᠳᠡ ᠪᠠᠰᠠ ᠲᠤᠮᠳᠠᠳᠤ ᠶᠠᠫᠤᠨ | ᠺᠤᠷᠢᠶᠠ ᠶᠢᠨ ᠴᠢᠯᠦᠬᠡᠳᠤ ᠠᠷᠠᠯᠵᠢᠶᠠᠨ ᠤ ᠤᠷᠤᠨ ᠤ ᠪᠦᠲᠦᠬᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ | ᠪᠠᠶᠢᠨ᠎ᠠ᠃ ᠲᠤᠮᠳᠠᠳᠤ ᠶᠠᠫᠤᠨ ᠺᠤᠷᠢᠶᠠ ᠪᠤᠯ ᠬᠦᠷᠰᠢ ᠰᠠᠭᠠᠬᠠᠯᠳᠠ ᠶᠤᠮ᠂ ᠠᠵᠦ ᠠᠬᠤᠢ ᠶᠢᠨ ᠶᠡᠭᠡ ᠤᠷᠴᠢᠯ | ᠲᠤᠮᠳᠠ ᠲᠤᠮᠳᠠᠳᠤ ᠶᠠᠫᠤᠨ ᠺᠤᠷᠢᠶᠠ ᠶᠢᠨ ᠠᠵᠦ ᠠᠬᠤᠢ ᠶᠢᠨ ᠪᠠᠭ᠎ᠠ ᠤᠷᠴᠢᠯ ᠢ ᠪᠠᠶᠢᠭᠤᠯᠬᠤ ᠶᠢ ᠪᠢᠳᠡ ᠬᠦᠰᠡᠵᠦ | ᠪᠠᠶᠢᠨ᠎ᠠ᠃ ᠵᠢᠱᠢᠶᠡᠯᠡᠪᠡᠯ ᠤᠢᠢᠷ᠎ᠠ ᠳᠤ ᠲᠤᠮᠳᠠᠳᠤ ᠤᠯᠤᠰ ᠪᠠ ᠺᠤᠷᠢᠶᠠ ᠲᠦᠳᠡ ᠨᠡᠪᠲᠡᠷᠡᠬᠦ ᠵᠠᠮ ᠨᠡᠪᠲᠡᠷᠡᠬᠦᠯᠵᠦ᠂ | ᠬᠤᠳᠠᠯᠳᠤᠭᠠᠨ ᠤ ᠶᠠᠪᠤᠳᠠᠯ᠂ ᠮᠡᠷᠬᠡᠵᠢᠯ ᠵᠡᠷᠬᠡ ᠲᠠᠯ᠎ᠠ ᠶᠢᠨ ᠬᠦᠮᠦᠰ ᠢ ᠨᠠᠭᠠᠰᠢ ᠴᠠᠭᠠᠰᠢ ᠤᠷᠤᠬᠰᠢᠳᠠᠢ ᠪᠠᠷ ᠶᠠᠪᠤᠬᠤ | ᠪᠤᠯᠭᠠᠵᠠᠢ᠂ ᠡᠨᠡ ᠨᠢ ᠠᠵᠢᠯ ᠦᠢᠯᠡᠳᠪᠦᠷᠢᠯᠡᠯ ᠢ ᠰᠡᠷᠬᠦᠬᠡᠬᠦ ᠳᠤ ᠠᠰᠢᠬᠳᠠᠢ᠂ ᠤᠢᠢᠷ᠎ᠠ ᠪᠠᠶᠢᠭ᠎ᠠ ᠶᠢᠨ ᠠᠰᠢᠬ ᠢ | ᠬᠦᠷᠳᠡᠭᠰᠡᠨ ᠬᠡᠯᠳᠡᠢ᠃ | ᠴᠢᠨᠤ ᠰᠠᠶ᠋ᠢ ᠶᠢᠨ ᠲᠤᠷᠠᠳᠤᠬᠰᠠᠨ TPP ᠶᠢ ᠪᠦᠬᠦ ᠲᠠᠯ᠎ᠠ ᠶᠢᠨ ᠲᠠᠪᠰᠢᠭᠰᠡᠨ ᠨᠤᠮᠤᠬᠠᠨ ᠲᠠᠯᠠᠢ | ᠠᠯᠤᠰᠯᠠᠬᠰᠠᠨ ᠬᠠᠨᠢᠳᠠᠨ ᠤ ᠬᠠᠷᠢᠴᠠᠭ᠎ᠠ ᠶᠢᠨ ᠵᠦᠪᠳᠡᠯᠴᠡᠬᠡᠷ ︵CPTPP︶ ᠢ ᠵᠢᠭᠠᠵᠦ ᠪᠠᠶᠢᠨ᠎ᠠ ᠬᠡᠵᠦ ᠪᠢ | ᠤᠢᠢᠯᠠᠭᠠᠵᠦ ᠪᠠᠶᠢᠨ᠎ᠠ᠃ CPTPP ᠳᠤ ᠤᠷᠤᠯᠴᠠᠬᠤ ᠲᠤᠬᠠᠢ᠂ ᠲᠤᠮᠳᠠᠳᠤ ᠶᠢᠨ ᠲᠠᠯ᠎ᠠ ᠠᠴᠠ ᠢᠳᠡᠪᠬᠢᠳᠡᠢ | ᠨᠡᠬᠡᠬᠡᠯᠳᠡ ᠲᠠᠢ ᠤᠪᠤᠷ ᠢ ᠪᠠᠷᠢᠮᠳᠠᠯᠠᠨ᠎ᠠ᠃ | ᠠᠷᠠᠳ ᠤᠨ ᠡᠳᠦᠷ ᠤᠨ ᠰᠤᠨᠢᠨ ᠤ ᠰᠤᠷᠪᠤᠯᠵᠢᠯᠠᠬᠴᠢ᠄ ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠲᠤᠯᠬᠤ ᠲᠠᠶᠢᠯᠠᠯᠳᠤᠭᠠᠨ ᠤ ᠰᠢᠢᠳᠪᠦᠷᠢᠳᠤ ᠢᠯᠠᠯᠳᠠ ᠤᠯᠬᠤ ᠵᠢᠯ ᠮᠦᠨ᠂ ᠬᠡᠪᠡᠴᠤ ᠬᠢᠵᠢᠭ ᠤᠨ | ᠪᠠᠶᠢᠳᠠᠯ ᠤᠨ ᠨᠦᠯᠦᠬᠡ ᠠᠴᠠ ᠪᠤᠯᠵᠦ ᠮᠠᠰᠢ ᠤᠯᠠᠨ ᠬᠡᠷ ᠪᠦᠯᠢ ᠶᠢᠨ ᠤᠷᠤᠯᠭ᠎ᠠ ᠵᠤᠬᠢᠬᠤ ᠭᠡᠮᠵᠢᠶ᠎ᠠ ᠪᠠᠷ ᠪᠠᠭᠤᠷᠠᠵᠦ᠂ | ᠴᠢᠨᠠᠬᠰᠢᠯᠠᠭᠠᠳ ᠵᠠᠷᠢᠮ ᠬᠦᠮᠦᠨ ᠪᠠᠰᠠ ᠲᠠᠬᠢᠨ ᠶᠠᠳᠠᠭᠤᠷᠠᠬᠤ ᠪᠠᠶᠢᠳᠠᠯ ᠳᠤ ᠲᠤᠯᠭᠠᠷᠠᠵᠦ ᠪᠠᠶᠢᠨ᠎ᠠ᠃ ᠡᠶᠢᠮᠦᠷᠬᠦ | ᠪᠠᠶᠢᠳᠠᠯ ᠲᠤᠤᠷ᠎ᠠ ᠡᠨᠡ ᠵᠢᠯ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠡᠬᠦᠷᠬᠡ ᠶᠢ ᠪᠠᠰᠠ | ᠤᠷᠤᠬᠰᠢᠳᠠᠢ ᠪᠠᠷ ᠪᠡᠶᠡᠯᠡᠬᠦᠯᠵᠦ ᠲᠡᠶᠢᠯᠦᠨ᠎ᠠ ᠤᠤ︖ ᠵᠠᠰᠠᠬ ᠤᠨ ᠤᠷᠳᠤᠨ ᠠᠴᠠ ᠦᠨᠳᠦᠰᠦᠨ ᠠᠷᠠᠳ ᠤᠨ | ᠠᠮᠢᠳᠤᠷᠠᠯ ᠢ ᠬᠡᠷᠬᠢᠨ ᠪᠠᠳᠤᠯᠠᠬᠤ ᠪᠤᠢ︖ | ᠯᠢ ᠺᠧ ᠴᠢᠶᠠᠩ᠄ ᠲᠤᠮᠳᠠᠳᠤ ᠤᠯᠤᠰ ᠪᠤᠯ ᠬᠦᠮᠦᠨ ᠠᠮᠠ ᠤᠯᠠᠨᠳᠠᠢ ᠬᠦᠭᠵᠢᠵᠦ ᠪᠠᠶᠢᠭ᠎ᠠ ᠤᠯᠤᠰ ᠮᠦᠨ᠂ | ᠪᠢᠳᠡᠨ ᠤ ᠬᠦᠮᠦᠨ ᠲᠤᠮᠳᠠᠴᠢ ᠶᠢᠨ ᠵᠢᠯ ᠤᠨ ᠡᠵᠡᠮᠳᠡᠵᠦ ᠪᠤᠯᠬᠤ ᠤᠷᠤᠯᠭ᠎ᠠ ᠠᠷᠠᠳ ᠤᠨ ᠵᠤᠭᠤᠰ ᠢᠶᠠᠷ 3 ᠲᠦᠮᠡᠨ | ᠲᠦᠬᠦᠷᠢᠭ᠂ ᠬᠡᠪᠡᠴᠤ ᠲᠤᠮᠳᠠ ᠲᠤᠤᠷ᠎ᠠ ᠤᠷᠤᠯᠭ᠎ᠠ ᠲᠠᠢ ᠵᠢᠴᠢ ᠡᠬᠦᠨ ᠠᠴᠠ ᠲᠤᠤᠷ᠎ᠠ ᠤᠷᠤᠯᠭ᠎ᠠ ᠲᠠᠢ 6 | ᠳ᠋ᠦᠩᠰᠢᠭᠤᠷ ᠬᠦᠮᠦᠨ ᠤ ᠬᠦᠮᠦᠨ ᠲᠤᠮᠳᠠᠴᠢ ᠶᠢᠨ ᠰᠠᠷ᠎ᠠ ᠶᠢᠨ ᠤᠷᠤᠯᠭ᠎ᠠ ᠨᠢ 1000 ᠲᠦᠬᠦᠷᠢᠭ ᠤᠷᠴᠢᠮ ᠲᠡᠳᠦᠢ | ᠪᠠᠶᠢᠵᠦ᠂ 1000 ᠲᠦᠬᠦᠷᠢᠭ ᠨᠢ ᠲᠤᠮᠳᠠ ᠵᠡᠷᠬᠡ ᠶᠢᠨ ᠬᠤᠳᠠ ᠳᠤ ᠬᠡᠷ ᠲᠦᠷᠢᠶᠡᠰᠦᠯᠡᠬᠦ ᠳᠤ ᠪᠠᠰᠠ ᠬᠦᠴᠢᠷᠳᠡᠵᠦ | ᠮᠡᠳᠡᠨ᠎ᠠ᠂ ᠤᠳᠤ ᠪᠠᠰᠠ ᠬᠢᠵᠢᠭ ᠤᠨ ᠪᠠᠶᠢᠳᠠᠯ ᠳᠤ ᠲᠤᠯᠭᠠᠷᠠᠭᠠᠳ ᠪᠠᠶᠢᠨ᠎ᠠ᠃ ᠬᠢᠵᠢᠭ ᠤᠨ ᠪᠠᠶᠢᠳᠠᠯ | ᠦᠩᠬᠡᠷᠡᠭᠰᠡᠨ ᠤ ᠲᠠᠷᠠᠭ᠎ᠠ᠂ ᠠᠷᠠᠳ ᠤᠨ ᠠᠮᠢᠳᠤᠷᠠᠯ ᠢᠶᠠᠷ ᠭᠤᠤᠯᠳᠠᠭᠤᠯᠤᠨ᠎ᠠ᠃ ᠠᠮᠢᠳᠤᠷᠠᠯ ᠨᠢ ᠬᠦᠴᠢᠷᠳᠡᠯᠳᠡᠢ | ᠤᠯᠠᠨ ᠲᠦᠮᠡᠨ ᠪᠠ ᠬᠢᠵᠢᠭ ᠤᠨ ᠪᠠᠶᠢᠳᠠᠯ ᠳᠤ ᠨᠦᠯᠦᠭᠡᠯᠡᠭᠳᠡᠵᠤ ᠰᠢᠨ᠎ᠠ ᠪᠠᠷ ᠢᠯᠡᠷᠡᠭᠰᠡᠨ ᠠᠮᠢᠳᠤᠷᠠᠯ ᠨᠢ | ᠬᠦᠴᠢᠷᠳᠡᠯᠳᠡᠢ ᠤᠯᠠᠨ ᠲᠦᠮᠡᠨ ᠤ ᠦᠨᠳᠦᠰᠦᠨ ᠠᠷᠠᠳ ᠤᠨ ᠠᠮᠢᠳᠤᠷᠠᠯ ᠢ ᠬᠡᠷᠬᠢᠨ ᠪᠠᠳᠤᠯᠠᠬᠤ ᠲᠠᠯ᠎ᠠ ᠪᠠᠷ᠂ ᠪᠢᠳᠡ | ᠡᠨᠡ ᠬᠦ ᠠᠵᠢᠯ ᠢ ᠲᠦᠢᠯ ᠤᠨ ᠴᠢᠬᠤᠯᠠ ᠪᠠᠶᠢᠷᠢᠨ ᠳᠤ ᠲᠠᠯᠪᠢᠪᠠᠯ ᠵᠤᠬᠢᠨ᠎ᠠ᠃ ᠪᠢᠳᠡᠨ ᠤ ᠠᠪᠴᠤ ᠪᠠᠶᠢᠭ᠎ᠠ | ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢᠨ ᠵᠤᠩᠬᠢᠯᠠᠬᠤ ᠬᠡᠰᠡᠭ ᠨᠢ ᠲᠠᠷᠤᠢ ᠦᠨᠳᠦᠰᠦᠨ ᠠᠷᠠᠳ ᠤᠨ | ᠠᠮᠢᠳᠤᠷᠠᠯ ᠢ ᠪᠠᠳᠤᠯᠠᠬᠤ ᠳᠤ ᠵᠤᠷᠢᠭᠤᠯᠵᠠᠢ᠃ | ᠡᠨᠡ ᠵᠢᠯ ᠲᠤᠬᠳᠠᠬᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ | ᠲᠠᠶᠢᠯᠠᠯᠳᠤᠭᠠᠨ ᠤ ᠡᠬᠦᠷᠬᠡ ᠶᠢ ᠪᠡᠶᠡᠯᠡᠬᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠠᠴᠠ ᠪᠦᠬᠦ ᠨᠡᠶᠢᠬᠡᠮ ᠳᠤ ᠲᠠᠯᠪᠢᠬᠰᠠᠨ ᠲᠦᠪ ᠴᠢᠩᠭ᠎ᠠ ᠠᠮᠠᠯᠠᠯᠳᠠ ᠮᠦᠨ᠃ ᠤᠤᠯ ᠤᠨ ᠲᠠᠩᠰᠠ ᠪᠠᠷ ᠪᠤᠯ | ᠪᠠᠰᠠ 500 ᠭᠠᠷᠤᠢ ᠲᠦᠮᠡᠨ ᠶᠠᠳᠠᠭᠤ ᠬᠦᠴᠢᠷᠳᠡᠯᠳᠡᠢ ᠬᠦᠮᠦᠨ ᠠᠮᠠ ᠪᠠᠶᠢᠵᠦ᠂ ᠡᠨᠡ ᠤᠳᠠᠭ᠎ᠠ ᠶᠢᠨ ᠬᠢᠵᠢᠭ ᠤᠨ | ᠪᠠᠶᠢᠳᠠᠯ ᠤᠨ ᠴᠤᠬᠢᠯᠳᠠ ᠠᠴᠠ ᠪᠤᠯᠵᠦ᠂ ᠵᠠᠷᠢᠮ ᠬᠦᠮᠦᠨ ᠲᠠᠬᠢᠨ ᠶᠠᠳᠠᠭᠤᠷᠠᠵᠦ ᠮᠡᠳᠡᠨ᠎ᠠ᠂ ᠶᠠᠳᠠᠭᠤ ᠠᠴᠠ | ᠠᠩᠬᠢᠵᠢᠷᠠᠭᠤᠯᠬᠤ ᠡᠬᠦᠷᠬᠡ ᠨᠡᠩ ᠬᠦᠨᠳᠤ ᠪᠤᠯᠤᠬᠰᠠᠨ ᠪᠠᠶᠢᠨ᠎ᠠ᠃ ᠪᠢᠳᠡ ᠤᠯᠠᠨ ᠵᠦᠢᠯ ᠤᠨ ᠲᠦᠷᠦ ᠶᠢᠨ | ᠪᠤᠳᠤᠯᠭ᠎ᠠ ᠶᠢ ᠵᠡᠷᠬᠡ ᠪᠠᠷ ᠬᠡᠷᠡᠭᠵᠢᠬᠦᠯᠦᠨ᠂ ᠤᠨᠴᠠᠭᠠᠢᠢᠯᠠᠨ ᠠᠷᠭ᠎ᠠ ᠬᠡᠮᠵᠢᠶ᠎ᠠ ᠠᠪᠴᠤ ᠶᠠᠳᠠᠭᠤ ᠠᠴᠠ | ᠠᠩᠬᠢᠵᠢᠷᠠᠭᠤᠯᠬᠤ ᠬᠤᠷᠢᠭ᠎ᠠ ᠱᠤᠭᠤᠮ ᠢ ᠰᠠᠬᠢᠨ᠎ᠠ᠂ ᠪᠢᠳᠡ ᠡᠨᠡ ᠵᠢᠯ ᠤᠨ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠲᠤᠯᠬᠤ ᠰᠢᠢᠳᠪᠦᠷᠢᠳᠤ ᠢᠯᠠᠯᠳᠠ ᠶᠢ ᠤᠯᠬᠤ ᠡᠬᠦᠷᠬᠡ ᠶᠢ ᠪᠡᠶᠡᠯᠡᠬᠦᠯᠬᠦ ᠳᠤ ᠪᠠᠳᠤᠯᠠᠭ᠎ᠠ ᠲᠠᠢ | ᠪᠠᠶᠢᠨ᠎ᠠ᠃ | ᠡᠯ᠎ᠠ ᠱᠠᠳᠤᠨ ᠤ ᠵᠠᠰᠠᠬ ᠤᠨ ᠤᠷᠳᠤᠨ ᠠᠷᠠᠳ ᠲᠦᠮᠡᠨ ᠤ ᠠᠰᠢᠬ ᠲᠤᠰᠠ ᠶᠢ ᠲᠡᠬᠡᠳᠦᠯᠡᠨ᠂ ᠲᠦᠭ ᠲᠦᠮᠡᠨ | ᠡᠷᠦᠬᠡ ᠶᠢᠨ ᠬᠦᠴᠢᠷ ᠵᠤᠪᠠᠭᠤᠷᠢ ᠶᠢ ᠠᠩᠬᠠᠷᠤᠨ ᠬᠠᠯᠠᠮᠵᠢᠯᠠᠬᠤ ᠬᠡᠷᠡᠭᠳᠡᠢ᠃ ᠲᠦᠷᠦ ᠶᠢᠨ ᠪᠤᠳᠤᠯᠭ᠎ᠠ ᠲᠤᠬᠳᠠᠭᠠᠬᠤ | ᠪᠦᠷᠢ ᠳᠡᠭᠡᠨ᠂ ᠪᠦᠷ ᠲᠦᠭ ᠲᠦᠮᠡᠨ ᠡᠷᠦᠬᠡ ᠳᠤ ᠠᠰᠢᠬᠳᠠᠢ ᠪᠠᠶᠢᠬᠤ ᠡᠰᠡᠬᠦ᠂ ᠠᠷᠠᠳ ᠤᠨ ᠠᠮᠢᠳᠤᠷᠠᠯ ᠳᠤ | ᠠᠰᠢᠬᠳᠠᠢ ᠪᠠᠶᠢᠬᠤ ᠶᠢ ᠪᠤᠳᠤᠯᠬᠢᠯᠠᠬᠤ ᠬᠡᠷᠡᠭᠳᠡᠢ᠃ ᠡᠨᠡ ᠵᠢᠯ ᠪᠢᠳᠡ ᠬᠢᠵᠢᠭ ᠤᠨ ᠪᠠᠶᠢᠳᠠᠯ ᠤᠨ ᠴᠤᠬᠢᠯᠳᠠ ᠶᠢ | ᠠᠷᠭᠠᠴᠠᠭᠠᠬᠤ ᠶᠠᠪᠤᠴᠠ ᠲᠤᠮᠳᠠ᠂ ᠨᠠᠷᠢᠨ ᠬᠢᠨᠠᠮᠠᠭᠠᠢ ᠨᠠᠷᠢᠨ ᠨᠢᠬᠳᠠ ᠪᠠᠷ ᠠᠮᠢᠳᠤᠷᠠᠯ ᠨᠢ ᠬᠦᠴᠢᠷᠳᠡᠯᠳᠡᠢ ᠬᠦᠮᠦᠰ ᠢ | ᠡᠯ᠎ᠠ ᠲᠠᠯ᠎ᠠ ᠪᠠᠷ ᠪᠠᠳᠤᠯᠠᠨ᠂ ᠨᠠᠭᠠᠳᠤ ᠵᠠᠬ᠎ᠠ ᠶᠢᠨ ᠪᠠᠳᠤᠯᠠᠭ᠎ᠠ ᠪᠠ ᠠᠵᠢᠯ ᠠᠯᠳᠠᠯᠳᠠ ᠶᠢᠨ ᠪᠠᠳᠤᠯᠠᠭ᠎ᠠ ᠶᠢᠨ ᠬᠦᠷᠢᠶ᠎ᠠ | ᠬᠡᠪᠴᠢᠶ᠎ᠠ ᠶᠢ ᠦᠷᠬᠡᠳᠬᠡᠬᠦ ᠬᠡᠷᠡᠭᠳᠡᠢ᠃ ᠤᠳᠤ ᠨᠠᠭᠠᠳᠤ ᠵᠠᠬ᠎ᠠ ᠶᠢᠨ ᠪᠠᠳᠤᠯᠠᠭ᠎ᠠ᠂ ᠠᠵᠢᠯ ᠠᠯᠳᠠᠯᠳᠠ ᠶᠢᠨ | ᠪᠠᠳᠤᠯᠠᠭ᠎ᠠ᠂ ᠠᠮᠢᠳᠤᠷᠠᠯ ᠨᠢ ᠤᠨᠴᠠᠭᠠᠢ ᠬᠦᠴᠢᠷᠳᠡᠯᠳᠡᠢ ᠬᠦᠮᠦᠰ ᠢ ᠨᠢᠭᠡ ᠵᠢᠯ ᠳᠤ ᠪᠠᠷᠤᠬ 6000 ᠲᠦᠮᠡ | ᠤᠷᠴᠢᠮ ᠢ ᠠᠪᠤᠷᠠᠨ ᠲᠤᠰᠠᠯᠠᠵᠤ ᠪᠤᠢ᠂ ᠪᠢᠳᠡᠨ ᠡᠨᠡ ᠵᠢᠯ ᠬᠦᠮᠦᠨ ᠤ ᠲᠤᠭ᠎ᠠ ᠨᠡᠯᠢᠶᠡᠳ ᠶᠡᠭᠡ ᠭᠡᠮᠵᠢᠶ᠎ᠠ ᠪᠠᠷ | ᠨᠡᠮᠡᠭᠳᠡᠭᠦᠯᠭᠦ ᠪᠠᠷ ᠵᠢᠱᠢᠵᠤ ᠪᠠᠶᠢᠨ᠎ᠠ᠃ ᠪᠠᠳᠤᠯᠠᠬᠤ ᠪᠠ ᠠᠪᠤᠷᠠᠨ ᠲᠤᠰᠠᠯᠠᠬᠤ ᠪᠡᠯᠡ ᠮᠦᠩᠬᠦ ᠬᠦᠢᠴᠡᠳ ᠪᠠᠶᠢᠨ᠎ᠠ᠂ | ᠲᠡᠳᠡᠨᠦᠰ ᠤᠨ ᠰᠠᠭᠤᠬᠤ ᠶᠢ ᠪᠠᠳᠤᠯᠠᠬᠤ ᠴᠢᠳᠠᠪᠤᠷᠢ ᠴᠤ ᠪᠠᠶᠢᠨ᠎ᠠ᠃ ᠪᠢᠳᠡ ᠵᠠᠪᠠᠯ ᠲᠠᠩᠰᠠ ᠶᠢ ᠨᠠᠷᠢᠨ ᠪᠤᠳᠤᠵᠦ᠂ | ᠵᠤᠭᠤᠰ ᠢ ᠵᠠᠩᠬᠢᠯᠠᠭ᠎ᠠ ᠶᠢᠨ ᠭᠠᠵᠠᠷ ᠲᠤ ᠬᠡᠷᠡᠭᠯᠡᠨ᠂ ᠠᠷᠠᠳ ᠤᠨ ᠠᠮᠢᠳᠤᠷᠠᠯ ᠢ ᠦᠨᠡᠨ ᠬᠦ ᠪᠠᠳᠤᠯᠠᠬᠤ ᠶᠢ | ᠱᠠᠭᠠᠷᠳᠠᠵᠦ ᠪᠠᠶᠢᠨ᠎ᠠ᠃ ᠪᠦᠬᠦ ᠤᠯᠤᠰ ᠲᠤ ᠪᠠᠰᠠ 3 ᠳ᠋ᠦᠩᠰᠢᠭᠤᠷ ᠰᠢᠬᠠᠮ ᠬᠦᠮᠦᠨ ᠨᠠᠰᠤᠵᠢᠯ ᠤᠨ ᠮᠦᠩᠬᠦ | ᠬᠦᠷᠳᠡᠵᠦ ᠪᠠᠶᠢᠨ᠎ᠠ᠂ ᠡᠨᠡ ᠵᠢᠯ ᠪᠢᠳᠡ ᠨᠠᠰᠤᠵᠢᠯ ᠤᠨ ᠮᠦᠩᠬᠦ ᠶᠢᠨ ᠪᠠᠷᠢᠮᠵᠢᠶ᠎ᠠ ᠶᠢ ᠲᠡᠭᠡᠭᠰᠢᠯᠡᠬᠦᠯᠤᠨ᠎ᠠ᠂ | ᠬᠡᠯᠡᠭᠰᠡᠨ ᠳᠡᠭᠡᠨ ᠵᠠᠪᠠᠯ ᠬᠦᠷᠦᠨ᠎ᠠ᠃ | ᠪᠣᠳᠠᠲᠠᠶ ᠠᠵᠢᠯᠯᠠᠬᠤ ᠨᠢ ᠴᠢᠬᠤᠯᠠ᠂ ᠬᠢᠬᠦ ᠨᠢ ᠬᠡᠯᠡᠬᠦ ᠠᠴᠠ ᠳᠡᠭᠡᠷ᠎ᠡ ᠶᠤᠮ᠃ ᠮᠠᠨ ᠤ ᠣᠳᠣ ᠶᠢᠨ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠳᠠᠭᠠᠯᠠᠮᠵᠢ ᠨᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠵᠤ ᠴᠢᠳᠠᠨ᠎ᠠ᠂ ᠭᠡᠪᠡᠴᠦ ᠠᠵᠢᠯ ᠤᠨ ᠳᠤᠮᠳᠠ ᠶᠠᠮᠠᠷ | ᠴᠤ ᠤᠰᠤᠯ ᠠᠯᠳᠠᠭ᠎ᠠ ᠭᠠᠷᠭᠠᠵᠤ ᠪᠣᠯᠬᠤ ᠦᠭᠡᠢ᠃ ᠡᠨᠡ ᠶᠠᠪᠤᠳᠠᠯ ᠳᠡᠭᠡᠷ᠎ᠡ ᠤᠰᠤᠯᠳᠠᠪᠠᠯ ᠬᠥᠮᠦᠰ ᠢ | ᠢᠷᠡᠭᠡᠳᠦᠢ ᠳᠠᠭᠠᠨ ᠢᠲᠡᠭᠡᠯ ᠦᠭᠡᠢ ᠪᠣᠯᠭᠠᠨ᠎ᠠ᠃ ᠳᠤᠮᠳᠠᠳᠤ ᠶᠢᠨ ᠦᠨᠳᠦᠰᠦᠲᠡᠨ ᠨᠠᠰᠤᠲᠠᠳ ᠢᠶᠠᠨ ᠬᠦᠨᠳᠦᠳᠬᠡᠬᠦ | ᠤᠯᠠᠮᠵᠢᠯᠠᠯ ᠲᠠᠢ᠂ ᠪᠢᠳᠡ ᠨᠡᠶᠢᠭᠡᠮ ᠤᠨ ᠡᠯ᠎ᠡ ᠲᠠᠯ᠎ᠠ ᠶᠢᠨ ᠬᠢᠨ ᠢ ᠴᠥᠮ ᠢᠷᠡᠭᠡᠳᠦᠢ ᠳᠡᠭᠡᠨ ᠢᠳᠡᠭᠡᠯ ᠲᠠᠢ ᠪᠤᠯᠭᠠᠨ᠎ᠠ᠃ | ᠡᠯ᠎ᠡ ᠵᠦᠢᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠪᠣᠳᠠᠲᠠᠶᠢᠵᠢᠭᠤᠯᠬᠤ ᠬᠡᠷᠡᠭᠲᠡᠢ᠂ ᠡᠨᠡ ᠨᠢ ᠪᠠᠰᠠ | ᠠᠷᠠᠳ ᠤᠨ ᠰᠡᠳᠬᠢᠯ ᠢ ᠳᠤᠭᠳᠠᠪᠤᠷᠢᠵᠢᠭᠤᠯᠬᠤ ᠳᠤ ᠬᠦᠴᠦᠲᠤ ᠲᠤᠯᠭᠠᠭᠤᠷᠢᠯᠠᠯ ᠪᠤᠯᠵᠤ᠂ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠪᠣᠯᠤᠨ᠎ᠠ᠃ ᠠᠷᠠᠳ ᠲᠦᠮᠡᠨ ᠪᠣᠯ ᠤᠯᠤᠰ ᠤᠨ ᠰᠠᠭᠤᠷᠢ᠂ ᠰᠠᠭᠤᠷᠢ ᠪᠠᠬᠢᠵᠢᠪᠡᠯ | ᠤᠯᠤᠰ ᠣᠷᠣᠨ ᠠᠮᠤᠷ ᠠᠮᠤᠭᠤᠯᠠᠩ᠃ ᠡᠨᠡ ᠲᠠᠯ᠎ᠠ ᠶᠢᠨ ᠠᠵᠢᠯ ᠪᠣᠯ ᠨᠢᠭᠡ ᠯᠡ ᠠᠵᠢᠯ ᠪᠢᠰᠢ᠂ ᠬᠠᠷᠢᠨ ᠤᠯᠠᠨ | ᠠᠵᠢᠯ ᠪᠤᠯᠤᠨ᠎ᠠ᠂ ᠪᠢᠳᠡ ᠴᠥᠮ ᠰᠠᠶᠢᠲᠤᠷ ᠬᠢᠵᠦ ᠪᠡᠶᠡᠯᠡᠭᠦᠯᠬᠦ ᠬᠡᠷᠡᠭᠲᠡᠶ᠃ ᠳᠤᠮᠳᠠᠳᠤ ᠤᠯᠤᠰ ᠤᠨ ᠠᠷᠠᠳ | ᠲᠦᠮᠡᠨ ᠤ ᠠᠮᠢᠳᠤᠷᠠᠯ ᠨᠠᠩ ᠰᠠᠶᠢᠨ ᠰᠠᠶᠢᠬᠠᠨ ᠪᠤᠯᠤᠨ᠎ᠠ ᠭᠡᠳᠡᠭ ᠲᠤ ᠢᠳᠡᠭᠡᠵᠤ ᠪᠠᠶᠢᠨ᠎ᠠ᠃ | ᠰᠢᠩᠭᠠᠫᠣᠷ ᠤᠨ ᠬᠠᠮᠲᠤᠷᠠᠭᠰᠠᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ᠲᠠ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠡᠭᠡᠨ᠂ ᠪᠦᠬᠦ ᠪᠥᠮᠪᠥᠷᠴᠡᠭ ᠤᠨ ᠬᠢᠵᠢᠭ ᠤᠨ ᠪᠠᠶᠢᠳᠠᠯ ᠪᠠ ᠠᠵᠤ ᠠᠬᠤᠶ ᠠᠷᠠᠯᠵᠢᠶᠠᠨ ᠤ | ᠪᠠᠶᠢᠳᠠᠯ ᠤᠨ ᠲᠣᠭᠲᠠᠪᠤᠷᠢ ᠦᠭᠡᠢ ᠴᠢᠨᠠᠷ ᠮᠠᠰᠢ ᠶᠡᠭᠡ ᠪᠠᠶᠢᠭ᠎ᠠ ᠪᠤᠯᠬᠤᠷ᠂ ᠳᠤᠮᠳᠠᠳᠤ ᠤᠯᠤᠰ ᠤᠨ ᠬᠥᠭᠵᠢᠯᠲᠡ | ᠵᠠᠷᠢᠮ ᠲᠥᠰᠥᠭᠡᠯᠡᠬᠦᠶ᠎ᠡ ᠪᠡᠷᠬᠡ ᠨᠥᠯᠥᠭᠡᠯᠡᠬᠦ ᠬᠦᠴᠦᠨ ᠵᠦᠢᠯ ᠳᠤ ᠲᠤᠯᠭᠠᠷᠠᠵᠤ ᠪᠠᠶᠢᠨ᠎ᠠ ᠭᠡᠯᠡ᠃ ᠣᠳᠣᠬᠠᠨ ᠤ | ᠳᠤᠮᠳᠠᠳᠤ ᠤᠯᠤᠰ ᠲᠤ ᠲᠤᠯᠭᠠᠷᠠᠵᠤ ᠪᠠᠶᠢᠭ᠎ᠠ ᠭᠠᠳᠠᠭᠠᠳᠤ ᠪᠠᠶᠢᠳᠠᠯ ᠤᠨ ᠲᠤᠬᠠᠶ ᠲᠠ ᠶᠠᠮᠠᠷ ᠮᠠᠭᠠᠳᠯᠠᠯ ᠲᠠᠢ ᠪᠤᠢ︖ | ᠳᠤᠮᠳᠠᠳᠤ ᠤᠯᠤᠰ ᠭᠠᠳᠠᠭᠠᠳᠤ ᠣᠷᠴᠢᠨ ᠲᠣᠭᠤᠷᠢᠨ ᠤ ᠬᠤᠪᠢᠷᠠᠯᠲᠠ ᠶᠢ ᠬᠡᠷᠬᠢᠨ ᠠᠷᠭᠠᠴᠠᠭᠠᠬᠤ ᠪᠤᠢ︖ ᠪᠦᠬᠦ | ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠥᠷᠢᠰᠥᠯᠳᠦᠭᠡᠨ ᠪᠣᠯᠤᠨ ᠠᠵᠤ ᠠᠬᠤᠢ ᠶᠢᠨ ᠬᠦᠨᠳᠦ | ᠨᠣᠴᠢᠲᠠᠢ ᠪᠠᠭᠤᠷᠠᠯᠲᠠ ᠶᠢᠨ ᠥᠷᠢᠰᠥᠯᠳᠦᠭᠡᠨ ᠳᠤ ᠳᠤᠮᠳᠠᠳᠤ ᠤᠯᠤᠰ ᠶᠠᠮᠠᠷ ᠦᠢᠯᠡᠳᠦᠯ ᠦᠵᠡᠭᠦᠯᠬᠦ ᠪᠤᠢ︖ | ᠯᠢ ᠺᠧ ᠴᠢᠶᠠᠩ᠄ ᠪᠢᠳᠡ ᠤᠷᠢᠳᠠᠪᠠᠷ ᠣᠳᠣ ᠶᠢᠨ ᠳᠡᠯᠡᠬᠡᠢ ᠶᠢᠨ ᠬᠤᠪᠢᠷᠠᠯᠲᠠ ᠶᠢ ᠦᠵᠡᠶ᠎ᠡ᠃ ᠡᠨᠡ | ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠬᠡᠶ ᠳᠤ ᠶᠡᠭᠡ ᠪᠠᠷ | ᠳᠡᠯᠭᠡᠷᠡᠵᠡᠶ᠃ ᠳᠡᠯᠡᠬᠡᠶ ᠳ᠋ᠠᠬᠢᠨ ᠳᠤ ᠬᠦᠨᠳᠦ ᠨᠣᠴᠢᠲᠠᠶ ᠳᠠᠭᠠᠷᠢᠯᠲᠠ ᠤᠴᠠᠷᠠᠭᠤᠯᠵᠤ᠂ ᠯᠤᠲᠤ ᠶᠡᠭᠡ ᠨᠥᠯᠥᠭᠡ | ᠠᠪᠴᠢᠷᠠᠭᠰᠠᠨ ᠪᠠᠶᠢᠨ᠎ᠠ᠃ ᠤᠳᠤᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠴᠠ ᠪᠣᠯᠵᠤ᠂ ᠡᠯ᠎ᠡ | ᠤᠯᠤᠰ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠢᠯᠡᠳᠲᠡ ᠪᠠᠭᠠᠰᠴᠤ᠂ ᠬᠡᠷᠪᠡ ᠴᠢᠨᠠᠭᠰᠢᠳᠠ | ᠦᠷᠭᠦᠯᠵᠢᠯᠡᠬᠦ ᠳᠤ ᠬᠦᠷᠪᠡᠯ ᠳᠡᠯᠡᠬᠡᠢ ᠶᠢᠨ ᠠᠵᠤ ᠠᠬᠤᠢ ᠨᠡᠩ ᠬᠦᠨᠳᠦ ᠨᠣᠴᠢᠲᠠᠢ ᠮᠠᠭᠤᠳᠠᠬᠤ ᠪᠣᠯᠤᠨ᠎ᠠ᠂ ᠡᠨᠡ ᠪᠣᠯ | ᠠᠶᠤᠯ ᠲᠠᠢ ᠶᠤᠮ᠃ ᠬᠡᠷᠪᠡ ᠳᠡᠯᠡᠬᠡᠶ ᠶᠢᠨ ᠠᠵᠤ ᠠᠬᠤᠶ ᠨᠡᠮᠡᠭᠳᠡᠯ ᠢᠶᠠᠨ ᠰᠡᠷᠭᠦᠭᠡᠵᠦ ᠳᠡᠶᠢᠯᠭᠦ ᠦᠭᠡᠢ ᠪᠣᠯ ᠬᠤᠵᠢᠮ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠦ ᠪᠡᠷᠬᠡ ᠪᠠᠶᠢᠵᠤ ᠮᠡᠳᠡᠨ᠎ᠡ᠃ ᠬᠢᠵᠢᠭ ᠤᠨ ᠪᠠᠶᠢᠳᠠᠯ ᠲᠠᠢ | ᠳᠡᠮᠡᠴᠡᠭᠦ ᠶᠠᠪᠤᠴᠠ ᠳᠤ ᠣᠯᠠᠨ ᠨᠡᠶᠢᠲᠡ ᠶᠢᠨ ᠪᠦᠲᠦᠭᠡᠭᠳᠡᠬᠦᠨ ᠣᠨᠴᠠᠭᠠᠢ ᠬᠡᠷᠡᠭᠰᠡᠵᠦ᠂ ᠠᠵᠤ ᠦᠢᠯᠡᠰ ᠤᠨ ᠬᠡᠯᠬᠢᠶ᠎ᠡ᠂ | ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠴᠢᠬᠤᠯᠠ ᠲᠠᠢ᠂ ᠨᠡᠩ ᠴᠤ ᠨᠡᠭᠡᠭᠡᠯᠲᠡ ᠲᠠᠢ ᠪᠣᠯᠭᠠᠵᠤ᠂ | ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠪᠣᠯᠤᠨ ᠳᠥᠭᠦᠮᠴᠢᠯᠡᠯᠲᠡ ᠶᠢ ᠠᠬᠢᠭᠤᠯᠬᠤ ᠴᠢᠬᠤᠯᠠ ᠲᠠᠢ᠃ | ᠢᠩᠭᠢᠪᠡᠯ ᠪᠢᠳᠡ ᠰᠠᠶ᠋ᠢ ᠬᠢᠵᠢᠭ ᠤᠨ ᠪᠠᠶᠢᠳᠠᠯ ᠢ ᠬᠠᠮᠲᠤ ᠪᠠᠷ ᠢᠯᠠᠨ ᠳᠠᠪᠠᠵᠤ᠂ ᠬᠤᠬᠢᠷᠠᠯ ᠢ ᠬᠠᠮᠤᠭ ᠤᠨ ᠪᠠᠭ᠎ᠠ | ᠪᠣᠯᠭᠠᠵᠤ ᠴᠢᠳᠠᠨ᠎ᠠ᠃ | ᠡᠭᠦᠳᠡ ᠪᠠᠨ ᠲᠦᠭᠵᠢᠪᠡᠯ ᠬᠦᠭᠵᠢᠵᠤ ᠴᠢᠳᠠᠬᠤ ᠦᠭᠡᠢ᠂ ᠡᠨᠡ ᠨᠢ ᠲᠠᠷᠢᠶ᠎ᠠ ᠲᠠᠷᠢᠬᠤ ᠴᠠᠭ ᠦᠶ᠎ᠡ ᠳᠤ | ᠪᠤᠴᠠᠭᠰᠠᠨ ᠬᠡᠷᠡᠭ ᠪᠣᠯᠤᠨ᠎ᠠ᠃ ᠳᠤᠮᠳᠠᠳᠤ ᠤᠯᠤᠰ ᠭᠠᠳᠠᠭᠠᠳᠤ ᠨᠡᠭᠡᠭᠡᠯᠳᠠ ᠶᠢ ᠡᠷᠡᠰ ᠭᠤᠶᠢᠪᠢᠰᠢ ᠤᠢᠭᠡᠢ ᠪᠠᠷ | ᠲᠦᠯᠬᠢᠠ ᠠᠬᠢᠭᠤᠯᠤᠨ᠎ᠠ᠂ ᠡᠨᠡ ᠨᠢ ᠬᠤᠪᠢᠷᠡᠬᠤ ᠤᠢᠭᠡᠢ ᠪᠥᠭᠡᠳ ᠬᠤᠪᠢᠷᠠᠭᠤᠯᠵᠤ ᠴᠤ ᠴᠢᠳᠠᠬᠤ ᠤᠢᠭᠡᠢ ᠶᠤᠮ᠃ | ᠪᠢᠳᠡ ᠳᠡᠯᠡᠬᠡᠢ ᠳ᠋ᠠᠬᠢᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠨᠡᠬᠡᠬᠡᠯᠳᠡ ᠶᠢ | ᠥᠷᠭᠡᠳᠬᠡᠬᠦ ᠨᠡᠩ ᠤᠯᠠᠨ ᠠᠷᠭ᠎ᠠ ᠬᠡᠮᠵᠢᠶ᠎ᠡ ᠶᠢ ᠪᠡᠶ᠎ᠡ ᠪᠠᠨ ᠳᠠᠭᠠᠭᠠᠵᠤ ᠨᠡᠶᠢᠲᠡᠯᠡᠬᠦ ᠪᠣᠯᠤᠨ᠎ᠠ᠃ ᠨᠡᠭᠡᠭᠡᠯᠳᠡ ᠬᠢᠬᠦ ᠨᠢ | ᠡᠯ᠎ᠡ ᠤᠯᠤᠰ ᠲᠤ ᠠᠪᠴᠤ ᠬᠡᠯᠡᠪᠡᠯ ᠠᠭᠠᠷ ᠪᠠ ᠬᠥᠮᠦᠨ ᠠᠳᠠᠯᠢ ᠪᠠᠷ ᠬᠤᠷᠣᠮᠬᠠᠨ ᠵᠠᠭᠤᠷ᠎ᠠ ᠴᠦ ᠰᠠᠯᠵᠤ ᠪᠣᠯᠤᠰᠢ | ᠦᠭᠡᠢ ᠶᠤᠮ᠂ ᠡᠰᠡᠪᠡᠯ ᠠᠮᠢᠰᠬᠤᠯ ᠳᠠᠰᠤᠷᠠᠬᠤ ᠪᠣᠯᠤᠨ᠎ᠠ᠃ ᠪᠢᠳᠡ ᠨᠡᠭᠡᠭᠡᠯᠳᠡ ᠬᠢᠬᠦ ᠳᠤᠮᠳᠠ ᠪᠠᠨ ᠪᠠᠰᠠ ᠤᠯᠠᠨ | ᠤᠯᠤᠰ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠬᠠᠮᠠᠭᠠᠯᠠᠬᠤ | ᠬᠡᠷᠡᠭᠲᠡᠶ᠃ ᠶᠠᠷᠢᠶᠠᠨ ᠦᠭᠡᠢ ᠵᠠᠷᠢᠮ ᠬᠥᠮᠦᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠳᠤ | ᠲᠤᠬᠢᠷᠠᠭᠤᠯᠤᠯᠳᠠ ᠬᠢᠬᠦ ᠬᠡᠷᠡᠭᠲᠡᠢ ᠭᠡᠵᠦ ᠬᠡᠯᠡᠵᠦ ᠮᠡᠳᠡᠨ᠎ᠡ᠃ ᠠᠵᠤ ᠠᠬᠤᠢᠢᠯᠠᠯ ᠤᠨ ᠲᠤᠬᠢᠷᠠᠭᠤᠯᠤᠯᠳᠡ | ᠪᠠᠶᠢᠷᠢᠯᠠᠭᠤᠯᠤᠯᠲᠠ ᠪᠣᠯ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠬᠤ ᠶᠠᠪᠤᠳᠠᠯ ᠪᠤᠯᠤᠨ᠎ᠠ᠂ ᠵᠠᠬ᠎ᠠ | ᠳᠡᠯᠭᠡᠭᠦᠷ ᠤᠨ ᠵᠢᠮ᠎ᠡ ᠶᠣᠰᠣ ᠪᠣᠯ ᠶᠡᠷᠦ ᠨᠢ ᠠᠵᠤ ᠠᠬᠤᠢᠢᠯᠠᠯ ᠤᠨ ᠬᠦᠭᠵᠢᠭᠦ ᠪᠠᠭᠤᠷᠠᠬᠤ ᠪᠠ ᠮᠠᠨᠳᠤᠵᠤ ᠮᠦᠭᠦᠬᠦ | ᠶᠠᠪᠤᠳᠠᠯ ᠪᠤᠯᠤᠨ᠎ᠠ᠃ ᠪᠢᠳᠡ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠥᠷᠢᠴᠡᠨ ᠬᠡᠢ ᠬᠤᠭᠤᠰᠣᠨ ᠢᠶᠠᠷ ᠵᠢᠷᠤᠵᠤ | ᠲᠥᠯᠥᠪᠯᠡᠵᠦ ᠪᠣᠯᠬᠤ ᠦᠭᠡᠢ᠂ ᠬᠠᠷᠢᠨ ᠵᠠᠬ᠎ᠠ ᠳᠡᠯᠭᠡᠭᠦᠷ ᠢ ᠨᠡᠩ ᠢᠯᠡᠭᠦᠦ ᠬᠠᠷᠢᠯᠴᠠᠨ ᠨᠡᠭᠡᠭᠡᠯᠲᠡ ᠲᠠᠢ ᠪᠣᠯᠭᠠᠬᠤ | ᠬᠡᠷᠡᠭᠲᠡᠢ᠃ | ᠬᠤᠤᠰ ᠴᠢᠭᠯᠡᠯ ᠢᠶᠠᠷ ᠨᠡᠭᠡᠭᠡᠯᠲᠡ ᠬᠢᠬᠦ ᠶᠢ ᠪᠠᠷᠢᠮᠲᠠᠯᠠᠬᠤ ᠳᠤ ᠨᠥᠬᠦᠷᠰᠡᠭ ᠢᠶᠠᠷ ᠬᠠᠷᠢᠯᠴᠠᠬᠤ ᠬᠡᠷᠡᠭᠲᠡᠶ᠃ | ᠨᠢᠭᠡ ᠳᠤ᠂ ᠪᠢᠳᠡ ᠳᠡᠯᠡᠬᠡᠶ ᠶᠢᠨ ᠡᠯ᠎ᠡ ᠤᠯᠤᠰ ᠬᠠᠷᠢᠯᠴᠠᠨ ᠬᠦᠨᠳᠦᠳᠬᠡᠵᠦ᠂ ᠡᠷᠬᠡ ᠲᠡᠭᠰᠢ ᠪᠠᠷ ᠬᠠᠨᠳᠤᠬᠤ ᠶᠢ | ᠬᠦᠰᠡᠵᠦ ᠪᠠᠶᠢᠨ᠎ᠠ᠃ ᠤᠯᠤᠰ ᠤᠨ ᠶᠡᠭᠡ ᠪᠠᠭ᠎ᠠ᠂ ᠪᠠᠶᠠᠨ ᠶᠠᠳᠠᠭᠤ᠂ ᠬᠦᠴᠦᠷᠬᠡᠭ ᠪᠠᠭᠤᠷᠠᠶ ᠶᠢ ᠬᠠᠮᠢᠶᠠᠷᠬᠤ ᠦᠭᠡᠢ | ᠴᠥᠮ ᠡᠨᠡ ᠲᠦᠷᠢᠮ ᠢ ᠵᠢᠷᠤᠮᠯᠠᠬᠤ ᠬᠡᠷᠡᠭᠲᠡᠶ᠃ ᠬᠠᠷᠢᠯᠴᠠᠬᠤ ᠳᠦᠷᠢᠮ ᠨᠢ ᠬᠡᠷᠪᠡ ᠲᠡᠭᠦᠯᠳᠡᠷ ᠪᠤᠰᠤ ᠲᠠᠯ᠎ᠠ ᠪᠠᠶᠢᠪᠠᠯ | ᠲᠣᠬᠢᠷᠠᠭᠤᠯᠤᠯᠲᠠ ᠬᠢᠵᠦ ᠥᠭᠡᠷᠡᠴᠢᠯᠡᠬᠦ ᠴᠢᠬᠤᠯᠠ ᠲᠠᠢ ᠪᠣᠯ ᠣᠯᠠᠨ ᠢᠶᠠᠷ ᠢᠶᠠᠨ ᠵᠥᠪᠳᠡᠯᠴᠡᠵᠦ ᠪᠠᠶᠢᠭᠠᠳ ᠬᠢᠬᠦ | ᠬᠡᠷᠡᠭᠲᠡᠶ᠃ ᠬᠤᠶᠠᠷ ᠲᠤ᠂ ᠬᠠᠷᠢᠯᠴᠠᠨ ᠠᠰᠢᠭ ᠬᠦᠷᠳᠡᠵᠤ ᠬᠠᠷᠢᠯᠴᠠᠨ ᠬᠠᠷᠠᠭᠠᠯᠵᠠᠨ᠎ᠠ᠃ ᠬᠠᠮᠲᠤᠷᠠᠨ ᠠᠵᠢᠯᠯᠠᠬᠤ | ᠶᠤᠮ ᠴᠢᠨᠢ ᠬᠠᠮᠲᠤ ᠪᠠᠷ ᠠᠰᠢᠭ ᠬᠦᠷᠲᠡᠬᠦ ᠬᠡᠷᠡᠭᠲᠡᠶ᠂ ᠭᠠᠭᠴᠠᠭᠠᠷ ᠠᠰᠢᠭ ᠬᠦᠷᠲᠡᠬᠦ ᠨᠢ ᠤᠷᠲᠤ ᠤᠳᠠᠭᠠᠨ ᠪᠠᠶᠢᠵᠤ | ᠴᠢᠳᠠᠬᠤ ᠦᠭᠡᠢ᠂ ᠬᠤᠳᠠ ᠪᠠᠨ ᠰᠠᠬᠢᠵᠤ ᠬᠤᠪᠢ ᠪᠠᠨ ᠪᠤᠷᠤᠯᠠᠭᠤᠯᠬᠤ ᠨᠢ ᠴᠦ ᠶᠠᠪᠤᠭᠳᠠᠵᠤ ᠴᠢᠳᠠᠬᠤ ᠦᠭᠡᠢ ᠶᠤᠮ᠃ | ᠵᠦᠪᠭᠡᠨ ᠬᠠᠮᠲᠤ ᠪᠠᠷ ᠠᠰᠢᠭ ᠬᠦᠷᠲᠡᠬᠦ ᠳᠤᠮᠳᠠ ᠣᠯᠠᠨ ᠢᠶᠠᠷ ᠢᠶᠠᠨ ᠰᠠᠶ᠋ᠢ ᠬᠠᠮᠲᠤ ᠪᠠᠷ ᠦᠰᠦᠨ ᠪᠤᠶᠢᠵᠢᠵᠤ | ᠴᠢᠳᠠᠨ᠎ᠠ᠃ ᠳᠠᠬᠢᠪᠠᠯ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠰᠤᠷᠤᠯᠴᠠᠬᠤ ᠶᠠᠪᠤᠳᠠᠯ ᠪᠣᠯᠤᠨ᠎ᠠ᠃ ᠡᠯ᠎ᠡ ᠤᠯᠤᠰ | ᠴᠦᠮ ᠥᠪᠡᠷ ᠥᠪᠡᠷ ᠤᠨ ᠳᠠᠪᠠᠭᠤᠯᠢᠭ ᠲᠠᠯ᠎ᠠ ᠲᠠᠢ᠂ ᠴᠥᠮ ᠭᠦᠢᠴᠡᠳᠬᠡᠪᠡᠰᠦ ᠵᠣᠬᠢᠬᠤ ᠤᠯᠠᠨ ᠤᠯᠤᠰ ᠤᠨ | ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠵᠦᠢᠯ ᠤᠨ ᠬᠦᠴᠢᠷᠳᠡᠯ ᠪᠠ ᠰᠢᠯᠭᠠᠯᠲᠠ ᠶᠢ ᠭᠠᠷ ᠬᠤᠯᠪᠣᠨ ᠠᠷᠭᠠᠴᠠᠭᠠᠬᠤ | ᠬᠡᠷᠡᠭᠲᠡᠶ᠃ ᠳᠤᠮᠳᠠᠳᠤ ᠤᠯᠤᠰ ᠬᠥᠭᠵᠢᠵᠦ ᠪᠠᠶᠢᠭ᠎ᠠ ᠲᠤᠮᠤ ᠤᠯᠤᠰ ᠪᠣᠯᠤᠭᠰᠠᠨ ᠤ ᠬᠤᠪᠢ ᠳᠤ ᠪᠢᠳᠡᠨ ᠤ | ᠡᠭᠦᠷᠭᠡᠯᠡᠪᠡᠰᠦ ᠵᠣᠬᠢᠬᠤ ᠤᠯᠠᠨ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠬᠦ ᠪᠣᠯᠤᠨ᠎ᠠ᠃ | ᠳᠤᠮᠳᠠᠳᠤ ᠤᠯᠤᠰ ᠪᠣᠯ ᠨᠢᠭᠡᠨ ᠮᠤᠨᠳᠠᠭ ᠶᠡᠭᠡ ᠵᠠᠬ᠎ᠠ ᠳᠡᠯᠭᠡᠭᠦᠷ ᠪᠤᠯᠤᠨ᠎ᠠ᠂ ᠪᠢᠳᠡᠨ ᠤ ᠠᠬᠢᠭᠤᠯᠵᠤ ᠪᠠᠶᠢᠭ᠎ᠠ | ᠬᠦᠴᠢᠷᠳᠡᠯ ᠢ ᠨᠠᠮᠳᠠᠭᠤᠯᠬᠤ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠪᠴᠢᠶᠡᠵᠢᠯ ᠤᠨ | ᠴᠢᠨᠠᠷᠲᠠᠶ ᠲᠦᠷᠦ ᠶᠢᠨ ᠪᠤᠳᠤᠯᠭ᠎ᠠ ᠨᠢ ᠬᠡᠷᠡᠭᠯᠡᠭᠡᠨ ᠤ ᠵᠠᠬ᠎ᠠ ᠳᠡᠯᠭᠡᠭᠦᠷ ᠢ ᠤᠯᠡᠮ ᠴᠢᠨᠠᠭᠰᠢᠳᠠ ᠥᠷᠭᠡᠳᠬᠡᠬᠦ ᠪᠣᠯᠤᠨ᠎ᠠ᠃ | ᠳᠤᠮᠳᠠᠳᠤ ᠤᠯᠤᠰ ᠨᠢ ᠣᠯᠠᠨ ᠤ ᠦᠵᠡᠵᠦ ᠲᠣᠭᠤᠭᠰᠠᠨ ᠪᠡᠯᠡ ᠣᠷᠣᠭᠤᠯᠬᠤ ᠰᠢᠮᠡᠯᠢᠭ ᠬᠥᠷᠥᠰᠥ ᠪᠤᠯᠬᠤ ᠶᠢ | ᠬᠦᠰᠡᠵᠦ ᠪᠠᠶᠢᠨ᠎ᠠ᠃ ᠪᠢᠳᠡ ᠭᠠᠳᠠᠭᠠᠳᠤ ᠶᠢᠨ ᠨᠡᠩ ᠤᠯᠠᠨ ᠪᠠᠷᠠᠭ᠎ᠠ ᠲᠠᠸᠠᠷ ᠢ ᠭᠠᠳᠠᠭᠠᠳᠤ ᠠᠴᠠ ᠣᠷᠣᠭᠤᠯᠵᠤ᠂ | ᠳᠡᠯᠡᠬᠡᠶ ᠳᠤ ᠬᠠᠨᠳᠤᠭᠰᠠᠨ ᠲᠤᠮᠤ ᠵᠠᠬ᠎ᠠ ᠳᠡᠯᠭᠡᠭᠦᠷ ᠪᠣᠯᠬᠤ ᠳᠤᠷᠠᠲᠠᠶ ᠪᠠᠶᠢᠨ᠎ᠠ᠃ | ᠬᠢᠵᠢᠭ ᠤᠨ ᠪᠠᠶᠢᠳᠠᠯ ᠢ ᠬᠡᠷᠬᠢᠨ ᠠᠷᠭᠠᠴᠠᠭᠠᠬᠤ ᠡᠨᠡ ᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠥᠷᠢᠰᠥᠯᠳᠦᠭᠡᠨ ᠢ ᠬᠡᠷᠬᠢᠨ ᠠᠷᠭᠠᠴᠠᠭᠠᠨ᠂ ᠳᠡᠯᠡᠬᠡᠢ ᠶᠢᠨ ᠠᠵᠤ ᠠᠬᠤᠢ ᠶᠢ ᠬᠦᠴᠢᠷᠳᠡᠯ ᠠᠴᠠ ᠠᠩᠭᠢᠵᠢᠷᠠᠭᠤᠯᠬᠤ | ᠲᠤᠬᠠᠶ ᠬᠡᠯᠡᠪᠡᠯ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ | ᠬᠡᠷᠡᠭᠲᠡᠢ ᠭᠡᠵᠦ ᠪᠢ ᠤᠯᠠᠨᠳᠠ ᠶᠠᠷᠢᠭᠰᠠᠨ ᠪᠢᠯᠡ᠃ ᠡᠯ᠎ᠡ ᠤᠯᠤᠰ ᠤᠨ ᠠᠷᠠᠳ ᠲᠦᠮᠡᠨ ᠬᠠᠮᠲᠤ ᠪᠠᠷ ᠴᠢᠷᠮᠠᠶᠢᠵᠤ᠂ | ᠬᠢᠵᠢᠭ ᠤᠨ ᠪᠠᠶᠢᠳᠠᠯ ᠤᠨ ᠲᠠᠷᠠᠭ᠎ᠠ ᠨᠡᠩ ᠨᠡᠭᠡᠭᠡᠯᠳᠡ ᠬᠢᠪᠡᠯ᠂ ᠮᠠᠭᠤᠳᠠᠵᠤ ᠪᠠᠭᠤᠷᠠᠬᠰᠡᠨ ᠤ ᠳᠠᠷᠠᠭᠠᠬᠢ ᠰᠢᠨ᠎ᠡ | ᠴᠡᠴᠡᠭᠯᠡᠯ ᠲᠠᠢ ᠪᠣᠯᠤᠨ᠎ᠠ ᠭᠡᠳᠡᠭ ᠢ ᠪᠢ ᠬᠦᠰᠡᠵᠦ ᠪᠠᠶᠢᠬᠤ ᠪᠥᠭᠡᠳ ᠢᠲᠡᠭᠡᠵᠦ ᠪᠠᠶᠢᠨ᠎ᠠ᠃ | ᠰᠤᠷᠪᠤᠯᠵᠢᠯᠠᠭᠴᠢᠳ ᠤᠨ ᠬᠤᠷᠠᠯ ᠨᠢ ᠰᠦᠯᠵᠢᠶᠡᠨ ᠤ ᠸᠢᠳᠢᠣ᠋ ᠶᠢᠨ ᠬᠡᠯᠪᠡᠷᠢ ᠪᠠᠷ ᠶᠠᠪᠤᠭᠳᠠᠵᠤ᠂ ᠭᠤᠣᠯ | ᠬᠤᠷᠠᠯ ᠤᠨ ᠳᠠᠯᠠᠪᠠᠢ ᠶᠢ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠰᠢᠵᠢᠷ | ᠠᠯᠲᠠᠨ ᠶᠡᠭᠡ ᠲᠢᠩᠬᠢᠮ ᠳᠤ ᠳᠤᠬᠢᠷᠠᠭᠤᠯᠵᠤ᠂ ᠬᠤᠪᠢᠶᠠᠷᠢ ᠬᠤᠷᠠᠯ ᠤᠨ ᠳᠠᠯᠠᠪᠠᠢ ᠶᠢ ᠮᠧᠢᠢᠳᠢᠶᠠ ᠬᠤᠶᠠᠷ ᠬᠤᠷᠠᠯ ᠤᠨ | ᠰᠣᠨᠢᠨ ᠮᠡᠳᠡᠭᠡᠨ ᠤ ᠲᠥᠪ ᠲᠤ ᠲᠣᠬᠢᠷᠠᠭᠤᠯᠪᠠ᠃ ᠰᠣᠷᠪᠣᠯᠵᠢᠯᠠᠭᠴᠢᠳ ᠤᠨ ᠬᠤᠷᠠᠯ 110 ᠮᠢᠨᠦ᠋ᠲ ᠰᠢᠬᠠᠮ | ᠶᠠᠪᠤᠭᠳᠠᠵᠠᠢ᠃ |