ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠷᠢᠬᠯᠠᠨ ᠡᠵᠡᠮᠳᠡᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠤᠯᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠬᠢᠨ᠎ᠠ᠃ 2020 ᠣᠨ ᠬᠡᠴᠢᠨᠡᠭᠡᠨ ᠬᠢᠯᠪᠠᠷ ᠪᠤᠰᠤ | ᠪᠠᠶᠢᠭᠰᠠᠨ ᠪᠤᠯ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠲᠠᠷᠤᠢ ᠲᠠᠴᠢᠨᠡᠭᠡᠨ ᠶᠡᠷᠦ ᠪᠤᠰᠤ ᠶᠢᠨ ᠪᠠᠶᠢᠭ᠎ᠠ | ᠶᠤᠮ᠃ | ᠬᠡᠳᠦᠨ ᠡᠳᠦᠷ ᠤᠨ ᠲᠤᠷᠰᠢ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ | ᠮᠣᠩᠭᠤᠯ᠂ ᠬᠤᠪᠸᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠲᠣᠰ ᠲᠣᠰ ᠣᠷᠣᠯᠴᠠᠵᠤ᠂ | ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ | ᠪᠥᠬᠦᠳᠡ ᠬᠤᠷᠠᠯ ᠳᠤ ᠣᠷᠣᠯᠴᠠᠵᠤ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠵᠤ ᠠᠬᠤᠶ ᠶᠢᠨ ᠡᠲᠡᠭᠡᠳ ᠤᠨ | ᠭᠡᠰᠢᠭᠦᠳ ᠢ ᠡᠷᠬᠢᠨ ᠦᠵᠡᠭᠰᠡᠨ ᠪᠦᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠠᠶ᠃ | ᠲᠥᠯᠥᠭᠡᠯᠡᠭᠴᠢᠳ ᠭᠡᠰᠢᠭᠦᠳ ᠲᠠᠢ ᠳᠣᠲᠣᠨᠣ ᠪᠠᠷ ᠶᠠᠷᠢᠯᠴᠠᠵᠤ᠂ ᠤᠯᠤᠰ ᠤᠨ ᠶᠡᠭᠡ ᠪᠤᠳᠤᠯᠭ᠎ᠠ ᠶᠢ ᠬᠠᠮᠲᠤ ᠪᠠᠷ | ᠵᠥᠪᠳᠡᠯᠴᠡᠵᠤ᠂ ᠳᠤᠮᠳᠠᠳᠤ ᠶᠢᠨ ᠦᠨᠳᠦᠰᠦᠲᠡᠨ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ | ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠃ | ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠨ᠎ᠠ — ︽ᠠᠷᠠᠳ ᠲᠦᠮᠡᠨ ᠤ ᠠᠮᠢ ᠨᠠᠰᠤᠨ ᠤ | ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠳᠤ ᠪᠢᠳᠡ ᠶᠠᠮᠠᠷᠪᠠ ᠦᠷᠡᠭᠳᠡᠯ | ᠭᠠᠷᠭᠠᠬᠤ ᠠᠴᠠ ᠬᠠᠶᠢᠬᠤᠷᠬᠤ ᠦᠭᠡᠢ︾ | ᠬᠤᠪᠸᠢ ᠮᠤᠵᠢ ᠶᠢᠨ ᠱᠢ ᠶᠠᠨ ᠬᠤᠲᠠ ᠶᠢᠨ ᠲᠠᠢ ᠾᠧ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ | ᠱᠦᠵᠢ᠂ ᠬᠤᠷᠢᠶᠠᠨ ᠳᠠᠷᠤᠭ᠎ᠠ ᠯᠦᠸᠧ ᠵᠢᠶᠧ ᠲᠥᠯᠥᠭᠡᠯᠡᠭᠴᠢ ᠭᠤᠷᠪᠠᠨ ᠡᠳᠦᠷ ᠤᠨ ᠳᠣᠲᠣᠷ᠎ᠠ᠂ ᠶᠡᠷᠦᠩᠬᠡᠢ ᠱᠦᠵᠢ | ᠰᠢ ᠶᠢᠨ ᠫᠢᠩ ᠲᠡᠭᠦᠨ ᠢ ᠬᠤᠶᠠᠷ ᠤᠳᠠᠭ᠎ᠠ ᠳᠤᠷᠠᠳᠤᠨ᠎ᠠ ᠬᠡᠵᠦ ᠲᠡᠷᠡ ᠰᠠᠨᠠᠶ᠎ᠠ ᠰᠠᠨᠠᠵᠤ ᠴᠤ ᠤᠯᠬᠤ ᠦᠭᠡᠢ ᠠᠵᠢ᠃ | ︽ᠡᠨᠡ ᠡᠳᠦᠷ ᠤᠨ ᠦᠳᠡ ᠶᠢᠨ ᠡᠮᠦᠨ᠎ᠡ᠂ ᠲᠥᠯᠥᠭᠡᠯᠡᠭᠴᠢᠳ ᠤᠨ ᠰᠤᠷᠪᠤᠯᠵᠢᠯᠠᠭ᠎ᠠ ᠬᠦᠯᠢᠶᠡᠬᠦ ᠵᠠᠮ ᠳᠤ | ᠨᠢᠬᠡᠨ ᠬᠤᠪᠸᠢ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠦᠭᠡ ᠨᠢ ᠨᠠᠳᠠ ᠳᠤ ᠭᠦᠨ | ᠰᠠᠭᠤᠭᠳᠠᠯ ᠦᠯᠡᠳᠡᠭᠡᠵᠡᠢ︾᠃ 5 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ | ᠲᠠᠩᠬᠢᠮ ᠤᠨ ᠵᠡᠭᠦᠨ ᠶᠡᠭᠡ ᠲᠢᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠲᠡᠭᠦᠨ ᠤ ᠪᠠᠶᠢᠭ᠎ᠠ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠲᠤᠬᠠᠶ ᠰᠢ ᠶᠢᠨ ᠫᠢᠩ | ᠡᠶᠢᠮᠦ ᠨᠢᠭᠡᠨ ᠨᠠᠷᠢᠨ ᠵᠦᠢᠯᠡᠰ ᠢ ᠶᠠᠷᠢᠪᠠ — | ︽ᠡᠨᠡ ᠲᠥᠯᠥᠭᠡᠯᠡᠭᠴᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠪᠧᠶ ᠶᠢᠨ ᠡᠮᠨᠡᠵᠤ ᠡᠳᠡᠷᠡᠬᠦᠯᠦᠭᠰᠡᠨ 80 | ᠨᠠᠰᠤᠨ ᠠᠴᠠ ᠳᠡᠭᠡᠭᠰᠢᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ 3000 ᠭᠠᠷᠤᠶ ᠪᠠᠶᠢᠵᠤ᠂ | ᠡᠬᠦᠨ ᠳᠤ ᠨᠢᠬᠡᠨ 87 ᠨᠠᠰᠤᠲᠠᠶ ᠨᠠᠰᠤᠲᠠᠨ ᠢ 10 ᠭᠠᠷᠤᠢ ᠡᠮᠴᠢ ᠰᠤᠪᠢᠯᠠᠭᠴᠢ ᠬᠡᠳᠦᠨ ᠠᠷᠪᠠᠨ ᠡᠳᠦᠷ ᠢᠶᠠᠷ | ᠨᠠᠷᠢᠨ ᠨᠢᠮᠪᠠᠢ ᠡᠮᠨᠠᠨ ᠵᠠᠰᠠᠵᠤ ᠰᠤᠪᠢᠯᠠᠵᠤ ᠬᠠᠷᠠᠭᠠᠯᠵᠠᠭᠰᠠᠠ ᠢᠶᠠᠷ ᠡᠴᠦᠰ ᠲᠡᠭᠡᠨ ᠠᠮᠢ ᠶᠢ ᠨᠢ ᠠᠪᠤᠷᠠᠭᠰᠠᠨ | ᠭᠡᠳᠡᠭ︾᠃ | ︽ᠠᠷᠠᠳ ᠲᠦᠮᠡᠨ ᠢ ᠳᠡᠭᠡᠳᠦᠯᠡᠬᠦ ᠬᠡᠭᠴᠢ ᠶᠠᠭᠤ ᠪᠤᠢ︖ ᠡᠶᠢᠮᠦ ᠣᠯᠠᠨ ᠬᠥᠮᠦᠨ ᠨᠢᠭᠡ ᠡᠪᠡᠳᠴᠢᠲᠡᠨ ᠢ | ᠬᠠᠷᠠᠭᠠᠯᠵᠠᠵᠤ ᠪᠠᠶᠢᠬᠤ ᠨᠢ ᠨᠡᠭᠡᠷᠡᠨ ᠶᠠᠮᠠᠷᠪᠠ ᠦᠷᠡᠭᠳᠡᠯ ᠭᠠᠷᠭᠠᠬᠤ ᠶᠢ ᠬᠠᠶᠢᠬᠤᠷᠬᠤ ᠦᠬᠡᠢ ᠪᠠᠶᠢᠬᠤ ᠶᠢᠨ ᠢᠯᠡᠷᠡᠯ | ᠪᠤᠯᠬᠤ ᠶᠤᠮ︾ ᠬᠡᠵᠦ ᠶᠡᠷᠦᠩᠬᠡᠢ ᠱᠦᠵᠢ ᠰᠢ ᠶᠢᠨ ᠫᠢᠩ ᠰᠡᠳᠬᠢᠯ ᠳᠤᠭᠳᠤᠯᠤᠨ ᠶᠠᠷᠢᠵᠤ ᠭᠠᠷᠤᠯ᠎ᠠ᠃ | ᠶᠡᠷᠦᠩᠬᠡᠢ ᠱᠦᠵᠢ ᠶᠢᠨ ᠳᠤᠷᠠᠳᠤᠭᠰᠠᠨ ᠡᠨᠡ ᠬᠦ ᠠᠷᠠᠳ ᠤᠨ ᠲᠥᠯᠥᠭᠡᠯᠡᠭᠴᠢ ᠪᠤᠯ ᠯᠦᠸᠧ ᠵᠢᠶᠧ ᠪᠤᠯᠬᠤ | ᠶᠤᠮ᠃ ᠬᠡᠳᠦᠨ ᠰᠠᠷ᠎ᠠ ᠳᠠᠷᠠᠭᠠᠯᠠᠨ ᠬᠢᠵᠢᠭ ᠲᠠᠢ ᠲᠠᠮᠠᠴᠡᠬᠦ ᠡᠮᠦᠨ᠎ᠡ ᠹᠷᠣᠨᠲ ᠲᠤ ᠡᠷᠡᠯᠬᠡᠭᠯᠡᠨ ᠳᠡᠮᠡᠴᠡᠵᠦ᠂ | ᠬᠢᠵᠢᠭ ᠲᠠᠢ ᠲᠠᠮᠠᠴᠡᠬᠦ ᠰᠢᠢᠳᠪᠦᠷᠢᠲᠦ ᠢᠯᠠᠯᠲᠠ ᠶᠢ ᠣᠯᠤᠭᠰᠠᠨ ᠭᠠᠵᠠᠷ ᠠᠴᠠ ᠠᠷᠠᠳ ᠲᠦᠮᠡᠨ ᠤ ᠲᠦᠷᠦ ᠶᠢᠨ | ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠠᠩᠬᠢᠮ ᠳᠤ ᠢᠷᠡᠭᠰᠡᠨ ᠢᠶᠠᠷ ᠯᠦᠸᠧ ᠵᠢᠶᠧ ᠶᠢᠨ | ᠰᠡᠳᠬᠢᠯ ᠳᠤ ᠮᠠᠰᠢ ᠣᠯᠠᠨ ᠲᠥᠷᠥᠭᠳᠡᠯ ᠲᠠᠢ ᠪᠠᠶᠢᠯ᠎ᠠ᠃ | ᠬᠤᠶᠠᠷ ᠡᠳᠦᠷ ᠤᠨ ᠳᠠᠷᠠᠭᠠᠬᠢ 5 ᠰᠠᠷ᠎ᠠ ᠶᠢᠨ 24 ᠤ ᠦᠳᠡ ᠶᠢᠨ ᠬᠤᠶᠢᠨ᠎ᠠ᠂ ᠬᠤᠪᠸᠢ ᠶᠢᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠠᠬᠤᠢ ᠲᠠᠯᠠᠪᠠᠢ ᠳᠤ᠂ ᠯᠦᠸᠧ ᠵᠢᠶᠧ ᠶᠡᠷᠦᠩᠬᠡᠢ ᠱᠦᠵᠢ | ᠰᠢ ᠶᠢᠨ ᠫᠢᠩ ᠤᠨ ᠡᠰᠡᠷᠭᠦ ᠲᠠᠯ᠎ᠠ ᠳᠤ ᠰᠠᠭᠤᠵᠤ᠂ ᠬᠠᠮᠤᠭ ᠤᠨ ᠲᠦᠷᠦᠬᠦᠨ ᠳᠤ ᠦᠭᠡ ᠭᠡᠯᠡᠪᠠ᠃ ᠳᠡᠷᠡ | ᠭᠡᠯᠡᠬᠦ ᠲᠠᠢ ᠵᠡᠷᠬᠡ ᠪᠠᠷ ᠶᠡᠷᠦᠩᠬᠡᠶ ᠱᠦᠵᠢ ᠲᠡᠭᠦᠨ ᠢ ᠲᠠᠨᠢᠴᠢᠬᠠᠭᠰᠠᠠ ᠪᠠᠶᠢᠯ᠎ᠠ᠃ | ︽ᠲᠠ ᠯᠦᠸᠧ ᠵᠢᠶᠧ ᠪᠢᠵᠡ︖︾ | ︽ᠲᠡᠶᠢᠮᠦ ᠡ︾᠃ | ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠬᠤᠪᠸᠢ ᠪᠣᠯᠤᠨ ᠦᠬᠠᠨ ᠤ ᠪᠠᠶᠢᠳᠠᠯ ᠶᠡᠷᠦᠩᠬᠡᠢ ᠱᠦᠵᠢ | ᠰᠢ ᠶᠢᠨ ᠫᠢᠩ ᠤᠨ ᠰᠠᠨᠠᠭ᠎ᠠ ᠪᠤᠳᠤᠯ ᠢ ᠴᠠᠭ ᠢᠮᠠᠭᠲᠠ ᠲᠠᠲᠠᠭᠰᠠᠭᠠᠷ ᠢᠷᠠᠵᠠᠢ᠃ | 3 ᠰᠠᠷ᠎ᠠ ᠶᠢᠨ 10 ᠤ ᠡᠳᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ | ᠮᠥᠴᠡ ᠳᠤ᠂ ᠶᠡᠷᠦᠩᠬᠡᠶ ᠱᠦᠵᠢ ᠰᠢ ᠶᠢᠨ ᠫᠢᠩ ᠦᠬᠠᠨ ᠳᠤ ᠬᠦᠷᠴᠦ᠂ ᠬᠢᠵᠢᠭ ᠲᠠᠢ ᠳᠡᠮᠡᠴᠡᠬᠦ ᠲᠠᠶᠢᠯᠠᠯᠳᠤᠭᠠᠨ ᠢ | ᠵᠢᠯᠣᠭᠤᠳᠴᠤ᠂ ᠬᠤᠪᠸᠢ ᠶᠢᠨ ᠠᠷᠠᠳ ᠲᠦᠮᠡᠨ ᠤ ᠡᠷᠴᠢ ᠵᠣᠷᠢᠭ ᠢ ᠬᠥᠪᠴᠢᠯᠡᠪᠡ᠃ | ᠬᠤᠶᠠᠷ ᠰᠠᠷ᠎ᠠ ᠭᠠᠷᠤᠢ ᠶᠢᠨ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠬᠤᠪᠸᠢ ᠶᠢᠨ ᠠᠷᠠᠳ ᠲᠦᠮᠡᠨ ᠤ | ᠳᠤᠮᠳᠠ ᠳᠠᠬᠢᠨᠲᠠ ᠬᠦᠷᠴᠦ ᠢᠷᠡᠪᠡ᠃ | ︽ᠡᠨᠡ ᠤᠳᠠᠭ᠎ᠠ ᠶᠢᠨ ᠬᠤᠶᠠᠷ ᠬᠤᠷᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ | ᠦᠨᠳᠦᠰᠦᠯᠡᠵᠤ᠂ ᠲᠥᠪ ᠤᠨ ᠤᠳᠤᠷᠢᠳᠬᠤ ᠨᠥᠬᠦᠳ ᠪᠦᠯᠬᠦᠮ ᠳᠤᠭᠤᠶᠢᠯᠠᠩ ᠳᠤ ᠤᠴᠢᠬᠤ ᠲᠤᠭ᠎ᠠ ᠪᠠᠨ | ᠪᠠᠭᠠᠰᠬᠠᠪᠠ᠃ ᠪᠢ ᠬᠤᠪᠸᠢ ᠶᠢᠨ ᠲᠥᠯᠥᠭᠡᠯᠡᠭᠴᠢᠳ ᠤᠨ ᠪᠦᠯᠬᠦᠮ ᠳᠤ ᠵᠠᠪᠠᠯ ᠤᠴᠢᠨ᠎ᠠ ᠭᠡᠵᠦ ᠣᠨᠴᠠᠭᠠᠶᠢᠯᠠᠨ | ᠳᠤᠷᠠᠳᠴᠠᠢ᠃ ᠲᠠ ᠨᠠᠷ ᠪᠣᠯ ᠬᠤᠪᠸᠢ ᠶᠢᠨ 6000 ᠭᠠᠷᠤᠶ ᠲᠦᠮᠡᠨ ᠠᠷᠠᠳ ᠲᠦᠮᠡᠨ ᠤ ᠲᠥᠯᠥᠭᠡᠯᠡᠭᠴᠢ ᠮᠥᠨ᠂ | ᠪᠢ ᠲᠠ ᠤᠯᠠᠨ ᠢᠶᠠᠨ ᠡᠷᠬᠢᠵᠥ ᠥᠵᠡᠬᠦ ᠪᠠᠷ ᠢᠷᠡᠯ᠎ᠠ︾ ᠭᠡᠵᠦ ᠶᠡᠷᠦᠩᠬᠡᠢ ᠱᠦᠵᠢ ᠬᠡᠯᠡᠪᠡ᠃ | ᠣᠨᠴᠠᠭᠠᠢ ᠲᠣᠬᠢᠷᠠᠭᠤᠯᠤᠯᠳᠠ᠂ ᠣᠨᠴᠠᠭᠠᠢ ᠬᠠᠯᠠᠮᠵᠢᠯᠠᠯ ᠨᠢ ᠲᠥᠯᠥᠭᠡᠯᠡᠭᠴᠢᠳ ᠤᠨ ᠰᠡᠳᠬᠢᠯ ᠢ | ᠳᠤᠯᠠᠭᠠᠴᠠᠭᠤᠯᠤᠬᠰᠠᠨ ᠪᠥᠭᠡᠳ ᠬᠤᠪᠸᠢ ᠶᠢᠨ ᠠᠷᠠᠳ ᠲᠦᠮᠡᠨ ᠤ ᠰᠡᠳᠬᠢᠯ ᠢ ᠴᠦ ᠳᠤᠯᠠᠭᠠᠴᠠᠭᠤᠯᠤᠨ᠎ᠠ ᠠᠵᠢ᠃ | ᠡᠨᠡᠬᠦ ᠴᠠᠬ ᠮᠥᠴᠠ ᠶᠢᠨ ᠡᠷᠬᠢᠴᠠᠬᠦᠯᠥᠯ᠂ ᠲᠦᠭ ᠲᠦᠮᠡᠨ ᠬᠥᠮᠥᠰ ᠤᠨ ᠰᠡᠳᠬᠢᠯ ᠢ ᠳᠣᠭᠳᠣᠯᠤᠭᠤᠯᠤᠨ᠎ᠠ᠃ | 2020 ᠣᠨ ᠳᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷ᠎ᠡ᠂ ᠬᠡᠷᠬᠢᠨ ᠬᠥᠮᠦᠰ ᠢ ᠰᠣᠴᠢᠭᠠᠮ᠎ᠠ | ᠬᠠᠭᠤᠳᠠᠰᠤ ᠦᠯᠡᠳᠡᠭᠡᠭᠰᠡᠨ ᠪᠤᠢ︖ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠴᠢᠭᠯᠡᠬᠦᠯᠥᠨ᠂ ᠡᠨᠡ ᠤᠳᠠᠭᠠᠨ ᠤ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠦᠷᠪᠢᠰᠤᠨ ᠲᠡᠯᠭᠡᠷᠡᠬᠦ ᠬᠤᠷᠳᠤᠴᠠ ᠪᠠᠷ | ᠬᠠᠮᠤᠭ ᠤᠨ ᠲᠦᠷᠭᠡᠨ᠂ ᠬᠠᠯᠳᠠᠪᠤᠷᠢᠯᠠᠬᠰᠠᠨ ᠬᠡᠪᠴᠢᠶ᠎ᠡ ᠬᠠᠮᠤᠭ ᠤᠨ ᠥᠷᠭᠡᠨ᠂ ᠰᠡᠷᠭᠡᠶᠢᠯᠡᠨ ᠡᠵᠡᠮᠳᠡᠬᠦ | ᠬᠦᠴᠢᠷᠳᠠᠯ ᠢᠶᠠᠷ ᠬᠠᠮᠤᠭ ᠤᠨ ᠶᠡᠭᠡ ᠤᠯᠠᠨ ᠨᠠᠶᠢᠳᠠ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠢᠳᠡᠭᠡᠯ ᠵᠤᠷᠢᠬ ᠢᠶᠠᠨ ᠪᠠᠳᠤᠳᠬᠠᠨ᠂ ᠡᠷᠡᠰ | ᠰᠢᠭᠤᠷᠬᠠᠢ ᠠᠵᠢᠯᠯᠠᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ | ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠥ᠂ ᠳᠤᠮᠳᠠᠳᠤ ᠤᠯᠤᠰ ᠤᠨ 14 ᠳ᠋ᠦᠩᠰᠢᠭᠤᠷ | ᠠᠷᠠᠳ ᠲᠦᠮᠡᠨ ᠰᠦᠷ ᠵᠢᠪᠬᠤᠯᠠᠩᠲᠤ ᠠᠷᠠᠳ ᠤᠨ ᠳᠠᠶᠢᠨ᠂ ᠶᠡᠷᠦᠩᠬᠡᠢ ᠳᠠᠶᠢᠯᠠᠯᠳᠤᠭᠠᠨ᠂ ᠬᠤᠷᠢᠬᠯᠠᠯᠳᠠ ᠶᠢᠨ | ᠲᠠᠶᠢᠯᠠᠯᠳᠤᠭᠠᠨ ᠢ ᠦᠷᠨᠢᠬᠦᠯᠪᠠ᠃ | ︽ᠬᠢᠵᠢᠭ︾ ᠤᠨ ᠲᠠᠶᠢᠯᠠᠯᠳᠤᠭᠠᠨ ᠤ ᠬᠡᠷᠡᠭᠴᠡᠭᠡ ᠠᠴᠠ ᠪᠣᠯᠵᠤ᠂ ᠡᠨᠡ ᠵᠢᠯ ᠤᠨ ᠪᠦᠬᠦ ᠤᠯᠤᠰ ᠤᠨ ᠬᠤᠶᠠᠷ | ᠬᠤᠷᠠᠯ ᠬᠤᠶᠠᠷ ᠰᠠᠷ᠎ᠠ ᠭᠠᠷᠤᠢ ᠬᠤᠶᠢᠰᠢᠯᠠᠨ ᠶᠠᠪᠤᠭᠳᠠᠵᠠᠢ᠂ ᠡᠨᠡ ᠨᠢ ᠶᠡᠷᠦ ᠪᠤᠰᠤ ᠶᠢᠨ ᠴᠠᠭ ᠦᠶ᠎ᠡ ᠶᠢᠨ ᠶᠡᠷᠦ | ᠪᠤᠰᠤ ᠶᠢᠨ ᠠᠷᠭ᠎ᠠ ᠬᠡᠮᠵᠢᠶ᠎ᠡ ᠪᠣᠯᠤᠨ᠎ᠠ᠃ | ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ᠂ ᠦᠬᠠᠨ ᠢ ᠬᠠᠮᠠᠭᠠᠯᠠᠬᠤ ᠲᠠᠶᠢᠯᠠᠯᠳᠤᠭᠠᠨ᠂ | ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠰᠢᠶ᠋ᠳᠪᠦᠷᠢᠲᠦ ᠴᠢᠨᠠᠷᠲᠠᠶ ᠦᠷ᠎ᠡ ᠪᠦᠲᠦᠭᠡᠯ ᠣᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ | ᠦᠷ᠎ᠡ ᠪᠦᠲᠦᠭᠡᠯ ᠤᠯᠤᠯ᠎ᠠ᠃ | ᠣᠳᠣᠬᠠᠨ ᠳᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠦᠪᠡᠳᠡᠭᠰᠢ ᠶᠡᠭᠡ ᠬᠤᠷᠠᠯ ᠳᠠᠬᠢᠨᠲᠠ | ᠬᠤᠷᠠᠯᠳᠤᠭᠰᠠᠨ ᠨᠢ ᠲᠡᠷᠡ ᠴᠡᠭ ᠢᠶᠠᠷ ᠢᠶᠠᠨ ᠳᠤᠮᠳᠠᠳᠤ ᠤᠯᠤᠰ ᠤᠨ ᠬᠢᠵᠢᠭ ᠲᠠᠢ ᠲᠠᠮᠠᠴᠡᠬᠦ ᠲᠠᠶᠢᠯᠠᠯᠳᠤᠭᠠᠨ | ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠠ ᠪᠦᠲᠦᠭᠡᠯ ᠣᠯᠤᠭᠰᠠᠨ ᠤ ᠢᠯᠡᠷᠬᠡᠢ ᠪᠡᠯᠭᠡ ᠲᠡᠮᠳᠡᠭ ᠪᠣᠯᠬᠤ | ᠶᠤᠮ᠃ | ︽ᠦᠬᠠᠨ ᠤ ᠠᠵᠤ ᠠᠬᠤᠶᠢᠯᠠᠯ ᠠᠵᠢᠯ ᠢᠶᠠᠨ ᠰᠡᠷᠬᠦᠭᠡᠵᠤ ᠦᠢᠯᠡᠳᠪᠦᠷᠢᠯᠡᠯ ᠢᠶᠠᠨ ᠰᠡᠷᠭᠦᠭᠡᠯᠠ᠂ | ᠬᠡᠦᠬᠡᠳ ᠤᠳ ᠵᠠᠯᠭᠠᠪᠡᠷ ᠰᠤᠷᠭᠠᠭᠤᠯᠢ ᠳᠠᠭᠠᠨ ᠤᠴᠢᠯ᠎ᠠ᠂ ᠡᠮᠨᠡᠯᠭᠡ ᠶᠢᠨ ᠬᠤᠷᠢᠶ᠎ᠠ ᠬᠡᠪ ᠤᠨ ᠪᠠᠶᠢᠳᠠᠯ ᠢᠶᠠᠷ ᠡᠮᠴᠢᠯᠡᠵᠤ | ᠡᠬᠢᠯᠠᠯ᠎ᠠ᠂ ᠬᠤᠳᠠᠯᠳᠤᠭᠠᠨ ᠤ ᠲᠠᠯᠠᠪᠠᠢ ᠭᠡᠳᠤ ᠲᠡᠯᠭᠡᠬᠦᠷ ᠡᠬᠦᠳᠠ ᠪᠠᠨ ᠨᠡᠭᠡᠭᠡᠯᠠ᠂ ᠲᠡᠷᠡ ᠬᠦ ᠠᠮᠢᠵᠢᠷᠠᠯ ᠤᠨ | ᠬᠦᠴᠦᠨ ᠲᠠᠢ ᠦᠬᠠᠨ ᠬᠤᠳᠠ ᠬᠦᠭᠵᠢᠶᠠᠨ ᠨᠠᠷᠬᠢᠶᠠᠨ ᠢᠶᠠᠷ ᠪᠢᠯᠬᠠᠯ᠎ᠠ︾ ᠬᠡᠵᠥ 5 ᠲᠥᠯᠥᠭᠡᠯᠡᠭᠴᠢ ᠤᠷᠢᠳ | ᠬᠤᠵᠢᠳ ᠦᠭᠡ ᠭᠡᠯᠡᠵᠤ᠂ ᠶᠡᠷᠦᠩᠬᠡᠢ ᠱᠦᠵᠢ ᠳᠤ ᠬᠤᠪᠸᠢ ᠪᠣᠯᠤᠨ ᠦᠬᠠᠨ ᠤ ᠬᠢᠵᠢᠭ ᠤᠨ ᠪᠠᠶᠢᠳᠠᠯ ᠠᠴᠠ ᠲᠠᠬᠢᠨ | ᠬᠦᠭᠵᠢᠨ ᠮᠠᠨᠳᠤᠵᠤ ᠪᠠᠶᠢᠬᠤ ᠲᠤᠬᠠᠢ ᠬᠠᠷᠢᠭᠤ ᠮᠡᠳᠡᠭᠦᠯᠦᠯᠳᠠ ᠬᠢᠵᠤ᠂ ᠦᠭᠡ ᠦᠬᠦᠯᠠᠪᠤᠷᠢ ᠳᠤᠨᠢ ᠲᠤᠭᠳᠤᠯᠤᠭᠰᠠᠨ | ᠰᠡᠳᠬᠢᠯᠭᠡ ᠪᠢᠯᠬᠠᠵᠤ ᠪᠠᠶᠢᠯ᠎ᠠ᠃ | ᠦᠬᠠᠨ ᠬᠤᠲᠠ ᠶᠢᠨ ᠬᠤᠶᠠᠳᠤᠭᠠᠷ ᠬᠥᠩᠭᠡᠨ ᠠᠵᠤ ᠦᠶ᠋ᠯᠡᠳᠪᠦᠷᠢ ᠶᠢᠨ ᠰᠤᠷᠭᠠᠭᠤᠯᠢ ᠠᠴᠠ ᠢᠷᠡᠭᠰᠡᠨ ᠢᠦᠶ | ᠴᠧᠩ ᠲᠥᠯᠥᠭᠡᠯᠡᠭᠴᠢ᠂ ᠦᠬᠠᠨ ᠤ ᠠᠷᠠᠳ ᠲᠦᠮᠡᠨ ᠤ ᠬᠦᠰᠡᠯ ᠪᠤᠳᠤᠯ ᠢ ᠡᠪᠤᠷᠯᠡᠵᠤ ᠢᠷᠠᠯ᠎ᠠ᠃ ᠬᠢᠵᠢᠭ ᠤᠨ | ᠪᠠᠶᠢᠳᠠᠯ ᠤᠨ ᠬᠤᠭᠤᠴᠠᠭᠠᠨ ᠳᠤ ᠲᠡᠷᠡ ᠦᠬᠠᠨ ᠤ ᠠᠶ ᠵᠢᠶᠠ ᠣᠯᠠᠨ ᠤᠯᠤᠰ ᠤᠨ ᠨᠡᠶᠢᠭᠡᠮ ᠲᠣᠭᠤᠷᠢᠭ ᠲᠤ ᠬᠦᠷᠴᠦ | ᠰᠠᠶᠢᠨ ᠲᠤᠷᠠᠴᠤᠳ ᠪᠤᠯᠤᠭᠰᠠᠨ ᠪᠠᠶᠢᠵᠠᠢ᠃ | ︽ᠶᠡᠷᠦᠩᠬᠡᠢ ᠱᠦᠵᠢ᠂ ᠲᠠ ᠬᠤᠪᠸᠢ ᠳᠤ ᠰᠢᠨᠵᠢᠯᠡᠨ ᠪᠠᠶᠢᠴᠠᠭᠠᠬᠤ ᠳᠠᠭᠠᠨ᠂ ᠦᠬᠠᠨ ᠤ ᠠᠷᠠᠳ ᠲᠦᠮᠡᠨ | ᠠᠮᠢᠳᠤ ᠵᠢᠭᠠᠰᠤ ᠢᠳᠡᠬᠦ ᠳᠤᠷᠠᠲᠠᠶ ᠪᠣᠯᠬᠤᠷ ᠢᠯᠡᠭᠦᠬᠡᠨ ᠵᠣᠬᠢᠶᠠᠨ ᠪᠠᠶᠢᠭᠤᠯᠵᠤ ᠬᠠᠩᠭᠠᠬᠤ ᠬᠡᠷᠡᠭᠲᠡᠶ ᠭᠡᠰᠡᠨ ᠶᠤᠮ᠃ | ᠨᠢᠭᠡ ᠭᠠᠷᠠᠭ ᠪᠣᠯᠤᠯ ᠦᠭᠡᠢ ᠪᠠᠷ ᠠᠮᠢᠳᠤ ᠵᠢᠭᠠᠰᠤ ᠶᠢ ᠮᠠᠨ ᠤ ᠨᠡᠶᠢᠭᠡᠮ ᠲᠤᠭᠤᠷᠢᠬ ᠲᠤ ᠬᠦᠷᠭᠡᠵᠥ ᠢᠷᠡᠪᠡ᠃ ᠨᠠᠶᠠ | ᠭᠠᠷᠤᠭᠰᠠᠠ ᠯᠢᠶᠣᠤ ᠨᠠᠰᠤᠲᠠᠨ᠂ ᠡᠶᠢᠮᠦᠷᠬᠦ ᠬᠦᠨᠳᠦ ᠨᠤᠴᠢᠳᠠᠢ ᠬᠢᠵᠢᠭ ᠤᠨ ᠪᠠᠶᠢᠳᠠᠯ ᠳᠤ ᠠᠮᠢᠳᠤ ᠵᠢᠭᠠᠰᠤ ᠣᠯᠵᠤ | ᠢᠳᠡᠨ᠎ᠠ ᠭᠡᠵᠤ ᠶᠡᠷᠤᠨᠢ ᠪᠣᠳᠣᠵᠤ ᠣᠯᠤᠭᠰᠠᠨ ᠦᠭᠡᠶ᠂ ᠨᠠᠮ ᠵᠠᠰᠠᠭ ᠲᠠᠭᠠᠨ ᠲᠠᠯᠠᠷᠬᠠᠵᠤ ᠪᠠᠶᠢᠨ᠎ᠠ ᠬᠡᠵᠥ ᠰᠠᠳᠬᠢᠯ | ᠲᠤᠭᠳᠤᠯᠤᠨ ᠭᠡᠯᠡᠵᠤ ᠪᠠᠶᠢᠬᠰᠠᠨ ᠶᠤᠮ︾᠃ | ᠰᠡᠳᠬᠢᠯ ᠬᠥᠳᠡᠯᠭᠡᠮᠠ ᠥᠯᠢᠭᠡᠷ ᠢᠶᠠᠨ ᠬᠤᠪᠢᠶᠠᠯᠴᠠᠬᠤ ᠶᠢᠨ ᠵᠠᠶᠢᠴᠠ ᠳᠤ ᠢᠦᠶ ᠴᠧᠩ ᠬᠠᠯᠠᠭᠤᠨ ᠨᠢᠯᠪᠤᠰᠤ | ᠪᠦᠮᠪᠤᠷᠢᠬᠦᠯᠤᠯᠠ᠃ ᠲᠡᠷᠡ ᠰᠠᠭᠤᠳᠠᠯ ᠠᠴᠠ ᠪᠠᠨ ᠪᠣᠰᠴᠤ ᠵᠣᠭᠰᠣᠨ ᠮᠡᠭᠦ᠋ᠢᠨ ᠶᠣᠰᠣᠯᠠᠪᠠ᠃ | ︽ᠢᠷᠡᠬᠦ ᠠᠴᠠ ᠡᠮᠦᠨ᠎ᠡ᠂ ᠣᠯᠠᠨ ᠢᠶᠠᠷ ᠢᠶᠠᠨ ᠨᠠᠳᠠ ᠳᠤ ᠨᠠᠶᠢᠳᠠᠵᠤ ᠵᠡᠪᠠᠯ ︿ᠲᠠᠯᠠᠷᠬᠠᠯ᠎ᠠ︕ ﹀ ᠶᠡᠷᠦᠩᠬᠡᠶ | ᠱᠦᠵᠢ ᠳᠤ ᠲᠠᠯᠠᠷᠬᠠᠵᠤ ᠪᠠᠶᠢᠨ᠎ᠠ᠂ ᠨᠠᠮ ᠤᠨ ᠲᠥᠪ ᠬᠤᠷᠢᠶ᠎ᠠ ᠳᠤ ᠲᠠᠯᠠᠷᠬᠠᠵᠤ ᠪᠠᠶᠢᠨ᠎ᠠ᠂ ᠬᠤᠪᠧᠶ ᠪᠣᠯᠤᠨ | ᠦᠬᠠᠨ ᠢ ᠳᠠᠮᠵᠢᠵᠤ ᠲᠤᠰᠠᠯᠠᠭᠰᠠᠨ ᠪᠦᠬᠦ ᠤᠯᠤᠰ ᠤᠨ ᠠᠷᠠᠳ ᠲᠦᠮᠡᠨ ᠪᠣᠯᠤᠨ ᠡᠯ᠎ᠡ ᠡᠲᠡᠭᠡᠳ ᠤᠨ ᠨᠠᠶᠢᠵᠠ | ᠨᠠᠷ ᠲᠠᠭᠠᠨ ᠲᠠᠯᠠᠷᠬᠠᠵᠤ ᠪᠠᠶᠢᠨ᠎ᠠ ᠭᠡᠵᠤ ᠭᠡᠯᠡᠭᠡᠷᠡᠢ ᠭᠡᠰᠡᠨ ᠶᠤᠮ︾ ᠭᠡᠪᠡ᠃ | ᠬᠤᠷᠠᠯ ᠤᠨ ᠲᠠᠯᠠᠪᠠᠢ ᠳᠤ ᠠᠯᠠᠭ᠎ᠠ ᠲᠠᠰᠢᠬᠤ ᠲᠠᠭᠤᠨ ᠤᠳᠠᠲᠠᠯ᠎ᠠ ᠦᠷᠭᠦᠯᠵᠢᠯᠡᠪᠡ᠃ | ︽ᠤᠯᠠᠨ ᠤ ᠬᠡᠯᠡᠭᠦ ᠶᠢ ᠰᠣᠨᠣᠰᠤᠭᠠᠳ ᠪᠢ ᠮᠠᠰᠢ ᠰᠡᠳᠬᠢᠯ ᠲᠤᠭᠳᠤᠯᠤᠯᠠ︾ ᠭᠡᠵᠤ ᠶᠡᠷᠦᠩᠬᠡᠢ ᠱᠦᠵᠢ | ᠰᠢ ᠶᠢᠨ ᠫᠢᠩ ᠭᠦᠨ ᠰᠡᠳᠬᠢᠯᠭᠡ ᠲᠠᠢ ᠪᠠᠷ ᠭᠡᠯᠡᠨ᠎ᠠ᠃ ᠲᠠᠷᠠ᠄ ︽ᠬᠤᠪᠸᠢ ᠶᠢᠨ ᠠᠷᠠᠳ ᠲᠦᠮᠡᠨ᠂ ᠦᠬᠠᠨ ᠤ | ᠠᠷᠠᠳ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ | ᠯᠤᠲᠤ ᠶᠡᠭᠡ ᠦᠷᠡᠭᠳᠡᠯ ᠭᠠᠷᠭᠠᠵᠠᠶ᠃ ᠦᠬᠠᠨ ᠪᠣᠯ ᠨᠡᠷ᠎ᠡ ᠨᠢᠳᠡᠷ ᠲᠡᠭᠡᠨ ᠲᠤᠬᠢᠷᠠᠭᠰᠠᠨ ᠪᠠᠭᠠᠲᠤᠷᠯᠢᠭ ᠬᠤᠳᠠ᠂ | ᠬᠤᠪᠸᠢ ᠶᠢᠨ ᠠᠷᠠᠳ ᠲᠦᠮᠡᠨ ᠪᠠ ᠦᠬᠠᠨ ᠤ ᠠᠷᠠᠳ ᠲᠦᠮᠡᠨ ᠪᠣᠯ ᠶᠤᠰᠤᠳᠠᠢ ᠪᠠᠭᠠᠲᠤᠷᠯᠢᠭ ᠠᠷᠠᠳ ᠲᠦᠮᠡᠨ | ᠮᠥᠨ᠃ ᠪᠢ ᠠᠳᠡ ᠰᠠᠭᠤᠵᠤ ᠪᠠᠶᠢᠭ᠎ᠠ ᠨᠥᠬᠦᠳ ᠪᠤᠯᠤᠨ ᠬᠤᠪᠸᠢ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠤᠨ ᠲᠠᠯᠠᠷᠬᠠᠯ ᠢᠶᠠᠨ ᠳᠡᠪᠰᠢᠭᠦᠯᠵᠤ ᠪᠠᠶᠢᠨ᠎ᠠ︕︾ ᠭᠡᠯᠡ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠠᠶᠢᠨ᠎ᠠ᠂ ᠠᠮᠢᠨ | ᠰᠤᠳᠠᠰᠤ ᠨᠢ ᠠᠷᠠᠳ ᠲᠦᠮᠡᠨ ᠳᠤ ᠪᠠᠶᠢᠨ᠎ᠠ᠃ ᠨᠠᠮ ᠠᠴᠠ ᠠᠷᠠᠳ ᠲᠦᠮᠡᠨ ᠢ ᠪᠦᠯᠬᠦᠮᠳᠡᠬᠦᠯᠥᠨ ᠳᠠᠭᠠᠭᠤᠯᠵᠤ | ᠬᠤᠪᠢᠰᠬᠠᠯ᠂ ᠪᠦᠳᠦᠬᠡᠨ ᠪᠠᠶᠢᠭᠤᠯᠤᠯᠳᠠ᠂ ᠦᠬᠡᠷᠡᠴᠢᠯᠡᠯᠳᠠ ᠬᠢᠭᠰᠡᠨ ᠤ ᠦᠨᠳᠦᠰᠦᠨ ᠵᠤᠷᠢᠯᠭ᠎ᠠ ᠨᠢ ᠠᠷᠠᠳ | ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠦᠯᠥᠬᠡ ᠶᠤᠮ᠂ ᠬᠡᠳᠤᠢ ᠶᠡᠭᠡ ᠦᠷᠢᠰᠦᠯᠳᠦᠬᠡᠨ ᠪᠤᠯᠤᠨ | ᠲᠠᠷᠤᠯᠳᠠ ᠳᠤ ᠲᠤᠯᠭᠠᠷᠠᠭᠰᠠᠠ ᠴᠦ᠂ ᠬᠡᠳᠤᠢ ᠶᠡᠭᠡ ᠦᠷᠡᠭᠳᠡᠯ ᠪᠤᠯᠤᠨ ᠦᠨ᠎ᠠ ᠦᠷᠳᠡᠭ ᠭᠠᠷᠭᠠᠭᠰᠠᠠ ᠴᠦ᠂ ᠡᠨᠡ | ᠲᠡᠯ᠎ᠡ ᠪᠠᠷ ᠪᠦᠷ ᠢᠮᠠᠬᠳᠠ ᠬᠤᠪᠢᠷᠡᠰᠢ ᠦᠬᠡᠢ᠂ ᠦᠴᠦᠬᠡᠨ ᠴᠦ ᠭᠤᠶᠢᠪᠢᠰᠢ ᠦᠬᠡᠢ ᠶᠤᠮ︾᠃ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ᠂ ᠶᠡᠷᠦᠩᠬᠡᠶ ᠱᠦᠵᠢ ᠰᠢ ᠶᠢᠨ ᠫᠢᠩ ︽ᠠᠷᠠᠳ | ᠲᠦᠮᠡᠨ︾ ᠢᠶᠠᠷ ᠵᠠᠩᠭᠢᠯᠠᠭ᠎ᠠ ᠶᠢᠨ ᠦᠭᠡ ᠪᠣᠯᠭᠠᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ | ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠡᠬᠢᠯᠡᠨ ᠶᠠᠷᠢᠵᠤ᠂ ᠡᠨᠡ ᠬᠤᠶᠠᠷ ᠥᠰᠥᠭ ᠤᠨ | ᠠᠭᠤᠯᠤᠭᠳᠠᠬᠤᠨ ᠢ ᠭᠦᠨᠵᠡᠭᠡᠶ ᠲᠠᠶᠢᠯᠪᠤᠷᠢᠯᠠᠵᠠᠢ᠃ | ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠬᠤ ᠲᠤᠬᠠᠢ ᠥᠭᠦᠯᠡᠬᠦ ᠳᠡᠭᠡᠨ᠂ ᠶᠡᠷᠦᠩᠬᠡᠢ ᠱᠦᠵᠢ ᠰᠢ ᠶᠢᠨ | ᠫᠢᠩ ᠡᠷᠲᠡᠨ ᠤ ᠦᠭᠡ ᠪᠠᠷ ᠡᠰᠢᠯᠡᠨ ᠲᠠᠳᠠᠵᠤ᠄ | ︽︿ᠠᠷᠠᠳ ᠢᠷᠭᠡᠳ ᠲᠠᠢ ᠠᠰᠢᠭ ᠲᠤᠰᠠ ᠪᠠᠨ ᠬᠠᠮᠲᠤᠳᠬᠠᠵᠤ ᠴᠢᠲᠠᠪᠠᠰᠦ ᠳᠡᠯᠡᠬᠡᠢ ᠳ᠋ᠠᠬᠢᠨ ᠢ ᠤᠯᠵᠤ | ᠪᠤᠯᠤᠮᠤᠢ︔ ᠠᠷᠠᠳ ᠢᠷᠭᠡᠳ ᠲᠤ ᠠᠰᠢᠭ ᠲᠤᠰᠠ ᠤᠯᠭᠤᠵᠤ ᠴᠢᠳᠠᠪᠠᠰᠤ ᠳᠡᠯᠡᠬᠡᠶ ᠳ᠋ᠠᠬᠢᠨ ᠢ ᠵᠠᠬᠢᠷᠴᠦ ᠪᠤᠯᠤᠮᠤᠢ﹀ | ᠭᠡᠵᠤ ᠡᠷᠳᠡᠨ ᠤ ᠬᠦᠮᠦᠰ ᠶᠠᠷᠢᠳᠠᠭ᠃ ᠮᠠᠨ ᠤ ᠨᠠᠮ ᠳᠤ ᠥᠪᠡᠷ ᠤᠨ ᠣᠨᠴᠠᠭᠠᠶ ᠠᠰᠢᠭ ᠲᠤᠰᠠ ᠪᠠᠶᠢᠬᠤ ᠦᠭᠡᠢ᠂ | ᠨᠠᠮ ᠬᠡᠵᠢᠶ᠎ᠡ ᠴᠦ ᠭᠡᠰᠡᠨ ᠴᠥᠮ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠳᠠᠢ | ᠭᠡᠵᠦ ᠨᠠᠮ ᠤᠨ ᠲᠦᠷᠢᠮ ᠳᠤ ᠲᠣᠳᠣᠷᠬᠠᠶ ᠲᠣᠭᠲᠠᠭᠠᠪᠠ︾ ᠭᠡᠪᠡ᠃ | ᠶᠡᠷᠦᠩᠬᠡᠶ ᠱᠦᠵᠢ ᠰᠢ ᠶᠢᠨ ᠫᠢᠩ ᠬᠤᠶᠠᠷ ᠬᠤᠷᠠᠯ ᠠᠴᠠ ᠡᠮᠦᠨᠡᠬᠡᠨ ᠱᠠᠨ ᠰᠢ ᠳᠤ ᠬᠦᠷᠴᠦ ᠰᠢᠨᠵᠢᠯᠡᠨ | ᠪᠠᠶᠢᠴᠠᠭᠠᠵᠤ ᠪᠠᠶᠢᠴᠠᠭᠠᠨ ᠰᠤᠳᠤᠯᠤᠯᠳᠠ ᠬᠢᠭᠰᠡᠨ ᠲᠥᠷᠥᠭᠳᠡᠯ ᠢᠶᠠᠨ᠄ ︽ᠪᠢ ᠳ᠋ᠠᠲ᠋ᠦ᠋ᠩ ᠤᠨ ᠣᠷᠭᠠᠨᠢᠭ ᠰᠢᠷ᠎ᠠ | ᠴᠡᠴᠡᠭᠲᠦ ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠳᠤ ᠲᠣᠰᠬᠤᠨ ᠤ ᠠᠷᠠᠳ ᠲᠤ᠂ ᠳᠤᠮᠳᠠᠳᠤ ᠤᠯᠤᠰ ᠤᠨ | ᠡᠪ ᠬᠠᠮᠲᠤ ᠨᠠᠮ ᠠᠷᠠᠳ ᠲᠦᠮᠡᠨ ᠤ ᠲᠥᠯᠥᠭᠡ ᠠᠵᠢᠯ ᠶᠠᠪᠤᠳᠠᠯ ᠬᠢᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ | ᠬᠠᠮᠤᠭ ᠤᠨ ᠴᠢᠬᠤᠯᠠ ᠵᠠᠰᠠᠭ ᠤᠨ ᠠᠵᠢᠯ ᠤᠨ ᠪᠦᠲᠦᠮᠵᠢ ᠪᠣᠯᠭᠠᠵᠤ᠂ ᠠᠷᠠᠳ ᠢᠷᠭᠡᠳ ᠲᠤ ᠬᠡᠴᠢᠨᠡᠨ ᠰᠠᠶᠢᠨ | ᠶᠠᠪᠤᠳᠠᠯ ᠪᠣᠳᠠᠲᠠᠶ ᠠᠵᠢᠯ ᠬᠢᠵᠦ ᠥᠭᠭᠦᠭᠰᠡᠨ ᠢᠶᠠᠷ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠬᠤ | ᠴᠢᠬᠤᠯᠠ ᠪᠠᠷᠢᠮᠵᠢᠶ᠎ᠠ ᠪᠣᠯᠭᠠᠨ᠎ᠠ ᠭᠡᠵᠠᠢ︾ ᠭᠡᠵᠤ ᠤᠯᠠᠨ ᠳᠤ ᠶᠠᠷᠢᠯ᠎ᠡ᠃ | ᠠᠷᠠᠳ ᠲᠦᠮᠡᠨ ᠢ ᠳᠡᠭᠡᠳᠦᠯᠡᠨ᠎ᠡ︕ ᠡᠨᠡ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ | ᠵᠣᠷᠢᠭ ᠰᠢᠭᠤᠳᠤᠨ ᠲᠡᠮᠡᠴᠡᠬᠦ ᠤᠭ ᠰᠠᠨᠠᠭ᠎ᠠ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠲᠦᠷᠦ ᠪᠠᠷᠢᠬᠤ | ᠣᠢᠢᠯᠠᠭᠠᠭᠳᠠᠬᠤᠨ ᠮᠥᠨ᠃ | ᠭᠠᠭᠴᠠ ᠬᠦ ᠡᠨᠡ ᠬᠦ ︽ᠭᠠᠷᠤᠭ᠎ᠠ︾ ᠳᠤ ᠵᠣᠭᠰᠣᠪᠠᠯ ᠰᠠᠶ᠋ᠢ ᠡᠨᠡ ᠬᠦ ᠦᠭᠡ ᠶᠢᠨ ᠬᠦᠨᠳᠦ ᠶᠢ ᠵᠢᠩᠬᠢᠨᠢ | ᠣᠬᠠᠵᠤ ᠴᠢᠳᠠᠨ᠎ᠠ — ︽ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ | ᠡᠷᠡᠭᠦᠯ ᠮᠡᠨᠳᠤ ᠶᠢ ᠬᠠᠮᠠᠭᠠᠯᠠᠬᠤ ᠳᠤ ᠶᠠᠮᠠᠷᠪᠠ ᠦᠷᠡᠭᠳᠡᠯ ᠭᠠᠷᠭᠠᠬᠤ ᠠᠴᠠ ᠴᠦ ᠪᠤᠴᠠᠬᠤ ᠦᠭᠡᠢ︾᠃ | ᠠᠷᠠᠳ ᠲᠦᠮᠡᠨ ᠳᠤ ᠪᠤᠶᠠᠨ ᠦᠢᠯᠡᠳᠦᠨ᠎ᠡ — ︽ᠬᠠᠮᠲᠤ ᠪᠠᠷ ᠴᠢᠨᠡᠭᠡᠯᠢᠭᠵᠢᠵᠦ᠂ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠬᠦᠯᠦᠨ᠎ᠡ᠂ ᠣᠯᠠᠨ ᠢᠶᠠᠷ ᠢᠶᠠᠨ ᠡᠨᠡ ᠵᠠᠮ ᠢᠶᠠᠷ ᠬᠠᠮᠲᠤ ᠪᠠᠷ ᠵᠠᠮᠨᠠᠶ᠎ᠠ︾ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠠᠨᠠᠭᠠᠰᠢᠷᠠᠵᠤ ᠪᠠᠶᠢᠭ᠎ᠠ ᠶᠡᠭᠡ ᠶᠠᠪᠤᠳᠠᠯ ᠪᠣᠯᠤᠨ᠎ᠠ᠃ | 2013 ᠣᠨ ᠠᠴᠠ ᠨᠠᠭᠠᠰᠢ᠂ ᠲᠡᠷᠡᠪᠡᠷ ᠵᠢᠯ ᠪᠦᠷᠢ ᠶᠢᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ | ᠲᠥᠯᠥᠭᠡᠯᠡᠭᠴᠢ ᠭᠡᠰᠢᠭᠦᠳ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ | ᠪᠤᠳᠤᠯᠭ᠎ᠠ ᠶᠢ ᠵᠥᠪᠳᠡᠯᠴᠡᠳᠡᠭ᠃ | ︽ᠣᠳᠣᠬᠠᠨ ᠳᠤ᠂ ᠪᠦᠬᠦ ᠤᠯᠤᠰ ᠲᠤ ᠪᠠᠰᠠ 52 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠠᠴᠠ | ᠠᠩᠭᠢᠵᠢᠷᠠᠭᠠᠳᠤᠢ᠂ 2707 ᠶᠠᠳᠠᠭᠤ ᠬᠦᠴᠢᠷᠳᠡᠯᠲᠡᠢ ᠲᠣᠰᠬᠤᠨ ᠶᠠᠳᠠᠭᠤ ᠠᠴᠠ ᠠᠩᠭᠢᠵᠢᠷᠠᠭᠠᠳᠤᠢ᠂ ᠲᠠᠩᠰᠠᠯᠠᠵᠤ | ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠨᠢᠭᠡ ᠪᠦᠯᠦᠭ ᠢ ᠨᠢ ᠪᠠᠰᠠ ᠶᠠᠳᠠᠭᠤ ᠠᠴᠠ | ᠠᠩᠭᠢᠵᠢᠷᠠᠭᠤᠯᠵᠤ ᠲᠡᠶᠢᠯᠦᠭᠡᠳᠦᠢ ᠪᠠᠶᠢᠭᠰᠠᠭᠠᠷ︾᠃ | 5 ᠰᠠᠷ᠎ᠠ ᠶᠢᠨ 23 ᠤ ᠦᠳᠡ ᠡᠮᠦᠨ᠎ᠡ᠂ ᠪᠡᠭᠡᠵᠢᠩ ᠤᠨ ᠲᠡᠮᠦᠷ ᠵᠠᠮ ᠤᠨ ᠲᠣᠮᠣ ᠠᠰᠠᠷ ᠲᠤ᠂ ᠪᠦᠬᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ | ᠭᠤᠷᠪᠠᠳᠤᠭᠠᠷ ᠬᠤᠷᠠᠯ ᠳᠤ ᠣᠷᠣᠯᠴᠠᠭᠰᠠᠨ ᠠᠵᠤ ᠠᠬᠤᠢ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠳᠡᠭᠡᠨ | ᠶᠡᠷᠦᠩᠬᠡᠢ ᠱᠦᠵᠢ ᠰᠢ ᠶᠢᠨ ᠫᠢᠩ ᠡᠶᠢᠮᠦ ᠨᠢᠭᠡ ᠬᠤᠪᠢ ᠡᠭᠦᠷᠭᠡ ᠶᠢᠨ ᠨᠠᠷᠢᠨ ᠳᠠᠩᠰᠠ ᠭᠠᠷᠭᠠᠯ᠎ᠠ᠃ | ᠬᠤᠶᠠᠷ ᠰᠠᠷ᠎ᠠ ᠭᠠᠷᠤᠶ ᠶᠢᠨ ᠡᠮᠦᠨ᠎ᠡ᠂ 3 ᠰᠠᠷ᠎ᠠ ᠶᠢᠨ 6 ᠤ ᠡᠳᠦᠷ᠂ ᠥᠩᠭᠡᠷᠡᠭᠰᠡᠨ ᠵᠢᠯ ᠤᠳ ᠲᠤ ᠪᠦᠬᠦ | ᠤᠯᠤᠰ ᠤᠨ ᠬᠤᠶᠠᠷ ᠬᠤᠷᠠᠯ ᠶᠠᠭ ᠬᠤᠷᠠᠯᠳᠤᠵᠤ ᠪᠠᠶᠢᠭᠰᠠᠨ ᠦᠶ᠎ᠠ᠂ ᠶᠡᠷᠦᠩᠬᠡᠶ ᠱᠦᠵᠢ ᠰᠢ ᠶᠢᠨ ᠫᠢᠩ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠲᠠᠯ᠎ᠠ ᠶᠢᠨ ᠬᠠᠮᠤᠭ ᠤᠨ ᠶᠡᠭᠡ ᠬᠡᠪᠴᠢᠶᠡᠨ ᠤ ᠬᠤᠷᠠᠯ ᠳᠤ ᠣᠷᠣᠯᠴᠠᠵᠤ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠰᠢᠢᠳᠪᠤᠷᠢᠳᠤ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠤᠯᠬᠤ ᠶᠡᠷᠦᠩᠬᠡᠶ | ᠲᠠᠶᠢᠴᠢᠯᠠᠯᠳᠠ ᠬᠢᠪᠡ᠃ ᠬᠤᠶᠠᠷ ᠬᠤᠷᠠᠯ ᠠᠴᠠ ᠡᠮᠦᠨᠡᠬᠡᠨ᠂ ᠲᠡᠷᠡᠪᠡᠷ ᠪᠠᠰᠠ ᠵᠣᠭᠰᠣᠯ ᠦᠭᠡᠢ ᠱᠠᠨᠰᠢ᠂ ᠱᠠᠨ | ᠰᠢ ᠪᠠᠷ ᠰᠢᠨᠵᠢᠯᠡᠨ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠦᠷ᠎ᠡ ᠪᠦᠲᠦᠮᠵᠢ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠬᠦᠷᠴᠦ ᠣᠢᠢᠯᠠᠭᠠᠪᠠ᠃ | ᠳᠠᠶᠢᠨ ᠤ ᠳᠠᠯᠠᠪᠤᠷ ᠲᠤᠷ ᠬᠡᠩᠭᠡᠷᠭᠡ ᠳᠡᠯᠡᠳᠦᠬᠦᠶᠡ᠂ ᠴᠡᠷᠢᠭ ᠤᠨ ᠵᠠᠷᠯᠢᠭ ᠠᠭᠤᠯᠠ ᠮᠡᠲᠦ᠃ ᠡᠳᠦᠭᠡ᠂ | 2020 ᠣᠨ ᠨᠢᠭᠡᠨᠲᠡ 5 ᠰᠠᠷ᠎ᠠ ᠰᠢᠬᠠᠮ ᠥᠩᠭᠡᠷᠡᠪᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠰᠢᠪᠲᠤᠯᠤᠯᠲᠠ ᠶᠢᠨ ᠱᠠᠲᠤᠨ ᠳᠤ ᠣᠷᠣᠯ᠎ᠠ᠃ | ︽ᠬᠡᠳᠦ᠋ᠢᠪᠡᠷ ᠦᠩᠬᠡᠷᠡᠭᠰᠡᠨ ᠲᠠᠢ ᠬᠠᠷᠢᠴᠠᠭᠤᠯᠪᠠᠯ ᠶᠡᠷᠦᠩᠬᠡᠢ ᠬᠡᠮᠵᠢᠶ᠎ᠠ ᠨᠢ ᠶᠡᠭᠡ ᠪᠢᠰᠢ ᠪᠤᠯᠪᠠᠴᠤ ᠪᠦᠷ | ᠶᠠᠳᠠᠭᠤ ᠶᠢᠨ ᠲᠤᠳᠤᠷᠠᠬᠢ ᠶᠠᠳᠠᠭᠤ᠂ ᠬᠦᠴᠢᠷᠳᠡᠯᠳᠡᠢ ᠶᠢᠨ ᠲᠤᠳᠤᠷᠠᠬᠢ ᠬᠦᠴᠢᠷᠳᠡᠯᠳᠡᠢ ᠪᠠᠶᠢᠵᠦ᠂ ᠶᠠᠳᠠᠭᠤ ᠠᠴᠠ | ᠠᠩᠬᠢᠵᠢᠷᠠᠭᠤᠯᠬᠤ ᠳᠤ ᠬᠠᠮᠤᠬ ᠤᠨ ᠬᠦᠴᠢᠷᠳᠡᠢ ᠬᠦᠮᠦᠰ ᠪᠠᠶᠢᠭ᠎ᠠ ᠶᠤᠮ︾ ᠶᠡᠷᠦᠩᠬᠡᠢ ᠱᠦᠵᠢ ᠰᠢ ᠶᠢᠨ ᠫᠢᠩ ᠤᠨ | ᠦᠭᠡ ᠶᠠᠷᠢᠶ᠎ᠠ ᠠᠴᠠ ᠡᠷᠡᠰ ᠪᠠᠳᠤ ᠤᠪᠤᠷ ᠲᠤᠳᠤᠷᠠᠨ᠎ᠠ᠄ ︽ᠪᠢᠳᠡ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠠᠴᠠ ᠪᠤᠯᠤᠬᠰᠠᠨ ᠠᠰᠢᠬ ᠦᠬᠡᠢ ᠨᠦᠯᠦᠬᠡ ᠶᠢ ᠴᠢᠷᠮᠠᠶᠢᠨ ᠲᠠᠪᠠᠵᠦ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠳᠠ ᠶᠢ ᠡᠷᠡᠰ ᠲᠡᠮᠡᠴᠡᠨ | ᠤᠯᠬᠤ ᠬᠡᠷᠡᠭᠳᠡᠢ᠃ ᠡᠨᠡ ᠪᠤᠯ ᠮᠠᠨ ᠤ ᠨᠠᠮ ᠠᠴᠠ ᠠᠷᠠᠳ ᠲᠦᠮᠡᠨ᠂ ᠲᠡᠤᠬᠡ ᠳᠤ ᠲᠠᠯᠪᠢᠬᠰᠠᠨ ᠲᠦᠪ ᠴᠢᠩᠭ᠎ᠠ | ᠠᠮᠠᠯᠠᠯᠳᠠ ᠮᠦᠨ︕︾ | ︽ᠠᠳᠡ ᠪᠠᠰᠠ ᠮᠢᠨᠤ ᠨᠢᠭᠡᠨ ᠬᠠᠶᠢᠷ᠎ᠠ ᠰᠡᠳᠬᠢᠯᠬᠡ ᠰᠢᠩᠭᠡᠭᠡᠵᠤ ᠪᠠᠶᠢᠨ᠎ᠠ︾ ᠭᠡᠵᠤ ᠶᠡᠷᠦᠩᠬᠡᠢ ᠱᠦᠵᠢ | ᠦᠬᠡ ᠪᠠᠨ ᠵᠢᠭᠠᠬᠠᠨ ᠵᠤᠬᠰᠤᠰᠬᠢᠵᠦ᠂ ᠬᠠᠷᠠᠴᠠ ᠨᠢ ᠬᠡᠷᠡᠯᠳᠦᠵᠦ᠄ | ︽ᠪᠢ ᠵᠢᠷᠭᠤᠭ᠎ᠠ ᠲᠤᠯᠤᠭᠠᠨ ᠵᠢᠯ ᠲᠠᠷᠢᠶᠠᠴᠢᠨ ᠪᠤᠯᠤᠬᠰᠠᠨ᠂ ᠲᠡᠷᠡ ᠦᠶ᠎ᠠ ᠳᠤ ᠬᠡᠳᠡᠰᠤ ᠦᠯᠦᠰᠬᠦᠯᠡᠩ | ᠪᠠᠶᠢᠬᠰᠠᠨ ᠪᠢ ᠬᠠᠵᠠᠭᠤ ᠬᠠᠪᠢ ᠶᠢᠨ ᠤᠯᠨᠨ ᠲᠦᠮᠡᠨ ᠠᠴᠠ ᠲᠠᠨᠤᠰ ᠤᠨ ᠦᠵᠡᠬᠦ ᠪᠠᠷ ᠶᠠᠮᠠᠷ ᠠᠮᠢᠳᠤᠷᠠᠯ ᠨᠢ | ᠬᠠᠮᠤᠬ ᠤᠨ ᠰᠠᠶᠢᠬᠠᠨ ᠪᠤᠢ᠂ ᠪᠤᠳᠠᠳᠠᠢ ᠬᠠᠷᠠᠯᠳᠠ ᠴᠢᠨᠢ ᠶᠠᠭᠤ ᠪᠤᠢ︖ ᠬᠡᠵᠦ ᠠᠰᠠᠭᠤᠬᠰᠠᠨ︾ | ︽ᠠᠷᠠᠳ ᠤᠯᠠᠨ ︿ᠭᠤᠷᠪᠠᠨ ᠠᠯᠬᠤᠮ ᠢᠶᠠᠷ ᠶᠠᠪᠤᠬᠤ﹀ ᠬᠠᠷᠠᠯᠳᠠ ᠲᠤᠷᠠᠳᠤᠵᠠᠢ᠄ ︿ᠨᠢᠬᠡᠳᠦᠬᠡᠷ | ᠬᠠᠷᠠᠯᠳᠠ ᠨᠢ ᠪᠤᠳᠠᠭ᠎ᠠ ᠭᠤᠶᠤᠬᠤ ᠦᠬᠡᠢ᠂ ᠬᠡᠳᠡᠰᠤ ᠴᠠᠳᠬᠤᠯᠠᠩ ᠵᠠᠪᠤᠬᠤ ᠶᠢ ᠬᠦᠰᠡᠨ᠎ᠠ᠃ ᠶᠠᠭᠤ ᠢᠳᠡᠭᠰᠡᠨ ᠴᠤ | ᠬᠠᠮᠢᠶ᠎ᠠ ᠦᠬᠡᠢ᠂ ᠬᠠᠭᠠᠰ ᠵᠢᠯ ᠠᠭ᠎ᠠ ᠪᠤᠳᠠᠭ᠎ᠠ ᠬᠠᠭᠠᠰ ᠵᠢᠯ ᠠᠮᠤ ᠪᠤᠳᠠᠭ᠎ᠠ ᠢᠳᠡᠭᠰᠡᠨ ᠴᠤ ᠬᠠᠮᠢᠶ᠎ᠠ ᠦᠬᠡᠢ᠃ | ᠲᠠᠷᠠᠭᠠᠯᠠᠪᠠᠯ᠂ ᠲᠤᠬᠠᠢ ᠶᠢᠨ ᠭᠠᠵᠠᠷ ᠤᠨ ᠨᠤᠳᠤᠬ ᠤᠨ ᠬᠡᠯᠡᠯᠬᠡ ᠪᠠᠷ ᠪᠤᠯ ︿ᠴᠤᠯ ᠪᠤᠳᠠᠭ᠎ᠠ﹀ ᠤᠯᠵᠦ ᠢᠳᠡᠨ᠎ᠠ᠂ | ᠲᠠᠷᠤᠢ ᠰᠢᠰᠢ ᠶᠢᠨ ᠪᠤᠳᠠᠭ᠎ᠠ᠂ ᠡᠷᠳᠡᠨᠢ ᠰᠢᠰᠢ ᠶᠢᠨ ᠭᠤᠯᠢᠷ ᠤᠯᠵᠦ ᠢᠳᠡᠨ᠎ᠠ᠃ ᠭᠤᠷᠪᠠᠳᠤᠭᠠᠷ ᠬᠠᠷᠠᠯᠳᠠ ᠨᠢ᠂ | ᠲᠠᠳᠡᠨᠦᠰ ᠤᠨ ᠦᠵᠡᠬᠦ ᠪᠠᠷ ᠲᠡᠷᠡ ᠬᠤᠯᠠ ᠲᠡᠭᠷᠢ ᠤᠢᠢᠷ᠎ᠠ ᠶᠠᠪᠤᠳᠠᠯ᠂ ︿ᠨᠠᠷᠢᠯᠢᠬ ᠠᠮᠤ ᠢᠳᠡᠶ᠎ᠠ ᠬᠡᠪᠡᠯ ᠨᠠᠷᠢᠯᠢᠭ | ᠠᠮᠤ ᠢᠳᠡᠵᠦ᠂ ᠪᠠᠰᠠ ᠦᠷᠬᠦᠯᠵᠢ ᠮᠢᠬ᠎ᠠ ᠤᠯᠵᠦ ᠢᠳᠡᠬᠦ﹀᠂ ︿ᠳ᠋ᠧᠪᠠᠵᠠᠨ ᠤ ᠪᠠᠷᠢᠮᠵᠢᠶ᠎ᠠ﹀᠂ ︿ᠲᠠᠷᠠᠭ᠎ᠠ | ᠲᠦᠷᠦᠯ ᠤᠨ ᠬᠢᠨᠢ ᠬᠦᠰᠡᠯ﹀ ᠬᠡᠨ᠎ᠠ︾᠃ | ︽ᠪᠢ᠂ ᠲᠠᠨᠤᠰ ᠪᠠᠰᠠ ᠲᠠᠬᠢᠭᠠᠳ ᠴᠢᠷᠮᠠᠶᠢᠪᠠᠯ ᠶᠠᠮᠠᠷ ᠨᠡᠩ ᠶᠡᠭᠡ ᠬᠦᠰᠡᠯ ᠲᠠᠢ ᠪᠤᠯᠬᠤ ᠪᠠᠨ ᠵᠤᠷᠢᠬᠳᠠᠢ ᠪᠠᠷ | ᠪᠤᠳᠤᠵᠦ ᠦᠵᠡ ᠬᠡᠵᠦ ᠬᠡᠯᠡᠭᠰᠡᠨ︾ ᠭᠡᠵᠤ ᠶᠡᠷᠦᠩᠬᠡᠢ ᠱᠦᠵᠢ ᠡᠷᠬᠢᠴᠡᠬᠦᠯᠬᠦ ᠳᠡᠭᠡᠨ ︽ᠲᠠᠳᠡᠨᠦᠰ ᠤᠨ ᠬᠠᠷᠢᠭᠤᠯᠳᠠ | ᠪᠤᠯ — ᠬᠤᠵᠢᠮ ᠠᠭᠤᠯᠠᠨ ᠳᠤ ᠭᠠᠷᠴᠤ ᠬᠦᠳᠡᠯᠮᠦᠷᠢᠯᠡᠬᠦ ᠳᠡᠭᠡᠨ ᠠᠯᠳᠠᠨ ᠲᠠᠮᠵᠢᠭᠤᠷ ᠲᠠᠮᠨᠠᠬᠤ ᠶᠤᠮ | ᠬᠡᠨ᠎ᠠ︕︾ | ᠪᠦᠬᠦ ᠲᠠᠯᠠᠪᠠᠢ ᠳᠤ ᠤᠬᠠᠭᠠᠨ ᠢ ᠨᠢ ᠤᠯᠤᠬᠰᠠᠨ ᠢᠨᠢᠶᠡᠬᠦ ᠲᠠᠭᠤᠨ ᠬᠦᠡᠭᠬᠢᠨᠡᠯᠠ᠃ | ︽ᠮᠢᠨᠤ ᠪᠤᠳᠤᠬᠤ ᠪᠠᠷ᠂ ᠦᠨᠡᠨ ᠳᠡᠭᠡᠨ ᠡᠨᠡ ᠬᠦ ᠬᠠᠷᠠᠯᠳᠠ ᠶᠢ ᠪᠠᠰᠠ ᠶᠠᠬ ᠰᠠᠶᠢᠬᠠᠨ ᠪᠡᠶᠡᠯᠡᠬᠦᠯᠵᠦ ᠪᠠᠶᠢᠨ᠎ᠠ᠃ | ᠡᠨᠡ ᠬᠦ ︿ᠠᠯᠳᠠᠨ ᠲᠠᠮᠵᠢᠭᠤᠷ﹀ ᠢ ᠲᠠᠷᠢᠶᠠᠯᠠᠩ ᠤᠨ ᠤᠳᠤᠬᠢᠴᠢᠯᠠᠯᠳᠠ ᠬᠡᠵᠦ ᠪᠢ ᠤᠢᠢᠯᠠᠭᠠᠵᠦ ᠪᠠᠶᠢᠨ᠎ᠠ︾ | ᠶᠡᠷᠦᠩᠬᠡᠢ ᠱᠦᠵᠢ ᠰᠢ ᠶᠢᠨ ᠫᠢᠩ ᠤᠨ ᠦᠬᠡ ᠶᠠᠷᠢᠶ᠎ᠠ ᠳᠤᠨᠢ ᠴᠢᠩ ᠦᠨᠡᠨᠴᠢ ᠰᠡᠳᠬᠢᠯᠬᠡ ᠪᠢᠯᠬᠠᠨ᠎ᠠ᠂ ︽ᠮᠠᠨ ᠤ | ᠡᠨᠡ ᠨᠢᠬᠡ ᠦᠶ᠎ᠠ ᠶᠢᠨ ᠬᠦᠮᠦᠨ ᠳᠤ ᠮᠠᠨ ᠤ ᠤᠯᠠᠨ ᠲᠦᠮᠡᠨ ᠤᠨᠴᠠᠭᠠᠢᠢᠯᠠᠨ ᠮᠠᠨ ᠤ ᠲᠠᠷᠢᠶᠠᠴᠢᠳ ᠢᠶᠠᠨ ᠨᠢᠬᠡ | ᠲᠡᠮᠨᠡᠬᠡᠳ ᠠᠪᠬᠤ ᠡᠶᠢᠮᠦ ᠨᠢᠬᠡ ᠬᠠᠶᠢᠷ᠎ᠠ ᠰᠡᠳᠬᠢᠯᠬᠡ ᠲᠠᠢ ᠪᠠᠶᠢᠳᠠᠬ᠂ ᠨᠡᠶᠢᠬᠡᠮ ᠵᠢᠷᠤᠮ ᠤᠨ ᠵᠠᠮ ᠳᠤ ᠨᠢᠬᠡ ᠶᠢ ᠴᠤ | ᠤᠷᠬᠢᠬᠳᠠᠭᠤᠯᠵᠤ ᠪᠤᠯᠬᠤ ᠦᠬᠡᠢ᠂ ᠬᠠᠮᠳᠤ ᠪᠠᠷ ᠪᠠᠶᠠᠵᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ᠂ | ᠤᠯᠠᠨ ᠢᠶᠠᠷ ᠢᠶᠠᠨ ᠡᠨᠡ ᠵᠠᠮ ᠢᠶᠠᠷ ᠬᠠᠮᠳᠤ ᠪᠠᠷ ᠵᠠᠮᠨᠠᠨ᠎ᠠ︾ | ᠬᠦᠭᠵᠢᠯᠳᠡ ᠨᠢ ᠬᠡᠨ ᠤ ᠲᠦᠯᠦᠬᠡ ᠪᠤᠢ︖ ᠶᠠᠮᠠᠷ ᠶᠠᠩᠵᠦ ᠶᠢᠨ ᠬᠦᠭᠵᠢᠯᠳᠡ ᠶᠢ ᠪᠡᠶᠡᠯᠡᠬᠦᠯᠬᠦ ᠪᠤᠢ︖ | ᠰᠢᠷ᠎ᠠ ᠬᠦᠷᠦᠰᠤᠨ ᠳᠤ ᠦᠨᠳᠦᠰᠦᠯᠡᠭᠰᠡᠨ ᠤᠷᠳᠤ ᠤᠳᠠᠭᠠᠨ ᠤᠨ ᠰᠠᠷ᠎ᠠ ᠨᠢ ᠠᠯᠢ ᠬᠡᠳᠦ᠋ᠢᠨ ᠰᠢ ᠶᠢᠨ ᠫᠢᠩ ᠤᠨ | ᠰᠡᠳᠬᠢᠯ ᠳᠤ ᠬᠠᠷᠢᠭᠤᠯᠳᠠ ᠶᠢ ᠰᠠᠭᠤᠬᠳᠠᠭᠤᠯᠤᠬᠰᠠᠨ ᠠᠵᠢ᠃ | ᠡᠨᠡ ᠵᠢᠯ ᠤᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ᠂ ᠲᠤᠮᠳᠠᠳᠤ ᠤᠯᠤᠰ ᠲᠡᠯᠡᠬᠡᠢ ᠶᠢᠨ | ᠬᠤᠶᠠᠳᠤᠭᠠᠷ ᠶᠡᠭᠡ ᠠᠵᠦ ᠠᠬᠤᠢ ᠶᠢᠨ ᠴᠤᠬᠴᠠ ᠪᠤᠯᠤᠬᠰᠠᠨ ᠤ ᠬᠤᠪᠢ ᠳᠤ ᠪᠦᠬᠦ ᠵᠢᠯ ᠤᠨ ᠠᠵᠦ ᠠᠬᠤᠢ ᠶᠢᠨ | ᠨᠡᠮᠡᠭᠳᠡᠯ ᠤᠨ ᠬᠤᠷᠳᠤᠴᠠ ᠶᠢᠨ ᠪᠤᠳᠠᠳᠠᠢ ᠬᠠᠷᠠᠯᠳᠠ ᠶᠢ ᠲᠤᠷᠠᠳᠤᠬᠰᠠᠨ ᠦᠬᠡᠢ᠃ | ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ᠂ ᠶᠡᠷᠦᠩᠬᠡᠢ ᠱᠦᠵᠢ ᠰᠢ ᠶᠢᠨ ᠫᠢᠩ ᠡᠨᠡ ᠬᠦ | ᠴᠢᠬᠤᠯᠠ ᠶᠡᠭᠡ ᠰᠤᠩᠭᠤᠯᠳᠠ ᠶᠢᠨ ᠴᠠᠭᠠᠨᠠᠬᠢ ᠪᠤᠳᠤᠯᠬᠢᠯᠡᠯ ᠢ ᠲᠠᠶᠢᠯᠪᠤᠷᠢᠯᠠᠪᠠ᠄ | ︽ᠬᠡᠷᠪᠡ ᠪᠢᠳᠡ ᠬᠠᠷᠠᠯᠳᠠ ᠶᠢ ᠠᠯᠪᠠᠳᠠᠯᠭ᠎ᠠ ᠪᠠᠷ ᠲᠤᠬᠳᠠᠭᠠᠬᠤ ᠳᠤ ᠬᠦᠷᠪᠡᠯ᠂ ᠠᠩᠬᠠᠷᠤᠯ ᠤᠨ ᠴᠡᠭ ᠨᠢ | ᠲᠠᠷᠤᠢ ᠴᠢᠩᠭ᠎ᠠ ᠰᠡᠳᠡᠯᠳᠡ ᠦᠭᠭᠦ᠂ ᠨᠡᠮᠡᠭᠳᠡᠯ ᠤᠨ ᠨᠤᠷᠮ᠎ᠠ ᠶᠢ ᠠᠳᠬᠤᠬᠤ ᠪᠤᠯᠵᠦ ᠬᠤᠪᠢᠷᠠᠨ᠎ᠠ᠂ ᠢᠩᠬᠢᠬᠦ ᠨᠢ | ᠪᠢᠳᠡᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠵᠤᠷᠢᠯᠳᠠ ᠲᠠᠢ ᠨᠡᠶᠢᠴᠡᠬᠦ ᠦᠬᠡᠢ᠂ ᠪᠢᠳᠡ | ᠲᠦᠬᠦᠮᠬᠡᠨ ᠢᠶᠠᠷ GDP ᠶᠢᠨ ᠨᠡᠮᠡᠭᠳᠡᠯ ᠢᠶᠠᠷ ᠠᠯᠢᠪᠠ ᠶᠢ ᠬᠡᠮᠵᠢᠬᠦ ᠬᠡᠮᠵᠢᠬᠦᠷ ᠪᠤᠯᠭᠠᠵᠤ ᠪᠤᠯᠬᠤ ᠦᠬᠡᠢ ᠬᠡᠵᠦ | ᠶᠡᠷᠦ ᠨᠢ ᠶᠠᠷᠢᠬᠰᠠᠭᠠᠷ ᠢᠷᠡᠵᠡᠢ᠃ ᠪᠢᠳᠡᠨ ᠤ ᠬᠦᠬᠡᠬᠡᠴᠡᠯᠳᠦᠳᠡᠭ ᠨᠢ ᠴᠢᠨᠠᠷ ᠰᠠᠶᠢᠳᠠᠢ ᠬᠦᠭᠵᠢᠯᠳᠡ ᠶᠤᠮ᠂ ᠰᠢᠨ᠎ᠠ | ᠬᠦᠭᠵᠢᠯᠳᠡ ᠶᠢᠨ ᠤᠢᠢᠯᠠᠭᠠᠬᠳᠠᠬᠤᠨ ᠢ ᠲᠤᠭᠤᠰᠢᠯᠠᠭᠤᠯᠬᠤ ᠬᠦᠭᠵᠢᠯᠳᠡ ᠶᠢ ᠬᠦᠬᠡᠬᠡᠴᠡᠯᠳᠦᠳᠡᠭ ᠨᠢ ᠦᠷᠬᠡᠨ ᠤᠯᠠᠨ | ᠠᠷᠠᠳ ᠲᠦᠮᠡᠨ ᠤ ᠵᠤᠯ ᠵᠢᠷᠭᠠᠯᠳᠤ ᠰᠠᠶᠢᠨ ᠰᠠᠶᠢᠬᠠᠨ ᠠᠮᠢᠳᠤᠷᠠᠯ ᠤᠨ ᠲᠦᠯᠦᠬᠡ ᠶᠤᠮ︾᠃ | ᠶᠠᠬ ᠡᠶᠢᠮᠦᠷᠬᠦ ᠠᠷᠠᠳ ᠲᠦᠮᠡᠨ ᠤ ᠲᠦᠯᠦᠬᠡ᠂ ᠠᠷᠠᠳ ᠲᠦᠮᠡᠨ ᠳᠤ ᠪᠤᠶᠠᠨ ᠦᠢᠯᠡᠳᠬᠦ ᠵᠤᠷᠢᠯᠳᠠ ᠪᠠ | ᠲᠤᠰᠤᠯᠳᠠ ᠳᠤ ᠰᠠᠭᠤᠷᠢᠯᠠᠵᠦ᠂ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ | ᠤᠯᠠᠨᠳᠠ ᠵᠠᠰᠠᠬ ᠤᠨ ᠶᠠᠪᠤᠳᠠᠯ ᠳᠤ ᠠᠷᠠᠳ ᠤᠨ ᠰᠠᠨᠠᠯ ᠰᠠᠨᠠᠭᠤᠯᠭ᠎ᠠ ᠶᠢ ᠰᠤᠨᠤᠰᠴᠤ᠂ ᠠᠷᠠᠳ ᠤᠯᠠᠨ ᠤ ᠭᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠶᠤᠮ᠃ | — ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠬᠢᠴᠠ ᠪᠤᠯᠤᠨ ᠦᠷ᠎ᠡ ᠪᠦᠳᠦᠬᠡᠯ ᠢ | ᠪᠠᠬᠢᠵᠢᠬᠦᠯᠬᠦ ᠶᠢ ᠢᠮᠠᠬᠳᠠ ᠰᠠᠨᠠᠭᠠᠰᠢᠷᠠᠵᠤ ᠬᠠᠯᠠᠮᠵᠢᠯᠠᠭᠰᠠᠭᠠᠷ ᠢᠷᠡᠪᠡ᠃ | ᠤᠯᠤᠰ ᠲᠦᠷᠦ ᠶᠢᠨ ᠵᠦᠪᠯᠡᠯᠬᠡᠨ ᠤ ᠬᠠᠮᠳᠤᠷᠠᠭᠰᠠᠠ ᠲᠤᠭᠤᠢᠢᠯᠠᠩ ᠤᠨ ᠬᠤᠷᠡᠯ ᠲᠡᠬᠡᠷ᠎ᠡ᠂ ᠯᠢᠦ ᠴᠢ | ᠬᠡᠰᠢᠬᠦᠨ 16 ᠵᠢᠯ ᠤᠨ ᠡᠮᠤᠨ᠎ᠡ ᠰᠢ ᠶᠢᠨ ᠫᠢᠩ ᠵᠧᠵᠢᠶᠠᠩ ᠤᠨ ᠨᠠᠮ ᠵᠠᠰᠠᠭ ᠤᠨ ᠲᠦᠯᠥᠬᠡᠯᠡᠭᠴᠢᠳ ᠤᠨ ᠪᠦᠯᠬᠦᠮ ᠢ | ᠲᠠᠭᠠᠭᠤᠯᠤᠨ ᠴᠦᠩᠴᠢᠩ ᠤᠨ ᠦᠯᠦ᠋ᠩ ᠰᠢᠶᠠᠨ ᠳᠤ ᠪᠠᠶᠢᠴᠠᠭᠠᠨ ᠰᠤᠳᠤᠯᠤᠯᠳᠡ ᠬᠢᠭᠰᠡᠡ ᠪᠠᠶᠢᠳᠠᠯ ᠢ ᠶᠠᠷᠢᠪᠠ᠄ | ︽ᠲᠤᠬᠠᠢ ᠶᠢᠨ ᠦᠶ᠎ᠡ ᠳᠤ ᠪᠢ ᠦᠯᠦ᠋ᠩ ᠰᠢᠶᠠᠨ ᠤ ᠰᠢᠶᠠᠨ ᠤ ᠲᠠᠷᠤᠭ᠎ᠠ ᠪᠠᠶᠢᠪᠠ᠂ ᠲᠠᠨ ᠳᠤ ᠪᠢᠳᠡᠨ ᠤ | ᠵᠢᠭᠤᠯᠴᠢᠯᠠᠯ ᠢ ᠬᠦᠭᠵᠢᠬᠦᠯᠬᠦ ᠪᠠᠷ ᠶᠠᠳᠠᠭᠤ ᠶᠢ ᠲᠡᠳᠬᠦᠬᠦ ᠪᠤᠳᠤᠯ ᠢᠶᠠᠨ ᠬᠡᠯᠡᠭᠰᠡᠡ ᠪᠢᠯᠡ᠃ ᠪᠢᠳᠡ ᠨᠢᠭᠡ | ᠬᠤᠭᠤᠴᠠᠭ᠎ᠠ ᠨᠢ ᠨᠢᠭᠡ ᠬᠤᠭᠤᠴᠠᠭ᠎ᠠ ᠪᠠᠨ ᠵᠠᠯᠭᠠᠨ ᠠᠵᠢᠯᠯᠠᠵᠥ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠶᠢ | ᠬᠡᠷᠡᠭᠵᠢᠬᠦᠯᠬᠦ ᠪᠠᠷ ᠲᠠᠮᠵᠢᠨ᠂ ᠬᠠᠮᠢᠶ᠎ᠠ ᠪᠦᠬᠦᠢ ᠠᠵᠥ ᠦᠢᠯᠡᠰ ᠢ ᠶᠡᠭᠡ ᠪᠠᠷ ᠬᠦᠭᠵᠢᠬᠦᠯᠵᠥ᠂ ᠦᠯᠦ᠋ᠩ ᠰᠢᠶᠠᠨ | ᠨᠢᠬᠡᠨᠳᠡ ᠶᠠᠳᠠᠭᠤ ᠬᠦᠴᠢᠷᠳᠡᠯᠳᠡᠢ ᠰᠢᠶᠠᠨ ᠤ ᠮᠠᠯᠠᠭᠠᠢ ᠪᠠᠨ ᠲᠠᠶᠠᠬᠳᠠᠵᠥ᠂ ᠶᠠᠳᠠᠭᠤ ᠠᠴᠠ ᠠᠩᠭᠢᠵᠢᠷᠠᠭᠰᠠᠠ ᠬᠦᠮᠥᠨ | ᠠᠮᠠ ᠶᠢᠨ ᠬᠦᠮᠥᠨ ᠲᠤᠮᠳᠠᠴᠢ ᠶᠢᠨ ᠡᠵᠡᠮᠳᠡᠵᠥ ᠪᠤᠯᠬᠤ ᠤᠷᠤᠯᠭ᠎ᠠ 10027 ᠲᠦᠬᠦᠷᠢᠭ ᠲᠤ ᠬᠦᠷᠦᠭᠰᠡᠡ ᠪᠠᠶᠢᠨ᠎ᠠ︾ | ᠭᠡᠪᠡ᠃ | ᠶᠡᠷᠤᠩᠬᠡᠢ ᠱᠦᠵᠢ ᠰᠢ ᠶᠢᠨ ᠫᠢᠩ ᠲᠦᠢᠯ ᠢᠶᠠᠷ ᠪᠠᠶᠠᠷᠯᠡᠵᠥ᠄ ︽ᠤᠳᠤ ᠲᠡᠨᠳᠡᠬᠢ ᠶᠢᠨ ᠵᠠᠮ ᠬᠠᠷᠢᠯᠴᠠᠭᠠᠨ ᠤ | ᠪᠠᠶᠢᠳᠠᠯ ᠶᠠᠠᠮᠷ ᠰᠢᠭ᠋ ᠪᠤᠯᠤᠭᠰᠠᠠ ᠪᠤᠢ︖︾ ᠬᠡᠵᠥ ᠯᠠᠪᠰᠢᠷᠠᠭᠤᠯᠤᠨ ᠠᠰᠠᠭᠤᠪᠠ᠃ | ︽ᠤᠳᠤ ᠲᠦᠷᠬᠡᠨ ᠤ ᠵᠠᠰᠠᠮᠠᠯ ᠵᠠᠮ ᠨᠡᠪᠳᠡᠷᠡᠵᠥ᠂ ᠲᠦᠷᠬᠡᠨ ᠤ ᠲᠡᠮᠤᠷ ᠵᠠᠮ ᠢ ᠴᠦ ᠪᠠᠶᠢᠭᠤᠯᠵᠥ | ᠪᠠᠶᠢᠨ᠎ᠠ︾᠃ | ︽ᠴᠦᠩᠴᠢᠩ ᠤᠨ ᠵᠢᠭᠤᠯᠴᠢᠯᠠᠯ ᠤᠨ ᠡᠬᠢ ᠪᠠᠶᠠᠯᠢᠭ ᠮᠠᠰᠢ ᠡᠯᠪᠡᠭ ᠶᠤᠮ᠃ ᠦᠩᠭᠡᠷᠡᠭᠰᠡᠡ ᠤ ᠮᠠᠰᠢ ᠤᠯᠠᠨ | ︿ᠶᠠᠳᠠᠭᠤ ᠰᠢᠶᠠᠩ﹀ ᠤᠳᠤ ᠨᠢᠬᠡᠨᠳᠡ ︿ᠬᠦᠮᠥᠨ ᠤ ᠤᠷᠴᠢᠯᠠᠩ ᠤᠨ ᠠᠷᠰᠢ ᠶᠢᠨ ᠤᠷᠤᠨ﹀ ᠪᠤᠯᠪᠡ᠂ ᠡᠬᠦᠨ ᠳᠤ | ᠵᠠᠮ ᠬᠠᠷᠢᠯᠴᠠᠭ᠎ᠠ ᠵᠡᠷᠬᠡ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠲᠤᠩ ᠴᠢᠬᠤᠯᠠ ᠶᠤᠮ︾᠃ | ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠳᠤ᠂ ᠤᠯᠠᠭᠠᠨᠴᠠᠪ ᠬᠤᠳᠠ ᠶᠢᠨ ᠲᠠᠷᠤᠭ᠎ᠠ ᠹᠸᠢ | ᠳ᠋ᠦᠩ ᠪᠢᠨ ᠲᠦᠯᠦᠭᠡᠯᠡᠭᠴᠢ᠂ ᠶᠠᠳᠠᠭᠤ ᠠᠴᠠ ᠠᠩᠬᠢᠵᠢᠷᠠᠭᠰᠠᠠ ᠤ ᠲᠠᠷᠠᠭ᠎ᠠ᠂ ᠡᠪᠡᠳᠴᠢᠨ ᠠᠴᠠ ᠪᠤᠯᠵᠤ | ᠶᠠᠳᠠᠭᠤᠷᠠᠬᠤ ᠲᠠᠬᠢᠨ ᠶᠠᠳᠠᠭᠤᠷᠠᠬᠤ ᠬᠠᠷᠢᠴᠠᠯ ᠮᠥᠨ ᠨᠡᠯᠢᠶᠡᠳ ᠦᠨᠳᠤᠷ ᠪᠠᠶᠢᠨ᠎ᠠ ᠬᠡᠵᠥ ᠬᠡᠯᠡᠪᠡ᠃ ᠶᠡᠷᠤᠩᠬᠡᠢ | ᠱᠦᠵᠢ ᠰᠢ ᠶᠢᠨ ᠫᠢᠩ ᠡᠬᠦᠰᠬᠦ ᠨᠤᠷᠮ᠎ᠡ ᠪᠠᠷ ᠦᠨᠳᠤᠷ ᠪᠠᠶᠢᠭ᠎ᠠ ᠪᠤᠲᠠᠲᠠᠢ ᠡᠪᠡᠳᠴᠢᠨ ᠡᠮᠬᠡᠭ ᠨᠢ ᠴᠤᠬᠤᠮ ᠶᠠᠭᠤ | ᠪᠤᠯᠬᠤ ᠶᠢ ᠯᠠᠪᠯᠠᠨ ᠠᠰᠠᠭᠤᠭᠰᠠᠠ ᠪᠦᠬᠡᠳ ᠠᠵᠢᠯ ᠢᠶᠠᠨ ᠦᠷᠬᠦᠯᠵᠢᠯᠡᠨ ᠨᠠᠷᠢᠯᠢᠭ ᠬᠢᠵᠥ ᠪᠤᠳᠠᠳᠠᠢ ᠬᠢᠬᠦ ᠬᠡᠷᠡᠭᠳᠡᠢ | ᠬᠡᠵᠥ ᠵᠠᠬᠢᠪᠠ᠃ | — ᠭᠤᠤᠯᠳᠠᠯᠭ᠎ᠠ ᠲᠠᠢ ᠵᠦᠢᠯ ᠳᠤ ᠠᠩᠬᠠᠷᠤᠯ ᠢᠶᠠᠨ ᠲᠦᠪᠯᠡᠷᠡᠬᠦᠯᠵᠥ᠂ ᠰᠢᠨ᠎ᠡ ᠶᠢ ᠡᠬᠦᠳᠬᠦ | ᠰᠡᠳᠬᠢᠴᠡ ᠪᠠᠷ ᠠᠵᠢᠯ ᠤᠯᠭᠤᠯᠳᠠ ᠬᠡᠬᠦ ᠡᠨᠡ ᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠢ ᠠᠰᠠᠭᠤᠳᠠᠯ ᠢ | ᠰᠠᠶᠢᠳᠤᠷ ᠰᠢᠳᠪᠤᠷᠢᠯᠡᠬᠦ ᠬᠡᠷᠡᠭᠲᠡᠢ᠃ | ︽ᠬᠢᠵᠢᠭ ᠤᠨ ᠪᠠᠶᠢᠲᠠᠯ ᠤᠨ ᠡᠬᠢᠨ ᠤ ᠬᠤᠭᠤᠴᠠᠭᠠᠨ ᠳᠤ᠂ ᠮᠠᠰᠢ ᠤᠯᠠᠨ ᠬᠦᠯᠥᠰᠦᠨ ᠲᠠᠷᠢᠶᠠᠴᠢᠨ | ᠬᠡᠷ ᠲᠡᠭᠡᠨ ᠬᠢᠬᠦ ᠠᠵᠤ ᠦᠭᠡᠢ ᠵᠦᠭᠡᠷ ᠰᠠᠭᠤᠭᠠᠳ ᠲᠡᠰᠬᠦ ᠠᠯᠲᠠᠷᠠᠵᠤ ᠪᠠᠶᠢᠪᠠ᠃ ᠬᠢᠵᠢᠭ ᠤᠨ ᠪᠠᠶᠢᠳᠠᠯ ᠪᠠᠭ᠎ᠠ | ᠨᠠᠮᠳᠠᠭᠰᠠᠠ ᠤ ᠲᠠᠷᠠᠭ᠎ᠠ᠂ ᠮᠠᠨ ᠤ ᠨᠠᠮ ᠤᠨ ᠡᠬᠦᠷ ᠤᠨ ᠬᠢᠨ ᠪᠠᠷᠢᠨ ᠬᠦᠮᠥᠨ ᠬᠡᠷᠡᠭᠯᠡᠬᠦ ᠨᠢᠬᠡᠴᠢ ᠲᠠᠢ ᠬᠠᠷᠢᠯᠴᠠᠵᠤ | ᠵᠤᠬᠢᠴᠠᠭᠤᠯᠤᠨ ᠵᠤᠯᠭᠠᠭᠤᠯᠵᠥ᠂ ᠤᠯᠠᠨ ᠢ ᠬᠠᠪᠰᠤᠷᠤᠨ ᠠᠮᠤᠷ ᠲᠦᠪᠰᠢᠨ ᠢᠶᠠᠷ ᠲᠤᠩ ᠲᠦᠷᠭᠡᠨ ᠢᠶᠠᠷ ᠠᠵᠢᠯ ᠢ ᠨᠢ | ᠰᠡᠷᠬᠦᠬᠡᠭᠰᠡᠡ ᠪᠠᠶᠢᠨ᠎ᠠ︾᠃ | ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠳᠤ᠂ ᠤᠯᠠᠭᠠᠨᠬᠠᠳᠠ ᠬᠤᠳᠠ ᠶᠢᠨ ᠠᠤᠬᠠᠨ | ᠬᠤᠰᠢᠭᠤᠨ ᠤ ᠪᠡᠭᠡᠵᠢᠩ ᠳᠤ ᠰᠠᠭᠤᠭ᠎ᠠ ᠨᠡᠬᠦᠳᠡᠯ ᠨᠠᠮ ᠤᠨ ᠡᠬᠦᠷ ᠤᠨ ᠱᠦᠵᠢ ᠰᠢᠤᠸᠠᠢ ᡁᠢ ᠬᠦᠸᠧ | ᠲᠦᠯᠥᠬᠡᠯᠡᠭᠴᠢ᠂ ᠶᠡᠷᠤᠩᠬᠡᠢ ᠱᠦᠵᠢ ᠳᠤ ᠨᠠᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠪᠠᠷ | ᠲᠠᠮᠵᠢᠨ ᠬᠦᠯᠥᠰᠦᠨ ᠲᠠᠷᠢᠶᠠᠴᠢᠨ ᠢ ᠬᠠᠪᠰᠤᠷᠴᠤ ᠤᠨᠳᠤᠤ ᠭᠠᠵᠠᠷ ᠰᠢᠯᠵᠢᠬᠦᠯᠦᠨ ᠠᠵᠢᠯ ᠤᠯᠭᠤᠬᠰᠠᠠ | ᠪᠠᠶᠢᠳᠠᠯ ᠢᠶᠠᠨ ᠬᠠᠷᠢᠭᠤ ᠮᠡᠳᠡᠬᠦᠯᠪᠡ᠃ | ︽ᠤᠳᠤ ᠪᠦᠬᠦᠳᠡᠬᠡᠷ ᠢᠶᠠᠨ ᠬᠠᠷᠢᠭᠠᠳ ᠢᠷᠡᠭᠰᠡᠡ ᠤᠤ︖︾ ᠬᠡᠵᠥ ᠶᠡᠷᠤᠩᠬᠡᠢ ᠱᠦᠵᠢ ᠠᠰᠠᠭᠤᠪᠠ᠃ | ︽ᠶᠢᠰᠦᠨ ᠬᠤᠪᠢ ᠨᠢ ᠪᠦᠷ ᠪᠡᠭᠡᠵᠢᠩ ᠳᠤ ᠪᠤᠴᠠᠵᠥ ᠢᠷᠡᠬᠡᠳ ᠠᠵᠢᠯ ᠢᠶᠠᠨ ᠰᠡᠷᠬᠦᠬᠡᠵᠡᠢ︾᠃ | ︽ᠬᠡᠷᠪᠡ ᠬᠡᠷ ᠤᠨ ᠢᠶᠠᠨ ᠪᠠᠶᠢᠭ᠎ᠠ ᠭᠠᠵᠠᠷ ᠲᠤ ᠠᠵᠢᠯ ᠤᠯᠪᠠᠯ᠂ ᠶᠠᠮᠠᠷ ᠠᠵᠢᠯ ᠬᠢᠬᠦ ᠪᠤᠢ︖︾ | ︽ᠮᠠᠨ ᠤ ᠠᠤᠬᠠᠨ ᠤ ᠨᠠᠷᠢᠮᠤ᠂ ᠰᠠᠭᠠᠭ ᠤᠨ ᠭᠤᠯᠢᠷ ᠶᠡᠭᠡ ᠰᠠᠶᠢᠨ᠂ ᠨᠤᠳᠤᠭ ᠤᠨ ᠠᠬ᠎ᠠ ᠲᠡᠬᠦᠤ ᠨᠡᠷ | ᠲᠠᠷᠢᠵᠥ ᠲᠡᠵᠢᠬᠡᠬᠦ ᠬᠤᠷᠰᠢᠶ᠎ᠠ ᠳᠤ ᠤᠷᠤᠵᠥ ᠪᠤᠯᠤᠨ᠎ᠠ︾᠃ | ᠰᠢᠤᠸᠠᠢ ᡁᠢ ᠬᠦᠸᠧ ᠶᠢᠨ ᠬᠠᠷᠢᠭᠤᠯᠬᠤ ᠶᠢ ᠰᠤᠨᠤᠰᠤᠭᠠᠳ ᠶᠡᠷᠤᠩᠬᠡᠢ ᠱᠦᠵᠢ ᠲᠤᠯᠤᠭᠠᠢ ᠲᠤᠬᠢᠵᠥ | ᠪᠠᠶᠢᠯ᠎ᠠ᠃ | ᠶᠡᠷᠦᠩᠬᠡᠶ ᠱᠦᠵᠢ᠄ ︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠡᠨᠡ ᠵᠢᠯ ᠤᠨ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠡᠭᠦᠷᠭᠡ ᠮᠠᠰᠢ ᠬᠦᠨᠳᠦ ᠪᠠᠶᠢᠭ᠎ᠠ ᠶᠤᠮ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠬᠥᠯᠥᠰᠥᠨ ᠳᠠᠷᠢᠶᠠᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ | ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠶ︾ ᠬᠡᠵᠥ ᠤᠯᠠᠮ ᠴᠢᠨᠠᠬᠰᠢᠳᠠ ᠴᠢᠬᠤᠯᠠᠴᠢᠯᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠤᠬᠰᠠᠨ ᠪᠠᠶᠢᠳᠠᠯ ᠳᠣᠣᠷ᠎ᠠ᠂ ᠠᠵᠢᠯ | ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠳᠤ ᠪᠠᠰᠠ ᠪᠠᠶᠢᠳᠠᠯ ᠳᠤᠨᠢ ᠲᠤᠬᠢᠷᠠᠭᠤᠯᠤᠨ ᠴᠢᠳᠠᠮᠠᠭᠠᠢ ᠪᠠᠷ | ᠵᠢᠯᠣᠭᠤᠳᠴᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠬᠤ ᠬᠡᠷᠡᠭᠲᠡᠢ᠃ | ︽ᠡᠨᠡ ᠵᠢᠯ ᠤᠨ 1 ᠰᠠᠷ᠎ᠠ ᠶᠢᠨ 20 ᠠᠴᠠ 3 ᠰᠠᠷ᠎ᠠ ᠶᠢᠨ 30 ᠤ ᠡᠳᠦᠷ ᠪᠣᠯᠲᠠᠯ᠎ᠠ᠂ ᠮᠸᠢ ᠲᠤᠸᠠᠨ ᠤ | ᠰᠢᠨ᠎ᠡ ᠳᠠᠩᠰᠠᠯᠠᠭᠤᠯᠤᠭᠰᠠᠨ ᠬᠤᠭᠤᠯᠠ ᠬᠦᠷᠬᠡᠭᠴᠢ 45.78 ᠲᠦᠮᠡᠨ ᠬᠥᠮᠦᠨ ᠳᠤ ᠬᠦᠷᠴᠦ᠂ ᠲᠤᠰ | ᠲᠠᠪᠴᠠᠩ ᠤᠨ ᠬᠤᠭᠤᠯᠠ ᠬᠦᠷᠬᠡᠭᠴᠢ ᠶᠢᠨ ᠳᠤᠳᠤᠷᠠᠬᠢ 25.7 ᠲᠦᠮᠡᠨ ᠬᠦᠮᠦᠨ ᠨᠢ ᠲᠠᠩᠰᠠᠯᠠᠵᠥ ᠺᠠᠷᠲᠯᠠᠭᠰᠠᠨ | ᠶᠠᠳᠠᠭᠤ ᠬᠦᠴᠢᠷᠳᠡᠯᠲᠡᠶ ᠬᠥᠮᠦᠨ ᠠᠮᠠ ᠪᠣᠯᠤᠨ᠎ᠠ︔ ᠳ᠋ᠢ ᠳ᠋ᠢ ᠰᠦᠯᠵᠢᠶ᠎ᠡ ᠪᠠᠷ ᠪᠤᠯᠵᠤᠬᠤ ᠲᠡᠷᠭᠡ ᠪᠠᠷᠢᠵᠤ ᠪᠠᠶᠢᠭ᠎ᠠ | ᠵᠢᠯᠣᠭᠤᠴᠢ ᠶᠢᠨ ᠬᠠᠭᠠᠰ ᠢᠯᠡᠭᠦᠤ ᠨᠢ ᠬᠤᠲᠠ ᠣᠷᠣᠵᠤ ᠠᠵᠢᠯ ᠬᠢᠵᠦ ᠪᠠᠶᠢᠭ᠎ᠠ ᠬᠥᠮᠦᠰ ᠪᠤᠯᠤᠨ᠎ᠠ︾᠃ | ᠤᠯᠤᠰ ᠲᠥᠷᠥ ᠶᠢᠨ ᠵᠥᠪᠯᠡᠯᠭᠡᠨ ᠤ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷ᠎ᠡ᠂ ᠸᠠᠩ ᠢ ᠮᠢᠩ | ᠭᠡᠰᠢᠭᠦᠨ ᠡᠶᠢᠮᠦ ᠨᠢᠭᠡ ᠪᠦᠯᠦᠭ ᠲᠤᠭ᠎ᠠ ᠪᠠᠷᠢᠮᠲᠠ ᠪᠠᠷ ︽ᠰᠢᠨ᠎ᠡ ᠠᠵᠢᠯ ᠣᠯᠭᠤᠯᠲᠠ ᠶᠢᠨ ᠬᠡᠯᠪᠡᠷᠢ︾ ᠶᠢᠨ ᠠᠵᠢᠯ | ᠣᠯᠭᠤᠯᠲᠠ ᠶᠢ ᠪᠠᠲᠤᠯᠠᠬᠤ ︽ᠤᠰᠤ ᠬᠠᠳᠠᠭᠠᠯᠠᠬᠤ ᠴᠥᠭᠦᠷᠥᠮ︾ ᠪᠠ ᠠᠷᠠᠳ ᠤᠨ ᠠᠮᠢᠳᠤᠷᠠᠯ ᠤᠨ ︽ | ᠲᠣᠭᠲᠠᠪᠤᠷᠢᠵᠢᠭᠤᠯᠬᠤ ᠪᠠᠭᠠᠵᠢ︾ ᠶᠢᠨ ᠦᠢᠯᠡᠳᠦᠯ ᠢ ᠭᠡᠷᠡᠴᠢᠯᠡᠵᠦ᠂ ᠬᠤᠯᠪᠣᠭᠳᠠᠯ ᠪᠦᠬᠦᠢ ᠰᠠᠨᠠᠭᠤᠯᠭ᠎ᠠ | ᠳᠤᠷᠠᠳᠤᠪᠠ᠃ | ᠶᠡᠷᠦᠩᠬᠡᠶ ᠱᠦᠵᠢ ᠰᠢ ᠶᠢᠨ ᠫᠢᠩ ᠲᠡᠷᠡ ᠳᠠᠷᠤᠶ ᠳᠤᠨᠢ᠄ ︽ᠬᠢᠵᠢᠭ ᠤᠨ ᠪᠠᠶᠢᠳᠠᠯ ᠭᠡᠨᠡᠳᠲᠡ ᠡᠭᠦᠰᠪᠡ᠂ | ︿ᠰᠢᠨ᠎ᠡ ᠠᠵᠢᠯ ᠣᠯᠭᠤᠯᠲᠠ ᠶᠢᠨ ᠬᠡᠯᠪᠡᠷᠢ﹀ ᠴᠦ ᠭᠡᠨᠡᠳᠲᠡ ᠪᠠᠷ ᠭᠠᠷᠴᠤ ᠢᠷᠡᠵᠡᠢ᠃ ᠡᠭᠦᠨ ᠳᠤ ᠬᠠᠨᠳᠤᠭᠤᠯᠤᠨ | ᠪᠢᠳᠡ ᠪᠠᠶᠢᠳᠠᠯ ᠢ ᠲᠠᠭᠠᠨ ᠠᠵᠢᠯᠯᠠᠵᠤ᠂ ᠲᠡᠭᠦᠨ ᠤ ᠠᠶ᠎ᠠ ᠶᠢ ᠨᠢ ᠲᠠᠭᠠᠭᠤᠯᠤᠨ ᠬᠦᠭᠵᠢᠬᠦᠯᠵᠤ ᠂ ᠤᠨᠴᠠᠯᠠᠭᠲᠠᠨ | ᠴᠣᠯᠭᠤᠷᠠᠨ ᠭᠠᠷᠬᠤ ᠳᠤᠨᠢ ᠵᠠᠮ ᠲᠠᠯᠪᠢᠵᠤ ᠦᠭᠭᠦ ᠬᠡᠷᠡᠭᠲᠡᠶ᠃ ᠬᠡᠯᠡᠯᠭᠡᠨ ᠦᠭᠡᠢ ︿ᠰᠢᠨ᠎ᠠ ᠠᠵᠢᠯ ᠣᠯᠭᠤᠯᠲᠠ ᠶᠢᠨ | ᠬᠡᠯᠪᠡᠷᠢ﹀ ᠲᠠᠢ ᠢᠵᠢ ᠪᠦᠷᠢᠳᠦᠭᠰᠡᠨ ᠬᠠᠤᠯᠢ ᠴᠠᠭᠠᠵᠠ ᠳᠦᠷᠢᠮ ᠲᠣᠭᠲᠠᠭᠠᠯ ᠢ ᠲᠤᠭᠲᠠᠭᠠᠵᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠠᠪᠬᠤ ᠨᠢ ᠴᠦ ᠣᠷᠦ᠋ᠢᠲᠠᠵᠤ ᠪᠣᠯᠬᠤ ᠦᠭᠡᠢ︾ ᠬᠡᠵᠥ ᠬᠡᠯᠡᠪᠡ᠃ | — ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ | ᠠᠯᠤᠰ ᠬᠡᠳᠤ ᠶᠢᠨ ᠲᠣᠭᠲᠠᠴᠠ ᠶᠢ ᠪᠠᠶᠢᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ᠃ | ᠬᠤᠪᠸᠢ ᠶᠢᠨ ᠲᠥᠯᠥᠭᠡᠯᠡᠭᠴᠢᠳ ᠤᠨ ᠪᠦᠯᠬᠦᠮ ᠳᠤ᠂ ᠶᠡᠷᠦᠩᠬᠡᠢ ᠱᠦᠵᠢ ᠰᠢ ᠶᠢᠨ ᠫᠢᠩ ᠬᠥᠳᠡᠭᠡ | ᠲᠣᠰᠬᠤᠨ ᠤ ᠠᠵᠤ ᠦᠢᠯᠡᠰ ᠤᠨ ︽ᠴᠢᠰᠤ ᠪᠦᠲᠦᠭᠡᠬᠦ︾ ᠦᠢᠯᠡᠳᠦᠯ ᠢ ᠬᠠᠯᠠᠮᠵᠢᠯᠠᠵᠤ ᠪᠠᠶᠢᠯ᠎ᠠ᠃ | ᠧᠨ ᠱᠢ ᠵᠧᠦ ᠶᠢᠨ ᠴᠥᠭᠡᠨ ᠲᠣᠭᠠᠲᠤ ᠦᠨᠳᠦᠰᠦᠲᠡᠨ ᠤ ᠲᠠᠷᠢᠶᠠᠴᠢᠨ ᠤ ᠲᠥᠯᠥᠭᠡᠯᠡᠭᠴᠢ ᠰᠦᠩ ᠴᠢᠩ ᠯᠢ | ᠲᠤᠬᠠᠢ ᠶᠢᠨ ᠭᠠᠵᠠᠷ ᠤᠨ ᠰᠧᠯᠧᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠶᠠᠷᠢᠭᠰᠠᠠ ᠪᠠᠶᠢᠨ᠎ᠠ᠃ | ᠶᠡᠷᠦᠩᠬᠡᠶ ᠱᠦᠵᠢ ᠰᠢ ᠶᠢᠨ ᠫᠢᠩ᠄ ︽ᠳᠡᠭᠡᠷ᠎ᠡ ᠰᠠᠷ᠎ᠠ ᠰᠠᠶ᠋ᠢ ᠪᠢ ᠱᠠᠨᠰᠢ ᠳᠤ ᠣᠴᠢᠵᠤ ᠥᠩᠭᠡᠷᠡᠵᠡᠶ᠂ ᠠᠨᠺᠠᠩ ᠤᠨ | ᠣᠷᠴᠢᠮ ᠪᠠᠰᠠ ᠰᠧᠯᠧᠨ ᠪᠠᠶᠠᠯᠢᠭ ᠭᠠᠵᠠᠷ ᠶᠤᠮ᠂ ᠲᠠᠨ ᠤ ᠠᠳᠡ ᠪᠠᠰᠠ ᠰᠧᠯᠧᠨ ᠪᠠᠶᠠᠯᠢᠭ ᠭᠠᠵᠠᠷ ᠪᠣᠯᠤᠨ᠎ᠠ᠂ ᠡᠨᠡ | ᠬᠦ ᠡᠷᠬᠢᠮ ᠨᠠᠨᠳᠢᠨ ᠡᠬᠢ ᠪᠠᠶᠠᠯᠢᠭ ᠢ ᠰᠠᠶᠢᠲᠤᠷ ᠠᠰᠢᠬᠯᠠᠵᠤ᠂ ᠲᠡᠭᠦᠨ ᠢ ᠰᠧᠯᠧᠨ ᠤ ᠠᠵᠤ ᠦᠶ᠋ᠯᠡᠰ ᠪᠣᠯᠭᠠᠨ | ᠬᠤᠪᠢᠷᠠᠭᠤᠯᠬᠤ ᠬᠡᠷᠡᠭᠲᠡᠶ︾ ᠬᠡᠵᠥ ᠵᠤᠷᠢᠬᠵᠢᠭᠤᠯᠪᠠ᠃ | ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠤᠯᠤᠰ ᠲᠥᠷᠥ ᠶᠢᠨ ᠵᠥᠪᠯᠡᠯᠭᠡᠨ ᠤ | ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠦᠪᠡᠷ ᠤᠨ ᠢᠶᠠᠨ | ᠠᠵᠢᠯ ᠤᠨ ᠦᠩᠬᠡᠷᠡᠯᠳᠡ ᠲᠠᠢ ᠪᠠᠨ ᠤᠶᠠᠯᠳᠤᠭᠤᠯᠤᠨ ︽ᠠᠮᠤ ᠬᠦᠨᠡᠰᠤ︾ ︽ᠬᠤᠯᠢᠰᠢᠨ ᠢᠳᠡᠬᠡᠨ︾ ᠤ ᠴᠢᠬᠤᠯᠠ | ᠴᠢᠨᠠᠷ ᠢ ᠴᠢᠬᠤᠯᠠᠴᠢᠯᠠᠪᠠ᠄ ︽ᠪᠢ ᠹᠦᠵᠧᠦ ᠳᠤ ᠬᠤᠳᠠ ᠶᠢᠨ ᠤᠳᠤᠷᠢᠳᠤᠯᠭ᠎ᠠ ᠪᠠᠶᠢᠬᠤ ᠳᠠᠭᠠᠨ ︿ᠬᠤᠯᠢᠰᠢᠨ | ᠢᠳᠡᠬᠡᠨ﹀ ᠢ ᠰᠠᠶᠢᠲᠤᠷ ᠬᠢᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠪᠠ᠃ ᠹᠦᠵᠧᠦ ᠶᠢᠨ ᠬᠥᠮᠦᠰ ︿ᠭᠤᠷᠪᠠᠨ | ᠡᠳᠦᠷ ᠨᠤᠭᠤᠭ᠎ᠠ ᠣᠯᠵᠤ ᠦᠵᠡᠬᠦ ᠦᠭᠡᠢ ᠪᠣᠯ ᠨᠢᠳᠦ ᠬᠠᠷᠠᠯᠠᠨ᠎ᠠ﹀ ᠬᠡᠵᠤ ᠬᠡᠯᠡᠳᠡᠭ᠂ ᠰᠢᠨ᠎ᠡ ᠰᠣᠷᠭᠤᠭ ᠨᠣᠭᠤᠭ᠎ᠠ | ᠢᠳᠡᠨ᠎ᠡ᠂ ᠬᠦᠬᠡ ᠨᠤᠭᠤᠭ᠎ᠠ ᠢᠳᠡᠨ᠎ᠡ᠃ ᠨᠣᠭᠤᠭ᠎ᠠ ᠦᠭᠡᠢ ᠪᠠᠶᠢᠵᠤ ᠪᠣᠯᠬᠤ ᠦᠭᠡᠢ᠂ ᠨᠠᠩ ᠴᠤ ᠨᠣᠭᠤᠭ᠎ᠠ ᠶᠢᠨ | ᠦᠨ᠎ᠡ ᠬᠡᠳᠦ ᠦᠨᠳᠤᠷ ᠪᠠᠶᠢᠵᠥ ᠪᠣᠯᠬᠤ ᠦᠭᠡᠢ᠃ ᠤᠳᠦ ᠶᠢᠨ ᠬᠤᠳᠠ ᠶᠢᠨ ᠳᠠᠷᠤᠭ᠎ᠠ ᠮᠥᠨ ᠯᠡ ᠡᠶᠢᠮᠦ | ᠤᠬᠠᠮᠰᠠᠷ ᠲᠠᠢ ᠪᠠᠶᠢᠬᠤ ᠬᠡᠷᠡᠭᠲᠡᠢ︾᠃ ︽ᠠᠳᠬᠤᠨ ᠳᠠᠭᠠᠨ ᠠᠮᠤ ᠪᠤᠳᠠᠭ᠎ᠠ ᠲᠠᠢ ᠪᠤᠯ ᠰᠠᠨᠲᠤᠷᠴᠤ ᠵᠤᠪᠠᠭ᠋ᠤ | ᠶᠠᠪᠤᠲᠠᠯ ᠦᠭᠡᠢ ᠬᠡᠭᠴᠢ ᠬᠡᠵᠢᠶ᠎ᠡ ᠴᠦ ᠭᠡᠰᠡᠨ ᠪᠦᠷ ᠦᠨᠡᠨ ᠶᠣᠰᠣ ᠮᠥᠨ︾ ᠬᠡᠪᠡ᠃ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ᠂ ᠰᠢᠯᠢ ᠶᠢᠨ ᠭᠤᠤᠯ ᠠᠶᠢᠮᠠᠭ ᠤᠨ ᠳᠠᠷᠤᠭ᠎ᠠ | ᠾᠦᠸᠧ ᠵᠣᠣ ᠯᠢᠶᠠᠩ ᠲᠥᠯᠥᠭᠡᠯᠡᠭᠴᠢ ᠲᠡᠳᠡᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ | ᠬᠥᠭᠵᠢᠯᠲᠡ ᠶᠢ ᠪᠠᠷᠢᠮᠲᠠᠯᠠᠵᠤ᠂ ᠪᠥᠬᠦ ᠠᠶᠢᠮᠠᠭ ᠤᠨ 60% ᠠᠴᠠ ᠳᠡᠭᠡᠭᠰᠢᠬᠢ ᠣᠷᠣᠨ ᠪᠦᠰᠡ ᠶᠢ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠲᠠᠯ᠎ᠠ ᠨᠤᠲᠤᠭ ᠲᠤ ᠰᠢᠨ᠎ᠡ ᠪᠠᠷ ᠠᠭᠤᠷᠬᠠᠶ ᠨᠡᠭᠡᠭᠡᠬᠦ | ᠲᠥᠷᠥᠯ ᠵᠦᠢᠯ ᠢ ᠤᠷᠤᠭᠤᠯᠬᠤ ᠦᠬᠡᠢ ᠪᠤᠯᠵᠠᠢ ᠬᠡᠪᠡ᠃ | ᠡᠭᠦᠨ ᠢ ᠶᠡᠷᠦᠩᠬᠡᠶ ᠱᠦᠵᠢ ᠰᠢ ᠶᠢᠨ ᠫᠢᠩ ᠨᠤᠳᠠᠯᠠᠬᠰᠠᠨ ᠪᠦᠬᠡᠳ ᠳᠤᠳᠤᠷᠬᠠᠢ ᠵᠢᠭᠠᠪᠤᠷᠢ ᠦᠭᠴᠤ᠄ | ︽ᠲᠠᠯ᠎ᠠ ᠨᠤᠲᠤᠭ ᠢᠶᠠᠨ ᠳᠡᠷᠡ ᠬᠡᠪ ᠢᠶᠠᠷ ᠨᠢ ᠦᠯᠡᠳᠡᠭᠡ᠂ ᠦᠷ᠎ᠡ ᠬᠤᠶᠢᠴᠢᠰ ᠲᠤ ᠦᠪ ᠪᠤᠯᠬᠤ ᠶᠤᠮ︾ ᠬᠡᠪᠡ᠃ | ᠶᠡᠷᠦᠩᠬᠡᠢ ᠱᠦᠵᠢ᠄ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ᠠᠷᠠᠳ ᠲᠦᠮᠡᠨ ᠳᠤ | ᠪᠤᠶᠠᠨ ᠦᠢᠯᠡᠳᠬᠦ ᠵᠠᠭᠤᠨ ᠵᠢᠯ ᠤᠨ ᠶᠡᠭᠡ ᠪᠤᠳᠤᠯᠭ᠎ᠠ ᠮᠥᠨ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠳᠡ ᠪᠠᠷ ᠤᠳᠤᠷᠢᠳᠤᠮᠵᠢ ᠪᠤᠯᠭᠠᠬᠤ ᠶᠢ ᠪᠠᠲᠤ ᠪᠠᠷᠢᠮᠲᠠᠯᠠᠵᠤ᠂ ᠬᠥᠬᠡ | ᠣᠭᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ | ᠴᠠᠭᠠᠨ ᠬᠡᠷᠡᠮ ᠢ ᠨᠠᠩ ᠪᠠᠲᠤ ᠪᠠᠬᠢ ᠪᠠᠶᠢᠭᠤᠯᠬᠤ ᠬᠡᠷᠡᠭᠳᠡᠢ︾ ᠬᠡᠵᠥ ᠵᠢᠭᠠᠵᠥ ᠭᠠᠷᠭᠠᠪᠠ᠃ | ᠁ | ᠵᠢᠵᠢᠭ ᠰᠠᠵᠢᠭ ᠶᠠᠪᠤᠳᠠᠯ ᠠᠴᠠ ᠠᠷᠠᠳ ᠲᠦᠮᠡᠨ ᠢ ᠬᠠᠯᠠᠮᠵᠢᠯᠠᠪᠠ᠃ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠠᠴᠠ ᠠᠵᠢᠯ ᠤᠯᠭᠤᠯᠳᠠ | ᠠᠷᠠᠳ ᠤᠨ ᠠᠮᠢᠳᠤᠷᠠᠯ ᠬᠦᠷᠳᠡᠯ᠎ᠠ᠂ ᠠᠮᠢ ᠠᠬᠤᠢ ᠶᠢᠨ ᠬᠠᠮᠠᠭᠠᠯᠠᠯᠳᠠ ᠠᠴᠠ ᠠᠮᠤ ᠪᠤᠳᠠᠭ᠎ᠠ ᠶᠢᠨ ᠠᠮᠤᠷ ᠲᠦᠪᠰᠢᠨ ᠢ | ᠪᠠᠲᠤᠯᠠᠬᠤ ᠬᠦᠷᠳᠡᠯ᠎ᠠ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠠᠴᠠ ︽ᠵᠢᠷᠭᠤᠭ᠎ᠠ ᠶᠢ ᠪᠠᠳᠤᠯᠠᠬᠤ︾ | ᠡᠭᠦᠷᠭᠡ ᠬᠦᠷᠳᠡᠯ᠎ᠠ ᠴᠦᠮ ︽ᠬᠠᠮᠳᠦ ᠪᠠᠷ ᠪᠠᠶᠠᠵᠢᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ︾ | ᠰᠠᠶᠢᠨ ᠰᠠᠶᠢᠬᠠᠨ ᠬᠦᠰᠡᠯ ᠵᠡᠭᠦᠳᠦ ᠶᠢ ᠲᠡᠷᠭᠡᠯᠰᠢᠬᠦᠯᠬᠦ ᠶᠢᠨ ᠲᠦᠯᠦᠭᠡ ᠶᠤᠮ᠃ | ︽ᠠᠵᠢᠯ ᠶᠠᠪᠤᠲᠠᠯ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠵᠢᠯ ᠠᠴᠠ ᠵᠢᠯ ᠵᠠᠯᠭᠠᠨ ᠬᠢᠵᠤ᠂ | ᠴᠢᠷᠮᠠᠶᠢᠵᠤ ᠪᠠᠶᠢᠭᠠᠳ ᠤᠯᠠᠨ ᠲᠦᠮᠡᠨ ᠳᠤ ᠬᠤᠪᠢᠷᠠᠯᠳᠠ ᠶᠢ ᠤᠯᠵᠤ ᠬᠠᠷᠠᠭᠤᠯᠵᠤ᠂ ᠠᠰᠢᠭ ᠬᠦᠷᠳᠡᠭᠡᠬᠦ ᠬᠡᠷᠡᠭᠳᠠᠢ︾ | ᠭᠡᠵᠤ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨ ᠦᠭᠡ ᠤᠳ ᠨᠢ ᠳᠤᠮᠳᠠᠳᠤ ᠤᠯᠤᠰ ᠤᠨ ᠡᠪ | ᠬᠠᠮᠳᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠤᠯᠤᠨ ᠲᠡᠮᠡᠴᠡᠯ ᠤᠨ ᠵᠠᠩ ᠴᠢᠨᠠᠷ ᠢ ᠳᠤᠰᠬᠠᠵᠠᠢ᠃ | ᠠᠷᠠᠳ ᠲᠦᠮᠡᠨ ᠳᠤ ᠲᠦᠰᠢᠭᠯᠡᠨ᠎ᠡ — ︽ᠠᠶᠤᠯ ᠲᠦᠭᠰᠢᠬᠦᠷᠢ ᠶᠢᠨ ᠳᠤᠮᠳᠠ ᠠᠴᠠ ᠰᠢᠨ᠎ᠠ ᠠᠵᠠ | ᠳᠤᠬᠢᠶᠠᠯ ᠢ ᠡᠷᠢᠵᠤ᠂ ᠬᠤᠪᠢᠷᠠᠯᠳᠠ ᠳᠤᠮᠳᠠ ᠠᠴᠠ ᠰᠢᠨ᠎ᠠ ᠪᠠᠶᠢᠳᠠᠯ ᠢ ᠡᠭᠦᠳᠦᠨ᠎ᠡ︾ | ︽ᠪᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠠᠶᠢᠴᠠᠭᠠᠨ ᠰᠤᠳᠤᠯᠤᠯᠳᠠ ᠬᠢᠭᠡᠳ 7000 ᠰᠢᠬᠠᠮ | ᠪᠠᠶᠢᠴᠠᠭᠠᠯᠳᠠ ᠶᠢᠨ ᠬᠠᠭᠤᠳᠠᠰᠤ ᠤᠯᠵᠠᠢ᠂ ᠤᠯᠠᠨ ᠤ ᠳᠤᠰᠬᠠᠭᠰᠠᠨ ᠢᠶᠠᠷ ᠠᠷᠠᠳ ᠤᠨ ᠡᠵᠡᠩᠨᠡᠯᠳᠡ ᠶᠢᠨ ᠠᠵᠤ | ᠠᠬᠤᠢᠢᠯᠠᠯ ᠤᠨ ᠬᠦᠭᠵᠢᠯᠳᠡ ᠳᠤ ᠬᠦᠴᠢᠷᠳᠡᠯ ᠲᠤᠯᠭᠠᠷᠠᠵᠤ᠂ ᠬᠠᠮᠤᠭ ᠤᠨ ᠳᠤᠪᠤᠶᠢᠮ᠎ᠠ ᠠᠰᠠᠭᠤᠳᠠᠯ ᠭᠡᠪᠡᠯ | ᠠᠷᠠᠳ ᠤᠨ ᠲᠤᠮᠲᠠᠬᠢ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠪᠠᠭᠤᠷᠠᠵᠤ᠂ ᠠᠵᠢᠯ ᠤᠯᠭᠤᠯᠳᠠ ᠶᠢᠨ | ᠪᠠᠶᠢᠳᠠᠯ ᠴᠤ ᠵᠤᠬᠢᠬᠤ ᠬᠡᠮᠵᠢᠶ᠎ᠡ ᠪᠠᠷ ᠮᠠᠭᠤᠲᠠᠵᠠᠢ︾᠃ | ᠤᠯᠤᠰ ᠲᠦᠷᠦ ᠶᠢᠨ ᠵᠦᠪᠯᠡᠯᠭᠡᠨ ᠤ ᠬᠠᠮᠳᠤᠷᠠᠭᠰᠠᠨ ᠳᠤᠭᠤᠢᠢᠯᠠᠩ ᠤᠨ ᠬᠤᠷᠠᠯ ᠳᠡᠭᠡᠷ᠎ᠠ᠂ ᠯᠢᠦ ᠶᠦᠩ ᠬᠤᠤ | ᠭᠡᠰᠢᠭᠦᠨ᠂ ᠤᠳᠤᠬᠠᠨ ᠳᠤ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠤᠨᠴᠠᠭᠠᠢᠢᠯᠠᠨ ᠳᠤᠮᠳᠠ ᠪᠠᠭ᠎ᠠ ᠠᠵᠤ | ᠠᠬᠤᠢᠢᠯᠠᠯ ᠳᠤ ︽ᠭᠤᠷᠪᠠᠨ ᠬᠦᠴᠢᠷᠳᠡᠯ︾ ᠲᠤᠯᠭᠠᠷᠠᠵᠤ ᠪᠠᠶᠢᠨ᠎ᠠ᠂ ᠲᠤᠬᠠᠢᠢᠯᠠᠪᠠᠯ ᠦᠢᠯᠡᠳᠪᠦᠷᠢᠯᠡᠵᠤ | ᠪᠤᠷᠤᠯᠠᠭᠤᠯᠬᠤ ᠳᠤ ᠬᠦᠴᠢᠷ᠂ ᠪᠡᠯᠡ ᠤᠷᠤᠭᠤᠯᠬᠤ ᠳᠤ ᠬᠦᠴᠢᠷ᠂ ᠪᠡᠯᠡᠨ ᠮᠦᠩᠭᠦ ᠪᠤᠯᠭᠠᠬᠤ ᠳᠤ ᠬᠦᠴᠢᠷ ᠪᠠᠶᠢᠬᠤ | ᠵᠡᠷᠭᠡ ᠠᠰᠠᠭᠤᠳᠠᠯ ᠪᠤᠯᠤᠨ᠎ᠠ ᠭᠡᠵᠤ ᠳᠤᠰᠬᠠᠵᠠᠢ᠃ | ᠡᠨᠡ ᠭᠤᠷᠪᠠᠨ ︽ᠬᠦᠴᠢᠷᠳᠡᠯ︾ ᠢ ᠰᠤᠨᠤᠰᠤᠭᠠᠳ ᠰᠢ ᠶᠢᠨ ᠫᠢᠩ᠄ ︽ᠦᠨᠦᠳᠦᠷ ᠤᠨ ᠠᠷᠠᠳ ᠤᠨ | ᠡᠵᠡᠩᠨᠡᠯᠳᠡ ᠶᠢᠨ ᠠᠵᠤ ᠠᠬᠤᠢᠢᠯᠠᠯ ᠳᠤᠮᠳᠠᠳᠤ ᠤᠯᠤᠰ ᠤᠨ ᠬᠦᠰᠡᠯᠡᠩ ᠤᠨ ᠬᠠᠯᠠᠭᠤᠨ ᠬᠦᠷᠦᠰᠦᠨ ᠳᠡᠭᠡᠷ᠎ᠠ | ᠤᠷᠭᠤᠪᠠ᠂ ᠭᠡᠳᠡᠯ᠎ᠡ ᠡᠨᠡ ᠬᠦ ᠬᠠᠯᠠᠭᠤᠨ ᠬᠦᠷᠦᠰᠦ ᠭᠡᠳᠡᠭ ᠨᠢ ᠠᠩᠬ᠎ᠠ ᠡᠬᠢᠯᠡᠬᠦ ᠳᠡᠭᠡᠨ ᠡᠵᠡᠭᠦᠢ ᠬᠡᠬᠡᠷ᠎ᠠ ᠪᠠᠶᠢᠵᠠᠢ᠃ | ᠳᠡᠳᠡ ᠵᠠᠭᠠᠭ ᠵᠠᠪᠰᠠᠷ ᠢ ᠡᠷᠢᠨ ᠠᠮᠢ ᠵᠢᠭᠤᠵᠤ᠂ ᠪᠡᠷᠬᠡ ᠪᠠᠷᠳᠠᠭ᠎ᠠ ᠳᠤᠮᠳᠠᠭᠤᠷ ᠵᠠᠮ ᠭᠠᠷᠭᠠᠵᠤ ᠶᠠᠪᠤᠭᠰᠠᠭᠠᠷ ᠪᠠᠶᠢᠵᠤ | ᠦᠨᠦᠳᠦᠷ ᠲᠤ ᠬᠦᠷᠴᠤ ᠢᠷᠡᠵᠠᠢ᠂ ᠡᠨᠡ ᠬᠦ ᠶᠠᠪᠤᠴᠠ ᠬᠡᠴᠢᠨᠡᠨ ᠬᠠᠳᠠᠭᠤᠵᠢᠯᠳᠠᠢ ᠪᠤᠢ᠃ ᠦᠨᠦᠳᠦᠷ ᠤᠨ | ᠬᠡᠮᠵᠢᠶᠠᠨ ᠳᠤ ᠬᠦᠷᠴᠤ᠂ ᠦᠨᠦᠳᠦᠷ ᠤᠨ ᠬᠤᠪᠢ ᠨᠡᠮᠡᠷᠢ ᠶᠢ ᠦᠵᠡᠭᠦᠯᠵᠤ ᠪᠠᠶᠢᠬᠤ ᠨᠢ ᠲᠦᠢᠯ ᠤᠨ ᠠᠮᠠᠷ ᠦᠭᠡᠢ︾ | ᠭᠡᠵᠤ ᠬᠡᠯᠡᠨ᠎ᠠ᠃ | ᠢᠩᠭᠢᠵᠤ ᠬᠡᠯᠡᠵᠤ ᠪᠠᠶᠢᠭᠰᠠᠨ ᠢᠶᠠᠨ ᠶᠡᠷᠦᠩᠬᠡᠢ ᠱᠦᠵᠢ᠄ ︽ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ | ᠤᠯᠠᠮ ᠴᠢᠨᠠᠭᠰᠢᠳᠠ ᠬᠦᠭᠵᠢᠬᠦ ᠳᠤ ᠮᠦᠨ ᠬᠦ ︿ᠬᠦᠴᠢᠷᠳᠡᠯ﹀ ᠤᠨ ᠳᠤᠮᠳᠠ ᠠᠶᠠᠯᠠᠨ᠎ᠠ᠃ ᠭᠦᠨ ᠤᠬᠠᠭᠠᠨ ᠤ | ᠤᠳᠬ᠎ᠠ ᠤᠴᠢᠷ ᠠᠴᠠ ᠬᠡᠯᠡᠪᠡᠯ᠂ ︿ᠬᠦᠴᠢᠷᠳᠡᠯ﹀ ᠪᠤᠯ ᠶᠠᠮᠠᠷᠪᠠ ᠬᠦᠷᠢᠶᠡᠨ ᠤ ᠤᠷᠤᠭᠰᠢᠯᠠᠯᠳᠠ ᠶᠢᠨ ᠵᠠᠮ ᠳᠡᠭᠡᠷᠡᠬᠢ | ᠡᠭᠦᠷᠢᠳᠡ ᠶᠢᠨ ᠰᠡᠳᠦᠪ ᠪᠤᠯᠤᠨ᠎ᠠ᠃ ᠤᠳᠤᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠪᠠᠶᠢᠭ᠎ᠠ ᠦᠭᠡᠢ ᠶᠡᠭᠡ | ᠬᠤᠪᠢᠷᠠᠯᠳᠠ ᠶᠢᠨ ᠡᠮᠦᠨ᠎ᠠ᠂ ︿ᠬᠤᠤᠰ ᠵᠠᠭᠤᠨ ᠵᠢᠯ﹀ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠠᠶᠠᠨ ᠵᠠᠮ | ᠳᠤᠮᠳᠠ᠂ ︿ᠬᠦᠴᠢᠷᠳᠡᠯ﹀ ᠨᠢ ᠬᠠᠮᠢᠭ᠎ᠠ ᠪᠤᠯᠭᠠᠨ ᠳᠤ ᠤᠷᠤᠰᠢᠵᠤ ᠪᠠᠶᠢᠳᠠᠭ᠃ ᠭᠠᠭᠴᠠ ᠬᠦ ᠲᠠᠰᠤᠷᠠᠯᠳᠠ ᠦᠭᠡᠢ | ᠰᠦᠪᠡᠭᠴᠢᠯᠡᠵᠤ᠂ ᠲᠠᠰᠤᠷᠠᠯᠳᠠ ᠦᠭᠡᠢ ᠲᠡᠮᠡᠴᠡᠪᠡᠯ ᠰᠠᠶ᠋ᠢ ᠤᠷᠤᠭᠰᠢᠯᠠᠯᠳᠠ ᠶᠢᠨ ᠳᠤᠮᠳᠠᠬᠢ ᠬᠦᠴᠢᠷᠳᠡᠯ ᠢ | ᠲᠠᠰᠤᠷᠠᠯᠳᠠ ᠦᠭᠡᠢ ᠢᠯᠠᠨ ᠳᠠᠪᠠᠵᠤ᠂ ᠰᠢᠨ᠎ᠠ ᠬᠦᠭᠵᠢᠯᠳᠡ ᠶᠢᠨ ᠵᠠᠮ ᠢᠶᠠᠷ ᠠᠶᠠᠯᠠᠵᠤ ᠴᠢᠳᠠᠨ᠎ᠠ︾ ᠭᠡᠵᠤ ᠬᠡᠯᠡᠪᠡ᠃ | ︽ᠬᠦᠴᠢᠷᠳᠡᠯ︾ ᠳᠤ ᠰᠢᠭᠤᠳ ᠬᠠᠨᠳᠤᠬᠤ ᠪᠤᠯ ᠤᠳᠤᠬᠠᠨ ᠤ ᠤᠯᠤᠰ ᠤᠨ ᠳᠤᠳᠤᠭᠠᠳᠤ ᠭᠠᠳᠠᠭᠠᠳᠤ ᠶᠢᠨ | ᠪᠠᠶᠢᠳᠠᠯ ᠤᠨ ᠲᠤᠬᠠᠢ ᠳᠤᠳᠤᠷᠬᠠᠢ ᠲᠠᠨᠢᠯᠳᠠ ᠮᠦᠨ — | ᠤᠯᠤᠰ ᠤᠨ ᠳᠤᠳᠤᠭᠠᠳᠤ ᠶᠢᠨ ᠪᠠᠶᠢᠳᠠᠯ ᠢ ᠦᠵᠡᠬᠦ ᠳᠤ᠂ ᠮᠠᠨ ᠤ ᠤᠯᠤᠰ ᠤᠨ ᠠᠵᠤ ᠠᠬᠤᠢ ᠶᠠᠭ | ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ | ᠨᠡᠮᠡᠭᠳᠡᠯ ᠤᠨ ᠬᠦᠳᠡᠯᠭᠡᠬᠦ ᠬᠦᠴᠦᠨ ᠢ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ᠂ ᠠᠵᠤ | ᠠᠬᠤᠢ ᠶᠢᠨ ᠬᠦᠭᠵᠢᠯᠳᠡ ᠶᠢᠨ ᠤᠷᠤᠭᠰᠢ ᠢᠷᠡᠭᠡᠳᠦᠢ ᠰᠠᠶᠢᠨ ᠬᠠᠨᠲᠤᠰᠢ ᠲᠠᠢ ᠪᠠᠶᠢᠭ᠎ᠠ ᠴᠤ ᠪᠦᠲᠦᠴᠡ ᠶᠢᠨ | ᠴᠢᠨᠠᠷᠳᠠᠢ᠂ ᠪᠠᠶᠢᠭᠤᠯᠤᠮᠵᠢ ᠶᠢᠨ ᠴᠢᠨᠠᠷᠳᠠᠢ᠂ ᠦᠶᠡᠯᠡᠯ ᠤᠨ ᠴᠢᠨᠠᠷᠳᠠᠢ ᠠᠰᠠᠭᠤᠳᠠᠯ ᠬᠠᠷᠢᠯᠴᠠᠨ ᠰᠤᠯᠪᠢᠴᠠᠭᠰᠠᠨ ᠠᠴᠠ | ᠪᠤᠯᠵᠤ ᠪᠤᠢ ᠪᠤᠯᠭᠠᠭᠰᠠᠠ ᠬᠦᠴᠢᠷᠳᠡᠯ ᠪᠠ ᠦᠷᠢᠰᠦᠯᠳᠦᠭᠡᠨ ᠴᠤ ᠲᠤᠯᠭᠠᠷᠠᠵᠤ ᠪᠠᠶᠢᠨ᠎ᠠ᠃ ᠶᠠᠭ ᠶᠡᠷᠦᠩᠬᠡᠢ | ᠱᠦᠵᠢ ᠶᠢᠨ ᠬᠡᠯᠡᠭᠰᠡᠨᠴᠢᠯᠡᠨ᠄ ︽ᠡᠭᠦᠨ ᠤ ᠳᠠᠭᠠᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠳᠠᠭᠠᠷᠢᠯᠳᠠ ᠳᠤ ᠤᠴᠠᠷᠠᠭᠰᠠᠨ ᠠᠴᠠ ᠤᠳᠤᠬᠠᠨ ᠤ ᠮᠠᠨ ᠤ ᠤᠯᠤᠰ ᠤᠨ ᠠᠵᠤ ᠠᠬᠤᠢ ᠶᠢᠨ | ᠡᠷᠭᠢᠯᠳᠡ ᠳᠤ ᠨᠡᠯᠢᠶᠡᠳ ᠶᠡᠭᠡ ᠳᠠᠷᠤᠭᠠᠰᠤ ᠲᠤᠯᠭᠠᠷᠠᠵᠤ ᠪᠠᠶᠢᠨ᠎ᠠ︾᠃ | ᠳᠡᠯᠡᠬᠡᠢ ᠳ᠋ᠠᠬᠢᠨ ᠢ ᠠᠵᠢᠬᠤ ᠳᠤ᠂ ᠪᠢᠳᠡ ᠪᠠᠰᠠ ᠳᠡᠯᠡᠬᠡᠢ ᠶᠢᠨ ᠠᠵᠤ ᠠᠬᠤᠢ ᠲᠦᠢᠯ ᠢᠶᠠᠷ ᠤᠷᠤᠭᠤᠳᠠᠭᠰᠠᠨ᠂ | ᠤᠯᠠᠨ ᠤᠯᠤᠰ ᠤᠨ ᠠᠷᠠᠯᠵᠢᠶ᠎ᠠ ᠪᠠ ᠪᠡᠯᠡ ᠤᠷᠤᠭᠤᠯᠤᠯᠳᠠ ᠶᠡᠭᠡ ᠪᠠᠷ ᠮᠠᠭᠤᠳᠠᠭᠰᠠᠨ᠂ ᠤᠯᠠᠨ ᠤᠯᠤᠰ ᠤᠨ | ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠤᠭᠲᠠᠭᠤᠨ ᠪᠤᠰᠤ ᠪᠤᠯᠤᠭᠰᠠᠨ᠂ ᠤᠯᠠᠨ ᠤᠯᠤᠰ ᠤᠨ ᠶᠠᠪᠤᠯᠴᠠᠭ᠎ᠠ | ᠬᠢᠵᠠᠭᠠᠷᠯᠠᠭᠳᠠᠭᠰᠠᠨ᠂ ᠠᠵᠤ ᠠᠬᠤᠢ ᠶᠢᠨ ᠳᠡᠯᠡᠬᠡᠶᠢᠵᠢᠯᠳᠡ ᠰᠦᠷᠭᠡᠦ ᠤᠷᠤᠰᠬᠠᠯ ᠳᠤ ᠤᠴᠠᠷᠠᠭᠰᠠᠨ᠂ ᠵᠠᠷᠢᠮ | ᠤᠯᠤᠰ ᠲᠤ ᠬᠠᠮᠠᠭᠠᠯᠠᠬᠤ ᠦᠵᠡᠯ ᠪᠠ ᠭᠠᠭᠴᠠ ᠲᠠᠯᠠᠳᠤ ᠦᠵᠡᠯ ᠳᠡᠯᠭᠡᠷᠡᠭᠰᠡᠨ᠂ ᠭᠠᠵᠠᠷ ᠤᠷᠤᠨ ᠢᠶᠠᠷ | ᠰᠢᠯᠳᠠᠭᠠᠯᠠᠭᠳᠠᠭᠰᠠᠨ ᠤᠯᠤᠰ ᠲᠦᠷᠦ ᠶᠢᠨ ᠲᠦᠭᠰᠢᠭᠦᠷᠢ ᠳᠡᠭᠡᠭᠰᠢᠯᠡᠭᠰᠡᠨ ᠵᠡᠷᠭᠡ ᠠᠰᠢᠭ ᠦᠭᠡᠢ ᠪᠠᠶᠢᠲᠠᠯ ᠳᠤ | ᠲᠤᠯᠭᠠᠷᠠᠵᠤ ᠪᠠᠶᠢᠭ᠎ᠠ ᠤᠴᠢᠷ ᠠᠴᠠ᠂ ᠪᠢᠲᠠ ᠨᠡᠩ ᠲᠤᠭᠳᠠᠭᠤᠨ ᠪᠤᠰᠤ ᠲᠤᠭᠳᠠᠭᠠᠯᠳᠤ ᠪᠤᠰᠤ ᠳᠡᠯᠡᠬᠡᠢ ᠳᠡᠭᠡᠷ᠎ᠠ | ᠲᠤᠰ ᠪᠡᠶ᠎ᠠ ᠶᠢᠨ ᠬᠦᠭᠵᠢᠯᠳᠡ ᠪᠠᠨ ᠡᠷᠢᠯᠬᠢᠯᠡᠬᠦ ᠬᠡᠷᠡᠭᠳᠠᠢ ᠪᠤᠯᠵᠠᠢ᠃ | ᠶᠡᠷᠦᠩᠭᠡᠢ ᠱᠦᠵᠢ ᠨᠢᠭᠡ ᠴᠢᠬᠤᠯᠠ ᠮᠠᠭᠠᠳᠯᠠᠯᠲᠠ ᠬᠢᠵᠠᠢ᠄ ︽ᠲᠡᠯᠡᠭᠡᠢ ᠲᠡᠭᠡᠷᠡᠬᠢ ᠶᠠᠮᠠᠷᠪᠠ ᠬᠡᠷᠡᠭ | ᠪᠤᠲᠠᠰ ᠲᠤ ᠪᠦᠷ ᠬᠤᠶᠠᠷ ᠲᠠᠯ᠎ᠠ ᠲᠠᠢ ᠪᠠᠶᠢᠲᠠᠭ᠂ ᠡᠨᠡ ᠤᠲᠠᠭ᠎ᠠ ᠶᠢᠨ ᠬᠢᠵᠢᠭ ᠤᠨ ᠪᠠᠶᠢᠲᠠᠯ ᠪᠤᠯ ᠨᠢᠭᠡ | ᠤᠲᠠᠭ᠎ᠠ ᠶᠢᠨ ᠠᠶᠤᠯ ᠲᠦᠭᠰᠢᠬᠦᠷᠢ ᠮᠦᠨ᠂ ᠭᠡᠲᠡᠯ᠎ᠠ ᠵᠤᠬᠢᠬᠤ ᠬᠡᠮᠵᠢᠶᠠᠠ ᠲᠡᠭᠡᠷ᠎ᠠ ᠪᠠᠰᠠ ᠰᠢᠨ᠎ᠠ ᠠᠵᠠ ᠲᠤᠬᠢᠶᠠᠯ ᠢ | ᠬᠦᠪᠦᠷᠡᠭᠦᠯᠦᠭᠰᠡᠡ ᠪᠠᠶᠢᠨ᠎ᠠ︾ ︽ᠠᠶᠤᠯ ᠲᠦᠭᠰᠢᠭᠦᠷᠢ ᠳᠤᠮᠳᠠ ᠠᠴᠠ ᠰᠢᠨ᠎ᠠ ᠠᠵᠠ ᠲᠤᠬᠢᠶᠠᠯ ᠢ ᠡᠷᠢᠵᠤ᠂ | ᠬᠤᠪᠢᠷᠠᠯᠲᠠ ᠲᠤᠮᠲᠠ ᠠᠴᠠ ᠰᠢᠨ᠎ᠠ ᠪᠠᠶᠢᠲᠠᠯ ᠢ ᠡᠭᠦᠳᠦᠨ᠎ᠡ︾᠃ ᠶᠡᠷᠦᠩᠭᠡᠢ ᠱᠦᠵᠢ ᠰᠢ ᠶᠢᠨ ᠫᠢᠩ ᠪᠦᠬᠦ | ᠲᠠᠯ᠎ᠠ ᠶᠢᠨ᠂ ᠬᠤᠪᠢᠰᠤᠩᠭᠤᠢ᠂ ᠠᠯᠤᠰ ᠭᠡᠲᠦ ᠶᠢᠨ ᠬᠠᠷᠠᠭᠠᠰᠤ ᠠᠴᠠ᠂ ᠤᠲᠤᠬᠠᠠ ᠤ ᠠᠵᠦ ᠠᠬᠤᠢ ᠶᠢᠨ | ᠪᠠᠶᠢᠲᠠᠯ ᠳᠤ ᠬᠦᠨᠵᠡᠭᠡᠢ ᠵᠠᠲᠠᠯᠤᠯᠲᠠ ᠬᠢᠵᠦ᠂ ᠪᠠᠶᠢᠯᠲᠤᠬᠤ ᠪᠤᠲᠤᠯᠭ᠎ᠠ ᠶᠢᠨ ᠵᠢᠯᠤᠭᠤᠲᠤᠯᠭ᠎ᠠ ᠬᠢᠵᠠᠢ᠃ | ᠶᠡᠷᠦᠩᠭᠡᠢ ᠱᠦᠵᠢ ᠨᠢᠭᠡ ᠤᠯᠠᠠ ᠲᠤᠭ᠎ᠠ ᠪᠠᠷᠢᠮᠲᠠ ᠪᠠᠷ ᠦᠵᠡᠯᠲᠠ ᠪᠠᠨ ᠴᠢᠨᠠᠭᠰᠢᠲᠠ ᠲᠤᠲᠤᠷᠬᠠᠢᠢᠯᠠᠠ | ᠦᠭᠦᠯᠡᠪᠡ — | 1 ᠳ᠋ᠦᠩᠰᠢᠭᠤᠷ ᠭᠠᠷᠤᠢ ᠵᠠᠬ᠎ᠠ ᠲᠡᠯᠭᠡᠭᠦᠷ ᠤᠨ ᠭᠤᠤᠯ ᠴᠤᠭᠴᠠ ᠪᠠ 1.7 ᠳ᠋ᠦᠩᠰᠢᠭᠤᠷ ᠭᠠᠷᠤᠢ ᠶᠡᠭᠡ | ᠲᠡᠭᠡᠲᠦ ᠵᠡᠷᠭᠡ ᠶᠢᠨ ᠰᠤᠷᠭᠠᠠ ᠬᠦᠮᠦᠵᠢᠯ ᠬᠦᠷᠲᠡᠭᠰᠡᠡ ᠪᠤᠶᠤ ᠡᠯ᠎ᠠ ᠲᠦᠷᠦᠯ ᠤᠨ ᠲᠤᠰᠬᠠᠢ ᠮᠡᠷᠭᠡᠵᠢᠯ ᠤᠨ | ᠴᠢᠲᠠᠪᠤᠷᠢᠲᠠᠠ ᠲᠠᠢ︔ | 4 ᠳ᠋ᠦᠩᠰᠢᠭᠤᠷ ᠭᠠᠷᠤᠢ ᠲᠤᠮᠲᠠ ᠵᠡᠷᠭᠡ ᠶᠢᠨ ᠤᠷᠤᠯᠭ᠎ᠠ ᠲᠠᠢ ᠤᠯᠠᠠ ᠬᠦᠮᠦᠨ ᠢ ᠪᠠᠭᠲᠠᠭᠠᠭᠰᠠᠠ 14 | ᠳ᠋ᠦᠩᠰᠢᠭᠤᠷ ᠬᠦᠮᠦᠨ ᠠᠮᠠ ᠪᠠᠷ ᠪᠦᠷᠢᠯᠲᠦᠭᠰᠡᠡ ᠮᠤᠨᠲᠤᠭ ᠶᠡᠭᠡ ᠬᠡᠪᠴᠢᠶ᠎ᠠ ᠲᠠᠢ ᠲᠤᠲᠤᠭᠠᠲᠤ ᠭᠡᠷᠡᠭᠴᠡᠭᠡ ᠶᠢᠨ | ᠵᠠᠬ᠎ᠠ ᠲᠡᠯᠭᠡᠭᠦᠷ ᠪᠤᠢ︔ | ᠬᠢᠵᠢᠭ ᠤᠨ ᠪᠠᠶᠢᠲᠠᠯ ᠤᠨ ᠬᠤᠭᠤᠴᠠᠭᠠᠠ ᠳᠤ᠂ ᠰᠢᠨ᠎ᠠ ᠮᠡᠷᠭᠡᠵᠢᠯ᠂ ᠰᠢᠨ᠎ᠠ ᠡᠵᠡᠩᠨᠡᠯᠲᠡ ᠶᠢᠨ ᠬᠡᠯᠪᠡᠷᠢ | ᠴᠤᠯᠭᠤᠷᠠᠠ ᠭᠠᠷᠴᠤ᠂ ᠲᠦᠷᠦᠭᠦᠦ ᠤᠯᠠᠷᠢᠯ ᠳᠤ ᠪᠤᠲᠠᠲᠤ ᠪᠤᠲᠠᠰ ᠤᠨ ᠲᠠᠸᠠᠷ ᠤᠨ ᠰᠦᠯᠵᠢᠶᠠᠠ ᠲᠡᠭᠡᠷᠡᠬᠢ ᠵᠢᠵᠢᠭᠯᠡᠡ | ᠪᠤᠷᠤᠯᠠᠭᠤᠯᠤᠭᠰᠠᠠ ᠵᠤᠭᠤᠰ ᠤᠨ ᠲᠤᠭ᠎ᠠ 5.9% ᠨᠡᠮᠡᠭᠲᠡᠵᠦ᠂ ᠨᠡᠶᠢᠭᠡᠮ ᠤᠨ ᠭᠡᠷᠡᠭᠯᠡᠭᠡᠡ ᠤ ᠡᠳ᠋ ᠤᠨ ᠵᠢᠵᠢᠭᠯᠡᠡ | ᠪᠤᠷᠤᠯᠠᠭᠤᠯᠤᠭᠰᠠᠠ ᠶᠡᠷᠦᠩᠭᠡᠢ ᠵᠤᠭᠤᠰ ᠤᠨ ᠲᠤᠭ᠎ᠠ ᠳᠠᠬᠢ ᠬᠠᠷᠢᠴᠠᠯ 23.6% ᠢ ᠡᠵᠡᠯᠡᠵᠦ᠂ ᠰᠦᠯᠵᠢᠶᠠᠠ ᠲᠡᠭᠡᠷ᠎ᠠ | ᠬᠤᠷᠠᠯᠲᠤᠭᠤᠯᠤᠭᠰᠠᠠ ᠬᠤᠷᠠᠯ᠂ ᠰᠦᠯᠵᠢᠶᠠᠠ ᠲᠡᠭᠡᠷᠡᠬᠢ ᠠᠷᠠᠯᠵᠢᠶ᠎ᠠ᠂ ᠰᠦᠯᠵᠢᠶᠠᠠ ᠲᠡᠭᠡᠷᠡᠬᠢ ᠰᠤᠷᠭᠠᠠ ᠬᠦᠮᠦᠵᠢᠯ | ᠵᠡᠷᠭᠡ ᠨᠢ ᠶᠡᠭᠡ ᠬᠡᠪᠴᠢᠶ᠎ᠠ ᠪᠠᠷ ᠨᠡᠮᠡᠭᠲᠡᠭᠰᠡᠡ ᠪᠠᠶᠢᠨ᠎ᠠ ᠁ | ︽ᠮᠠᠠ ᠳᠤ ᠠᠰᠢᠭ ᠲᠠᠢ ᠨᠦᠬᠦᠴᠡᠯ ᠪᠠᠰᠠ ᠲᠤᠩ ᠤᠯᠠᠠ ᠪᠠᠶᠢᠨ᠎ᠠ︾᠃ ︽ᠠᠵᠠ ᠲᠤᠬᠢᠶᠠᠯ ᠢ ᠠᠮᠵᠢᠠ | ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠠ ᠪᠠᠷ ᠬᠦᠭᠵᠢᠭᠰᠡᠡ ᠠᠵᠦ ᠦᠢᠯᠡᠰ ᠢ ᠲᠦᠷᠭᠡᠡ ᠠᠬᠢᠭᠤᠯᠵᠦ᠂ ᠨᠡᠩ | ᠤᠯᠠᠠ ᠰᠢᠨ᠎ᠠ ᠨᠡᠮᠡᠭᠲᠡᠯ ᠤᠨ ᠴᠡᠭ᠂ ᠨᠡᠮᠡᠭᠲᠡᠯ ᠤᠨ ᠲᠦᠢᠯ ᠢ ᠪᠦᠷᠢᠯᠲᠦᠭᠦᠯᠬᠦ ᠬᠡᠷᠡᠭᠲᠡᠢ︾᠃ ᠭᠦᠨ ᠬᠦᠨᠵᠡᠭᠡᠢ | ᠬᠢᠭᠰᠡᠡ ᠵᠠᠲᠠᠯᠤᠯᠲᠠ ᠨᠢ ᠡᠬᠦᠯᠡ ᠮᠠᠨᠠᠨ ᠢ ᠰᠠᠷᠨᠢᠭᠤᠯᠤᠭᠰᠠᠠ ᠮᠡᠲᠦ ᠪᠤᠯᠵᠤ᠂ ᠬᠦᠮᠦᠰ ᠢ ᠬᠦᠨᠵᠡᠭᠡᠢ ᠰᠡᠳᠭᠢᠨ | ᠪᠤᠲᠤᠭᠤᠯᠵᠠᠢ᠃ | ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠳᠤ᠂ ᠮᠠᠠ ᠤ ᠬᠠᠮᠤᠭ ᠤᠨ ᠶᠡᠭᠡ ᠬᠦᠴᠤᠠ ᠴᠢᠲᠠᠯ ᠠᠷᠠᠳ | ᠲᠦᠮᠠᠠ ᠠᠴᠠ ᠢᠷᠡᠳᠡᠭ ᠶᠤᠮ᠃ | ︽ᠠᠷᠠᠳ ᠲᠦᠮᠡᠡ ᠪᠤᠯ ᠮᠠᠠ ᠤ ᠨᠠᠮ ᠤᠨ ᠲᠦᠷᠦ ᠪᠠᠷᠢᠬᠤ ᠬᠠᠮᠤᠭ ᠤᠨ ᠶᠡᠭᠡ ᠢᠲᠡ ᠬᠦᠴᠦᠨ ᠮᠦᠨ ᠭᠡᠵᠦ | ᠪᠢ ᠲᠠᠬᠢᠨ ᠲᠠᠪᠲᠠᠠ ᠴᠢᠬᠤᠯᠠᠴᠢᠯᠠᠭᠰᠠᠠ ᠪᠢᠯᠡ︾᠃ | ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ᠂ ᠶᠡᠷᠦᠩᠭᠡᠢ ᠱᠦᠵᠢ ᠰᠢ ᠶᠢᠨ ᠫᠢᠩ ᠠᠷᠠᠳ | ᠲᠦᠮᠡᠨ ᠤ ᠬᠦᠴᠤᠨ ᠢ ᠢᠩᠭᠢᠵᠦ ᠮᠠᠭᠲᠠᠠ ᠰᠠᠶᠢᠰᠢᠶᠠᠭᠰᠠᠠ ᠪᠠᠶᠢᠨ᠎ᠠ᠄ ︽ᠦᠷᠭᠡᠡ ᠤᠯᠠᠠ ᠠᠷᠠᠳ ᠲᠦᠮᠡᠡ ᠶᠡᠭᠡ | ᠲᠠᠯ᠎ᠠ ᠶᠢ ᠲᠠᠨᠢᠵᠦ᠂ ᠶᠡᠭᠡ ᠲᠠᠯ᠎ᠠ ᠶᠢ ᠬᠠᠷᠠᠭᠠᠯᠵᠠᠠ᠂ ᠤᠬᠠᠮᠰᠠᠷ ᠠᠴᠠ ᠪᠠᠨ ᠬᠢᠵᠢᠭ ᠤᠨ ᠪᠠᠶᠢᠲᠠᠯ ᠢ ᠰᠡᠷᠭᠡᠶᠢᠯᠡᠡ | ᠡᠵᠡᠮᠲᠡᠬᠦ ᠲᠡᠮᠡᠴᠡᠯ ᠤᠨ ᠶᠡᠭᠡ ᠲᠠᠯ᠎ᠠ ᠳᠤ ᠬᠠᠮᠵᠢᠯᠴᠠᠵᠦ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠰᠠᠭᠤᠷᠢ | ᠴᠢᠨᠠᠷᠲᠠᠢ ᠬᠦᠴᠤᠠ ᠢ ᠪᠦᠷᠢᠯᠲᠦᠭᠦᠯᠵᠠᠢ︾ ︽ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ | ᠨᠡᠶᠢᠭᠡᠮ ᠤᠨ ᠬᠦᠭᠵᠢᠯᠲᠠ ᠶᠢ ᠨᠢᠭᠡᠲᠦᠯᠲᠡᠢ ᠲᠦᠯᠦᠪᠵᠢᠭᠦᠯᠬᠦ ᠠᠵᠢᠯ ᠢ ᠰᠠᠶᠢᠲᠤᠷ ᠬᠢᠬᠦ ᠳᠤ᠂ ᠠᠷᠠᠳ ᠲᠦᠮᠠᠠ ᠢ | ᠨᠢᠭᠲᠠ ᠲᠦᠰᠢᠭᠯᠡᠬᠦ ᠬᠡᠷᠡᠭᠲᠡᠢ︾᠃ | ᠠᠷᠠᠳ ᠲᠦᠮᠡᠡ ᠳᠤ ᠲᠦᠰᠢᠭᠯᠡᠬᠦ ᠪᠤᠯ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠷᠠᠳ ᠤᠨ ᠲᠠᠶᠢᠨ ᠤ | ᠢᠯᠠᠯᠲᠠ ᠶᠢ ᠤᠯᠬᠤ ᠡᠷᠲᠡᠨᠢ ᠮᠦᠨ︔ ᠠᠷᠠᠳ ᠲᠦᠮᠠᠠ ᠢ ᠲᠠᠶᠢᠴᠢᠯᠠᠬᠤ ᠪᠤᠯ ᠬᠠᠷᠰᠢ ᠰᠠᠭᠠᠳ ᠢ ᠢᠯᠠᠨ ᠲᠠᠪᠠᠵᠤ᠂ | ᠡᠷᠡᠮᠡᠭᠡᠶᠢᠯᠡᠡ ᠤᠷᠤᠭᠰᠢᠯᠠᠬᠤ ᠶᠢᠨ ᠪᠠᠲᠦ ᠴᠢᠩᠭ᠎ᠠ ᠠᠷᠤ ᠲᠦᠰᠢᠭ ᠮᠦᠨ᠃ | ᠦᠬᠠᠠ ᠤ ᠰᠢᠨ᠎ᠠ ᠵᠸᠤ ᠲᠤᠭᠤᠷᠢᠭ ᠤᠨ ᠴᠸᠠ ᠢᠤᠢ ᠼᠦᠨ ᠲᠤᠰᠬᠤᠨ ᠤ ᠨᠠᠮ ᠤᠨ ᠡᠭᠦᠷ ᠤᠨ ᠱᠦᠵᠢ | ᠵᠠᠩ ᠸᠧᠠ ᠰᠢ ᠪᠤᠯ ᠬᠢᠵᠢᠭ ᠲᠠᠢ ᠲᠡᠮᠡᠴᠡᠬᠦ ᠡᠮᠦᠨ᠎ᠠ ᠹᠷᠤᠨᠲ ᠠᠴᠠ ᠢᠷᠡᠭᠰᠡᠡ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠤᠮ᠂ ᠲᠡᠷᠡ ᠦᠪᠡᠷ ᠤᠨ ᠲᠤᠰ ᠪᠡᠶ᠎ᠠ ᠶᠢᠨ | ᠦᠩᠭᠡᠷᠡᠯᠲᠡ ᠪᠠᠷ ᠢᠶᠠᠨ ᠶᠡᠷᠦᠩᠭᠡᠢ ᠱᠦᠵᠢ ᠰᠢ ᠶᠢᠨ ᠫᠢᠩ ᠳᠤ ᠦᠨᠲᠦᠰᠦᠨ ᠱᠠᠲᠤᠨ ᠤ ᠵᠠᠰᠠᠯᠲᠠ ᠶᠢᠨ ᠴᠢᠬᠤᠯᠠ | ᠴᠢᠨᠠᠷ ᠢ ᠶᠠᠷᠢᠭᠰᠠᠠ ᠪᠠᠶᠢᠨ᠎ᠠ᠄ | ︽ᠮᠠᠠ ᠤ ᠲᠤᠰᠬᠤᠨ ᠰᠢᠨ᠎ᠠ ᠵᠸᠤ ᠶᠢᠨ ᠭᠤᠤᠯ ᠬᠤᠲᠠ ᠶᠢᠨ ᠲᠤᠭᠤᠷᠢᠭ ᠠᠴᠠ 27 ᠺᠢᠯᠤᠮᠧᠲᠷ ᠵᠠᠶᠢᠲᠠᠢ᠂ | ᠲᠤᠰᠬᠤᠨ ᠤ ᠠᠷᠠᠳ 1326 ᠪᠠᠶᠢᠨ᠎ᠠ᠂ ᠡᠭᠦᠨ ᠳᠤ ᠦᠬᠠᠠ ᠤ ᠬᠤᠲᠠ ᠶᠢᠨ ᠲᠤᠭᠤᠷᠢᠭ ᠠᠴᠠ ᠨᠤᠲᠤᠭ ᠲᠠᠭᠠᠨ | ᠢᠷᠡᠭᠰᠡᠡ ᠬᠦᠮᠦᠰ ᠲᠠᠷᠤᠢ 447 ᠪᠠᠶᠢᠨ᠎ᠠ᠃ ᠦᠨᠡᠡ ᠢ ᠬᠡᠯᠡᠬᠦ ᠳᠤ᠂ ᠡᠬᠢᠯᠡᠩᠭᠦᠲᠠ ᠤᠯᠠᠠ ᠢᠶᠠᠷ ᠢᠶᠠᠨ ᠪᠦᠷ | ᠪᠠᠯᠢᠲᠠᠠ ᠰᠠᠠᠲᠤᠷᠴᠤ ᠪᠠᠶᠢᠭᠰᠠᠠ︾᠃ | ︽ᠬᠢᠵᠢᠭ ᠤᠨ ᠪᠠᠶᠢᠲᠠᠯ ᠢ ᠪᠢᠲᠡᠭᠦᠮᠵᠢᠯᠡᠵᠦ ᠲᠡᠶᠢᠯᠬᠦ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠤ | ᠪᠠᠶᠢᠨ᠎ᠠ︾᠃ ᠵᠠᠩ ᠸᠧᠠ ᠰᠢ ᠶᠢᠨ ᠲᠠᠭᠠᠭᠤᠯᠭ᠎ᠠ ᠲᠤᠤᠷ᠎ᠠ᠂ 5 ᠨᠠᠮ ᠤᠨ ᠭᠡᠰᠢᠭᠦᠨ ᠺᠠᠳ᠋ᠷ ᠲᠤᠷᠤᠭᠰᠢ ᠪᠠᠭᠤᠭᠰᠠᠠ | ᠺᠠᠳ᠋ᠷ ᠪᠠ ᠰᠠᠶᠢᠨ ᠲᠤᠷ᠎ᠠ ᠶᠢᠨ ᠠᠵᠢᠯᠯᠠᠭᠰᠠᠳ ᠢ ᠴᠤᠭᠯᠠᠭᠤᠯᠤᠨ 24 ᠬᠦᠮᠦᠨ ᠤ ᠡᠩᠨᠡᠭᠡ ᠶᠢ ᠪᠠᠶᠢᠭᠤᠯᠵᠦ᠂ ᠲᠤᠰ | ᠪᠦᠷᠢ ᠲᠠᠭᠠᠭᠠᠠ ᠪᠠᠲᠤᠯᠠᠵᠦ᠂ ᠬᠦᠠᠲᠡᠯᠡᠡ ᠪᠢᠴᠢᠭᠡᠰᠦ ᠡᠯᠭᠦᠨ᠂ ᠯᠠᠪᠠᠷ ᠢᠶᠠᠷ ᠨᠡᠪᠲᠡᠷᠡᠭᠦᠯᠵᠦ᠂ ᠬᠡᠩᠭᠡᠷᠭᠡ ᠴᠠᠩ | ᠲᠡᠯᠡᠲᠦᠨ ᠬᠠᠰᠬᠢᠷᠴᠤ᠂ ᠤᠯᠠᠠ ᠲᠦᠮᠠᠠ ᠢ ᠲᠠᠶᠢᠴᠢᠯᠠᠨ ᠪᠠᠶᠢᠵᠤ ︽ᠪᠤᠯᠤᠳ ᠭᠡᠷᠡᠮ ᠲᠡᠮᠦᠷ ᠬᠠᠨ᠎ᠠ︾ | ᠪᠤᠰᠬᠠᠭᠰᠠᠠ ᠤ ᠰᠠᠶᠢᠨ ᠢᠶᠠᠷ᠂ ᠪᠦᠬᠦ ᠲᠤᠰᠬᠤᠨ ᠳᠤ ᠨᠢᠭᠡ ᠴᠤ ᠤᠨᠤᠰᠢᠯᠠᠭᠰᠠᠠ ᠡᠪᠡᠳᠴᠢᠨ ᠤ ᠵᠢᠱᠢᠶ᠎ᠠ ᠭᠠᠷᠤᠭᠰᠠᠠ | ᠦᠭᠡᠢ᠂ ᠨᠢᠭᠡ ᠴᠤ ᠰᠡᠵᠢᠭᠯᠡᠯᠲᠡᠢ ᠡᠪᠡᠳᠴᠢᠠ ᠤ ᠵᠢᠱᠢᠶ᠎ᠡ ᠭᠠᠷᠤᠭᠰᠠᠠ ᠦᠭᠡᠢ ᠠᠵᠢ᠃ | ᠵᠠᠩ ᠸᠧᠠ ᠰᠢ ᠪᠠᠰᠠ ᠶᠡᠷᠦᠩᠭᠡᠢ ᠱᠦᠵᠢ ᠳᠤ ᠦᠨᠲᠦᠰᠦᠨ ᠱᠠᠲᠤᠨ ᠤ ᠵᠠᠰᠠᠯᠲᠠ ᠳᠤ ᠤᠷᠤᠰᠢᠵᠦ ᠪᠠᠶᠢᠭ᠎ᠠ | ︽ᠲᠤᠲᠠᠭᠤᠲᠠᠯ︾ ᠢ ᠲᠤᠰᠬᠠᠭᠰᠠᠠ ᠪᠠᠶᠢᠨ᠎ᠠ︔ ᠲᠤᠰᠬᠤᠨ᠂ ᠨᠡᠶᠢᠭᠡᠮ ᠲᠤᠭᠤᠷᠢᠭ ᠤᠨ ᠺᠠᠳ᠋ᠷ ᠤᠨ ᠬᠦᠮᠦᠨ ᠴᠦᠭᠡᠡ | ᠤᠴᠢᠷ ᠶᠠᠪᠤᠲᠠᠯ ᠤᠯᠠᠠ ᠡᠬᠦᠷᠭᠡ ᠬᠦᠨᠲᠦ ᠪᠠᠶᠢᠵᠦ᠂ ᠬᠦᠷᠲᠡᠮᠵᠢ ᠤᠯᠭᠤᠮᠵᠢ ᠪᠠᠰᠠ ᠲᠠᠭᠠᠵᠦ ᠠᠮᠵᠢᠬᠤ ᠦᠭᠡᠢ᠂ | ᠴᠢᠲᠠᠪᠤᠷᠢ ᠲᠠᠢ ᠬᠦᠮᠦᠨ ᠢ ᠤᠷᠤᠭᠤᠯᠤᠨ ᠠᠪᠴᠢᠷᠠᠵᠦ ᠲᠡᠶᠢᠯᠬᠦ ᠦᠭᠡᠢ᠂ ᠦᠯᠡᠲᠡᠭᠡᠡ ᠬᠤᠴᠤᠷᠭᠠᠵᠦ ᠲᠡᠶᠢᠯᠬᠦ ᠦᠭᠡᠢ | ᠪᠠᠶᠢᠨ᠎ᠠ᠃ | ︽ᠡᠨᠡ ᠤᠳᠠᠭ᠎ᠠ ᠶᠢᠨ ᠬᠢᠵᠢᠭ ᠤᠨ ᠪᠠᠶᠢᠳᠠᠯ ᠨᠢ ᠮᠠᠨ ᠤ ᠦᠨᠳᠦᠰᠦᠨ ᠱᠠᠲᠤᠨ ᠤ ᠵᠠᠰᠠᠯᠳᠠ ᠶᠢᠨ ᠰᠢᠰᠲ᠋ᠧᠮ | ᠵᠠᠰᠠᠯᠳᠠ ᠶᠢᠨ ᠴᠢᠳᠠᠪᠤᠷᠢ ᠶᠢᠨ ᠲᠦᠪᠰᠢᠨ ᠢ ᠰᠢᠯᠭᠠᠵᠠᠢ᠂ ᠮᠦᠨᠴᠤ ᠮᠠᠨ ᠤ ᠵᠡᠬᠡᠯᠢ ᠭᠤᠳᠤᠮᠵᠢ ᠪᠤᠯᠤᠨ ᠨᠡᠶᠢᠬᠡᠮ | ᠲᠤᠭᠤᠷᠢᠬ᠂ ᠰᠢᠶᠠᠩ ᠪᠠᠯᠭᠠᠰᠤ ᠪᠤᠯᠤᠨ ᠲᠤᠰᠬᠤᠨ ᠤ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ | ᠤᠢᠢᠯᠡᠳᠤᠯ ᠢ ᠲᠤᠪᠤᠶᠢᠮ᠎ᠠ ᠢᠯᠡᠷᠡᠬᠦᠯᠪᠠ︾᠃ ᠶᠠᠷᠤᠩᠬᠡᠢ ᠱᠦᠵᠢ ᠰᠢ ᠶᠢᠨ ᠫᠢᠩ᠂ ︽ᠡᠩᠬᠡ ᠲᠠᠶᠢᠪᠤᠩ ᠦᠶ᠎ᠡ ᠪᠠ | ᠲᠠᠶᠢᠨ ᠤ ᠦᠶ᠎ᠡ ᠢ ᠤᠶᠠᠯᠳᠤᠭᠤᠯᠬᠤ ᠲᠠᠯ᠎ᠠ ᠠᠴᠠ ᠬᠡᠯᠡᠪᠡᠯ᠂ ᠨᠢᠬᠡ ᠰᠠᠭᠤᠷᠢ ᠲᠠᠢ ᠪᠠᠶᠢᠬᠤ ᠬᠡᠷᠡᠭᠲᠡᠢ᠂ ᠨᠢᠬᠡ ᠢᠵᠢ | ᠲᠦᠬᠦᠷ ᠲᠤᠭᠳᠠᠴᠠ ᠰᠢᠰᠲ᠋ᠧᠮ ᠪᠠᠶᠢᠬᠤ ᠭᠡᠷᠡᠭᠳᠠᠢ᠃ ᠵᠠᠩᠬᠢᠯᠠᠭ᠎ᠠ ᠶᠢᠨ ᠦᠶ᠎ᠠ ᠳᠤ ᠠᠪᠴᠤ ᠭᠠᠷᠭᠠᠵᠤ᠂ | ᠤᠢᠢᠯᠡᠳᠤᠯ ᠢ ᠨᠢ ᠪᠠᠳᠠᠷᠠᠭᠤᠯᠵᠤ ᠲᠡᠶᠢᠯᠬᠦ ᠭᠡᠷᠡᠭᠳᠠᠢ︾ ᠬᠡᠵᠤ ᠵᠢᠭᠠᠵᠤ ᠭᠠᠷᠭᠠᠪᠠ᠃ | ᠨᠢᠳᠤᠨᠤᠨ ᠵᠢᠯ ᠤᠨ ᠡᠴᠤᠰ ᠲᠤ ᠬᠤᠷᠠᠯᠳᠤᠬᠰᠠᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ | ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ ᠠᠴᠠ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ | ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠰᠡᠳᠤᠪ ᠢ ᠲᠤᠰᠬᠠᠢ ᠰᠡᠳᠤᠪ ᠢᠶᠠᠷ ᠰᠤᠳᠤᠯᠪᠠ᠂ | ᠬᠡᠨᠡᠳᠳᠡ ᠪᠠᠷ ᠲᠠᠭᠠᠷᠢᠨ ᠢᠷᠡᠭᠰᠡᠡ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠨᠢ | ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠲᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ | ᠲᠤᠯᠭᠠᠮ ᠴᠢᠨᠠᠷ ᠢ ᠴᠢᠨᠠᠬᠰᠢᠳᠠ ᠢᠯᠡᠷᠡᠬᠦᠯᠪᠠ᠃ | ᠡᠨᠡ ᠬᠦ ᠰᠡᠳᠤᠪ ᠲᠤ ᠠᠩᠬᠠᠷᠤᠯ ᠲᠦᠪᠯᠡᠷᠡᠬᠦᠯᠵᠤ᠂ ᠲᠦᠯᠤᠬᠡᠯᠡᠭᠴᠢ ᠬᠡᠰᠢᠬᠦᠨ ᠰᠠᠨᠠᠯ ᠰᠠᠨᠠᠭᠤᠯᠭ᠎ᠠ | ᠲᠤᠷᠳᠴᠤ ᠠᠷᠭ᠎ᠠ ᠤᠬᠠᠭᠠᠨ ᠭᠠᠷᠭᠠᠪᠠ᠃ | ᠬᠤᠪᠸᠢ ᠶᠢᠨ ᠲᠦᠯᠤᠬᠡᠯᠡᠭᠴᠢᠳ ᠤᠨ ᠪᠦᠯᠬᠦᠮ ᠳᠤ᠂ 5 ᠲᠦᠯᠤᠬᠡᠯᠡᠭᠴᠢ ᠠᠳᠠᠯᠢ ᠪᠤᠰᠤ ᠲᠠᠯ᠎ᠠ ᠠᠴᠠ ᠤᠯᠠᠨ | ᠨᠡᠶᠢᠳᠠ ᠶᠢᠨ ᠡᠷᠡᠬᠦᠯ ᠬᠠᠮᠠᠭᠠᠯᠠᠯ ᠤᠨ ᠰᠡᠷᠬᠡᠶᠢᠯᠡᠨ ᠬᠠᠮᠠᠭᠠᠯᠠᠬᠤ ᠲᠤᠤᠷ ᠢ ᠨᠢᠬᠳᠠ ᠰᠦᠯᠵᠢᠬᠦ ᠪᠠᠳᠤ ᠪᠠᠬᠢᠯᠡᠬᠦ ᠲᠤᠬᠠᠢ | ᠰᠠᠨᠠᠯ ᠰᠠᠨᠠᠭᠤᠯᠭ᠎ᠠ ᠲᠤᠷᠠᠳᠴᠠᠢ᠃ | ᠤᠯᠠᠨ ᠤ ᠶᠠᠷᠢᠬᠤ ᠶᠢ ᠰᠤᠨᠤᠰᠤᠬᠰᠠᠨ ᠤ ᠲᠠᠷᠠᠭ᠎ᠠ᠂ ᠶᠠᠷᠤᠩᠬᠡᠢ ᠱᠦᠵᠢ ᠰᠢ ᠶᠢᠨ ᠫᠢᠩ 5 ᠲᠠᠯ᠎ᠠ ᠠᠴᠠ | ᠠᠰᠠᠭᠤᠳᠠᠯ ᠢ ᠬᠦᠨᠵᠡᠬᠡᠢ ᠵᠠᠳᠠᠯᠵᠤ᠂ ︽ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠳᠤ | ᠦᠬᠡᠷᠡᠴᠢᠯᠠᠯᠳᠠ ᠬᠢᠬᠦ︾ ︽ᠡᠪᠡᠳᠴᠢᠨ ᠡᠮᠭᠡᠭ ᠢ ᠰᠢᠯᠭᠠᠨ ᠪᠠᠶᠢᠴᠠᠭᠠᠵᠤ ᠰᠡᠷᠡᠮᠵᠢᠯᠡᠬᠦᠯᠬᠦ ᠪᠠ ᠪᠠᠴᠢᠮ ᠠᠷᠭᠠᠴᠠᠭᠠᠬᠤ | ᠠᠵᠢᠯᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠬᠦ︾ ︽ᠬᠦᠨᠳᠤ ᠨᠤᠴᠢᠳᠠᠢ ᠬᠢᠵᠢᠭ ᠤᠨ ᠪᠠᠶᠢᠳᠠᠯ ᠠᠴᠠ ᠠᠪᠤᠷᠠᠨ | ᠡᠮᠨᠡᠬᠦ ᠰᠢᠰᠲ᠋ᠧᠮ ᠢ ᠲᠡᠬᠦᠯᠳᠡᠷᠵᠢᠬᠦᠯᠬᠦ︾ ︽ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠪᠠᠴᠢᠮ ᠠᠷᠠᠭᠴᠠᠭᠠᠬᠤ | ᠬᠠᠤᠯᠢ ᠴᠠᠭᠠᠵᠠ ᠬᠠᠤᠯᠢ ᠲᠦᠷᠢᠮ ᠢ ᠲᠡᠬᠦᠯᠳᠡᠷᠵᠢᠬᠦᠯᠬᠦ︾ ︽ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ | ᠬᠦᠳᠡᠯᠬᠡᠬᠡᠨ ᠢ ᠬᠦᠨᠵᠡᠬᠡᠢ ᠦᠷᠨᠢᠬᠦᠯᠬᠦ︾ ᠁ ᠭᠡᠵᠤ ᠠᠷᠭᠠᠴᠠᠭᠠᠬᠤ ᠪᠤᠳᠤᠯᠭ᠎ᠠ ᠶᠢ ᠨᠠᠷᠢᠨ ᠤᠨᠤᠴᠢᠳᠠᠢ | ᠲᠤᠷᠠᠳᠴᠤ᠂ ᠤᠳᠤᠬᠠᠨ ᠤ ᠪᠠᠶᠢᠳᠠᠯ ᠳᠤ ᠰᠠᠭᠤᠷᠢᠯᠠᠬᠰᠠᠨ ᠢᠶᠠᠷ ᠪᠠᠷᠠᠬᠤ ᠦᠬᠡᠢ᠂ ᠨᠡᠩ ᠴᠤ ᠠᠯᠤᠰ ᠢᠷᠡᠬᠡᠳᠤᠢ ᠳᠤ | ᠵᠤᠷᠢᠭᠤᠯᠤᠬᠰᠠᠨ ᠪᠠᠶᠢᠨ᠎ᠠ᠃ | ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠳᠤ᠂ ᠶᠠᠷᠤᠩᠬᠡᠢ ᠱᠦᠵᠢ ᠰᠢ ᠶᠢᠨ ᠫᠢᠩ ᠪᠠᠰᠠ | ︽ᠦᠨᠳᠤᠷ ᠦᠷ᠎ᠠ ᠪᠦᠲᠦᠮᠵᠢᠲᠡᠢ ᠵᠠᠰᠠᠬᠤ︾ ᠰᠡᠳᠤᠪ ᠢ ᠤᠨᠴᠠᠭᠠᠢᠢᠯᠠᠨ ᠲᠤᠷᠠᠳᠪᠠ᠄ | ︽ᠢᠳᠡᠪᠬᠢᠳᠠᠢ ᠪᠦᠭᠡᠳ ᠰᠠᠨᠠᠭᠠᠴᠢᠯᠠᠭ᠎ᠠ ᠠᠴᠠ ᠪᠠᠨ ᠬᠢᠵᠤ᠂ ᠤᠳᠤᠬᠠᠨ ᠳᠤ ᠰᠠᠭᠤᠷᠢᠯᠠᠬᠤ ᠪᠠᠷ ᠪᠠᠷᠠᠬᠤ | ᠦᠬᠡᠢ᠂ ᠠᠯᠤᠰ ᠬᠡᠳᠤ ᠶᠢ ᠪᠤᠲᠤᠯᠬᠢᠯᠠᠵᠤ᠂ ᠴᠢᠬᠤᠯᠠ ᠶᠡᠭᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢ | ᠠᠬᠢᠭᠤᠯᠬᠤ᠂ ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠬᠦᠭᠵᠢᠯᠳᠠ ᠶᠢ ᠲᠡᠮᠵᠢᠬᠦ᠂ ᠠᠵᠤ ᠤᠢᠢᠯᠡᠰ ᠤᠨ | ᠪᠦᠳᠤᠴᠠ ᠳᠤ ᠲᠤᠬᠢᠷᠠᠭᠤᠯᠤᠯᠳᠠ ᠬᠢᠬᠦ ᠶᠢ ᠲᠦᠷᠬᠡᠳᠬᠡᠬᠦ᠂ ᠦᠨᠳᠤᠰᠤᠨ ᠱᠠᠳᠤᠨ ᠤ ᠵᠠᠰᠠᠯᠳᠠ ᠶᠢᠨ ᠴᠢᠳᠠᠪᠤᠷᠢ ᠶᠢ | ᠲᠡᠭᠡᠭᠰᠢᠯᠡᠬᠦᠯᠬᠦ ᠵᠡᠷᠬᠡ ᠲᠠᠯ᠎ᠠ ᠪᠠᠷ ᠵᠠᠷᠢᠮ ᠠᠰᠢᠬᠳᠠᠢ ᠠᠷᠭ᠎ᠠ ᠬᠡᠮᠵᠢᠶ᠎ᠠ ᠶᠢ ᠲᠤᠭᠳᠠᠭᠠᠵᠤ᠂ ᠢᠯᠠᠩᠭᠤᠶ᠎ᠠ ᠳᠤᠮᠳᠠ | ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠬᠦᠷᠬᠡ ᠪᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ | ᠰᠤᠳᠤᠯᠤᠨ ᠲᠦᠯᠦᠪᠵᠢᠬᠦᠯᠵᠤ᠂ ᠴᠢᠨᠠᠷ ᠰᠠᠶᠢᠳᠠᠢ ᠬᠦᠭᠵᠢᠯᠳᠠ᠂ ᠦᠨᠳᠤᠷ ᠦᠷ᠎ᠠ ᠪᠦᠳᠤᠮᠵᠢᠳᠠᠢ ᠵᠠᠰᠠᠯᠳᠠ ᠳᠤ | ᠬᠦᠲᠦᠯᠦᠮᠵᠢ ᠪᠤᠯᠬᠤ ᠴᠢᠨᠠᠷᠳᠠᠢ ᠴᠢᠬᠤᠯᠠ ᠶᠡᠭᠡ ᠲᠦᠯᠤᠪᠵᠢᠬᠦᠯᠬᠡ ᠂ ᠴᠢᠬᠤᠯᠠ ᠶᠡᠭᠡ ᠦᠬᠡᠷᠡᠴᠢᠠᠯᠯᠳᠠ᠂ ᠴᠢᠬᠤᠯᠡ | ᠶᠡᠭᠡ ᠲᠦᠷᠤ ᠶᠢᠨ ᠪᠤᠳᠤᠯᠭ᠎ᠠ ᠶᠢ ᠴᠢᠭᠯᠡᠭᠦᠯᠦᠯᠲᠦ ᠴᠢᠨᠠᠷᠳᠠᠢ ᠪᠠᠷ ᠪᠠᠶᠢᠷᠢᠯᠠᠭᠤᠯᠵᠤ ᠲᠤᠭᠲᠠᠭᠠᠵᠤ᠂ ᠠᠶᠤᠯ | ᠲᠦᠭᠰᠢᠭᠦᠷᠢ ᠶᠢ ᠠᠷᠭᠠᠴᠠᠭᠠᠬᠤ ᠲᠤᠮᠲᠠ ᠠᠵᠢᠯ ᠤᠨ ᠰᠠᠨᠠᠭᠠᠴᠢᠯᠠᠭᠠᠳᠤ ᠡᠷᠬᠡ ᠶᠢ ᠤᠯᠵᠤ᠂ ᠬᠦᠭᠵᠢᠯᠳᠠ ᠶᠢᠨ | ᠰᠠᠨᠠᠭᠠᠴᠢᠯᠠᠭᠠᠳᠤ ᠲᠠᠶᠢᠯᠯᠠᠳᠤᠭᠠᠨ ᠢ ᠰᠠᠶᠢᠳᠤᠷ ᠬᠢᠬᠦ ᠭᠡᠷᠡᠭᠳᠠᠢ︾᠃ | 26 ᠤ ᠦᠳᠡ ᠶᠢᠨ ᠬᠤᠶᠢᠨ᠎ᠠ᠂ ᠴᠢᠯᠤᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠶᠢᠨ ᠴᠡᠷᠢᠭ | ᠠᠩᠬᠢ ᠶᠢᠨ ᠲᠦᠯᠤᠬᠡᠯᠡᠭᠴᠢᠳ ᠤᠨ ᠪᠦᠯᠬᠦᠮ ᠤᠨ ᠪᠦᠬᠦᠳᠠ ᠬᠤᠷᠠᠯ ᠳᠤ ᠤᠷᠤᠯᠴᠠᠬᠤ ᠳᠠᠭᠠᠨ᠂ ᠰᠢ ᠶᠢᠨ ᠫᠢᠩ᠄ | ᠪᠦᠬᠦ ᠴᠡᠷᠢᠭ ᠠᠩᠬᠢ ᠶᠢᠨ ᠬᠢᠨ ᠤᠬᠠᠮᠰᠠᠷ ᠠᠴᠠ ᠪᠠᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ | ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠬᠡᠳᠬᠡᠵᠤ᠂ ᠢᠳᠡᠬᠡᠯ ᠵᠤᠷᠢᠬ ᠢᠶᠠᠨ | ᠪᠠᠳᠤᠳᠬᠠᠵᠤ᠂ ᠬᠦᠴᠢᠷ ᠢ ᠰᠦᠷᠤᠨ ᠤᠷᠤᠬᠰᠢᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ | ᠪᠠᠶᠢᠡᠭᠭᠤᠵᠢᠭᠤᠯᠤᠭᠰᠠᠠ ᠤᠷᠢᠳᠠᠯ ᠲᠤᠤᠷ᠎ᠠ ᠴᠡᠷᠢᠭ ᠠᠩᠬᠢ ᠶᠢᠨ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ | ᠠᠬᠢᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ ᠪᠦᠳᠤᠬᠡᠨ ᠪᠠᠶᠢᠭᠤᠯᠤᠯᠳᠠ ᠶᠢᠨ | 2020 ᠤᠨ ᠤ ᠬᠠᠷᠠᠯᠳᠠ ᠡᠬᠦᠷᠬᠡ ᠶᠢ ᠡᠷᠡᠰ ᠪᠡᠶᠡᠯᠡᠬᠦᠯᠵᠤ᠂ ᠨᠠᠮ ᠪᠤᠯᠤᠨ ᠠᠷᠠᠳ ᠲᠦᠮᠡᠨ ᠤ ᠲᠤᠰᠢᠶᠠᠬᠰᠠᠨ | ᠡᠯ᠎ᠠ ᠵᠦᠢᠯ ᠤᠨ ᠡᠬᠦᠷᠬᠡ ᠶᠢ ᠡᠷᠡᠰ ᠪᠡᠶᠡᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃ | ᠬᠦᠴᠢᠷ ᠢ ᠲᠤᠭᠤᠯᠵᠤ ᠪᠡᠷᠬᠡ ᠶᠢ ᠲᠠᠪᠠᠭ᠋ᠤ ᠲᠤᠮᠲᠠ ᠡᠷᠡᠮᠡᠬᠡᠶᠢᠯᠡᠨ ᠤᠷᠤᠬᠰᠢᠯᠠᠵᠤ᠂ ᠲᠡᠤᠬᠡᠳᠤ ᠴᠢᠨᠠᠷᠳᠠᠢ | ᠰᠢᠯᠭᠠᠯᠳᠠ ᠲᠤᠮᠲᠠ ᠲᠡᠤᠬᠡᠳᠤ ᠴᠢᠨᠠᠷᠳᠠᠢ ᠤᠷᠤᠬᠰᠢᠯᠠᠯᠳᠠ ᠶᠢ ᠪᠡᠶᠡᠯᠡᠬᠦᠯᠬᠦ ᠭᠡᠷᠡᠭᠳᠠᠢ᠂ ᠶᠠᠷᠤᠩᠬᠡᠢ ᠱᠦᠵᠢ ᠰᠢ ᠶᠢᠨ | ᠫᠢᠩ ᠤᠨ ᠶᠠᠷᠢᠶ᠎ᠠ ᠨᠢ ᠬᠦᠮᠦᠰ ᠤᠨ ᠤᠷᠮ᠎ᠠ ᠵᠤᠷᠢᠬ ᠢ ᠬᠦᠭᠵᠢᠬᠡᠵᠤ᠂ ᠤᠷᠤᠬᠰᠢᠯᠠᠭᠤᠯᠤᠨ ᠲᠠᠪᠰᠢᠭᠤᠯᠤᠨ᠎ᠠ — | ︽ᠦᠷᠬᠡᠨ ᠤᠯᠠᠨ ᠨᠠᠮ ᠤᠨ ᠬᠡᠰᠢᠬᠦᠨ ᠺᠠᠳ᠋ᠷ ᠠᠷᠠᠳ ᠲᠦᠮᠡᠨ ᠳᠤ ᠲᠦᠰᠢᠭᠯᠡᠵᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠲᠡᠮᠡᠴᠡᠯ ᠳᠤ ᠢᠯᠡᠷᠡᠬᠦᠯᠦᠭᠰᠡᠨ ᠤᠶᠤᠨ ᠰᠠᠨᠠᠭᠠᠨ ᠤ ᠲᠦᠷᠢ ᠲᠦᠷᠬᠦ ᠪᠠᠨ ᠪᠠᠳᠠᠷᠠᠭᠤᠯᠵᠤ᠂ | ᠦᠨᠡᠨ ᠬᠦ ᠠᠳᠬᠤᠨ ᠪᠤᠲᠠᠲᠠᠢ ᠪᠠᠷ ᠠᠵᠢᠯᠯᠠᠵᠤ᠂ ᠡᠷᠡᠯᠭᠡᠭᠯᠡᠨ ᠲᠡᠮᠡᠴᠡᠵᠤ᠂ ᠵᠤᠷᠢᠬᠳᠠᠢ ᠡᠬᠦᠷᠬᠡᠯᠠᠵᠤ᠂ ᠵᠤᠷᠢᠬᠳᠠᠢ | ᠲᠡᠮᠡᠴᠡᠵᠤ᠂ ᠵᠤᠷᠢᠬᠳᠠᠢ ᠪᠠᠷ ᠬᠦᠴᠢᠷ ᠪᠡᠷᠬᠡᠰᠢᠶᠠᠯ ᠢ ᠲᠠᠪᠠᠵᠤ ᠨᠡᠩ ᠶᠡᠭᠡ ᠰᠢᠨ᠎ᠡ ᠢᠯᠠᠯᠳᠠ ᠶᠢ ᠤᠯᠬᠤ ᠭᠡᠷᠡᠭᠳᠠᠢ︾᠃ | | ︵ᠰᠢᠨᠬᠤᠸᠠ ᠬᠤᠷᠢᠶᠡᠨ ᠤ ᠪᠡᠭᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶ | | |