ᠠᠷᠠᠳ ᠲᠦᠮᠡᠨ ᠤ ᠳᠤᠮᠳᠠ ᠠᠴᠠ ᠰᠦᠷ ᠳᠠᠯᠠᠶᠢᠴᠠᠲᠠᠢ ᠬᠦᠴᠦᠷᠬᠡᠭ ᠬᠦᠴᠦᠨ ᠢ ᠰᠢᠩᠭᠡᠭᠡᠨ᠎ᠠ — ᠶᠡᠷᠦᠩᠬᠡᠢ ᠱᠦᠵᠢ ᠰᠢ ᠶᠢᠨ ᠫᠢᠩ 2020 ᠤᠨ ᠤ ᠪᠦᠬᠦ ᠤᠯᠤᠰ ᠤᠨ ᠬᠤᠶᠠᠷ ᠬᠤᠷᠠᠯ ᠳᠤ ᠤᠷᠤᠯᠴᠠᠭᠰᠠᠠ ᠲᠦᠯᠦᠭᠡᠯᠡᠭᠴᠢ᠂ ᠭᠡᠰᠢᠬᠦᠨ ᠲᠠᠢ ᠤᠯᠤᠰ ᠤᠨ ᠶᠡᠭᠡ ᠪᠤᠲᠤᠯᠭ᠎ᠠ ᠶᠢ ᠬᠠᠮᠲᠤ ᠪᠠᠷ ᠵᠦᠪᠯᠡᠵᠤ ᠶᠠᠷᠢᠯᠴᠠᠭᠰᠠᠠ ᠪᠤᠲᠠᠲᠦ ᠲᠡᠮᠳᠡᠭᠯᠡᠯ
ᠨᠡᠶᠢᠲᠡᠯᠡᠭᠰᠡᠨ ᠴᠠᠭ᠄
2020-05-29
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠷᠢᠬᠯᠠᠨ ᠡᠵᠡᠮᠳᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠤᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠬᠢᠨ᠎ᠠ᠃ 2020 ᠣᠨ ᠬᠡᠴᠢᠨᠡᠭᠡᠨ ᠬᠢᠯᠪᠠᠷ ᠪᠤᠰᠤ ᠪᠠᠶᠢᠭᠰᠠᠨ ᠪᠤᠯ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠲᠠᠷᠤᠢ ᠲᠠᠴᠢᠨᠡᠭᠡᠨ ᠶᠡᠷᠦ ᠪᠤᠰᠤ ᠶᠢᠨ ᠪᠠᠶᠢᠭ᠎ᠠ ᠶᠤᠮ᠃      ᠬᠡᠳᠦᠨ ᠡᠳᠦᠷ ᠤᠨ ᠲᠤᠷᠰᠢ᠂ ᠶᠡᠷᠦᠩᠬᠡᠶ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ᠂ ᠬᠤᠪᠸᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠲᠣᠰ ᠲᠣᠰ ᠣᠷᠣᠯᠴᠠᠵᠤ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠳᠤ ᠣᠷᠣᠯᠴᠠᠵᠤ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠵᠤ ᠠᠬᠤᠶ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠭᠰᠡᠨ ᠪᠦᠭᠡᠳ ᠬᠠᠮᠲᠤᠷᠠᠭᠰᠠᠨ ᠳᠤᠭᠤᠶᠢᠯᠠᠩ  ᠤᠨ ᠬᠤᠷᠠᠯ ᠳᠤ ᠣᠷᠣᠯᠴᠠᠵᠠᠶ᠃ ᠲᠥᠯᠥᠭᠡᠯᠡᠭᠴᠢᠳ ᠭᠡᠰᠢᠭᠦᠳ ᠲᠠᠢ ᠳᠣᠲᠣᠨᠣ ᠪᠠᠷ ᠶᠠᠷᠢᠯᠴᠠᠵᠤ᠂ ᠤᠯᠤᠰ ᠤᠨ ᠶᠡᠭᠡ ᠪᠤᠳᠤᠯᠭ᠎ᠠ ᠶᠢ ᠬᠠᠮᠲᠤ ᠪᠠᠷ ᠵᠥᠪᠳᠡᠯᠴᠡᠵᠤ᠂ ᠳᠤᠮᠳᠠᠳᠤ ᠶᠢᠨ ᠦᠨᠳᠦᠰᠦᠲᠡᠨ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠃      ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠨ᠎ᠠ — ︽ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠳᠤ ᠪᠢᠳᠡ ᠶᠠᠮᠠᠷᠪᠠ ᠦᠷᠡᠭᠳᠡᠯ ᠭᠠᠷᠭᠠᠬᠤ ᠠᠴᠠ ᠬᠠᠶᠢᠬᠤᠷᠬᠤ ᠦᠭᠡᠢ︾        ᠬᠤᠪᠸᠢ ᠮᠤᠵᠢ ᠶᠢᠨ ᠱᠢ ᠶᠠᠨ ᠬᠤᠲᠠ ᠶᠢᠨ ᠲᠠᠢ ᠾᠧ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠯᠦᠸᠧ ᠵᠢᠶᠧ ᠲᠥᠯᠥᠭᠡᠯᠡᠭᠴᠢ ᠭᠤᠷᠪᠠᠨ ᠡᠳᠦᠷ ᠤᠨ ᠳᠣᠲᠣᠷ᠎ᠠ᠂ ᠶᠡᠷᠦᠩᠬᠡᠢ ᠱᠦᠵᠢ ᠰᠢ ᠶᠢᠨ ᠫᠢᠩ ᠲᠡᠭᠦᠨ ᠢ ᠬᠤᠶᠠᠷ ᠤᠳᠠᠭ᠎ᠠ ᠳᠤᠷᠠᠳᠤᠨ᠎ᠠ ᠬᠡᠵᠦ ᠲᠡᠷᠡ ᠰᠠᠨᠠᠶ᠎ᠠ ᠰᠠᠨᠠᠵᠤ ᠴᠤ ᠤᠯᠬᠤ ᠦᠭᠡᠢ ᠠᠵᠢ᠃      ︽ᠡᠨᠡ ᠡᠳᠦᠷ ᠤᠨ ᠦᠳᠡ ᠶᠢᠨ ᠡᠮᠦᠨ᠎ᠡ᠂ ᠲᠥᠯᠥᠭᠡᠯᠡᠭᠴᠢᠳ ᠤᠨ ᠰᠤᠷᠪᠤᠯᠵᠢᠯᠠᠭ᠎ᠠ ᠬᠦᠯᠢᠶᠡᠬᠦ ᠵᠠᠮ ᠳᠤ ᠨᠢᠬᠡᠨ ᠬᠤᠪᠸᠢ ᠠᠴᠠ ᠢᠷᠡᠭᠰᠡᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠦᠭᠡ ᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ︾᠃ 5 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠲᠡᠭᠦᠨ ᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠤᠨ ᠲᠤᠬᠠᠶ ᠰᠢ ᠶᠢᠨ ᠫᠢᠩ ᠡᠶᠢᠮᠦ ᠨᠢᠭᠡᠨ ᠨᠠᠷᠢᠨ ᠵᠦᠢᠯᠡᠰ ᠢ ᠶᠠᠷᠢᠪᠠ —      ︽ᠡᠨᠡ ᠲᠥᠯᠥᠭᠡᠯᠡᠭᠴᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠤᠪᠧᠶ ᠶᠢᠨ ᠡᠮᠨᠡᠵᠤ ᠡᠳᠡᠷᠡᠬᠦᠯᠦᠭᠰᠡᠨ 80 ᠨᠠᠰᠤᠨ ᠠᠴᠠ ᠳᠡᠭᠡᠭᠰᠢᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠲᠡᠨ 3000 ᠭᠠᠷᠤᠶ ᠪᠠᠶᠢᠵᠤ᠂ ᠡᠬᠦᠨ ᠳᠤ ᠨᠢᠬᠡᠨ 87 ᠨᠠᠰᠤᠲᠠᠶ ᠨᠠᠰᠤᠲᠠᠨ ᠢ 10 ᠭᠠᠷᠤᠢ ᠡᠮᠴᠢ ᠰᠤᠪᠢᠯᠠᠭᠴᠢ ᠬᠡᠳᠦᠨ ᠠᠷᠪᠠᠨ ᠡᠳᠦᠷ ᠢᠶᠠᠷ ᠨᠠᠷᠢᠨ ᠨᠢᠮᠪᠠᠢ ᠡᠮᠨᠠᠨ ᠵᠠᠰᠠᠵᠤ ᠰᠤᠪᠢᠯᠠᠵᠤ ᠬᠠᠷᠠᠭᠠᠯᠵᠠᠭᠰᠠᠠ ᠢᠶᠠᠷ ᠡᠴᠦᠰ ᠲᠡᠭᠡᠨ ᠠᠮᠢ ᠶᠢ ᠨᠢ ᠠᠪᠤᠷᠠᠭᠰᠠᠨ ᠭᠡᠳᠡᠭ︾᠃      ︽ᠠᠷᠠᠳ ᠲᠦᠮᠡᠨ ᠢ ᠳᠡᠭᠡᠳᠦᠯᠡᠬᠦ ᠬᠡᠭᠴᠢ ᠶᠠᠭᠤ ᠪᠤᠢ︖ ᠡᠶᠢᠮᠦ ᠣᠯᠠᠨ ᠬᠥᠮᠦᠨ ᠨᠢᠭᠡ ᠡᠪᠡᠳᠴᠢᠲᠡᠨ ᠢ ᠬᠠᠷᠠᠭᠠᠯᠵᠠᠵᠤ ᠪᠠᠶᠢᠬᠤ ᠨᠢ ᠨᠡᠭᠡᠷᠡᠨ ᠶᠠᠮᠠᠷᠪᠠ ᠦᠷᠡᠭᠳᠡᠯ ᠭᠠᠷᠭᠠᠬᠤ ᠶᠢ ᠬᠠᠶᠢᠬᠤᠷᠬᠤ ᠦᠬᠡᠢ ᠪᠠᠶᠢᠬᠤ ᠶᠢᠨ ᠢᠯᠡᠷᠡᠯ ᠪᠤᠯᠬᠤ ᠶᠤᠮ︾ ᠬᠡᠵᠦ ᠶᠡᠷᠦᠩᠬᠡᠢ ᠱᠦᠵᠢ ᠰᠢ ᠶᠢᠨ ᠫᠢᠩ ᠰᠡᠳᠬᠢᠯ ᠳᠤᠭᠳᠤᠯᠤᠨ ᠶᠠᠷᠢᠵᠤ ᠭᠠᠷᠤᠯ᠎ᠠ᠃      ᠶᠡᠷᠦᠩᠬᠡᠢ ᠱᠦᠵᠢ ᠶᠢᠨ ᠳᠤᠷᠠᠳᠤᠭᠰᠠᠨ ᠡᠨᠡ ᠬᠦ ᠠᠷᠠᠳ ᠤᠨ ᠲᠥᠯᠥᠭᠡᠯᠡᠭᠴᠢ ᠪᠤᠯ ᠯᠦᠸᠧ ᠵᠢᠶᠧ ᠪᠤᠯᠬᠤ ᠶᠤᠮ᠃ ᠬᠡᠳᠦᠨ ᠰᠠᠷ᠎ᠠ ᠳᠠᠷᠠᠭᠠᠯᠠᠨ ᠬᠢᠵᠢᠭ ᠲᠠᠢ ᠲᠠᠮᠠᠴᠡᠬᠦ ᠡᠮᠦᠨ᠎ᠡ ᠹᠷᠣᠨᠲ ᠲᠤ ᠡᠷᠡᠯᠬᠡᠭᠯᠡᠨ ᠳᠡᠮᠡᠴᠡᠵᠦ᠂ ᠬᠢᠵᠢᠭ ᠲᠠᠢ ᠲᠠᠮᠠᠴᠡᠬᠦ ᠰᠢᠢᠳᠪᠦᠷᠢᠲᠦ ᠢᠯᠠᠯᠲᠠ ᠶᠢ ᠣᠯᠤᠭᠰᠠᠨ ᠭᠠᠵᠠᠷ ᠠᠴᠠ ᠠᠷᠠᠳ ᠲᠦᠮᠡᠨ ᠤ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠠᠩᠬᠢᠮ ᠳᠤ ᠢᠷᠡᠭᠰᠡᠨ ᠢᠶᠠᠷ ᠯᠦᠸᠧ ᠵᠢᠶᠧ ᠶᠢᠨ ᠰᠡᠳᠬᠢᠯ ᠳᠤ ᠮᠠᠰᠢ ᠣᠯᠠᠨ ᠲᠥᠷᠥᠭᠳᠡᠯ ᠲᠠᠢ ᠪᠠᠶᠢᠯ᠎ᠠ᠃      ᠬᠤᠶᠠᠷ ᠡᠳᠦᠷ ᠤᠨ ᠳᠠᠷᠠᠭᠠᠬᠢ 5 ᠰᠠᠷ᠎ᠠ ᠶᠢᠨ 24 ᠤ ᠦᠳᠡ ᠶᠢᠨ ᠬᠤᠶᠢᠨ᠎ᠠ᠂ ᠬᠤᠪᠸᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠠᠬᠤᠢ ᠲᠠᠯᠠᠪᠠᠢ ᠳᠤ᠂ ᠯᠦᠸᠧ ᠵᠢᠶᠧ ᠶᠡᠷᠦᠩᠬᠡᠢ ᠱᠦᠵᠢ ᠰᠢ ᠶᠢᠨ ᠫᠢᠩ ᠤᠨ ᠡᠰᠡᠷᠭᠦ ᠲᠠᠯ᠎ᠠ ᠳᠤ ᠰᠠᠭᠤᠵᠤ᠂ ᠬᠠᠮᠤᠭ ᠤᠨ ᠲᠦᠷᠦᠬᠦᠨ ᠳᠤ ᠦᠭᠡ ᠭᠡᠯᠡᠪᠠ᠃ ᠳᠡᠷᠡ ᠭᠡᠯᠡᠬᠦ ᠲᠠᠢ ᠵᠡᠷᠬᠡ ᠪᠠᠷ ᠶᠡᠷᠦᠩᠬᠡᠶ ᠱᠦᠵᠢ ᠲᠡᠭᠦᠨ ᠢ ᠲᠠᠨᠢᠴᠢᠬᠠᠭᠰᠠᠠ ᠪᠠᠶᠢᠯ᠎ᠠ᠃      ︽ᠲᠠ ᠯᠦᠸᠧ ᠵᠢᠶᠧ ᠪᠢᠵᠡ︖︾      ︽ᠲᠡᠶᠢᠮᠦ ᠡ︾᠃      ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠬᠤᠪᠸᠢ ᠪᠣᠯᠤᠨ ᠦᠬᠠᠨ ᠤ ᠪᠠᠶᠢᠳᠠᠯ ᠶᠡᠷᠦᠩᠬᠡᠢ ᠱᠦᠵᠢ ᠰᠢ ᠶᠢᠨ ᠫᠢᠩ ᠤᠨ ᠰᠠᠨᠠᠭ᠎ᠠ ᠪᠤᠳᠤᠯ ᠢ ᠴᠠᠭ ᠢᠮᠠᠭᠲᠠ ᠲᠠᠲᠠᠭᠰᠠᠭᠠᠷ ᠢᠷᠠᠵᠠᠢ᠃      3 ᠰᠠᠷ᠎ᠠ ᠶᠢᠨ 10 ᠤ ᠡᠳᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠮᠥᠴᠡ ᠳᠤ᠂ ᠶᠡᠷᠦᠩᠬᠡᠶ ᠱᠦᠵᠢ ᠰᠢ ᠶᠢᠨ ᠫᠢᠩ ᠦᠬᠠᠨ ᠳᠤ ᠬᠦᠷᠴᠦ᠂ ᠬᠢᠵᠢᠭ ᠲᠠᠢ ᠳᠡᠮᠡᠴᠡᠬᠦ ᠲᠠᠶᠢᠯᠠᠯᠳᠤᠭᠠᠨ ᠢ ᠵᠢᠯᠣᠭᠤᠳᠴᠤ᠂ ᠬᠤᠪᠸᠢ ᠶᠢᠨ ᠠᠷᠠᠳ ᠲᠦᠮᠡᠨ ᠤ ᠡᠷᠴᠢ ᠵᠣᠷᠢᠭ ᠢ ᠬᠥᠪᠴᠢᠯᠡᠪᠡ᠃      ᠬᠤᠶᠠᠷ ᠰᠠᠷ᠎ᠠ ᠭᠠᠷᠤᠢ ᠶᠢᠨ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠬᠤᠪᠸᠢ ᠶᠢᠨ ᠠᠷᠠᠳ ᠲᠦᠮᠡᠨ ᠤ ᠳᠤᠮᠳᠠ ᠳᠠᠬᠢᠨᠲᠠ ᠬᠦᠷᠴᠦ ᠢᠷᠡᠪᠡ᠃      ︽ᠡᠨᠡ ᠤᠳᠠᠭ᠎ᠠ ᠶᠢᠨ ᠬᠤᠶᠠᠷ ᠬᠤᠷᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠵᠤ᠂ ᠲᠥᠪ ᠤᠨ ᠤᠳᠤᠷᠢᠳᠬᠤ ᠨᠥᠬᠦᠳ ᠪᠦᠯᠬᠦᠮ ᠳᠤᠭᠤᠶᠢᠯᠠᠩ ᠳᠤ ᠤᠴᠢᠬᠤ ᠲᠤᠭ᠎ᠠ ᠪᠠᠨ ᠪᠠᠭᠠᠰᠬᠠᠪᠠ᠃ ᠪᠢ ᠬᠤᠪᠸᠢ ᠶᠢᠨ ᠲᠥᠯᠥᠭᠡᠯᠡᠭᠴᠢᠳ ᠤᠨ ᠪᠦᠯᠬᠦᠮ ᠳᠤ ᠵᠠᠪᠠᠯ ᠤᠴᠢᠨ᠎ᠠ ᠭᠡᠵᠦ ᠣᠨᠴᠠᠭᠠᠶᠢᠯᠠᠨ ᠳᠤᠷᠠᠳᠴᠠᠢ᠃ ᠲᠠ ᠨᠠᠷ ᠪᠣᠯ ᠬᠤᠪᠸᠢ ᠶᠢᠨ 6000 ᠭᠠᠷᠤᠶ ᠲᠦᠮᠡᠨ ᠠᠷᠠᠳ ᠲᠦᠮᠡᠨ ᠤ ᠲᠥᠯᠥᠭᠡᠯᠡᠭᠴᠢ ᠮᠥᠨ᠂ ᠪᠢ ᠲᠠ ᠤᠯᠠᠨ ᠢᠶᠠᠨ ᠡᠷᠬᠢᠵᠥ ᠥᠵᠡᠬᠦ ᠪᠠᠷ ᠢᠷᠡᠯ᠎ᠠ︾ ᠭᠡᠵᠦ ᠶᠡᠷᠦᠩᠬᠡᠢ ᠱᠦᠵᠢ ᠬᠡᠯᠡᠪᠡ᠃      ᠣᠨᠴᠠᠭᠠᠢ ᠲᠣᠬᠢᠷᠠᠭᠤᠯᠤᠯᠳᠠ᠂ ᠣᠨᠴᠠᠭᠠᠢ ᠬᠠᠯᠠᠮᠵᠢᠯᠠᠯ ᠨᠢ ᠲᠥᠯᠥᠭᠡᠯᠡᠭᠴᠢᠳ ᠤᠨ ᠰᠡᠳᠬᠢᠯ ᠢ ᠳᠤᠯᠠᠭᠠᠴᠠᠭᠤᠯᠤᠬᠰᠠᠨ ᠪᠥᠭᠡᠳ ᠬᠤᠪᠸᠢ ᠶᠢᠨ ᠠᠷᠠᠳ ᠲᠦᠮᠡᠨ ᠤ ᠰᠡᠳᠬᠢᠯ ᠢ ᠴᠦ ᠳᠤᠯᠠᠭᠠᠴᠠᠭᠤᠯᠤᠨ᠎ᠠ ᠠᠵᠢ᠃      ᠡᠨᠡᠬᠦ ᠴᠠᠬ ᠮᠥᠴᠠ ᠶᠢᠨ ᠡᠷᠬᠢᠴᠠᠬᠦᠯᠥᠯ᠂ ᠲᠦᠭ ᠲᠦᠮᠡᠨ ᠬᠥᠮᠥᠰ ᠤᠨ ᠰᠡᠳᠬᠢᠯ ᠢ ᠳᠣᠭᠳᠣᠯᠤᠭᠤᠯᠤᠨ᠎ᠠ᠃      2020 ᠣᠨ ᠳᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷ᠎ᠡ᠂ ᠬᠡᠷᠬᠢᠨ ᠬᠥᠮᠦᠰ ᠢ ᠰᠣᠴᠢᠭᠠᠮ᠎ᠠ ᠬᠠᠭᠤᠳᠠᠰᠤ ᠦᠯᠡᠳᠡᠭᠡᠭᠰᠡᠨ ᠪᠤᠢ︖      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠴᠢᠭᠯᠡᠬᠦᠯᠥᠨ᠂ ᠡᠨᠡ ᠤᠳᠠᠭᠠᠨ ᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠦᠷᠪᠢᠰᠤᠨ ᠲᠡᠯᠭᠡᠷᠡᠬᠦ ᠬᠤᠷᠳᠤᠴᠠ ᠪᠠᠷ ᠬᠠᠮᠤᠭ ᠤᠨ ᠲᠦᠷᠭᠡᠨ᠂ ᠬᠠᠯᠳᠠᠪᠤᠷᠢᠯᠠᠬᠰᠠᠨ ᠬᠡᠪᠴᠢᠶ᠎ᠡ ᠬᠠᠮᠤᠭ ᠤᠨ ᠥᠷᠭᠡᠨ᠂ ᠰᠡᠷᠭᠡᠶᠢᠯᠡᠨ ᠡᠵᠡᠮᠳᠡᠬᠦ ᠬᠦᠴᠢᠷᠳᠠᠯ ᠢᠶᠠᠷ ᠬᠠᠮᠤᠭ ᠤᠨ ᠶᠡᠭᠡ ᠤᠯᠠᠨ ᠨᠠᠶᠢᠳᠠ ᠶᠢᠨ ᠡᠷᠡᠭᠦᠯ ᠬᠠᠮᠠᠭᠠᠯᠠᠯ ᠤᠨ ᠬᠡᠷᠡᠭ ᠲᠤ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠢᠳᠡᠭᠡᠯ ᠵᠤᠷᠢᠬ ᠢᠶᠠᠨ ᠪᠠᠳᠤᠳᠬᠠᠨ᠂ ᠡᠷᠡᠰ ᠰᠢᠭᠤᠷᠬᠠᠢ ᠠᠵᠢᠯᠯᠠᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠰᠠᠨ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠵᠢᠯᠣᠭᠤᠳᠴᠤ᠂ ᠪᠡᠶ᠎ᠡ ᠪᠠᠷ ᠢᠶᠠᠨ ᠪᠠᠶᠢᠷᠢᠯᠠᠭᠤᠯᠵᠥ᠂ ᠳᠤᠮᠳᠠᠳᠤ ᠤᠯᠤᠰ ᠤᠨ 14 ᠳ᠋ᠦᠩᠰᠢᠭᠤᠷ ᠠᠷᠠᠳ ᠲᠦᠮᠡᠨ ᠰᠦᠷ ᠵᠢᠪᠬᠤᠯᠠᠩᠲᠤ ᠠᠷᠠᠳ ᠤᠨ ᠳᠠᠶᠢᠨ᠂ ᠶᠡᠷᠦᠩᠬᠡᠢ ᠳᠠᠶᠢᠯᠠᠯᠳᠤᠭᠠᠨ᠂ ᠬᠤᠷᠢᠬᠯᠠᠯᠳᠠ ᠶᠢᠨ ᠲᠠᠶᠢᠯᠠᠯᠳᠤᠭᠠᠨ ᠢ ᠦᠷᠨᠢᠬᠦᠯᠪᠠ᠃      ︽ᠬᠢᠵᠢᠭ︾ ᠤᠨ ᠲᠠᠶᠢᠯᠠᠯᠳᠤᠭᠠᠨ ᠤ ᠬᠡᠷᠡᠭᠴᠡᠭᠡ ᠠᠴᠠ ᠪᠣᠯᠵᠤ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠬᠤᠶᠠᠷ ᠰᠠᠷ᠎ᠠ ᠭᠠᠷᠤᠢ ᠬᠤᠶᠢᠰᠢᠯᠠᠨ ᠶᠠᠪᠤᠭᠳᠠᠵᠠᠢ᠂ ᠡᠨᠡ ᠨᠢ ᠶᠡᠷᠦ ᠪᠤᠰᠤ ᠶᠢᠨ ᠴᠠᠭ ᠦᠶ᠎ᠡ ᠶᠢᠨ ᠶᠡᠷᠦ ᠪᠤᠰᠤ ᠶᠢᠨ ᠠᠷᠭ᠎ᠠ ᠬᠡᠮᠵᠢᠶ᠎ᠡ ᠪᠣᠯᠤᠨ᠎ᠠ᠃      ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠨ᠂ ᠦᠬᠠᠨ ᠢ ᠬᠠᠮᠠᠭᠠᠯᠠᠬᠤ ᠲᠠᠶᠢᠯᠠᠯᠳᠤᠭᠠᠨ᠂ ᠬᠤᠪᠸᠢ ᠶᠢ ᠬᠠᠮᠠᠭᠠᠯᠠᠬᠤ ᠲᠠᠶᠢᠯᠠᠯᠳᠤᠭᠠᠨ ᠰᠢᠶ᠋ᠳᠪᠦᠷᠢᠲᠦ ᠴᠢᠨᠠᠷᠲᠠᠶ ᠦᠷ᠎ᠡ ᠪᠦᠲᠦᠭᠡᠯ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠤᠯᠤᠯ᠎ᠠ᠃      ᠣᠳᠣᠬᠠᠨ ᠳᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠦᠪᠡᠳᠡᠭᠰᠢ ᠶᠡᠭᠡ ᠬᠤᠷᠠᠯ ᠳᠠᠬᠢᠨᠲᠠ ᠬᠤᠷᠠᠯᠳᠤᠭᠰᠠᠨ ᠨᠢ ᠲᠡᠷᠡ ᠴᠡᠭ ᠢᠶᠠᠷ ᠢᠶᠠᠨ ᠳᠤᠮᠳᠠᠳᠤ ᠤᠯᠤᠰ ᠤᠨ ᠬᠢᠵᠢᠭ ᠲᠠᠢ ᠲᠠᠮᠠᠴᠡᠬᠦ ᠲᠠᠶᠢᠯᠠᠯᠳᠤᠭᠠᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠠ ᠪᠦᠲᠦᠭᠡᠯ ᠣᠯᠤᠭᠰᠠᠨ ᠤ ᠢᠯᠡᠷᠬᠡᠢ ᠪᠡᠯᠭᠡ ᠲᠡᠮᠳᠡᠭ ᠪᠣᠯᠬᠤ ᠶᠤᠮ᠃      ︽ᠦᠬᠠᠨ ᠤ ᠠᠵᠤ ᠠᠬᠤᠶᠢᠯᠠᠯ ᠠᠵᠢᠯ ᠢᠶᠠᠨ ᠰᠡᠷᠬᠦᠭᠡᠵᠤ ᠦᠢᠯᠡᠳᠪᠦᠷᠢᠯᠡᠯ ᠢᠶᠠᠨ ᠰᠡᠷᠭᠦᠭᠡᠯ᠎ᠠ᠂ ᠬᠡᠦᠬᠡᠳ ᠤᠳ ᠵᠠᠯᠭᠠᠪᠡᠷ ᠰᠤᠷᠭᠠᠭᠤᠯᠢ ᠳᠠᠭᠠᠨ ᠤᠴᠢᠯ᠎ᠠ᠂ ᠡᠮᠨᠡᠯᠭᠡ ᠶᠢᠨ ᠬᠤᠷᠢᠶ᠎ᠠ ᠬᠡᠪ ᠤᠨ ᠪᠠᠶᠢᠳᠠᠯ ᠢᠶᠠᠷ ᠡᠮᠴᠢᠯᠡᠵᠤ ᠡᠬᠢᠯᠠᠯ᠎ᠠ᠂ ᠬᠤᠳᠠᠯᠳᠤᠭᠠᠨ ᠤ ᠲᠠᠯᠠᠪᠠᠢ ᠭᠡᠳᠤ ᠲᠡᠯᠭᠡᠬᠦᠷ ᠡᠬᠦᠳᠠ ᠪᠠᠨ ᠨᠡᠭᠡᠭᠡᠯ᠎ᠠ᠂ ᠲᠡᠷᠡ ᠬᠦ ᠠᠮᠢᠵᠢᠷᠠᠯ ᠤᠨ ᠬᠦᠴᠦᠨ ᠲᠠᠢ ᠦᠬᠠᠨ ᠬᠤᠳᠠ ᠬᠦᠭᠵᠢᠶᠠᠨ ᠨᠠᠷᠬᠢᠶᠠᠨ ᠢᠶᠠᠷ ᠪᠢᠯᠬᠠᠯ᠎ᠠ︾ ᠬᠡᠵᠥ 5 ᠲᠥᠯᠥᠭᠡᠯᠡᠭᠴᠢ ᠤᠷᠢᠳ ᠬᠤᠵᠢᠳ ᠦᠭᠡ ᠭᠡᠯᠡᠵᠤ᠂ ᠶᠡᠷᠦᠩᠬᠡᠢ ᠱᠦᠵᠢ ᠳᠤ ᠬᠤᠪᠸᠢ ᠪᠣᠯᠤᠨ ᠦᠬᠠᠨ ᠤ ᠬᠢᠵᠢᠭ ᠤᠨ ᠪᠠᠶᠢᠳᠠᠯ ᠠᠴᠠ ᠲᠠᠬᠢᠨ ᠬᠦᠭᠵᠢᠨ ᠮᠠᠨᠳᠤᠵᠤ ᠪᠠᠶᠢᠬᠤ ᠲᠤᠬᠠᠢ ᠬᠠᠷᠢᠭᠤ ᠮᠡᠳᠡᠭᠦᠯᠦᠯᠳᠠ ᠬᠢᠵᠤ᠂ ᠦᠭᠡ ᠦᠬᠦᠯᠠᠪᠤᠷᠢ ᠳᠤᠨᠢ ᠲᠤᠭᠳᠤᠯᠤᠭᠰᠠᠨ ᠰᠡᠳᠬᠢᠯᠭᠡ ᠪᠢᠯᠬᠠᠵᠤ ᠪᠠᠶᠢᠯ᠎ᠠ᠃      ᠦᠬᠠᠨ ᠬᠤᠲᠠ ᠶᠢᠨ ᠬᠤᠶᠠᠳᠤᠭᠠᠷ ᠬᠥᠩᠭᠡᠨ ᠠᠵᠤ ᠦᠶ᠋ᠯᠡᠳᠪᠦᠷᠢ ᠶᠢᠨ ᠰᠤᠷᠭᠠᠭᠤᠯᠢ ᠠᠴᠠ ᠢᠷᠡᠭᠰᠡᠨ ᠢᠦᠶ ᠴᠧᠩ ᠲᠥᠯᠥᠭᠡᠯᠡᠭᠴᠢ᠂ ᠦᠬᠠᠨ ᠤ ᠠᠷᠠᠳ ᠲᠦᠮᠡᠨ ᠤ ᠬᠦᠰᠡᠯ ᠪᠤᠳᠤᠯ ᠢ ᠡᠪᠤᠷᠯᠡᠵᠤ ᠢᠷᠠᠯ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠲᠡᠷᠡ ᠦᠬᠠᠨ ᠤ ᠠᠶ ᠵᠢᠶᠠ ᠣᠯᠠᠨ ᠤᠯᠤᠰ ᠤᠨ ᠨᠡᠶᠢᠭᠡᠮ ᠲᠣᠭᠤᠷᠢᠭ ᠲᠤ ᠬᠦᠷᠴᠦ ᠰᠠᠶᠢᠨ ᠲᠤᠷᠠᠴᠤᠳ ᠪᠤᠯᠤᠭᠰᠠᠨ ᠪᠠᠶᠢᠵᠠᠢ᠃      ︽ᠶᠡᠷᠦᠩᠬᠡᠢ ᠱᠦᠵᠢ᠂ ᠲᠠ ᠬᠤᠪᠸᠢ ᠳᠤ ᠰᠢᠨᠵᠢᠯᠡᠨ ᠪᠠᠶᠢᠴᠠᠭᠠᠬᠤ ᠳᠠᠭᠠᠨ᠂ ᠦᠬᠠᠨ ᠤ ᠠᠷᠠᠳ ᠲᠦᠮᠡᠨ ᠠᠮᠢᠳᠤ ᠵᠢᠭᠠᠰᠤ ᠢᠳᠡᠬᠦ ᠳᠤᠷᠠᠲᠠᠶ ᠪᠣᠯᠬᠤᠷ ᠢᠯᠡᠭᠦᠬᠡᠨ ᠵᠣᠬᠢᠶᠠᠨ ᠪᠠᠶᠢᠭᠤᠯᠵᠤ ᠬᠠᠩᠭᠠᠬᠤ ᠬᠡᠷᠡᠭᠲᠡᠶ ᠭᠡᠰᠡᠨ ᠶᠤᠮ᠃ ᠨᠢᠭᠡ ᠭᠠᠷᠠᠭ ᠪᠣᠯᠤᠯ ᠦᠭᠡᠢ ᠪᠠᠷ ᠠᠮᠢᠳᠤ ᠵᠢᠭᠠᠰᠤ ᠶᠢ ᠮᠠᠨ ᠤ ᠨᠡᠶᠢᠭᠡᠮ ᠲᠤᠭᠤᠷᠢᠬ ᠲᠤ ᠬᠦᠷᠭᠡᠵᠥ ᠢᠷᠡᠪᠡ᠃ ᠨᠠᠶᠠ ᠭᠠᠷᠤᠭᠰᠠᠠ ᠯᠢᠶᠣᠤ ᠨᠠᠰᠤᠲᠠᠨ᠂ ᠡᠶᠢᠮᠦᠷᠬᠦ ᠬᠦᠨᠳᠦ ᠨᠤᠴᠢᠳᠠᠢ ᠬᠢᠵᠢᠭ ᠤᠨ ᠪᠠᠶᠢᠳᠠᠯ ᠳᠤ ᠠᠮᠢᠳᠤ ᠵᠢᠭᠠᠰᠤ ᠣᠯᠵᠤ ᠢᠳᠡᠨ᠎ᠠ ᠭᠡᠵᠤ ᠶᠡᠷᠤᠨᠢ ᠪᠣᠳᠣᠵᠤ ᠣᠯᠤᠭᠰᠠᠨ ᠦᠭᠡᠶ᠂ ᠨᠠᠮ ᠵᠠᠰᠠᠭ ᠲᠠᠭᠠᠨ ᠲᠠᠯᠠᠷᠬᠠᠵᠤ ᠪᠠᠶᠢᠨ᠎ᠠ ᠬᠡᠵᠥ ᠰᠠᠳᠬᠢᠯ ᠲᠤᠭᠳᠤᠯᠤᠨ ᠭᠡᠯᠡᠵᠤ ᠪᠠᠶᠢᠬᠰᠠᠨ ᠶᠤᠮ︾᠃      ᠰᠡᠳᠬᠢᠯ ᠬᠥᠳᠡᠯᠭᠡᠮ᠎ᠠ ᠥᠯᠢᠭᠡᠷ ᠢᠶᠠᠨ ᠬᠤᠪᠢᠶᠠᠯᠴᠠᠬᠤ ᠶᠢᠨ ᠵᠠᠶᠢᠴᠠ ᠳᠤ ᠢᠦᠶ ᠴᠧᠩ ᠬᠠᠯᠠᠭᠤᠨ ᠨᠢᠯᠪᠤᠰᠤ ᠪᠦᠮᠪᠤᠷᠢᠬᠦᠯᠤᠯ᠎ᠠ᠃ ᠲᠡᠷᠡ ᠰᠠᠭᠤᠳᠠᠯ ᠠᠴᠠ ᠪᠠᠨ ᠪᠣᠰᠴᠤ ᠵᠣᠭᠰᠣᠨ ᠮᠡᠭᠦ᠋ᠢᠨ ᠶᠣᠰᠣᠯᠠᠪᠠ᠃      ︽ᠢᠷᠡᠬᠦ ᠠᠴᠠ ᠡᠮᠦᠨ᠎ᠡ᠂ ᠣᠯᠠᠨ ᠢᠶᠠᠷ ᠢᠶᠠᠨ ᠨᠠᠳᠠ ᠳᠤ ᠨᠠᠶᠢᠳᠠᠵᠤ ᠵᠡᠪᠠᠯ ︿ᠲᠠᠯᠠᠷᠬᠠᠯ᠎ᠠ︕  ﹀ ᠶᠡᠷᠦᠩᠬᠡᠶ ᠱᠦᠵᠢ ᠳᠤ ᠲᠠᠯᠠᠷᠬᠠᠵᠤ ᠪᠠᠶᠢᠨ᠎ᠠ᠂ ᠨᠠᠮ ᠤᠨ ᠲᠥᠪ ᠬᠤᠷᠢᠶ᠎ᠠ ᠳᠤ ᠲᠠᠯᠠᠷᠬᠠᠵᠤ ᠪᠠᠶᠢᠨ᠎ᠠ᠂ ᠬᠤᠪᠧᠶ ᠪᠣᠯᠤᠨ ᠦᠬᠠᠨ ᠢ ᠳᠠᠮᠵᠢᠵᠤ ᠲᠤᠰᠠᠯᠠᠭᠰᠠᠨ ᠪᠦᠬᠦ ᠤᠯᠤᠰ ᠤᠨ ᠠᠷᠠᠳ ᠲᠦᠮᠡᠨ ᠪᠣᠯᠤᠨ ᠡᠯ᠎ᠡ ᠡᠲᠡᠭᠡᠳ ᠤᠨ ᠨᠠᠶᠢᠵᠠ ᠨᠠᠷ ᠲᠠᠭᠠᠨ ᠲᠠᠯᠠᠷᠬᠠᠵᠤ ᠪᠠᠶᠢᠨ᠎ᠠ ᠭᠡᠵᠤ ᠭᠡᠯᠡᠭᠡᠷᠡᠢ ᠭᠡᠰᠡᠨ ᠶᠤᠮ︾ ᠭᠡᠪᠡ᠃      ᠬᠤᠷᠠᠯ ᠤᠨ ᠲᠠᠯᠠᠪᠠᠢ ᠳᠤ ᠠᠯᠠᠭ᠎ᠠ ᠲᠠᠰᠢᠬᠤ ᠲᠠᠭᠤᠨ ᠤᠳᠠᠲᠠᠯ᠎ᠠ ᠦᠷᠭᠦᠯᠵᠢᠯᠡᠪᠡ᠃      ︽ᠤᠯᠠᠨ ᠤ ᠬᠡᠯᠡᠭᠦ ᠶᠢ ᠰᠣᠨᠣᠰᠤᠭᠠᠳ ᠪᠢ ᠮᠠᠰᠢ ᠰᠡᠳᠬᠢᠯ ᠲᠤᠭᠳᠤᠯᠤᠯ᠎ᠠ︾ ᠭᠡᠵᠤ ᠶᠡᠷᠦᠩᠬᠡᠢ ᠱᠦᠵᠢ ᠰᠢ ᠶᠢᠨ ᠫᠢᠩ ᠭᠦᠨ ᠰᠡᠳᠬᠢᠯᠭᠡ ᠲᠠᠢ ᠪᠠᠷ ᠭᠡᠯᠡᠨ᠎ᠠ᠃ ᠲᠠᠷᠠ᠄ ︽ᠬᠤᠪᠸᠢ ᠶᠢᠨ ᠠᠷᠠᠳ ᠲᠦᠮᠡᠨ᠂ ᠦᠬᠠᠨ ᠤ ᠠᠷᠠᠳ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠯᠤᠲᠤ ᠶᠡᠭᠡ ᠦᠷᠡᠭᠳᠡᠯ ᠭᠠᠷᠭᠠᠵᠠᠶ᠃ ᠦᠬᠠᠨ ᠪᠣᠯ ᠨᠡᠷ᠎ᠡ ᠨᠢᠳᠡᠷ ᠲᠡᠭᠡᠨ ᠲᠤᠬᠢᠷᠠᠭᠰᠠᠨ ᠪᠠᠭᠠᠲᠤᠷᠯᠢᠭ ᠬᠤᠳᠠ᠂ ᠬᠤᠪᠸᠢ ᠶᠢᠨ ᠠᠷᠠᠳ ᠲᠦᠮᠡᠨ ᠪᠠ ᠦᠬᠠᠨ ᠤ ᠠᠷᠠᠳ ᠲᠦᠮᠡᠨ ᠪᠣᠯ ᠶᠤᠰᠤᠳᠠᠢ ᠪᠠᠭᠠᠲᠤᠷᠯᠢᠭ ᠠᠷᠠᠳ ᠲᠦᠮᠡᠨ ᠮᠥᠨ᠃ ᠪᠢ ᠠᠳᠡ ᠰᠠᠭᠤᠵᠤ ᠪᠠᠶᠢᠭ᠎ᠠ ᠨᠥᠬᠦᠳ ᠪᠤᠯᠤᠨ ᠬᠤᠪᠸᠢ ᠶᠢᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠤᠨ ᠲᠠᠯᠠᠷᠬᠠᠯ ᠢᠶᠠᠨ ᠳᠡᠪᠰᠢᠭᠦᠯᠵᠤ ᠪᠠᠶᠢᠨ᠎ᠠ︕︾ ᠭᠡᠯ᠎ᠡ᠃      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠠᠶᠢᠨ᠎ᠠ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ᠃ ᠨᠠᠮ ᠠᠴᠠ ᠠᠷᠠᠳ ᠲᠦᠮᠡᠨ ᠢ ᠪᠦᠯᠬᠦᠮᠳᠡᠬᠦᠯᠥᠨ ᠳᠠᠭᠠᠭᠤᠯᠵᠤ ᠬᠤᠪᠢᠰᠬᠠᠯ᠂ ᠪᠦᠳᠦᠬᠡᠨ ᠪᠠᠶᠢᠭᠤᠯᠤᠯᠳᠠ᠂ ᠦᠬᠡᠷᠡᠴᠢᠯᠡᠯᠳᠠ ᠬᠢᠭᠰᠡᠨ ᠤ ᠦᠨᠳᠦᠰᠦᠨ ᠵᠤᠷᠢᠯᠭ᠎ᠠ ᠨᠢ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠦᠯᠥᠬᠡ ᠶᠤᠮ᠂ ᠬᠡᠳᠤᠢ ᠶᠡᠭᠡ ᠦᠷᠢᠰᠦᠯᠳᠦᠬᠡᠨ ᠪᠤᠯᠤᠨ ᠲᠠᠷᠤᠯᠳᠠ ᠳᠤ ᠲᠤᠯᠭᠠᠷᠠᠭᠰᠠᠠ ᠴᠦ᠂ ᠬᠡᠳᠤᠢ ᠶᠡᠭᠡ ᠦᠷᠡᠭᠳᠡᠯ ᠪᠤᠯᠤᠨ ᠦᠨ᠎ᠠ ᠦᠷᠳᠡᠭ ᠭᠠᠷᠭᠠᠭᠰᠠᠠ ᠴᠦ᠂ ᠡᠨᠡ ᠲᠡᠯ᠎ᠡ ᠪᠠᠷ ᠪᠦᠷ ᠢᠮᠠᠬᠳᠠ ᠬᠤᠪᠢᠷᠡᠰᠢ ᠦᠬᠡᠢ᠂ ᠦᠴᠦᠬᠡᠨ ᠴᠦ ᠭᠤᠶᠢᠪᠢᠰᠢ ᠦᠬᠡᠢ ᠶᠤᠮ︾᠃      ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ᠂ ᠶᠡᠷᠦᠩᠬᠡᠶ ᠱᠦᠵᠢ ᠰᠢ ᠶᠢᠨ ᠫᠢᠩ ︽ᠠᠷᠠᠳ ᠲᠦᠮᠡᠨ︾ ᠢᠶᠠᠷ ᠵᠠᠩᠭᠢᠯᠠᠭ᠎ᠠ ᠶᠢᠨ ᠦᠭᠡ ᠪᠣᠯᠭᠠᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠠᠴᠠ ᠡᠬᠢᠯᠡᠨ ᠶᠠᠷᠢᠵᠤ᠂ ᠡᠨᠡ ᠬᠤᠶᠠᠷ ᠥᠰᠥᠭ ᠤᠨ ᠠᠭᠤᠯᠤᠭᠳᠠᠬᠤᠨ ᠢ ᠭᠦᠨᠵᠡᠭᠡᠶ ᠲᠠᠶᠢᠯᠪᠤᠷᠢᠯᠠᠵᠠᠢ᠃      ᠠᠷᠠᠳ ᠲᠦᠮᠡᠨ ᠢ ᠳᠡᠭᠡᠳᠦᠯᠡᠬᠦ ᠶᠢ ᠪᠠᠷᠢᠮᠳᠠᠯᠠᠬᠤ ᠲᠤᠬᠠᠢ ᠥᠭᠦᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠡᠷᠲᠡᠨ ᠤ ᠦᠭᠡ ᠪᠠᠷ ᠡᠰᠢᠯᠡᠨ ᠲᠠᠳᠠᠵᠤ᠄      ︽︿ᠠᠷᠠᠳ ᠢᠷᠭᠡᠳ ᠲᠠᠢ ᠠᠰᠢᠭ ᠲᠤᠰᠠ ᠪᠠᠨ ᠬᠠᠮᠲᠤᠳᠬᠠᠵᠤ ᠴᠢᠲᠠᠪᠠᠰᠦ ᠳᠡᠯᠡᠬᠡᠢ ᠳ᠋ᠠᠬᠢᠨ ᠢ ᠤᠯᠵᠤ ᠪᠤᠯᠤᠮᠤᠢ︔ ᠠᠷᠠᠳ ᠢᠷᠭᠡᠳ ᠲᠤ ᠠᠰᠢᠭ ᠲᠤᠰᠠ ᠤᠯᠭᠤᠵᠤ ᠴᠢᠳᠠᠪᠠᠰᠤ ᠳᠡᠯᠡᠬᠡᠶ ᠳ᠋ᠠᠬᠢᠨ ᠢ ᠵᠠᠬᠢᠷᠴᠦ ᠪᠤᠯᠤᠮᠤᠢ﹀ ᠭᠡᠵᠤ ᠡᠷᠳᠡᠨ ᠤ ᠬᠦᠮᠦᠰ ᠶᠠᠷᠢᠳᠠᠭ᠃ ᠮᠠᠨ ᠤ ᠨᠠᠮ ᠳᠤ ᠥᠪᠡᠷ ᠤᠨ ᠣᠨᠴᠠᠭᠠᠶ ᠠᠰᠢᠭ ᠲᠤᠰᠠ ᠪᠠᠶᠢᠬᠤ ᠦᠭᠡᠢ᠂ ᠨᠠᠮ ᠬᠡᠵᠢᠶ᠎ᠡ ᠴᠦ ᠭᠡᠰᠡᠨ ᠴᠥᠮ ᠤᠯᠠᠨ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠳᠠᠢ ᠭᠡᠵᠦ ᠨᠠᠮ ᠤᠨ ᠲᠦᠷᠢᠮ ᠳᠤ ᠲᠣᠳᠣᠷᠬᠠᠶ ᠲᠣᠭᠲᠠᠭᠠᠪᠠ︾ ᠭᠡᠪᠡ᠃      ᠶᠡᠷᠦᠩᠬᠡᠶ ᠱᠦᠵᠢ ᠰᠢ ᠶᠢᠨ ᠫᠢᠩ ᠬᠤᠶᠠᠷ ᠬᠤᠷᠠᠯ ᠠᠴᠠ ᠡᠮᠦᠨᠡᠬᠡᠨ ᠱᠠᠨ ᠰᠢ ᠳᠤ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠳᠠ ᠬᠢᠭᠰᠡᠨ ᠲᠥᠷᠥᠭᠳᠡᠯ ᠢᠶᠠᠨ᠄ ︽ᠪᠢ ᠳ᠋ᠠᠲ᠋ᠦ᠋ᠩ ᠤᠨ ᠣᠷᠭᠠᠨᠢᠭ ᠰᠢᠷ᠎ᠠ ᠴᠡᠴᠡᠭᠲᠦ ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠳᠤ ᠲᠣᠰᠬᠤᠨ ᠤ ᠠᠷᠠᠳ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠤ ᠲᠥᠯᠥᠭᠡ ᠠᠵᠢᠯ ᠶᠠᠪᠤᠳᠠᠯ ᠬᠢᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠪᠦᠲᠦᠮᠵᠢ ᠪᠣᠯᠭᠠᠵᠤ᠂ ᠠᠷᠠᠳ ᠢᠷᠭᠡᠳ ᠲᠤ ᠬᠡᠴᠢᠨᠡᠨ ᠰᠠᠶᠢᠨ ᠶᠠᠪᠤᠳᠠᠯ ᠪᠣᠳᠠᠲᠠᠶ ᠠᠵᠢᠯ ᠬᠢᠵᠦ ᠥᠭᠭᠦᠭᠰᠡᠨ ᠢᠶᠠᠷ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠨ᠎ᠠ ᠭᠡᠵᠠᠢ︾ ᠭᠡᠵᠤ ᠤᠯᠠᠨ ᠳᠤ ᠶᠠᠷᠢᠯ᠎ᠡ᠃     ᠠᠷᠠᠳ ᠲᠦᠮᠡᠨ ᠢ ᠳᠡᠭᠡᠳᠦᠯᠡᠨ᠎ᠡ︕ ᠡᠨᠡ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠢᠭᠤᠳᠤᠨ ᠲᠡᠮᠡᠴᠡᠬᠦ ᠤᠭ ᠰᠠᠨᠠᠭ᠎ᠠ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠲᠦᠷᠦ ᠪᠠᠷᠢᠬᠤ ᠣᠢᠢᠯᠠᠭᠠᠭᠳᠠᠬᠤᠨ ᠮᠥᠨ᠃      ᠭᠠᠭᠴᠠ ᠬᠦ ᠡᠨᠡ ᠬᠦ ︽ᠭᠠᠷᠤᠭ᠎ᠠ︾ ᠳᠤ ᠵᠣᠭᠰᠣᠪᠠᠯ ᠰᠠᠶ᠋ᠢ ᠡᠨᠡ ᠬᠦ ᠦᠭᠡ ᠶᠢᠨ ᠬᠦᠨᠳᠦ ᠶᠢ ᠵᠢᠩᠬᠢᠨᠢ ᠣᠬᠠᠵᠤ ᠴᠢᠳᠠᠨ᠎ᠠ — ︽ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳᠤ ᠶᠢ ᠬᠠᠮᠠᠭᠠᠯᠠᠬᠤ ᠳᠤ ᠶᠠᠮᠠᠷᠪᠠ ᠦᠷᠡᠭᠳᠡᠯ ᠭᠠᠷᠭᠠᠬᠤ ᠠᠴᠠ ᠴᠦ ᠪᠤᠴᠠᠬᠤ ᠦᠭᠡᠢ︾᠃     ᠠᠷᠠᠳ ᠲᠦᠮᠡᠨ ᠳᠤ ᠪᠤᠶᠠᠨ ᠦᠢᠯᠡᠳᠦᠨ᠎ᠡ — ︽ᠬᠠᠮᠲᠤ ᠪᠠᠷ ᠴᠢᠨᠡᠭᠡᠯᠢᠭᠵᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠦᠨ᠎ᠡ᠂ ᠣᠯᠠᠨ ᠢᠶᠠᠷ ᠢᠶᠠᠨ ᠡᠨᠡ ᠵᠠᠮ ᠢᠶᠠᠷ ᠬᠠᠮᠲᠤ ᠪᠠᠷ ᠵᠠᠮᠨᠠᠶ᠎ᠠ︾      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠠᠨᠠᠭᠠᠰᠢᠷᠠᠵᠤ ᠪᠠᠶᠢᠭ᠎ᠠ ᠶᠡᠭᠡ ᠶᠠᠪᠤᠳᠠᠯ ᠪᠣᠯᠤᠨ᠎ᠠ᠃ 2013 ᠣᠨ ᠠᠴᠠ ᠨᠠᠭᠠᠰᠢ᠂ ᠲᠡᠷᠡᠪᠡᠷ ᠵᠢᠯ ᠪᠦᠷᠢ ᠶᠢᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ ᠲᠥᠯᠥᠭᠡᠯᠡᠭᠴᠢ ᠭᠡᠰᠢᠭᠦᠳ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ ᠪᠤᠳᠤᠯᠭ᠎ᠠ ᠶᠢ ᠵᠥᠪᠳᠡᠯᠴᠡᠳᠡᠭ᠃      ︽ᠣᠳᠣᠬᠠᠨ ᠳᠤ᠂ ᠪᠦᠬᠦ ᠤᠯᠤᠰ ᠲᠤ ᠪᠠᠰᠠ 52 ᠶᠠᠳᠠᠭᠤ ᠬᠦᠴᠢᠷᠳᠡᠯᠲᠡᠢ ᠰᠢᠶᠠᠨ ᠶᠠᠳᠠᠭᠤ ᠠᠴᠠ ᠠᠩᠭᠢᠵᠢᠷᠠᠭᠠᠳᠤᠢ᠂ 2707 ᠶᠠᠳᠠᠭᠤ ᠬᠦᠴᠢᠷᠳᠡᠯᠲᠡᠢ ᠲᠣᠰᠬᠤᠨ ᠶᠠᠳᠠᠭᠤ ᠠᠴᠠ ᠠᠩᠭᠢᠵᠢᠷᠠᠭᠠᠳᠤᠢ᠂ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠨᠢᠭᠡ ᠪᠦᠯᠦᠭ ᠢ ᠨᠢ ᠪᠠᠰᠠ ᠶᠠᠳᠠᠭᠤ ᠠᠴᠠ ᠠᠩᠭᠢᠵᠢᠷᠠᠭᠤᠯᠵᠤ ᠲᠡᠶᠢᠯᠦᠭᠡᠳᠦᠢ ᠪᠠᠶᠢᠭᠰᠠᠭᠠᠷ︾᠃      5 ᠰᠠᠷ᠎ᠠ ᠶᠢᠨ 23 ᠤ ᠦᠳᠡ ᠡᠮᠦᠨ᠎ᠡ᠂ ᠪᠡᠭᠡᠵᠢᠩ ᠤᠨ ᠲᠡᠮᠦᠷ ᠵᠠᠮ ᠤᠨ ᠲᠣᠮᠣ ᠠᠰᠠᠷ ᠲᠤ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠳᠤ ᠣᠷᠣᠯᠴᠠᠭᠰᠠᠨ ᠠᠵᠤ ᠠᠬᠤᠢ ᠶᠢᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠳᠡᠭᠡᠨ ᠶᠡᠷᠦᠩᠬᠡᠢ ᠱᠦᠵᠢ ᠰᠢ ᠶᠢᠨ ᠫᠢᠩ ᠡᠶᠢᠮᠦ ᠨᠢᠭᠡ ᠬᠤᠪᠢ ᠡᠭᠦᠷᠭᠡ ᠶᠢᠨ ᠨᠠᠷᠢᠨ ᠳᠠᠩᠰᠠ ᠭᠠᠷᠭᠠᠯ᠎ᠠ᠃      ᠬᠤᠶᠠᠷ ᠰᠠᠷ᠎ᠠ ᠭᠠᠷᠤᠶ ᠶᠢᠨ ᠡᠮᠦᠨ᠎ᠡ᠂ 3 ᠰᠠᠷ᠎ᠠ ᠶᠢᠨ 6 ᠤ ᠡᠳᠦᠷ᠂ ᠥᠩᠭᠡᠷᠡᠭᠰᠡᠨ ᠵᠢᠯ ᠤᠳ ᠲᠤ ᠪᠦᠬᠦ ᠤᠯᠤᠰ ᠤᠨ ᠬᠤᠶᠠᠷ ᠬᠤᠷᠠᠯ ᠶᠠᠭ ᠬᠤᠷᠠᠯᠳᠤᠵᠤ ᠪᠠᠶᠢᠭᠰᠠᠨ ᠦᠶ᠎ᠠ᠂ ᠶᠡᠷᠦᠩᠬᠡᠶ  ᠱᠦᠵᠢ ᠰᠢ ᠶᠢᠨ ᠫᠢᠩ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠶᠢᠨ ᠬᠠᠮᠤᠭ ᠤᠨ ᠶᠡᠭᠡ ᠬᠡᠪᠴᠢᠶᠡᠨ ᠤ ᠬᠤᠷᠠᠯ ᠳᠤ ᠣᠷᠣᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠳᠠᠶᠢᠯᠠᠯᠳᠤᠭᠠᠨ ᠬᠢᠵᠤ  ᠰᠢᠢᠳᠪᠦᠷᠢᠲᠦ ᠢᠯᠠᠯᠲᠠ ᠤᠯᠬᠤ ᠶᠡᠷᠦᠩᠬᠡᠶ ᠲᠠᠶᠢᠴᠢᠯᠠᠯᠳᠠ ᠬᠢᠪᠡ᠃ ᠬᠤᠶᠠᠷ ᠬᠤᠷᠠᠯ ᠠᠴᠠ ᠡᠮᠦᠨᠡᠬᠡᠨ᠂ ᠲᠡᠷᠡᠪᠡᠷ ᠪᠠᠰᠠ ᠵᠣᠭᠰᠣᠯ ᠦᠭᠡᠢ ᠱᠠᠨᠰᠢ᠂ ᠱᠠᠨ ᠰᠢ ᠪᠠᠷ ᠰᠢᠨᠵᠢᠯᠡᠨ ᠪᠠᠶᠢᠴᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠬᠦᠷᠴᠦ ᠣᠢᠢᠯᠠᠭᠠᠪᠠ᠃      ᠳᠠᠶᠢᠨ ᠤ ᠳᠠᠯᠠᠪᠤᠷ ᠲᠤᠷ ᠬᠡᠩᠭᠡᠷᠭᠡ ᠳᠡᠯᠡᠳᠦᠬᠦᠶ᠎ᠡ᠂ ᠴᠡᠷᠢᠭ ᠤᠨ ᠵᠠᠷᠯᠢᠭ ᠠᠭᠤᠯᠠ ᠮᠡᠲᠦ᠃ ᠡᠳᠦᠭᠡ᠂ 2020 ᠣᠨ ᠨᠢᠭᠡᠨᠲᠡ 5 ᠰᠠᠷ᠎ᠠ ᠰᠢᠬᠠᠮ ᠥᠩᠭᠡᠷᠡᠪᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠪᠲᠤᠯᠤᠯᠲᠠ ᠶᠢᠨ ᠱᠠᠲᠤᠨ ᠳᠤ ᠣᠷᠣᠯ᠎ᠠ᠃      ︽ᠬᠡᠳᠦ᠋ᠢᠪᠡᠷ ᠦᠩᠬᠡᠷᠡᠭᠰᠡᠨ ᠲᠠᠢ ᠬᠠᠷᠢᠴᠠᠭᠤᠯᠪᠠᠯ ᠶᠡᠷᠦᠩᠬᠡᠢ ᠬᠡᠮᠵᠢᠶ᠎ᠠ ᠨᠢ ᠶᠡᠭᠡ ᠪᠢᠰᠢ ᠪᠤᠯᠪᠠᠴᠤ ᠪᠦᠷ ᠶᠠᠳᠠᠭᠤ ᠶᠢᠨ ᠲᠤᠳᠤᠷᠠᠬᠢ ᠶᠠᠳᠠᠭᠤ᠂ ᠬᠦᠴᠢᠷᠳᠡᠯᠳᠡᠢ ᠶᠢᠨ ᠲᠤᠳᠤᠷᠠᠬᠢ ᠬᠦᠴᠢᠷᠳᠡᠯᠳᠡᠢ ᠪᠠᠶᠢᠵᠦ᠂ ᠶᠠᠳᠠᠭᠤ ᠠᠴᠠ ᠠᠩᠬᠢᠵᠢᠷᠠᠭᠤᠯᠬᠤ ᠳᠤ ᠬᠠᠮᠤᠬ ᠤᠨ ᠬᠦᠴᠢᠷᠳᠡᠢ ᠬᠦᠮᠦᠰ ᠪᠠᠶᠢᠭ᠎ᠠ ᠶᠤᠮ︾ ᠶᠡᠷᠦᠩᠬᠡᠢ ᠱᠦᠵᠢ ᠰᠢ ᠶᠢᠨ ᠫᠢᠩ ᠤᠨ ᠦᠭᠡ ᠶᠠᠷᠢᠶ᠎ᠠ ᠠᠴᠠ ᠡᠷᠡᠰ ᠪᠠᠳᠤ ᠤᠪᠤᠷ ᠲᠤᠳᠤᠷᠠᠨ᠎ᠠ᠄ ︽ᠪᠢᠳᠡ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠤᠯᠤᠬᠰᠠᠨ ᠠᠰᠢᠬ ᠦᠬᠡᠢ ᠨᠦᠯᠦᠬᠡ ᠶᠢ ᠴᠢᠷᠮᠠᠶᠢᠨ ᠲᠠᠪᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠳᠠ ᠶᠢ ᠡᠷᠡᠰ ᠲᠡᠮᠡᠴᠡᠨ ᠤᠯᠬᠤ ᠬᠡᠷᠡᠭᠳᠡᠢ᠃ ᠡᠨᠡ ᠪᠤᠯ ᠮᠠᠨ ᠤ ᠨᠠᠮ ᠠᠴᠠ ᠠᠷᠠᠳ ᠲᠦᠮᠡᠨ᠂ ᠲᠡᠤᠬᠡ ᠳᠤ ᠲᠠᠯᠪᠢᠬᠰᠠᠨ ᠲᠦᠪ ᠴᠢᠩᠭ᠎ᠠ ᠠᠮᠠᠯᠠᠯᠳᠠ ᠮᠦᠨ︕︾      ︽ᠠᠳᠡ ᠪᠠᠰᠠ ᠮᠢᠨᠤ ᠨᠢᠭᠡᠨ ᠬᠠᠶᠢᠷ᠎ᠠ ᠰᠡᠳᠬᠢᠯᠬᠡ ᠰᠢᠩᠭᠡᠭᠡᠵᠤ ᠪᠠᠶᠢᠨ᠎ᠠ︾ ᠭᠡᠵᠤ ᠶᠡᠷᠦᠩᠬᠡᠢ ᠱᠦᠵᠢ ᠦᠬᠡ ᠪᠠᠨ ᠵᠢᠭᠠᠬᠠᠨ ᠵᠤᠬᠰᠤᠰᠬᠢᠵᠦ᠂ ᠬᠠᠷᠠᠴᠠ ᠨᠢ ᠬᠡᠷᠡᠯᠳᠦᠵᠦ᠄      ︽ᠪᠢ ᠵᠢᠷᠭᠤᠭ᠎ᠠ ᠲᠤᠯᠤᠭᠠᠨ ᠵᠢᠯ ᠲᠠᠷᠢᠶᠠᠴᠢᠨ ᠪᠤᠯᠤᠬᠰᠠᠨ᠂ ᠲᠡᠷᠡ ᠦᠶ᠎ᠠ ᠳᠤ ᠬᠡᠳᠡᠰᠤ ᠦᠯᠦᠰᠬᠦᠯᠡᠩ ᠪᠠᠶᠢᠬᠰᠠᠨ ᠪᠢ ᠬᠠᠵᠠᠭᠤ ᠬᠠᠪᠢ ᠶᠢᠨ ᠤᠯᠨᠨ ᠲᠦᠮᠡᠨ ᠠᠴᠠ ᠲᠠᠨᠤᠰ ᠤᠨ ᠦᠵᠡᠬᠦ ᠪᠠᠷ ᠶᠠᠮᠠᠷ ᠠᠮᠢᠳᠤᠷᠠᠯ ᠨᠢ ᠬᠠᠮᠤᠬ ᠤᠨ ᠰᠠᠶᠢᠬᠠᠨ ᠪᠤᠢ᠂ ᠪᠤᠳᠠᠳᠠᠢ ᠬᠠᠷᠠᠯᠳᠠ ᠴᠢᠨᠢ ᠶᠠᠭᠤ ᠪᠤᠢ︖ ᠬᠡᠵᠦ ᠠᠰᠠᠭᠤᠬᠰᠠᠨ︾      ︽ᠠᠷᠠᠳ ᠤᠯᠠᠨ ︿ᠭᠤᠷᠪᠠᠨ ᠠᠯᠬᠤᠮ ᠢᠶᠠᠷ ᠶᠠᠪᠤᠬᠤ﹀ ᠬᠠᠷᠠᠯᠳᠠ ᠲᠤᠷᠠᠳᠤᠵᠠᠢ᠄ ︿ᠨᠢᠬᠡᠳᠦᠬᠡᠷ ᠬᠠᠷᠠᠯᠳᠠ ᠨᠢ ᠪᠤᠳᠠᠭ᠎ᠠ ᠭᠤᠶᠤᠬᠤ ᠦᠬᠡᠢ᠂ ᠬᠡᠳᠡᠰᠤ ᠴᠠᠳᠬᠤᠯᠠᠩ ᠵᠠᠪᠤᠬᠤ ᠶᠢ ᠬᠦᠰᠡᠨ᠎ᠠ᠃ ᠶᠠᠭᠤ ᠢᠳᠡᠭᠰᠡᠨ ᠴᠤ ᠬᠠᠮᠢᠶ᠎ᠠ ᠦᠬᠡᠢ᠂ ᠬᠠᠭᠠᠰ ᠵᠢᠯ ᠠᠭ᠎ᠠ ᠪᠤᠳᠠᠭ᠎ᠠ ᠬᠠᠭᠠᠰ ᠵᠢᠯ ᠠᠮᠤ ᠪᠤᠳᠠᠭ᠎ᠠ ᠢᠳᠡᠭᠰᠡᠨ ᠴᠤ ᠬᠠᠮᠢᠶ᠎ᠠ ᠦᠬᠡᠢ᠃ ᠲᠠᠷᠠᠭᠠᠯᠠᠪᠠᠯ᠂ ᠲᠤᠬᠠᠢ ᠶᠢᠨ ᠭᠠᠵᠠᠷ ᠤᠨ ᠨᠤᠳᠤᠬ ᠤᠨ ᠬᠡᠯᠡᠯᠬᠡ ᠪᠠᠷ ᠪᠤᠯ ︿ᠴᠤᠯ ᠪᠤᠳᠠᠭ᠎ᠠ﹀ ᠤᠯᠵᠦ ᠢᠳᠡᠨ᠎ᠠ᠂ ᠲᠠᠷᠤᠢ ᠰᠢᠰᠢ ᠶᠢᠨ ᠪᠤᠳᠠᠭ᠎ᠠ᠂ ᠡᠷᠳᠡᠨᠢ ᠰᠢᠰᠢ ᠶᠢᠨ ᠭᠤᠯᠢᠷ ᠤᠯᠵᠦ ᠢᠳᠡᠨ᠎ᠠ᠃ ᠭᠤᠷᠪᠠᠳᠤᠭᠠᠷ ᠬᠠᠷᠠᠯᠳᠠ ᠨᠢ᠂ ᠲᠠᠳᠡᠨᠦᠰ ᠤᠨ ᠦᠵᠡᠬᠦ ᠪᠠᠷ ᠲᠡᠷᠡ ᠬᠤᠯᠠ ᠲᠡᠭᠷᠢ ᠤᠢᠢᠷ᠎ᠠ ᠶᠠᠪᠤᠳᠠᠯ᠂ ︿ᠨᠠᠷᠢᠯᠢᠬ ᠠᠮᠤ ᠢᠳᠡᠶ᠎ᠠ ᠬᠡᠪᠡᠯ ᠨᠠᠷᠢᠯᠢᠭ ᠠᠮᠤ ᠢᠳᠡᠵᠦ᠂ ᠪᠠᠰᠠ ᠦᠷᠬᠦᠯᠵᠢ ᠮᠢᠬ᠎ᠠ ᠤᠯᠵᠦ ᠢᠳᠡᠬᠦ﹀᠂ ︿ᠳ᠋ᠧᠪᠠᠵᠠᠨ ᠤ ᠪᠠᠷᠢᠮᠵᠢᠶ᠎ᠠ﹀᠂ ︿ᠲᠠᠷᠠᠭ᠎ᠠ ᠲᠦᠷᠦᠯ ᠤᠨ ᠬᠢᠨᠢ ᠬᠦᠰᠡᠯ﹀ ᠬᠡᠨ᠎ᠠ︾᠃      ︽ᠪᠢ᠂ ᠲᠠᠨᠤᠰ ᠪᠠᠰᠠ ᠲᠠᠬᠢᠭᠠᠳ ᠴᠢᠷᠮᠠᠶᠢᠪᠠᠯ ᠶᠠᠮᠠᠷ ᠨᠡᠩ ᠶᠡᠭᠡ ᠬᠦᠰᠡᠯ ᠲᠠᠢ ᠪᠤᠯᠬᠤ ᠪᠠᠨ ᠵᠤᠷᠢᠬᠳᠠᠢ ᠪᠠᠷ ᠪᠤᠳᠤᠵᠦ ᠦᠵᠡ ᠬᠡᠵᠦ ᠬᠡᠯᠡᠭᠰᠡᠨ︾ ᠭᠡᠵᠤ ᠶᠡᠷᠦᠩᠬᠡᠢ ᠱᠦᠵᠢ ᠡᠷᠬᠢᠴᠡᠬᠦᠯᠬᠦ ᠳᠡᠭᠡᠨ ︽ᠲᠠᠳᠡᠨᠦᠰ ᠤᠨ ᠬᠠᠷᠢᠭᠤᠯᠳᠠ ᠪᠤᠯ — ᠬᠤᠵᠢᠮ ᠠᠭᠤᠯᠠᠨ ᠳᠤ ᠭᠠᠷᠴᠤ ᠬᠦᠳᠡᠯᠮᠦᠷᠢᠯᠡᠬᠦ ᠳᠡᠭᠡᠨ ᠠᠯᠳᠠᠨ ᠲᠠᠮᠵᠢᠭᠤᠷ ᠲᠠᠮᠨᠠᠬᠤ ᠶᠤᠮ ᠬᠡᠨ᠎ᠠ︕︾      ᠪᠦᠬᠦ ᠲᠠᠯᠠᠪᠠᠢ ᠳᠤ ᠤᠬᠠᠭᠠᠨ ᠢ ᠨᠢ ᠤᠯᠤᠬᠰᠠᠨ ᠢᠨᠢᠶᠡᠬᠦ ᠲᠠᠭᠤᠨ ᠬᠦᠡᠭᠬᠢᠨᠡᠯ᠎ᠠ᠃      ︽ᠮᠢᠨᠤ ᠪᠤᠳᠤᠬᠤ ᠪᠠᠷ᠂ ᠦᠨᠡᠨ ᠳᠡᠭᠡᠨ ᠡᠨᠡ ᠬᠦ ᠬᠠᠷᠠᠯᠳᠠ ᠶᠢ ᠪᠠᠰᠠ ᠶᠠᠬ ᠰᠠᠶᠢᠬᠠᠨ ᠪᠡᠶᠡᠯᠡᠬᠦᠯᠵᠦ ᠪᠠᠶᠢᠨ᠎ᠠ᠃ ᠡᠨᠡ ᠬᠦ ︿ᠠᠯᠳᠠᠨ ᠲᠠᠮᠵᠢᠭᠤᠷ﹀ ᠢ ᠲᠠᠷᠢᠶᠠᠯᠠᠩ ᠤᠨ ᠤᠳᠤᠬᠢᠴᠢᠯᠠᠯᠳᠠ ᠬᠡᠵᠦ ᠪᠢ ᠤᠢᠢᠯᠠᠭᠠᠵᠦ ᠪᠠᠶᠢᠨ᠎ᠠ︾ ᠶᠡᠷᠦᠩᠬᠡᠢ ᠱᠦᠵᠢ ᠰᠢ ᠶᠢᠨ ᠫᠢᠩ ᠤᠨ ᠦᠬᠡ ᠶᠠᠷᠢᠶ᠎ᠠ ᠳᠤᠨᠢ ᠴᠢᠩ ᠦᠨᠡᠨᠴᠢ ᠰᠡᠳᠬᠢᠯᠬᠡ ᠪᠢᠯᠬᠠᠨ᠎ᠠ᠂ ︽ᠮᠠᠨ ᠤ ᠡᠨᠡ ᠨᠢᠬᠡ ᠦᠶ᠎ᠠ ᠶᠢᠨ ᠬᠦᠮᠦᠨ ᠳᠤ ᠮᠠᠨ ᠤ ᠤᠯᠠᠨ ᠲᠦᠮᠡᠨ ᠤᠨᠴᠠᠭᠠᠢᠢᠯᠠᠨ ᠮᠠᠨ ᠤ ᠲᠠᠷᠢᠶᠠᠴᠢᠳ ᠢᠶᠠᠨ ᠨᠢᠬᠡ ᠲᠡᠮᠨᠡᠬᠡᠳ ᠠᠪᠬᠤ ᠡᠶᠢᠮᠦ ᠨᠢᠬᠡ ᠬᠠᠶᠢᠷ᠎ᠠ ᠰᠡᠳᠬᠢᠯᠬᠡ ᠲᠠᠢ ᠪᠠᠶᠢᠳᠠᠬ᠂ ᠨᠡᠶᠢᠬᠡᠮ ᠵᠢᠷᠤᠮ ᠤᠨ ᠵᠠᠮ ᠳᠤ ᠨᠢᠬᠡ ᠶᠢ ᠴᠤ ᠤᠷᠬᠢᠬᠳᠠᠭᠤᠯᠵᠤ ᠪᠤᠯᠬᠤ ᠦᠬᠡᠢ᠂ ᠬᠠᠮᠳᠤ ᠪᠠᠷ ᠪᠠᠶᠠᠵᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ᠂ ᠤᠯᠠᠨ ᠢᠶᠠᠷ ᠢᠶᠠᠨ ᠡᠨᠡ ᠵᠠᠮ ᠢᠶᠠᠷ ᠬᠠᠮᠳᠤ ᠪᠠᠷ ᠵᠠᠮᠨᠠᠨ᠎ᠠ︾      ᠬᠦᠭᠵᠢᠯᠳᠡ ᠨᠢ ᠬᠡᠨ ᠤ ᠲᠦᠯᠦᠬᠡ ᠪᠤᠢ︖ ᠶᠠᠮᠠᠷ ᠶᠠᠩᠵᠦ ᠶᠢᠨ ᠬᠦᠭᠵᠢᠯᠳᠡ ᠶᠢ ᠪᠡᠶᠡᠯᠡᠬᠦᠯᠬᠦ ᠪᠤᠢ︖ ᠰᠢᠷ᠎ᠠ ᠬᠦᠷᠦᠰᠤᠨ ᠳᠤ ᠦᠨᠳᠦᠰᠦᠯᠡᠭᠰᠡᠨ ᠤᠷᠳᠤ ᠤᠳᠠᠭᠠᠨ ᠤᠨ ᠰᠠᠷ᠎ᠠ ᠨᠢ ᠠᠯᠢ ᠬᠡᠳᠦ᠋ᠢᠨ ᠰᠢ ᠶᠢᠨ ᠫᠢᠩ ᠤᠨ ᠰᠡᠳᠬᠢᠯ ᠳᠤ ᠬᠠᠷᠢᠭᠤᠯᠳᠠ ᠶᠢ ᠰᠠᠭᠤᠬᠳᠠᠭᠤᠯᠤᠬᠰᠠᠨ ᠠᠵᠢ᠃      ᠡᠨᠡ ᠵᠢᠯ ᠤᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ᠂ ᠲᠤᠮᠳᠠᠳᠤ ᠤᠯᠤᠰ ᠲᠡᠯᠡᠬᠡᠢ ᠶᠢᠨ ᠬᠤᠶᠠᠳᠤᠭᠠᠷ ᠶᠡᠭᠡ ᠠᠵᠦ ᠠᠬᠤᠢ ᠶᠢᠨ ᠴᠤᠬᠴᠠ ᠪᠤᠯᠤᠬᠰᠠᠨ ᠤ ᠬᠤᠪᠢ ᠳᠤ ᠪᠦᠬᠦ ᠵᠢᠯ ᠤᠨ ᠠᠵᠦ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠪᠤᠳᠠᠳᠠᠢ ᠬᠠᠷᠠᠯᠳᠠ ᠶᠢ ᠲᠤᠷᠠᠳᠤᠬᠰᠠᠨ ᠦᠬᠡᠢ᠃      ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ᠂ ᠶᠡᠷᠦᠩᠬᠡᠢ ᠱᠦᠵᠢ ᠰᠢ ᠶᠢᠨ ᠫᠢᠩ ᠡᠨᠡ ᠬᠦ ᠴᠢᠬᠤᠯᠠ ᠶᠡᠭᠡ ᠰᠤᠩᠭᠤᠯᠳᠠ ᠶᠢᠨ ᠴᠠᠭᠠᠨᠠᠬᠢ ᠪᠤᠳᠤᠯᠬᠢᠯᠡᠯ ᠢ ᠲᠠᠶᠢᠯᠪᠤᠷᠢᠯᠠᠪᠠ᠄      ︽ᠬᠡᠷᠪᠡ ᠪᠢᠳᠡ ᠬᠠᠷᠠᠯᠳᠠ ᠶᠢ ᠠᠯᠪᠠᠳᠠᠯᠭ᠎ᠠ ᠪᠠᠷ ᠲᠤᠬᠳᠠᠭᠠᠬᠤ ᠳᠤ ᠬᠦᠷᠪᠡᠯ᠂ ᠠᠩᠬᠠᠷᠤᠯ ᠤᠨ ᠴᠡᠭ ᠨᠢ ᠲᠠᠷᠤᠢ ᠴᠢᠩᠭ᠎ᠠ ᠰᠡᠳᠡᠯᠳᠡ ᠦᠭᠭᠦ᠂ ᠨᠡᠮᠡᠭᠳᠡᠯ ᠤᠨ ᠨᠤᠷᠮ᠎ᠠ ᠶᠢ ᠠᠳᠬᠤᠬᠤ ᠪᠤᠯᠵᠦ ᠬᠤᠪᠢᠷᠠᠨ᠎ᠠ᠂ ᠢᠩᠬᠢᠬᠦ ᠨᠢ ᠪᠢᠳᠡᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠶᠡᠷᠦᠩᠬᠡᠢ ᠵᠤᠷᠢᠯᠳᠠ ᠲᠠᠢ ᠨᠡᠶᠢᠴᠡᠬᠦ ᠦᠬᠡᠢ᠂ ᠪᠢᠳᠡ ᠲᠦᠬᠦᠮᠬᠡᠨ ᠢᠶᠠᠷ GDP ᠶᠢᠨ ᠨᠡᠮᠡᠭᠳᠡᠯ ᠢᠶᠠᠷ ᠠᠯᠢᠪᠠ ᠶᠢ ᠬᠡᠮᠵᠢᠬᠦ ᠬᠡᠮᠵᠢᠬᠦᠷ ᠪᠤᠯᠭᠠᠵᠤ ᠪᠤᠯᠬᠤ ᠦᠬᠡᠢ ᠬᠡᠵᠦ ᠶᠡᠷᠦ ᠨᠢ ᠶᠠᠷᠢᠬᠰᠠᠭᠠᠷ ᠢᠷᠡᠵᠡᠢ᠃ ᠪᠢᠳᠡᠨ ᠤ ᠬᠦᠬᠡᠬᠡᠴᠡᠯᠳᠦᠳᠡᠭ ᠨᠢ ᠴᠢᠨᠠᠷ ᠰᠠᠶᠢᠳᠠᠢ ᠬᠦᠭᠵᠢᠯᠳᠡ ᠶᠤᠮ᠂ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠲᠤᠭᠤᠰᠢᠯᠠᠭᠤᠯᠬᠤ ᠬᠦᠭᠵᠢᠯᠳᠡ ᠶᠢ ᠬᠦᠬᠡᠬᠡᠴᠡᠯᠳᠦᠳᠡᠭ ᠨᠢ ᠦᠷᠬᠡᠨ ᠤᠯᠠᠨ ᠠᠷᠠᠳ ᠲᠦᠮᠡᠨ ᠤ ᠵᠤᠯ ᠵᠢᠷᠭᠠᠯᠳᠤ ᠰᠠᠶᠢᠨ ᠰᠠᠶᠢᠬᠠᠨ ᠠᠮᠢᠳᠤᠷᠠᠯ ᠤᠨ ᠲᠦᠯᠦᠬᠡ ᠶᠤᠮ︾᠃      ᠶᠠᠬ ᠡᠶᠢᠮᠦᠷᠬᠦ ᠠᠷᠠᠳ ᠲᠦᠮᠡᠨ ᠤ ᠲᠦᠯᠦᠬᠡ᠂ ᠠᠷᠠᠳ ᠲᠦᠮᠡᠨ ᠳᠤ ᠪᠤᠶᠠᠨ ᠦᠢᠯᠡᠳᠬᠦ ᠵᠤᠷᠢᠯᠳᠠ ᠪᠠ ᠲᠤᠰᠤᠯᠳᠠ ᠳᠤ ᠰᠠᠭᠤᠷᠢᠯᠠᠵᠦ᠂ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠤᠯᠠᠨᠳᠠ ᠵᠠᠰᠠᠬ ᠤᠨ ᠶᠠᠪᠤᠳᠠᠯ ᠳᠤ ᠠᠷᠠᠳ ᠤᠨ ᠰᠠᠨᠠᠯ ᠰᠠᠨᠠᠭᠤᠯᠭ᠎ᠠ ᠶᠢ ᠰᠤᠨᠤᠰᠴᠤ᠂ ᠠᠷᠠᠳ ᠤᠯᠠᠨ ᠤ ᠭᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠶᠤᠮ᠃      — ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠬᠢᠴᠠ ᠪᠤᠯᠤᠨ ᠦᠷ᠎ᠡ ᠪᠦᠳᠦᠬᠡᠯ ᠢ ᠪᠠᠬᠢᠵᠢᠬᠦᠯᠬᠦ ᠶᠢ ᠢᠮᠠᠬᠳᠠ ᠰᠠᠨᠠᠭᠠᠰᠢᠷᠠᠵᠤ ᠬᠠᠯᠠᠮᠵᠢᠯᠠᠭᠰᠠᠭᠠᠷ ᠢᠷᠡᠪᠡ᠃      ᠤᠯᠤᠰ ᠲᠦᠷᠦ ᠶᠢᠨ ᠵᠦᠪᠯᠡᠯᠬᠡᠨ ᠤ ᠬᠠᠮᠳᠤᠷᠠᠭᠰᠠᠠ ᠲᠤᠭᠤᠢᠢᠯᠠᠩ ᠤᠨ ᠬᠤᠷᠡᠯ ᠲᠡᠬᠡᠷ᠎ᠡ᠂ ᠯᠢᠦ ᠴᠢ ᠬᠡᠰᠢᠬᠦᠨ 16 ᠵᠢᠯ ᠤᠨ ᠡᠮᠤᠨ᠎ᠡ ᠰᠢ ᠶᠢᠨ ᠫᠢᠩ ᠵᠧᠵᠢᠶᠠᠩ ᠤᠨ ᠨᠠᠮ ᠵᠠᠰᠠᠭ ᠤᠨ ᠲᠦᠯᠥᠬᠡᠯᠡᠭᠴᠢᠳ ᠤᠨ ᠪᠦᠯᠬᠦᠮ ᠢ ᠲᠠᠭᠠᠭᠤᠯᠤᠨ ᠴᠦᠩᠴᠢᠩ ᠤᠨ ᠦᠯᠦ᠋ᠩ ᠰᠢᠶᠠᠨ ᠳᠤ ᠪᠠᠶᠢᠴᠠᠭᠠᠨ ᠰᠤᠳᠤᠯᠤᠯᠳᠡ ᠬᠢᠭᠰᠡᠡ ᠪᠠᠶᠢᠳᠠᠯ ᠢ ᠶᠠᠷᠢᠪᠠ᠄      ︽ᠲᠤᠬᠠᠢ ᠶᠢᠨ ᠦᠶ᠎ᠡ ᠳᠤ ᠪᠢ ᠦᠯᠦ᠋ᠩ ᠰᠢᠶᠠᠨ ᠤ ᠰᠢᠶᠠᠨ ᠤ ᠲᠠᠷᠤᠭ᠎ᠠ ᠪᠠᠶᠢᠪᠠ᠂ ᠲᠠᠨ ᠳᠤ ᠪᠢᠳᠡᠨ ᠤ ᠵᠢᠭᠤᠯᠴᠢᠯᠠᠯ ᠢ ᠬᠦᠭᠵᠢᠬᠦᠯᠬᠦ ᠪᠠᠷ ᠶᠠᠳᠠᠭᠤ ᠶᠢ ᠲᠡᠳᠬᠦᠬᠦ ᠪᠤᠳᠤᠯ ᠢᠶᠠᠨ ᠬᠡᠯᠡᠭᠰᠡᠡ ᠪᠢᠯᠡ᠃ ᠪᠢᠳᠡ ᠨᠢᠭᠡ ᠬᠤᠭᠤᠴᠠᠭ᠎ᠠ ᠨᠢ ᠨᠢᠭᠡ ᠬᠤᠭᠤᠴᠠᠭ᠎ᠠ ᠪᠠᠨ ᠵᠠᠯᠭᠠᠨ ᠠᠵᠢᠯᠯᠠᠵᠥ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠬᠦᠯᠬᠦ ᠪᠠᠷ ᠲᠠᠮᠵᠢᠨ᠂ ᠬᠠᠮᠢᠶ᠎ᠠ ᠪᠦᠬᠦᠢ ᠠᠵᠥ ᠦᠢᠯᠡᠰ ᠢ ᠶᠡᠭᠡ ᠪᠠᠷ ᠬᠦᠭᠵᠢᠬᠦᠯᠵᠥ᠂ ᠦᠯᠦ᠋ᠩ ᠰᠢᠶᠠᠨ ᠨᠢᠬᠡᠨᠳᠡ ᠶᠠᠳᠠᠭᠤ ᠬᠦᠴᠢᠷᠳᠡᠯᠳᠡᠢ ᠰᠢᠶᠠᠨ ᠤ ᠮᠠᠯᠠᠭᠠᠢ ᠪᠠᠨ ᠲᠠᠶᠠᠬᠳᠠᠵᠥ᠂ ᠶᠠᠳᠠᠭᠤ ᠠᠴᠠ ᠠᠩᠭᠢᠵᠢᠷᠠᠭᠰᠠᠠ ᠬᠦᠮᠥᠨ ᠠᠮᠠ ᠶᠢᠨ ᠬᠦᠮᠥᠨ ᠲᠤᠮᠳᠠᠴᠢ ᠶᠢᠨ ᠡᠵᠡᠮᠳᠡᠵᠥ ᠪᠤᠯᠬᠤ ᠤᠷᠤᠯᠭ᠎ᠠ 10027 ᠲᠦᠬᠦᠷᠢᠭ ᠲᠤ ᠬᠦᠷᠦᠭᠰᠡᠡ ᠪᠠᠶᠢᠨ᠎ᠠ︾ ᠭᠡᠪᠡ᠃      ᠶᠡᠷᠤᠩᠬᠡᠢ ᠱᠦᠵᠢ ᠰᠢ ᠶᠢᠨ ᠫᠢᠩ ᠲᠦᠢᠯ ᠢᠶᠠᠷ ᠪᠠᠶᠠᠷᠯᠡᠵᠥ᠄ ︽ᠤᠳᠤ ᠲᠡᠨᠳᠡᠬᠢ ᠶᠢᠨ ᠵᠠᠮ ᠬᠠᠷᠢᠯᠴᠠᠭᠠᠨ ᠤ ᠪᠠᠶᠢᠳᠠᠯ ᠶᠠᠠᠮᠷ ᠰᠢᠭ᠋ ᠪᠤᠯᠤᠭᠰᠠᠠ ᠪᠤᠢ︖︾ ᠬᠡᠵᠥ ᠯᠠᠪᠰᠢᠷᠠᠭᠤᠯᠤᠨ ᠠᠰᠠᠭᠤᠪᠠ᠃      ︽ᠤᠳᠤ ᠲᠦᠷᠬᠡᠨ ᠤ ᠵᠠᠰᠠᠮᠠᠯ ᠵᠠᠮ ᠨᠡᠪᠳᠡᠷᠡᠵᠥ᠂ ᠲᠦᠷᠬᠡᠨ ᠤ ᠲᠡᠮᠤᠷ ᠵᠠᠮ ᠢ ᠴᠦ ᠪᠠᠶᠢᠭᠤᠯᠵᠥ ᠪᠠᠶᠢᠨ᠎ᠠ︾᠃      ︽ᠴᠦᠩᠴᠢᠩ ᠤᠨ ᠵᠢᠭᠤᠯᠴᠢᠯᠠᠯ ᠤᠨ ᠡᠬᠢ ᠪᠠᠶᠠᠯᠢᠭ ᠮᠠᠰᠢ ᠡᠯᠪᠡᠭ ᠶᠤᠮ᠃ ᠦᠩᠭᠡᠷᠡᠭᠰᠡᠡ ᠤ ᠮᠠᠰᠢ ᠤᠯᠠᠨ ︿ᠶᠠᠳᠠᠭᠤ ᠰᠢᠶᠠᠩ﹀ ᠤᠳᠤ ᠨᠢᠬᠡᠨᠳᠡ ︿ᠬᠦᠮᠥᠨ ᠤ ᠤᠷᠴᠢᠯᠠᠩ ᠤᠨ ᠠᠷᠰᠢ ᠶᠢᠨ ᠤᠷᠤᠨ﹀ ᠪᠤᠯᠪᠡ᠂ ᠡᠬᠦᠨ ᠳᠤ ᠵᠠᠮ ᠬᠠᠷᠢᠯᠴᠠᠭ᠎ᠠ ᠵᠡᠷᠬᠡ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠲᠤᠩ ᠴᠢᠬᠤᠯᠠ ᠶᠤᠮ︾᠃      ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠳᠤ᠂ ᠤᠯᠠᠭᠠᠨᠴᠠᠪ ᠬᠤᠳᠠ ᠶᠢᠨ ᠲᠠᠷᠤᠭ᠎ᠠ ᠹᠸᠢ ᠳ᠋ᠦᠩ ᠪᠢᠨ ᠲᠦᠯᠦᠭᠡᠯᠡᠭᠴᠢ᠂ ᠶᠠᠳᠠᠭᠤ ᠠᠴᠠ ᠠᠩᠬᠢᠵᠢᠷᠠᠭᠰᠠᠠ ᠤ ᠲᠠᠷᠠᠭ᠎ᠠ᠂ ᠡᠪᠡᠳᠴᠢᠨ ᠠᠴᠠ ᠪᠤᠯᠵᠤ ᠶᠠᠳᠠᠭᠤᠷᠠᠬᠤ ᠲᠠᠬᠢᠨ ᠶᠠᠳᠠᠭᠤᠷᠠᠬᠤ ᠬᠠᠷᠢᠴᠠᠯ ᠮᠥᠨ ᠨᠡᠯᠢᠶᠡᠳ ᠦᠨᠳᠤᠷ ᠪᠠᠶᠢᠨ᠎ᠠ ᠬᠡᠵᠥ ᠬᠡᠯᠡᠪᠡ᠃ ᠶᠡᠷᠤᠩᠬᠡᠢ ᠱᠦᠵᠢ ᠰᠢ ᠶᠢᠨ ᠫᠢᠩ ᠡᠬᠦᠰᠬᠦ ᠨᠤᠷᠮ᠎ᠡ ᠪᠠᠷ ᠦᠨᠳᠤᠷ ᠪᠠᠶᠢᠭ᠎ᠠ ᠪᠤᠲᠠᠲᠠᠢ ᠡᠪᠡᠳᠴᠢᠨ ᠡᠮᠬᠡᠭ ᠨᠢ ᠴᠤᠬᠤᠮ ᠶᠠᠭᠤ ᠪᠤᠯᠬᠤ ᠶᠢ ᠯᠠᠪᠯᠠᠨ ᠠᠰᠠᠭᠤᠭᠰᠠᠠ ᠪᠦᠬᠡᠳ ᠠᠵᠢᠯ ᠢᠶᠠᠨ ᠦᠷᠬᠦᠯᠵᠢᠯᠡᠨ ᠨᠠᠷᠢᠯᠢᠭ ᠬᠢᠵᠥ ᠪᠤᠳᠠᠳᠠᠢ ᠬᠢᠬᠦ ᠬᠡᠷᠡᠭᠳᠡᠢ ᠬᠡᠵᠥ ᠵᠠᠬᠢᠪᠠ᠃      — ᠭᠤᠤᠯᠳᠠᠯᠭ᠎ᠠ ᠲᠠᠢ ᠵᠦᠢᠯ ᠳᠤ ᠠᠩᠬᠠᠷᠤᠯ ᠢᠶᠠᠨ ᠲᠦᠪᠯᠡᠷᠡᠬᠦᠯᠵᠥ᠂ ᠰᠢᠨ᠎ᠡ ᠶᠢ ᠡᠬᠦᠳᠬᠦ ᠰᠡᠳᠬᠢᠴᠡ ᠪᠠᠷ ᠠᠵᠢᠯ ᠤᠯᠭᠤᠯᠳᠠ ᠬᠡᠬᠦ ᠡᠨᠡ ᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠢ ᠠᠰᠠᠭᠤᠳᠠᠯ ᠢ ᠰᠠᠶᠢᠳᠤᠷ ᠰᠢᠳᠪᠤᠷᠢᠯᠡᠬᠦ ᠬᠡᠷᠡᠭᠲᠡᠢ᠃      ︽ᠬᠢᠵᠢᠭ ᠤᠨ ᠪᠠᠶᠢᠲᠠᠯ ᠤᠨ ᠡᠬᠢᠨ ᠤ ᠬᠤᠭᠤᠴᠠᠭᠠᠨ ᠳᠤ᠂ ᠮᠠᠰᠢ ᠤᠯᠠᠨ ᠬᠦᠯᠥᠰᠦᠨ ᠲᠠᠷᠢᠶᠠᠴᠢᠨ ᠬᠡᠷ ᠲᠡᠭᠡᠨ ᠬᠢᠬᠦ ᠠᠵᠤ ᠦᠭᠡᠢ ᠵᠦᠭᠡᠷ ᠰᠠᠭᠤᠭᠠᠳ ᠲᠡᠰᠬᠦ ᠠᠯᠲᠠᠷᠠᠵᠤ ᠪᠠᠶᠢᠪᠠ᠃ ᠬᠢᠵᠢᠭ ᠤᠨ ᠪᠠᠶᠢᠳᠠᠯ ᠪᠠᠭ᠎ᠠ ᠨᠠᠮᠳᠠᠭᠰᠠᠠ ᠤ ᠲᠠᠷᠠᠭ᠎ᠠ᠂ ᠮᠠᠨ ᠤ ᠨᠠᠮ ᠤᠨ ᠡᠬᠦᠷ ᠤᠨ ᠬᠢᠨ ᠪᠠᠷᠢᠨ ᠬᠦᠮᠥᠨ ᠬᠡᠷᠡᠭᠯᠡᠬᠦ ᠨᠢᠬᠡᠴᠢ ᠲᠠᠢ ᠬᠠᠷᠢᠯᠴᠠᠵᠤ ᠵᠤᠬᠢᠴᠠᠭᠤᠯᠤᠨ ᠵᠤᠯᠭᠠᠭᠤᠯᠵᠥ᠂ ᠤᠯᠠᠨ ᠢ ᠬᠠᠪᠰᠤᠷᠤᠨ ᠠᠮᠤᠷ ᠲᠦᠪᠰᠢᠨ ᠢᠶᠠᠷ ᠲᠤᠩ ᠲᠦᠷᠭᠡᠨ ᠢᠶᠠᠷ ᠠᠵᠢᠯ ᠢ ᠨᠢ ᠰᠡᠷᠬᠦᠬᠡᠭᠰᠡᠡ ᠪᠠᠶᠢᠨ᠎ᠠ︾᠃      ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠳᠤ᠂ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠤ ᠪᠡᠭᠡᠵᠢᠩ ᠳᠤ ᠰᠠᠭᠤᠭ᠎ᠠ ᠨᠡᠬᠦᠳᠡᠯ ᠨᠠᠮ ᠤᠨ ᠡᠬᠦᠷ ᠤᠨ ᠱᠦᠵᠢ ᠰᠢᠤᠸᠠᠢ ᡁᠢ ᠬᠦᠸᠧ ᠲᠦᠯᠥᠬᠡᠯᠡᠭᠴᠢ᠂ ᠶᠡᠷᠤᠩᠬᠡᠢ ᠱᠦᠵᠢ ᠳᠤ ᠨᠠᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠪᠠᠷ ᠲᠠᠮᠵᠢᠨ ᠬᠦᠯᠥᠰᠦᠨ ᠲᠠᠷᠢᠶᠠᠴᠢᠨ ᠢ ᠬᠠᠪᠰᠤᠷᠴᠤ ᠤᠨᠳᠤᠤ ᠭᠠᠵᠠᠷ ᠰᠢᠯᠵᠢᠬᠦᠯᠦᠨ ᠠᠵᠢᠯ ᠤᠯᠭᠤᠬᠰᠠᠠ ᠪᠠᠶᠢᠳᠠᠯ ᠢᠶᠠᠨ ᠬᠠᠷᠢᠭᠤ ᠮᠡᠳᠡᠬᠦᠯᠪᠡ᠃      ︽ᠤᠳᠤ ᠪᠦᠬᠦᠳᠡᠬᠡᠷ ᠢᠶᠠᠨ ᠬᠠᠷᠢᠭᠠᠳ ᠢᠷᠡᠭᠰᠡᠡ ᠤᠤ︖︾ ᠬᠡᠵᠥ ᠶᠡᠷᠤᠩᠬᠡᠢ ᠱᠦᠵᠢ ᠠᠰᠠᠭᠤᠪᠠ᠃      ︽ᠶᠢᠰᠦᠨ ᠬᠤᠪᠢ ᠨᠢ ᠪᠦᠷ ᠪᠡᠭᠡᠵᠢᠩ ᠳᠤ ᠪᠤᠴᠠᠵᠥ ᠢᠷᠡᠬᠡᠳ ᠠᠵᠢᠯ ᠢᠶᠠᠨ ᠰᠡᠷᠬᠦᠬᠡᠵᠡᠢ︾᠃      ︽ᠬᠡᠷᠪᠡ ᠬᠡᠷ ᠤᠨ ᠢᠶᠠᠨ ᠪᠠᠶᠢᠭ᠎ᠠ ᠭᠠᠵᠠᠷ ᠲᠤ ᠠᠵᠢᠯ ᠤᠯᠪᠠᠯ᠂ ᠶᠠᠮᠠᠷ ᠠᠵᠢᠯ ᠬᠢᠬᠦ ᠪᠤᠢ︖︾      ︽ᠮᠠᠨ ᠤ ᠠᠤᠬᠠᠨ ᠤ ᠨᠠᠷᠢᠮᠤ᠂ ᠰᠠᠭᠠᠭ ᠤᠨ ᠭᠤᠯᠢᠷ ᠶᠡᠭᠡ ᠰᠠᠶᠢᠨ᠂ ᠨᠤᠳᠤᠭ ᠤᠨ ᠠᠬ᠎ᠠ ᠲᠡᠬᠦᠤ ᠨᠡᠷ ᠲᠠᠷᠢᠵᠥ ᠲᠡᠵᠢᠬᠡᠬᠦ ᠬᠤᠷᠰᠢᠶ᠎ᠠ ᠳᠤ ᠤᠷᠤᠵᠥ ᠪᠤᠯᠤᠨ᠎ᠠ︾᠃      ᠰᠢᠤᠸᠠᠢ ᡁᠢ ᠬᠦᠸᠧ ᠶᠢᠨ ᠬᠠᠷᠢᠭᠤᠯᠬᠤ ᠶᠢ ᠰᠤᠨᠤᠰᠤᠭᠠᠳ ᠶᠡᠷᠤᠩᠬᠡᠢ ᠱᠦᠵᠢ ᠲᠤᠯᠤᠭᠠᠢ ᠲᠤᠬᠢᠵᠥ ᠪᠠᠶᠢᠯ᠎ᠠ᠃      ᠶᠡᠷᠦᠩᠬᠡᠶ ᠱᠦᠵᠢ᠄ ︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠡᠨᠡ ᠵᠢᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠭᠦᠷᠭᠡ ᠮᠠᠰᠢ ᠬᠦᠨᠳᠦ ᠪᠠᠶᠢᠭ᠎ᠠ ᠶᠤᠮ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠳᠠᠷᠢᠶᠠᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠶ︾ ᠬᠡᠵᠥ ᠤᠯᠠᠮ ᠴᠢᠨᠠᠬᠰᠢᠳᠠ ᠴᠢᠬᠤᠯᠠᠴᠢᠯᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠡᠭᠭᠤᠵᠢᠭᠤᠯᠤᠬᠰᠠᠨ ᠪᠠᠶᠢᠳᠠᠯ ᠳᠣᠣᠷ᠎ᠠ᠂ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠳᠤ ᠪᠠᠰᠠ ᠪᠠᠶᠢᠳᠠᠯ ᠳᠤᠨᠢ ᠲᠤᠬᠢᠷᠠᠭᠤᠯᠤᠨ ᠴᠢᠳᠠᠮᠠᠭᠠᠢ ᠪᠠᠷ ᠵᠢᠯᠣᠭᠤᠳᠴᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠬᠤ ᠬᠡᠷᠡᠭᠲᠡᠢ᠃      ︽ᠡᠨᠡ ᠵᠢᠯ ᠤᠨ 1 ᠰᠠᠷ᠎ᠠ ᠶᠢᠨ 20 ᠠᠴᠠ 3 ᠰᠠᠷ᠎ᠠ ᠶᠢᠨ 30 ᠤ ᠡᠳᠦᠷ ᠪᠣᠯᠲᠠᠯ᠎ᠠ᠂ ᠮᠸᠢ ᠲᠤᠸᠠᠨ ᠤ ᠰᠢᠨ᠎ᠡ ᠳᠠᠩᠰᠠᠯᠠᠭᠤᠯᠤᠭᠰᠠᠨ ᠬᠤᠭᠤᠯᠠ ᠬᠦᠷᠬᠡᠭᠴᠢ 45.78 ᠲᠦᠮᠡᠨ ᠬᠥᠮᠦᠨ ᠳᠤ ᠬᠦᠷᠴᠦ᠂ ᠲᠤᠰ ᠲᠠᠪᠴᠠᠩ ᠤᠨ ᠬᠤᠭᠤᠯᠠ ᠬᠦᠷᠬᠡᠭᠴᠢ ᠶᠢᠨ ᠳᠤᠳᠤᠷᠠᠬᠢ 25.7 ᠲᠦᠮᠡᠨ ᠬᠦᠮᠦᠨ ᠨᠢ ᠲᠠᠩᠰᠠᠯᠠᠵᠥ  ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠪᠣᠯᠤᠨ᠎ᠠ︔ ᠳ᠋ᠢ ᠳ᠋ᠢ ᠰᠦᠯᠵᠢᠶ᠎ᠡ ᠪᠠᠷ ᠪᠤᠯᠵᠤᠬᠤ ᠲᠡᠷᠭᠡ ᠪᠠᠷᠢᠵᠤ ᠪᠠᠶᠢᠭ᠎ᠠ ᠵᠢᠯᠣᠭᠤᠴᠢ ᠶᠢᠨ ᠬᠠᠭᠠᠰ ᠢᠯᠡᠭᠦᠤ ᠨᠢ ᠬᠤᠲᠠ ᠣᠷᠣᠵᠤ ᠠᠵᠢᠯ ᠬᠢᠵᠦ ᠪᠠᠶᠢᠭ᠎ᠠ ᠬᠥᠮᠦᠰ ᠪᠤᠯᠤᠨ᠎ᠠ︾᠃      ᠤᠯᠤᠰ ᠲᠥᠷᠥ ᠶᠢᠨ ᠵᠥᠪᠯᠡᠯᠭᠡᠨ ᠤ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷ᠎ᠡ᠂ ᠸᠠᠩ ᠢ ᠮᠢᠩ ᠭᠡᠰᠢᠭᠦᠨ ᠡᠶᠢᠮᠦ ᠨᠢᠭᠡ ᠪᠦᠯᠦᠭ ᠲᠤᠭ᠎ᠠ ᠪᠠᠷᠢᠮᠲᠠ ᠪᠠᠷ ︽ᠰᠢᠨ᠎ᠡ ᠠᠵᠢᠯ ᠣᠯᠭᠤᠯᠲᠠ ᠶᠢᠨ ᠬᠡᠯᠪᠡᠷᠢ︾ ᠶᠢᠨ ᠠᠵᠢᠯ ᠣᠯᠭᠤᠯᠲᠠ ᠶᠢ ᠪᠠᠲᠤᠯᠠᠬᠤ ︽ᠤᠰᠤ ᠬᠠᠳᠠᠭᠠᠯᠠᠬᠤ ᠴᠥᠭᠦᠷᠥᠮ︾ ᠪᠠ ᠠᠷᠠᠳ ᠤᠨ ᠠᠮᠢᠳᠤᠷᠠᠯ ᠤᠨ ︽ᠲᠣᠭᠲᠠᠪᠤᠷᠢᠵᠢᠭᠤᠯᠬᠤ ᠪᠠᠭᠠᠵᠢ︾ ᠶᠢᠨ  ᠦᠢᠯᠡᠳᠦᠯ ᠢ ᠭᠡᠷᠡᠴᠢᠯᠡᠵᠦ᠂ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠤᠪᠠ᠃      ᠶᠡᠷᠦᠩᠬᠡᠶ ᠱᠦᠵᠢ ᠰᠢ ᠶᠢᠨ ᠫᠢᠩ ᠲᠡᠷᠡ ᠳᠠᠷᠤᠶ ᠳᠤᠨᠢ᠄ ︽ᠬᠢᠵᠢᠭ ᠤᠨ ᠪᠠᠶᠢᠳᠠᠯ ᠭᠡᠨᠡᠳᠲᠡ ᠡᠭᠦᠰᠪᠡ᠂ ︿ᠰᠢᠨ᠎ᠡ ᠠᠵᠢᠯ ᠣᠯᠭᠤᠯᠲᠠ ᠶᠢᠨ ᠬᠡᠯᠪᠡᠷᠢ﹀ ᠴᠦ ᠭᠡᠨᠡᠳᠲᠡ ᠪᠠᠷ ᠭᠠᠷᠴᠤ ᠢᠷᠡᠵᠡᠢ᠃ ᠡᠭᠦᠨ ᠳᠤ ᠬᠠᠨᠳᠤᠭᠤᠯᠤᠨ ᠪᠢᠳᠡ ᠪᠠᠶᠢᠳᠠᠯ ᠢ ᠲᠠᠭᠠᠨ ᠠᠵᠢᠯᠯᠠᠵᠤ᠂ ᠲᠡᠭᠦᠨ ᠤ ᠠᠶ᠎ᠠ ᠶᠢ ᠨᠢ ᠲᠠᠭᠠᠭᠤᠯᠤᠨ ᠬᠦᠭᠵᠢᠬᠦᠯᠵᠤ ᠂ ᠤᠨᠴᠠᠯᠠᠭᠲᠠᠨ ᠴᠣᠯᠭᠤᠷᠠᠨ ᠭᠠᠷᠬᠤ ᠳᠤᠨᠢ ᠵᠠᠮ ᠲᠠᠯᠪᠢᠵᠤ ᠦᠭᠭᠦ ᠬᠡᠷᠡᠭᠲᠡᠶ᠃ ᠬᠡᠯᠡᠯᠭᠡᠨ ᠦᠭᠡᠢ ︿ᠰᠢᠨ᠎ᠠ ᠠᠵᠢᠯ ᠣᠯᠭᠤᠯᠲᠠ ᠶᠢᠨ ᠬᠡᠯᠪᠡᠷᠢ﹀ ᠲᠠᠢ ᠢᠵᠢ ᠪᠦᠷᠢᠳᠦᠭᠰᠡᠨ ᠬᠠᠤᠯᠢ ᠴᠠᠭᠠᠵᠠ ᠳᠦᠷᠢᠮ ᠲᠣᠭᠲᠠᠭᠠᠯ ᠢ ᠲᠤᠭᠲᠠᠭᠠᠵᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠠᠪᠬᠤ ᠨᠢ ᠴᠦ ᠣᠷᠦ᠋ᠢᠲᠠᠵᠤ ᠪᠣᠯᠬᠤ ᠦᠭᠡᠢ︾ ᠬᠡᠵᠥ ᠬᠡᠯᠡᠪᠡ᠃      — ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠠᠯᠤᠰ ᠬᠡᠳᠤ ᠶᠢᠨ ᠲᠣᠭᠲᠠᠴᠠ ᠶᠢ ᠪᠠᠶᠢᠭᠤᠯᠬᠤ ᠶᠢ ᠨᠡᠩ ᠴᠢᠬᠤᠯᠠᠴᠢᠯᠠᠬᠤ ᠬᠡᠷᠡᠭᠲᠡᠢ᠃      ᠬᠤᠪᠸᠢ ᠶᠢᠨ ᠲᠥᠯᠥᠭᠡᠯᠡᠭᠴᠢᠳ ᠤᠨ ᠪᠦᠯᠬᠦᠮ ᠳᠤ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠲᠣᠰᠬᠤᠨ ᠤ ᠠᠵᠤ ᠦᠢᠯᠡᠰ ᠤᠨ ︽ᠴᠢᠰᠤ ᠪᠦᠲᠦᠭᠡᠬᠦ︾ ᠦᠢᠯᠡᠳᠦᠯ ᠢ ᠬᠠᠯᠠᠮᠵᠢᠯᠠᠵᠤ ᠪᠠᠶᠢᠯ᠎ᠠ᠃      ᠧᠨ ᠱᠢ ᠵᠧᠦ ᠶᠢᠨ ᠴᠥᠭᠡᠨ ᠲᠣᠭᠠᠲᠤ ᠦᠨᠳᠦᠰᠦᠲᠡᠨ ᠤ ᠲᠠᠷᠢᠶᠠᠴᠢᠨ ᠤ ᠲᠥᠯᠥᠭᠡᠯᠡᠭᠴᠢ ᠰᠦᠩ ᠴᠢᠩ ᠯᠢ ᠲᠤᠬᠠᠢ ᠶᠢᠨ ᠭᠠᠵᠠᠷ ᠤᠨ ᠰᠧᠯᠧᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠶᠠᠷᠢᠭᠰᠠᠠ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ᠄ ︽ᠳᠡᠭᠡᠷ᠎ᠡ ᠰᠠᠷ᠎ᠠ ᠰᠠᠶ᠋ᠢ ᠪᠢ ᠱᠠᠨᠰᠢ ᠳᠤ ᠣᠴᠢᠵᠤ ᠥᠩᠭᠡᠷᠡᠵᠡᠶ᠂ ᠠᠨᠺᠠᠩ ᠤᠨ ᠣᠷᠴᠢᠮ ᠪᠠᠰᠠ ᠰᠧᠯᠧᠨ ᠪᠠᠶᠠᠯᠢᠭ ᠭᠠᠵᠠᠷ ᠶᠤᠮ᠂ ᠲᠠᠨ ᠤ ᠠᠳᠡ ᠪᠠᠰᠠ ᠰᠧᠯᠧᠨ ᠪᠠᠶᠠᠯᠢᠭ ᠭᠠᠵᠠᠷ ᠪᠣᠯᠤᠨ᠎ᠠ᠂ ᠡᠨᠡ ᠬᠦ ᠡᠷᠬᠢᠮ ᠨᠠᠨᠳᠢᠨ ᠡᠬᠢ ᠪᠠᠶᠠᠯᠢᠭ ᠢ ᠰᠠᠶᠢᠲᠤᠷ ᠠᠰᠢᠬᠯᠠᠵᠤ᠂ ᠲᠡᠭᠦᠨ ᠢ ᠰᠧᠯᠧᠨ ᠤ ᠠᠵᠤ ᠦᠶ᠋ᠯᠡᠰ ᠪᠣᠯᠭᠠᠨ ᠬᠤᠪᠢᠷᠠᠭᠤᠯᠬᠤ ᠬᠡᠷᠡᠭᠲᠡᠶ︾ ᠬᠡᠵᠥ ᠵᠤᠷᠢᠬᠵᠢᠭᠤᠯᠪᠠ᠃      ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠤᠯᠤᠰ ᠲᠥᠷᠥ ᠶᠢᠨ ᠵᠥᠪᠯᠡᠯᠭᠡᠨ ᠤ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠦᠪᠡᠷ ᠤᠨ ᠢᠶᠠᠨ ᠠᠵᠢᠯ ᠤᠨ ᠦᠩᠬᠡᠷᠡᠯᠳᠡ ᠲᠠᠢ ᠪᠠᠨ ᠤᠶᠠᠯᠳᠤᠭᠤᠯᠤᠨ ︽ᠠᠮᠤ ᠬᠦᠨᠡᠰᠤ︾ ︽ᠬᠤᠯᠢᠰᠢᠨ ᠢᠳᠡᠬᠡᠨ︾ ᠤ ᠴᠢᠬᠤᠯᠠ ᠴᠢᠨᠠᠷ ᠢ ᠴᠢᠬᠤᠯᠠᠴᠢᠯᠠᠪᠠ᠄ ︽ᠪᠢ ᠹᠦᠵᠧᠦ ᠳᠤ ᠬᠤᠳᠠ ᠶᠢᠨ ᠤᠳᠤᠷᠢᠳᠤᠯᠭ᠎ᠠ ᠪᠠᠶᠢᠬᠤ ᠳᠠᠭᠠᠨ ︿ᠬᠤᠯᠢᠰᠢᠨ ᠢᠳᠡᠬᠡᠨ﹀ ᠢ ᠰᠠᠶᠢᠲᠤᠷ ᠬᠢᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠪᠠ᠃ ᠹᠦᠵᠧᠦ ᠶᠢᠨ ᠬᠥᠮᠦᠰ ︿ᠭᠤᠷᠪᠠᠨ ᠡᠳᠦᠷ ᠨᠤᠭᠤᠭ᠎ᠠ ᠣᠯᠵᠤ ᠦᠵᠡᠬᠦ ᠦᠭᠡᠢ ᠪᠣᠯ ᠨᠢᠳᠦ ᠬᠠᠷᠠᠯᠠᠨ᠎ᠠ﹀ ᠬᠡᠵᠤ ᠬᠡᠯᠡᠳᠡᠭ᠂ ᠰᠢᠨ᠎ᠡ ᠰᠣᠷᠭᠤᠭ ᠨᠣᠭᠤᠭ᠎ᠠ ᠢᠳᠡᠨ᠎ᠡ᠂ ᠬᠦᠬᠡ ᠨᠤᠭᠤᠭ᠎ᠠ ᠢᠳᠡᠨ᠎ᠡ᠃ ᠨᠣᠭᠤᠭ᠎ᠠ ᠦᠭᠡᠢ ᠪᠠᠶᠢᠵᠤ ᠪᠣᠯᠬᠤ ᠦᠭᠡᠢ᠂ ᠨᠠᠩ ᠴᠤ ᠨᠣᠭᠤᠭ᠎ᠠ ᠶᠢᠨ ᠦᠨ᠎ᠡ ᠬᠡᠳᠦ ᠦᠨᠳᠤᠷ ᠪᠠᠶᠢᠵᠥ ᠪᠣᠯᠬᠤ ᠦᠭᠡᠢ᠃ ᠤᠳᠦ ᠶᠢᠨ ᠬᠤᠳᠠ ᠶᠢᠨ ᠳᠠᠷᠤᠭ᠎ᠠ ᠮᠥᠨ ᠯᠡ ᠡᠶᠢᠮᠦ ᠤᠬᠠᠮᠰᠠᠷ ᠲᠠᠢ ᠪᠠᠶᠢᠬᠤ ᠬᠡᠷᠡᠭᠲᠡᠢ︾᠃ ︽ᠠᠳᠬᠤᠨ ᠳᠠᠭᠠᠨ ᠠᠮᠤ ᠪᠤᠳᠠᠭ᠎ᠠ ᠲᠠᠢ ᠪᠤᠯ ᠰᠠᠨᠲᠤᠷᠴᠤ ᠵᠤᠪᠠᠭ᠋ᠤ ᠶᠠᠪᠤᠲᠠᠯ ᠦᠭᠡᠢ ᠬᠡᠭᠴᠢ ᠬᠡᠵᠢᠶ᠎ᠡ ᠴᠦ ᠭᠡᠰᠡᠨ ᠪᠦᠷ ᠦᠨᠡᠨ ᠶᠣᠰᠣ ᠮᠥᠨ︾ ᠬᠡᠪᠡ᠃      ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ᠂ ᠰᠢᠯᠢ ᠶᠢᠨ ᠭᠤᠤᠯ ᠠᠶᠢᠮᠠᠭ ᠤᠨ ᠳᠠᠷᠤᠭ᠎ᠠ ᠾᠦᠸᠧ ᠵᠣᠣ ᠯᠢᠶᠠᠩ ᠲᠥᠯᠥᠭᠡᠯᠡᠭᠴᠢ ᠲᠡᠳᠡᠨ ᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠪᠥᠬᠦ ᠠᠶᠢᠮᠠᠭ ᠤᠨ 60% ᠠᠴᠠ ᠳᠡᠭᠡᠭᠰᠢᠬᠢ ᠣᠷᠣᠨ ᠪᠦᠰᠡ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠵᠤ᠂ ᠲᠠᠯ᠎ᠠ ᠨᠤᠲᠤᠭ ᠲᠤ ᠰᠢᠨ᠎ᠡ ᠪᠠᠷ ᠠᠭᠤᠷᠬᠠᠶ ᠨᠡᠭᠡᠭᠡᠬᠦ ᠲᠥᠷᠥᠯ ᠵᠦᠢᠯ ᠢ ᠤᠷᠤᠭᠤᠯᠬᠤ ᠦᠬᠡᠢ ᠪᠤᠯᠵᠠᠢ ᠬᠡᠪᠡ᠃      ᠡᠭᠦᠨ ᠢ ᠶᠡᠷᠦᠩᠬᠡᠶ ᠱᠦᠵᠢ ᠰᠢ ᠶᠢᠨ ᠫᠢᠩ ᠨᠤᠳᠠᠯᠠᠬᠰᠠᠨ ᠪᠦᠬᠡᠳ ᠳᠤᠳᠤᠷᠬᠠᠢ ᠵᠢᠭᠠᠪᠤᠷᠢ ᠦᠭᠴᠤ᠄ ︽ᠲᠠᠯ᠎ᠠ ᠨᠤᠲᠤᠭ ᠢᠶᠠᠨ ᠳᠡᠷᠡ ᠬᠡᠪ ᠢᠶᠠᠷ ᠨᠢ ᠦᠯᠡᠳᠡᠭᠡ᠂ ᠦᠷ᠎ᠡ ᠬᠤᠶᠢᠴᠢᠰ ᠲᠤ ᠦᠪ ᠪᠤᠯᠬᠤ ᠶᠤᠮ︾ ᠬᠡᠪᠡ᠃      ᠶᠡᠷᠦᠩᠬᠡᠢ ᠱᠦᠵᠢ᠄ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯ ᠠᠷᠠᠳ ᠲᠦᠮᠡᠨ ᠳᠤ ᠪᠤᠶᠠᠨ ᠦᠢᠯᠡᠳᠬᠦ ᠵᠠᠭᠤᠨ ᠵᠢᠯ ᠤᠨ ᠶᠡᠭᠡ ᠪᠤᠳᠤᠯᠭ᠎ᠠ ᠮᠥᠨ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠳᠡ ᠪᠠᠷ ᠤᠳᠤᠷᠢᠳᠤᠮᠵᠢ ᠪᠤᠯᠭᠠᠬᠤ ᠶᠢ ᠪᠠᠲᠤ ᠪᠠᠷᠢᠮᠲᠠᠯᠠᠵᠤ᠂ ᠬᠥᠬᠡ ᠣᠭᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡ ᠬᠦ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠨᠠᠩ ᠪᠠᠲᠤ ᠪᠠᠬᠢ ᠪᠠᠶᠢᠭᠤᠯᠬᠤ ᠬᠡᠷᠡᠭᠳᠡᠢ︾ ᠬᠡᠵᠥ ᠵᠢᠭᠠᠵᠥ ᠭᠠᠷᠭᠠᠪᠠ᠃       ᠁      ᠵᠢᠵᠢᠭ ᠰᠠᠵᠢᠭ ᠶᠠᠪᠤᠳᠠᠯ ᠠᠴᠠ ᠠᠷᠠᠳ ᠲᠦᠮᠡᠨ ᠢ ᠬᠠᠯᠠᠮᠵᠢᠯᠠᠪᠠ᠃      ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠠᠴᠠ ᠠᠵᠢᠯ ᠤᠯᠭᠤᠯᠳᠠ ᠠᠷᠠᠳ ᠤᠨ ᠠᠮᠢᠳᠤᠷᠠᠯ ᠬᠦᠷᠳᠡᠯ᠎ᠠ᠂ ᠠᠮᠢ ᠠᠬᠤᠢ ᠶᠢᠨ ᠬᠠᠮᠠᠭᠠᠯᠠᠯᠳᠠ ᠠᠴᠠ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠲᠤᠯᠠᠬᠤ ᠬᠦᠷᠳᠡᠯ᠎ᠠ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠠᠴᠠ ︽ᠵᠢᠷᠭᠤᠭ᠎ᠠ ᠶᠢ ᠪᠠᠳᠤᠯᠠᠬᠤ︾ ᠡᠭᠦᠷᠭᠡ ᠬᠦᠷᠳᠡᠯ᠎ᠠ ᠴᠦᠮ ︽ᠬᠠᠮᠳᠦ ᠪᠠᠷ ᠪᠠᠶᠠᠵᠢᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ︾ ᠰᠠᠶᠢᠨ ᠰᠠᠶᠢᠬᠠᠨ ᠬᠦᠰᠡᠯ ᠵᠡᠭᠦᠳᠦ ᠶᠢ ᠲᠡᠷᠭᠡᠯᠰᠢᠬᠦᠯᠬᠦ ᠶᠢᠨ ᠲᠦᠯᠦᠭᠡ ᠶᠤᠮ᠃      ︽ᠠᠵᠢᠯ ᠶᠠᠪᠤᠲᠠᠯ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠵᠢᠯ ᠠᠴᠠ ᠵᠢᠯ ᠵᠠᠯᠭᠠᠨ ᠬᠢᠵᠤ᠂ ᠴᠢᠷᠮᠠᠶᠢᠵᠤ ᠪᠠᠶᠢᠭᠠᠳ ᠤᠯᠠᠨ ᠲᠦᠮᠡᠨ ᠳᠤ ᠬᠤᠪᠢᠷᠠᠯᠳᠠ ᠶᠢ ᠤᠯᠵᠤ ᠬᠠᠷᠠᠭᠤᠯᠵᠤ᠂ ᠠᠰᠢᠭ ᠬᠦᠷᠳᠡᠭᠡᠬᠦ ᠬᠡᠷᠡᠭᠳᠠᠢ︾ ᠭᠡᠵᠤ ᠶᠡᠷᠦᠩᠬᠡᠢ ᠱᠦᠵᠢ ᠰᠢ ᠶᠢᠨ ᠫᠢᠩ ᠤᠨ  ᠬᠡᠯᠡᠭᠰᠡᠨ ᠦᠭᠡ ᠤᠳ ᠨᠢ ᠳᠤᠮᠳᠠᠳᠤ ᠤᠯᠤᠰ ᠤᠨ ᠡᠪ ᠬᠠᠮᠳᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠤᠯᠤᠨ ᠲᠡᠮᠡᠴᠡᠯ ᠤᠨ ᠵᠠᠩ ᠴᠢᠨᠠᠷ ᠢ ᠳᠤᠰᠬᠠᠵᠠᠢ᠃      ᠠᠷᠠᠳ ᠲᠦᠮᠡᠨ ᠳᠤ ᠲᠦᠰᠢᠭᠯᠡᠨ᠎ᠡ — ︽ᠠᠶᠤᠯ ᠲᠦᠭᠰᠢᠬᠦᠷᠢ ᠶᠢᠨ ᠳᠤᠮᠳᠠ ᠠᠴᠠ ᠰᠢᠨ᠎ᠠ ᠠᠵᠠ ᠳᠤᠬᠢᠶᠠᠯ ᠢ ᠡᠷᠢᠵᠤ᠂ ᠬᠤᠪᠢᠷᠠᠯᠳᠠ ᠳᠤᠮᠳᠠ ᠠᠴᠠ ᠰᠢᠨ᠎ᠠ ᠪᠠᠶᠢᠳᠠᠯ ᠢ ᠡᠭᠦᠳᠦᠨ᠎ᠡ︾      ︽ᠪᠢ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠠᠶᠢᠴᠠᠭᠠᠨ ᠰᠤᠳᠤᠯᠤᠯᠳᠠ ᠬᠢᠭᠡᠳ 7000 ᠰᠢᠬᠠᠮ ᠪᠠᠶᠢᠴᠠᠭᠠᠯᠳᠠ ᠶᠢᠨ ᠬᠠᠭᠤᠳᠠᠰᠤ ᠤᠯᠵᠠᠢ᠂ ᠤᠯᠠᠨ ᠤ ᠳᠤᠰᠬᠠᠭᠰᠠᠨ ᠢᠶᠠᠷ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠤᠨ ᠬᠦᠭᠵᠢᠯᠳᠡ ᠳᠤ ᠬᠦᠴᠢᠷᠳᠡᠯ ᠲᠤᠯᠭᠠᠷᠠᠵᠤ᠂ ᠬᠠᠮᠤᠭ ᠤᠨ ᠳᠤᠪᠤᠶᠢᠮ᠎ᠠ ᠠᠰᠠᠭᠤᠳᠠᠯ ᠭᠡᠪᠡᠯ ᠠᠷᠠᠳ ᠤᠨ ᠲᠤᠮᠲᠠᠬᠢ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠪᠠᠭᠤᠷᠠᠵᠤ᠂ ᠠᠵᠢᠯ ᠤᠯᠭᠤᠯᠳᠠ ᠶᠢᠨ ᠪᠠᠶᠢᠳᠠᠯ ᠴᠤ ᠵᠤᠬᠢᠬᠤ ᠬᠡᠮᠵᠢᠶ᠎ᠡ ᠪᠠᠷ ᠮᠠᠭᠤᠲᠠᠵᠠᠢ︾᠃      ᠤᠯᠤᠰ ᠲᠦᠷᠦ ᠶᠢᠨ ᠵᠦᠪᠯᠡᠯᠭᠡᠨ ᠤ ᠬᠠᠮᠳᠤᠷᠠᠭᠰᠠᠨ ᠳᠤᠭᠤᠢᠢᠯᠠᠩ ᠤᠨ ᠬᠤᠷᠠᠯ ᠳᠡᠭᠡᠷ᠎ᠠ᠂ ᠯᠢᠦ ᠶᠦᠩ ᠬᠤᠤ ᠭᠡᠰᠢᠭᠦᠨ᠂ ᠤᠳᠤᠬᠠᠨ ᠳᠤ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠤᠨᠴᠠᠭᠠᠢᠢᠯᠠᠨ ᠳᠤᠮᠳᠠ ᠪᠠᠭ᠎ᠠ ᠠᠵᠤ ᠠᠬᠤᠢᠢᠯᠠᠯ ᠳᠤ ︽ᠭᠤᠷᠪᠠᠨ ᠬᠦᠴᠢᠷᠳᠡᠯ︾ ᠲᠤᠯᠭᠠᠷᠠᠵᠤ ᠪᠠᠶᠢᠨ᠎ᠠ᠂ ᠲᠤᠬᠠᠢᠢᠯᠠᠪᠠᠯ ᠦᠢᠯᠡᠳᠪᠦᠷᠢᠯᠡᠵᠤ ᠪᠤᠷᠤᠯᠠᠭᠤᠯᠬᠤ ᠳᠤ ᠬᠦᠴᠢᠷ᠂ ᠪᠡᠯᠡ ᠤᠷᠤᠭᠤᠯᠬᠤ ᠳᠤ ᠬᠦᠴᠢᠷ᠂ ᠪᠡᠯᠡᠨ ᠮᠦᠩᠭᠦ ᠪᠤᠯᠭᠠᠬᠤ ᠳᠤ ᠬᠦᠴᠢᠷ ᠪᠠᠶᠢᠬᠤ ᠵᠡᠷᠭᠡ ᠠᠰᠠᠭᠤᠳᠠᠯ ᠪᠤᠯᠤᠨ᠎ᠠ ᠭᠡᠵᠤ ᠳᠤᠰᠬᠠᠵᠠᠢ᠃      ᠡᠨᠡ ᠭᠤᠷᠪᠠᠨ ︽ᠬᠦᠴᠢᠷᠳᠡᠯ︾ ᠢ ᠰᠤᠨᠤᠰᠤᠭᠠᠳ ᠰᠢ ᠶᠢᠨ ᠫᠢᠩ᠄ ︽ᠦᠨᠦᠳᠦᠷ ᠤᠨ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠳᠤᠮᠳᠠᠳᠤ ᠤᠯᠤᠰ ᠤᠨ ᠬᠦᠰᠡᠯᠡᠩ ᠤᠨ ᠬᠠᠯᠠᠭᠤᠨ ᠬᠦᠷᠦᠰᠦᠨ ᠳᠡᠭᠡᠷ᠎ᠠ ᠤᠷᠭᠤᠪᠠ᠂ ᠭᠡᠳᠡᠯ᠎ᠡ ᠡᠨᠡ ᠬᠦ ᠬᠠᠯᠠᠭᠤᠨ ᠬᠦᠷᠦᠰᠦ ᠭᠡᠳᠡᠭ ᠨᠢ ᠠᠩᠬ᠎ᠠ ᠡᠬᠢᠯᠡᠬᠦ ᠳᠡᠭᠡᠨ ᠡᠵᠡᠭᠦᠢ ᠬᠡᠬᠡᠷ᠎ᠠ ᠪᠠᠶᠢᠵᠠᠢ᠃ ᠳᠡᠳᠡ ᠵᠠᠭᠠᠭ ᠵᠠᠪᠰᠠᠷ ᠢ ᠡᠷᠢᠨ ᠠᠮᠢ ᠵᠢᠭᠤᠵᠤ᠂ ᠪᠡᠷᠬᠡ ᠪᠠᠷᠳᠠᠭ᠎ᠠ ᠳᠤᠮᠳᠠᠭᠤᠷ ᠵᠠᠮ ᠭᠠᠷᠭᠠᠵᠤ ᠶᠠᠪᠤᠭᠰᠠᠭᠠᠷ ᠪᠠᠶᠢᠵᠤ ᠦᠨᠦᠳᠦᠷ ᠲᠤ ᠬᠦᠷᠴᠤ ᠢᠷᠡᠵᠠᠢ᠂ ᠡᠨᠡ ᠬᠦ ᠶᠠᠪᠤᠴᠠ ᠬᠡᠴᠢᠨᠡᠨ ᠬᠠᠳᠠᠭᠤᠵᠢᠯᠳᠠᠢ ᠪᠤᠢ᠃ ᠦᠨᠦᠳᠦᠷ ᠤᠨ ᠬᠡᠮᠵᠢᠶᠠᠨ ᠳᠤ ᠬᠦᠷᠴᠤ᠂ ᠦᠨᠦᠳᠦᠷ ᠤᠨ ᠬᠤᠪᠢ ᠨᠡᠮᠡᠷᠢ ᠶᠢ ᠦᠵᠡᠭᠦᠯᠵᠤ ᠪᠠᠶᠢᠬᠤ ᠨᠢ ᠲᠦᠢᠯ ᠤᠨ ᠠᠮᠠᠷ ᠦᠭᠡᠢ︾ ᠭᠡᠵᠤ ᠬᠡᠯᠡᠨ᠎ᠠ᠃      ᠢᠩᠭᠢᠵᠤ ᠬᠡᠯᠡᠵᠤ ᠪᠠᠶᠢᠭᠰᠠᠨ ᠢᠶᠠᠨ ᠶᠡᠷᠦᠩᠬᠡᠢ ᠱᠦᠵᠢ᠄ ︽ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠤᠯᠠᠮ ᠴᠢᠨᠠᠭᠰᠢᠳᠠ ᠬᠦᠭᠵᠢᠬᠦ ᠳᠤ ᠮᠦᠨ ᠬᠦ ︿ᠬᠦᠴᠢᠷᠳᠡᠯ﹀ ᠤᠨ ᠳᠤᠮᠳᠠ ᠠᠶᠠᠯᠠᠨ᠎ᠠ᠃ ᠭᠦᠨ ᠤᠬᠠᠭᠠᠨ ᠤ ᠤᠳᠬ᠎ᠠ ᠤᠴᠢᠷ ᠠᠴᠠ ᠬᠡᠯᠡᠪᠡᠯ᠂ ︿ᠬᠦᠴᠢᠷᠳᠡᠯ﹀ ᠪᠤᠯ ᠶᠠᠮᠠᠷᠪᠠ ᠬᠦᠷᠢᠶᠡᠨ ᠤ ᠤᠷᠤᠭᠰᠢᠯᠠᠯᠳᠠ ᠶᠢᠨ ᠵᠠᠮ ᠳᠡᠭᠡᠷᠡᠬᠢ ᠡᠭᠦᠷᠢᠳᠡ ᠶᠢᠨ ᠰᠡᠳᠦᠪ ᠪᠤᠯᠤᠨ᠎ᠠ᠃ ᠤᠳᠤᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠪᠠᠶᠢᠭ᠎ᠠ ᠦᠭᠡᠢ ᠶᠡᠭᠡ ᠬᠤᠪᠢᠷᠠᠯᠳᠠ ᠶᠢᠨ ᠡᠮᠦᠨ᠎ᠠ᠂ ︿ᠬᠤᠤᠰ ᠵᠠᠭᠤᠨ ᠵᠢᠯ﹀ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠠᠶᠠᠨ ᠵᠠᠮ ᠳᠤᠮᠳᠠ᠂ ︿ᠬᠦᠴᠢᠷᠳᠡᠯ﹀ ᠨᠢ ᠬᠠᠮᠢᠭ᠎ᠠ ᠪᠤᠯᠭᠠᠨ ᠳᠤ ᠤᠷᠤᠰᠢᠵᠤ ᠪᠠᠶᠢᠳᠠᠭ᠃ ᠭᠠᠭᠴᠠ ᠬᠦ ᠲᠠᠰᠤᠷᠠᠯᠳᠠ ᠦᠭᠡᠢ ᠰᠦᠪᠡᠭᠴᠢᠯᠡᠵᠤ᠂ ᠲᠠᠰᠤᠷᠠᠯᠳᠠ ᠦᠭᠡᠢ ᠲᠡᠮᠡᠴᠡᠪᠡᠯ ᠰᠠᠶ᠋ᠢ ᠤᠷᠤᠭᠰᠢᠯᠠᠯᠳᠠ ᠶᠢᠨ ᠳᠤᠮᠳᠠᠬᠢ ᠬᠦᠴᠢᠷᠳᠡᠯ ᠢ ᠲᠠᠰᠤᠷᠠᠯᠳᠠ ᠦᠭᠡᠢ ᠢᠯᠠᠨ ᠳᠠᠪᠠᠵᠤ᠂ ᠰᠢᠨ᠎ᠠ ᠬᠦᠭᠵᠢᠯᠳᠡ ᠶᠢᠨ ᠵᠠᠮ ᠢᠶᠠᠷ ᠠᠶᠠᠯᠠᠵᠤ ᠴᠢᠳᠠᠨ᠎ᠠ︾ ᠭᠡᠵᠤ ᠬᠡᠯᠡᠪᠡ᠃      ︽ᠬᠦᠴᠢᠷᠳᠡᠯ︾ ᠳᠤ ᠰᠢᠭᠤᠳ ᠬᠠᠨᠳᠤᠬᠤ ᠪᠤᠯ ᠤᠳᠤᠬᠠᠨ ᠤ ᠤᠯᠤᠰ ᠤᠨ ᠳᠤᠳᠤᠭᠠᠳᠤ ᠭᠠᠳᠠᠭᠠᠳᠤ ᠶᠢᠨ ᠪᠠᠶᠢᠳᠠᠯ ᠤᠨ ᠲᠤᠬᠠᠢ ᠳᠤᠳᠤᠷᠬᠠᠢ ᠲᠠᠨᠢᠯᠳᠠ ᠮᠦᠨ —      ᠤᠯᠤᠰ ᠤᠨ ᠳᠤᠳᠤᠭᠠᠳᠤ ᠶᠢᠨ ᠪᠠᠶᠢᠳᠠᠯ ᠢ ᠦᠵᠡᠬᠦ ᠳᠤ᠂ ᠮᠠᠨ ᠤ ᠤᠯᠤᠰ ᠤᠨ ᠠᠵᠤ ᠠᠬᠤᠢ ᠶᠠᠭ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠨᠡᠮᠡᠭᠳᠡᠯ ᠤᠨ ᠬᠦᠳᠡᠯᠭᠡᠬᠦ ᠬᠦᠴᠦᠨ ᠢ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠤ᠂ ᠠᠵᠤ ᠠᠬᠤᠢ ᠶᠢᠨ ᠬᠦᠭᠵᠢᠯᠳᠡ ᠶᠢᠨ ᠤᠷᠤᠭᠰᠢ ᠢᠷᠡᠭᠡᠳᠦᠢ ᠰᠠᠶᠢᠨ ᠬᠠᠨᠲᠤᠰᠢ ᠲᠠᠢ ᠪᠠᠶᠢᠭ᠎ᠠ ᠴᠤ ᠪᠦᠲᠦᠴᠡ ᠶᠢᠨ ᠴᠢᠨᠠᠷᠳᠠᠢ᠂ ᠪᠠᠶᠢᠭᠤᠯᠤᠮᠵᠢ ᠶᠢᠨ ᠴᠢᠨᠠᠷᠳᠠᠢ᠂ ᠦᠶᠡᠯᠡᠯ ᠤᠨ ᠴᠢᠨᠠᠷᠳᠠᠢ ᠠᠰᠠᠭᠤᠳᠠᠯ ᠬᠠᠷᠢᠯᠴᠠᠨ ᠰᠤᠯᠪᠢᠴᠠᠭᠰᠠᠨ ᠠᠴᠠ ᠪᠤᠯᠵᠤ ᠪᠤᠢ ᠪᠤᠯᠭᠠᠭᠰᠠᠠ ᠬᠦᠴᠢᠷᠳᠡᠯ ᠪᠠ ᠦᠷᠢᠰᠦᠯᠳᠦᠭᠡᠨ ᠴᠤ ᠲᠤᠯᠭᠠᠷᠠᠵᠤ ᠪᠠᠶᠢᠨ᠎ᠠ᠃ ᠶᠠᠭ ᠶᠡᠷᠦᠩᠬᠡᠢ ᠱᠦᠵᠢ ᠶᠢᠨ ᠬᠡᠯᠡᠭᠰᠡᠨᠴᠢᠯᠡᠨ᠄ ︽ᠡᠭᠦᠨ ᠤ ᠳᠠᠭᠠᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠳᠠ ᠳᠤ ᠤᠴᠠᠷᠠᠭᠰᠠᠨ ᠠᠴᠠ ᠤᠳᠤᠬᠠᠨ ᠤ ᠮᠠᠨ ᠤ ᠤᠯᠤᠰ ᠤᠨ ᠠᠵᠤ ᠠᠬᠤᠢ ᠶᠢᠨ ᠡᠷᠭᠢᠯᠳᠡ ᠳᠤ ᠨᠡᠯᠢᠶᠡᠳ ᠶᠡᠭᠡ ᠳᠠᠷᠤᠭᠠᠰᠤ ᠲᠤᠯᠭᠠᠷᠠᠵᠤ ᠪᠠᠶᠢᠨ᠎ᠠ︾᠃      ᠳᠡᠯᠡᠬᠡᠢ ᠳ᠋ᠠᠬᠢᠨ ᠢ ᠠᠵᠢᠬᠤ ᠳᠤ᠂ ᠪᠢᠳᠡ ᠪᠠᠰᠠ ᠳᠡᠯᠡᠬᠡᠢ ᠶᠢᠨ ᠠᠵᠤ ᠠᠬᠤᠢ ᠲᠦᠢᠯ ᠢᠶᠠᠷ ᠤᠷᠤᠭᠤᠳᠠᠭᠰᠠᠨ᠂ ᠤᠯᠠᠨ ᠤᠯᠤᠰ ᠤᠨ ᠠᠷᠠᠯᠵᠢᠶ᠎ᠠ ᠪᠠ ᠪᠡᠯᠡ ᠤᠷᠤᠭᠤᠯᠤᠯᠳᠠ ᠶᠡᠭᠡ ᠪᠠᠷ ᠮᠠᠭᠤᠳᠠᠭᠰᠠᠨ᠂ ᠤᠯᠠᠨ ᠤᠯᠤᠰ ᠤᠨ ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠲᠤᠭᠲᠠᠭᠤᠨ ᠪᠤᠰᠤ ᠪᠤᠯᠤᠭᠰᠠᠨ᠂ ᠤᠯᠠᠨ ᠤᠯᠤᠰ ᠤᠨ ᠶᠠᠪᠤᠯᠴᠠᠭ᠎ᠠ ᠬᠢᠵᠠᠭᠠᠷᠯᠠᠭᠳᠠᠭᠰᠠᠨ᠂ ᠠᠵᠤ ᠠᠬᠤᠢ ᠶᠢᠨ ᠳᠡᠯᠡᠬᠡᠶᠢᠵᠢᠯᠳᠡ ᠰᠦᠷᠭᠡᠦ ᠤᠷᠤᠰᠬᠠᠯ ᠳᠤ ᠤᠴᠠᠷᠠᠭᠰᠠᠨ᠂ ᠵᠠᠷᠢᠮ ᠤᠯᠤᠰ ᠲᠤ ᠬᠠᠮᠠᠭᠠᠯᠠᠬᠤ ᠦᠵᠡᠯ ᠪᠠ ᠭᠠᠭᠴᠠ ᠲᠠᠯᠠᠳᠤ ᠦᠵᠡᠯ ᠳᠡᠯᠭᠡᠷᠡᠭᠰᠡᠨ᠂ ᠭᠠᠵᠠᠷ ᠤᠷᠤᠨ ᠢᠶᠠᠷ ᠰᠢᠯᠳᠠᠭᠠᠯᠠᠭᠳᠠᠭᠰᠠᠨ ᠤᠯᠤᠰ ᠲᠦᠷᠦ ᠶᠢᠨ ᠲᠦᠭᠰᠢᠭᠦᠷᠢ ᠳᠡᠭᠡᠭᠰᠢᠯᠡᠭᠰᠡᠨ ᠵᠡᠷᠭᠡ ᠠᠰᠢᠭ ᠦᠭᠡᠢ ᠪᠠᠶᠢᠲᠠᠯ ᠳᠤ ᠲᠤᠯᠭᠠᠷᠠᠵᠤ ᠪᠠᠶᠢᠭ᠎ᠠ ᠤᠴᠢᠷ ᠠᠴᠠ᠂ ᠪᠢᠲᠠ ᠨᠡᠩ ᠲᠤᠭᠳᠠᠭᠤᠨ ᠪᠤᠰᠤ ᠲᠤᠭᠳᠠᠭᠠᠯᠳᠤ ᠪᠤᠰᠤ ᠳᠡᠯᠡᠬᠡᠢ ᠳᠡᠭᠡᠷ᠎ᠠ ᠲᠤᠰ ᠪᠡᠶ᠎ᠠ ᠶᠢᠨ ᠬᠦᠭᠵᠢᠯᠳᠡ ᠪᠠᠨ ᠡᠷᠢᠯᠬᠢᠯᠡᠬᠦ ᠬᠡᠷᠡᠭᠳᠠᠢ ᠪᠤᠯᠵᠠᠢ᠃      ᠶᠡᠷᠦᠩᠭᠡᠢ ᠱᠦᠵᠢ ᠨᠢᠭᠡ ᠴᠢᠬᠤᠯᠠ ᠮᠠᠭᠠᠳᠯᠠᠯᠲᠠ ᠬᠢᠵᠠᠢ᠄ ︽ᠲᠡᠯᠡᠭᠡᠢ ᠲᠡᠭᠡᠷᠡᠬᠢ ᠶᠠᠮᠠᠷᠪᠠ ᠬᠡᠷᠡᠭ ᠪᠤᠲᠠᠰ ᠲᠤ ᠪᠦᠷ ᠬᠤᠶᠠᠷ ᠲᠠᠯ᠎ᠠ ᠲᠠᠢ ᠪᠠᠶᠢᠲᠠᠭ᠂ ᠡᠨᠡ ᠤᠲᠠᠭ᠎ᠠ ᠶᠢᠨ ᠬᠢᠵᠢᠭ ᠤᠨ ᠪᠠᠶᠢᠲᠠᠯ ᠪᠤᠯ ᠨᠢᠭᠡ ᠤᠲᠠᠭ᠎ᠠ ᠶᠢᠨ ᠠᠶᠤᠯ ᠲᠦᠭᠰᠢᠬᠦᠷᠢ ᠮᠦᠨ᠂ ᠭᠡᠲᠡᠯ᠎ᠠ ᠵᠤᠬᠢᠬᠤ ᠬᠡᠮᠵᠢᠶᠠᠠ ᠲᠡᠭᠡᠷ᠎ᠠ ᠪᠠᠰᠠ ᠰᠢᠨ᠎ᠠ ᠠᠵᠠ ᠲᠤᠬᠢᠶᠠᠯ ᠢ ᠬᠦᠪᠦᠷᠡᠭᠦᠯᠦᠭᠰᠡᠡ ᠪᠠᠶᠢᠨ᠎ᠠ︾ ︽ᠠᠶᠤᠯ ᠲᠦᠭᠰᠢᠭᠦᠷᠢ  ᠳᠤᠮᠳᠠ ᠠᠴᠠ ᠰᠢᠨ᠎ᠠ ᠠᠵᠠ ᠲᠤᠬᠢᠶᠠᠯ ᠢ ᠡᠷᠢᠵᠤ᠂ ᠬᠤᠪᠢᠷᠠᠯᠲᠠ ᠲᠤᠮᠲᠠ ᠠᠴᠠ ᠰᠢᠨ᠎ᠠ ᠪᠠᠶᠢᠲᠠᠯ ᠢ ᠡᠭᠦᠳᠦᠨ᠎ᠡ︾᠃ ᠶᠡᠷᠦᠩᠭᠡᠢ ᠱᠦᠵᠢ ᠰᠢ ᠶᠢᠨ ᠫᠢᠩ ᠪᠦᠬᠦ ᠲᠠᠯ᠎ᠠ ᠶᠢᠨ᠂ ᠬᠤᠪᠢᠰᠤᠩᠭᠤᠢ᠂ ᠠᠯᠤᠰ ᠭᠡᠲᠦ ᠶᠢᠨ ᠬᠠᠷᠠᠭᠠᠰᠤ ᠠᠴᠠ᠂ ᠤᠲᠤᠬᠠᠠ ᠤ ᠠᠵᠦ ᠠᠬᠤᠢ ᠶᠢᠨ ᠪᠠᠶᠢᠲᠠᠯ ᠳᠤ ᠬᠦᠨᠵᠡᠭᠡᠢ ᠵᠠᠲᠠᠯᠤᠯᠲᠠ ᠬᠢᠵᠦ᠂ ᠪᠠᠶᠢᠯᠲᠤᠬᠤ ᠪᠤᠲᠤᠯᠭ᠎ᠠ ᠶᠢᠨ ᠵᠢᠯᠤᠭᠤᠲᠤᠯᠭ᠎ᠠ ᠬᠢᠵᠠᠢ᠃      ᠶᠡᠷᠦᠩᠭᠡᠢ ᠱᠦᠵᠢ ᠨᠢᠭᠡ ᠤᠯᠠᠠ ᠲᠤᠭ᠎ᠠ ᠪᠠᠷᠢᠮᠲᠠ ᠪᠠᠷ ᠦᠵᠡᠯᠲᠠ ᠪᠠᠨ ᠴᠢᠨᠠᠭᠰᠢᠲᠠ ᠲᠤᠲᠤᠷᠬᠠᠢᠢᠯᠠᠠ ᠦᠭᠦᠯᠡᠪᠡ —      1 ᠳ᠋ᠦᠩᠰᠢᠭᠤᠷ ᠭᠠᠷᠤᠢ ᠵᠠᠬ᠎ᠠ ᠲᠡᠯᠭᠡᠭᠦᠷ ᠤᠨ ᠭᠤᠤᠯ ᠴᠤᠭᠴᠠ ᠪᠠ 1.7 ᠳ᠋ᠦᠩᠰᠢᠭᠤᠷ ᠭᠠᠷᠤᠢ ᠶᠡᠭᠡ ᠲᠡᠭᠡᠲᠦ ᠵᠡᠷᠭᠡ ᠶᠢᠨ ᠰᠤᠷᠭᠠᠠ ᠬᠦᠮᠦᠵᠢᠯ ᠬᠦᠷᠲᠡᠭᠰᠡᠡ ᠪᠤᠶᠤ ᠡᠯ᠎ᠠ ᠲᠦᠷᠦᠯ ᠤᠨ ᠲᠤᠰᠬᠠᠢ ᠮᠡᠷᠭᠡᠵᠢᠯ ᠤᠨ ᠴᠢᠲᠠᠪᠤᠷᠢᠲᠠᠠ ᠲᠠᠢ︔      4 ᠳ᠋ᠦᠩᠰᠢᠭᠤᠷ ᠭᠠᠷᠤᠢ ᠲᠤᠮᠲᠠ ᠵᠡᠷᠭᠡ ᠶᠢᠨ ᠤᠷᠤᠯᠭ᠎ᠠ ᠲᠠᠢ ᠤᠯᠠᠠ ᠬᠦᠮᠦᠨ ᠢ ᠪᠠᠭᠲᠠᠭᠠᠭᠰᠠᠠ 14 ᠳ᠋ᠦᠩᠰᠢᠭᠤᠷ ᠬᠦᠮᠦᠨ ᠠᠮᠠ ᠪᠠᠷ ᠪᠦᠷᠢᠯᠲᠦᠭᠰᠡᠡ ᠮᠤᠨᠲᠤᠭ ᠶᠡᠭᠡ ᠬᠡᠪᠴᠢᠶ᠎ᠠ ᠲᠠᠢ ᠲᠤᠲᠤᠭᠠᠲᠤ ᠭᠡᠷᠡᠭᠴᠡᠭᠡ ᠶᠢᠨ ᠵᠠᠬ᠎ᠠ ᠲᠡᠯᠭᠡᠭᠦᠷ ᠪᠤᠢ︔      ᠬᠢᠵᠢᠭ ᠤᠨ ᠪᠠᠶᠢᠲᠠᠯ ᠤᠨ ᠬᠤᠭᠤᠴᠠᠭᠠᠠ ᠳᠤ᠂ ᠰᠢᠨ᠎ᠠ ᠮᠡᠷᠭᠡᠵᠢᠯ᠂ ᠰᠢᠨ᠎ᠠ ᠡᠵᠡᠩᠨᠡᠯᠲᠡ ᠶᠢᠨ ᠬᠡᠯᠪᠡᠷᠢ ᠴᠤᠯᠭᠤᠷᠠᠠ ᠭᠠᠷᠴᠤ᠂ ᠲᠦᠷᠦᠭᠦᠦ ᠤᠯᠠᠷᠢᠯ ᠳᠤ ᠪᠤᠲᠠᠲᠤ ᠪᠤᠲᠠᠰ ᠤᠨ ᠲᠠᠸᠠᠷ ᠤᠨ ᠰᠦᠯᠵᠢᠶᠠᠠ ᠲᠡᠭᠡᠷᠡᠬᠢ ᠵᠢᠵᠢᠭᠯᠡᠡ ᠪᠤᠷᠤᠯᠠᠭᠤᠯᠤᠭᠰᠠᠠ ᠵᠤᠭᠤᠰ ᠤᠨ ᠲᠤᠭ᠎ᠠ 5.9% ᠨᠡᠮᠡᠭᠲᠡᠵᠦ᠂ ᠨᠡᠶᠢᠭᠡᠮ ᠤᠨ ᠭᠡᠷᠡᠭᠯᠡᠭᠡᠡ ᠤ ᠡᠳ᠋ ᠤᠨ ᠵᠢᠵᠢᠭᠯᠡᠡ ᠪᠤᠷᠤᠯᠠᠭᠤᠯᠤᠭᠰᠠᠠ ᠶᠡᠷᠦᠩᠭᠡᠢ ᠵᠤᠭᠤᠰ ᠤᠨ ᠲᠤᠭ᠎ᠠ ᠳᠠᠬᠢ ᠬᠠᠷᠢᠴᠠᠯ 23.6% ᠢ ᠡᠵᠡᠯᠡᠵᠦ᠂ ᠰᠦᠯᠵᠢᠶᠠᠠ ᠲᠡᠭᠡᠷ᠎ᠠ ᠬᠤᠷᠠᠯᠲᠤᠭᠤᠯᠤᠭᠰᠠᠠ ᠬᠤᠷᠠᠯ᠂ ᠰᠦᠯᠵᠢᠶᠠᠠ ᠲᠡᠭᠡᠷᠡᠬᠢ ᠠᠷᠠᠯᠵᠢᠶ᠎ᠠ᠂ ᠰᠦᠯᠵᠢᠶᠠᠠ ᠲᠡᠭᠡᠷᠡᠬᠢ ᠰᠤᠷᠭᠠᠠ ᠬᠦᠮᠦᠵᠢᠯ ᠵᠡᠷᠭᠡ ᠨᠢ ᠶᠡᠭᠡ ᠬᠡᠪᠴᠢᠶ᠎ᠠ ᠪᠠᠷ ᠨᠡᠮᠡᠭᠲᠡᠭᠰᠡᠡ ᠪᠠᠶᠢᠨ᠎ᠠ ᠁      ︽ᠮᠠᠠ ᠳᠤ ᠠᠰᠢᠭ ᠲᠠᠢ ᠨᠦᠬᠦᠴᠡᠯ ᠪᠠᠰᠠ ᠲᠤᠩ ᠤᠯᠠᠠ ᠪᠠᠶᠢᠨ᠎ᠠ︾᠃ ︽ᠠᠵᠠ ᠲᠤᠬᠢᠶᠠᠯ ᠢ ᠠᠮᠵᠢᠠ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠠ ᠪᠠᠷ ᠬᠦᠭᠵᠢᠭᠰᠡᠡ ᠠᠵᠦ ᠦᠢᠯᠡᠰ ᠢ ᠲᠦᠷᠭᠡᠡ ᠠᠬᠢᠭᠤᠯᠵᠦ᠂ ᠨᠡᠩ ᠤᠯᠠᠠ ᠰᠢᠨ᠎ᠠ ᠨᠡᠮᠡᠭᠲᠡᠯ ᠤᠨ ᠴᠡᠭ᠂ ᠨᠡᠮᠡᠭᠲᠡᠯ ᠤᠨ ᠲᠦᠢᠯ ᠢ ᠪᠦᠷᠢᠯᠲᠦᠭᠦᠯᠬᠦ ᠬᠡᠷᠡᠭᠲᠡᠢ︾᠃ ᠭᠦᠨ ᠬᠦᠨᠵᠡᠭᠡᠢ ᠬᠢᠭᠰᠡᠡ ᠵᠠᠲᠠᠯᠤᠯᠲᠠ ᠨᠢ ᠡᠬᠦᠯᠡ ᠮᠠᠨᠠᠨ ᠢ ᠰᠠᠷᠨᠢᠭᠤᠯᠤᠭᠰᠠᠠ ᠮᠡᠲᠦ ᠪᠤᠯᠵᠤ᠂ ᠬᠦᠮᠦᠰ ᠢ ᠬᠦᠨᠵᠡᠭᠡᠢ ᠰᠡᠳᠭᠢᠨ ᠪᠤᠲᠤᠭᠤᠯᠵᠠᠢ᠃      ᠬᠦᠴᠢᠷ ᠢ ᠲᠤᠭᠤᠯᠤᠨ ᠪᠡᠷᠭᠡ ᠶᠢ ᠲᠠᠪᠠᠭ᠋ᠤ ᠳᠤ᠂ ᠮᠠᠠ ᠤ ᠬᠠᠮᠤᠭ ᠤᠨ ᠶᠡᠭᠡ ᠬᠦᠴᠤᠠ ᠴᠢᠲᠠᠯ ᠠᠷᠠᠳ ᠲᠦᠮᠠᠠ ᠠᠴᠠ ᠢᠷᠡᠳᠡᠭ ᠶᠤᠮ᠃      ︽ᠠᠷᠠᠳ ᠲᠦᠮᠡᠡ ᠪᠤᠯ ᠮᠠᠠ ᠤ ᠨᠠᠮ ᠤᠨ ᠲᠦᠷᠦ ᠪᠠᠷᠢᠬᠤ ᠬᠠᠮᠤᠭ ᠤᠨ ᠶᠡᠭᠡ ᠢᠲᠡ ᠬᠦᠴᠦᠨ ᠮᠦᠨ ᠭᠡᠵᠦ ᠪᠢ ᠲᠠᠬᠢᠨ ᠲᠠᠪᠲᠠᠠ ᠴᠢᠬᠤᠯᠠᠴᠢᠯᠠᠭᠰᠠᠠ ᠪᠢᠯᠡ︾᠃      ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ᠂ ᠶᠡᠷᠦᠩᠭᠡᠢ ᠱᠦᠵᠢ ᠰᠢ ᠶᠢᠨ ᠫᠢᠩ ᠠᠷᠠᠳ ᠲᠦᠮᠡᠨ ᠤ ᠬᠦᠴᠤᠨ ᠢ ᠢᠩᠭᠢᠵᠦ ᠮᠠᠭᠲᠠᠠ ᠰᠠᠶᠢᠰᠢᠶᠠᠭᠰᠠᠠ ᠪᠠᠶᠢᠨ᠎ᠠ᠄ ︽ᠦᠷᠭᠡᠡ ᠤᠯᠠᠠ ᠠᠷᠠᠳ ᠲᠦᠮᠡᠡ ᠶᠡᠭᠡ ᠲᠠᠯ᠎ᠠ ᠶᠢ ᠲᠠᠨᠢᠵᠦ᠂ ᠶᠡᠭᠡ ᠲᠠᠯ᠎ᠠ ᠶᠢ ᠬᠠᠷᠠᠭᠠᠯᠵᠠᠠ᠂ ᠤᠬᠠᠮᠰᠠᠷ ᠠᠴᠠ ᠪᠠᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠲᠡᠮᠡᠴᠡᠯ ᠤᠨ ᠶᠡᠭᠡ ᠲᠠᠯ᠎ᠠ ᠳᠤ ᠬᠠᠮᠵᠢᠯᠴᠠᠵᠦ᠂ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠰᠠᠭᠤᠷᠢ ᠴᠢᠨᠠᠷᠲᠠᠢ ᠬᠦᠴᠤᠠ ᠢ ᠪᠦᠷᠢᠯᠲᠦᠭᠦᠯᠵᠠᠢ︾ ︽ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠨᠡᠶᠢᠭᠡᠮ ᠤᠨ ᠬᠦᠭᠵᠢᠯᠲᠠ ᠶᠢ ᠨᠢᠭᠡᠲᠦᠯᠲᠡᠢ ᠲᠦᠯᠦᠪᠵᠢᠭᠦᠯᠬᠦ ᠠᠵᠢᠯ ᠢ ᠰᠠᠶᠢᠲᠤᠷ ᠬᠢᠬᠦ ᠳᠤ᠂ ᠠᠷᠠᠳ ᠲᠦᠮᠠᠠ ᠢ ᠨᠢᠭᠲᠠ ᠲᠦᠰᠢᠭᠯᠡᠬᠦ ᠬᠡᠷᠡᠭᠲᠡᠢ︾᠃      ᠠᠷᠠᠳ ᠲᠦᠮᠡᠡ ᠳᠤ ᠲᠦᠰᠢᠭᠯᠡᠬᠦ ᠪᠤᠯ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠷᠠᠳ ᠤᠨ ᠲᠠᠶᠢᠨ ᠤ ᠢᠯᠠᠯᠲᠠ ᠶᠢ ᠤᠯᠬᠤ ᠡᠷᠲᠡᠨᠢ ᠮᠦᠨ︔ ᠠᠷᠠᠳ ᠲᠦᠮᠠᠠ ᠢ ᠲᠠᠶᠢᠴᠢᠯᠠᠬᠤ ᠪᠤᠯ ᠬᠠᠷᠰᠢ ᠰᠠᠭᠠᠳ ᠢ ᠢᠯᠠᠨ ᠲᠠᠪᠠᠵᠤ᠂ ᠡᠷᠡᠮᠡᠭᠡᠶᠢᠯᠡᠡ ᠤᠷᠤᠭᠰᠢᠯᠠᠬᠤ ᠶᠢᠨ ᠪᠠᠲᠦ ᠴᠢᠩᠭ᠎ᠠ ᠠᠷᠤ ᠲᠦᠰᠢᠭ ᠮᠦᠨ᠃      ᠦᠬᠠᠠ ᠤ ᠰᠢᠨ᠎ᠠ ᠵᠸᠤ ᠲᠤᠭᠤᠷᠢᠭ ᠤᠨ ᠴᠸᠠ ᠢᠤᠢ ᠼᠦᠨ ᠲᠤᠰᠬᠤᠨ ᠤ ᠨᠠᠮ ᠤᠨ ᠡᠭᠦᠷ ᠤᠨ ᠱᠦᠵᠢ ᠵᠠᠩ ᠸᠧᠠ ᠰᠢ ᠪᠤᠯ ᠬᠢᠵᠢᠭ ᠲᠠᠢ ᠲᠡᠮᠡᠴᠡᠬᠦ ᠡᠮᠦᠨ᠎ᠠ ᠹᠷᠤᠨᠲ ᠠᠴᠠ ᠢᠷᠡᠭᠰᠡᠡ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠤᠮ᠂ ᠲᠡᠷᠡ ᠦᠪᠡᠷ ᠤᠨ ᠲᠤᠰ ᠪᠡᠶ᠎ᠠ ᠶᠢᠨ ᠦᠩᠭᠡᠷᠡᠯᠲᠡ ᠪᠠᠷ ᠢᠶᠠᠨ ᠶᠡᠷᠦᠩᠭᠡᠢ ᠱᠦᠵᠢ ᠰᠢ ᠶᠢᠨ ᠫᠢᠩ ᠳᠤ ᠦᠨᠲᠦᠰᠦᠨ ᠱᠠᠲᠤᠨ ᠤ ᠵᠠᠰᠠᠯᠲᠠ ᠶᠢᠨ ᠴᠢᠬᠤᠯᠠ ᠴᠢᠨᠠᠷ ᠢ ᠶᠠᠷᠢᠭᠰᠠᠠ ᠪᠠᠶᠢᠨ᠎ᠠ᠄      ︽ᠮᠠᠠ ᠤ ᠲᠤᠰᠬᠤᠨ ᠰᠢᠨ᠎ᠠ ᠵᠸᠤ ᠶᠢᠨ ᠭᠤᠤᠯ ᠬᠤᠲᠠ ᠶᠢᠨ ᠲᠤᠭᠤᠷᠢᠭ ᠠᠴᠠ 27 ᠺᠢᠯᠤᠮᠧᠲᠷ ᠵᠠᠶᠢᠲᠠᠢ᠂ ᠲᠤᠰᠬᠤᠨ ᠤ ᠠᠷᠠᠳ 1326 ᠪᠠᠶᠢᠨ᠎ᠠ᠂ ᠡᠭᠦᠨ ᠳᠤ ᠦᠬᠠᠠ ᠤ ᠬᠤᠲᠠ ᠶᠢᠨ ᠲᠤᠭᠤᠷᠢᠭ ᠠᠴᠠ ᠨᠤᠲᠤᠭ ᠲᠠᠭᠠᠨ ᠢᠷᠡᠭᠰᠡᠡ ᠬᠦᠮᠦᠰ ᠲᠠᠷᠤᠢ 447 ᠪᠠᠶᠢᠨ᠎ᠠ᠃ ᠦᠨᠡᠡ ᠢ ᠬᠡᠯᠡᠬᠦ ᠳᠤ᠂ ᠡᠬᠢᠯᠡᠩᠭᠦᠲᠠ ᠤᠯᠠᠠ ᠢᠶᠠᠷ ᠢᠶᠠᠨ ᠪᠦᠷ ᠪᠠᠯᠢᠲᠠᠠ ᠰᠠᠠᠲᠤᠷᠴᠤ ᠪᠠᠶᠢᠭᠰᠠᠠ︾᠃      ︽ᠬᠢᠵᠢᠭ ᠤᠨ ᠪᠠᠶᠢᠲᠠᠯ ᠢ ᠪᠢᠲᠡᠭᠦᠮᠵᠢᠯᠡᠵᠦ ᠲᠡᠶᠢᠯᠬᠦ ᠡᠰᠡᠬᠦ ᠶᠢᠨ ᠵᠠᠩᠭᠢᠯᠠᠭ᠎ᠠ ᠨᠢ ᠨᠠᠮ ᠤᠨ ᠡᠭᠦᠷ ᠲᠤ ᠪᠠᠶᠢᠨ᠎ᠠ︾᠃ ᠵᠠᠩ ᠸᠧᠠ ᠰᠢ ᠶᠢᠨ ᠲᠠᠭᠠᠭᠤᠯᠭ᠎ᠠ ᠲᠤᠤᠷ᠎ᠠ᠂ 5 ᠨᠠᠮ ᠤᠨ ᠭᠡᠰᠢᠭᠦᠨ ᠺᠠᠳ᠋ᠷ ᠲᠤᠷᠤᠭᠰᠢ ᠪᠠᠭᠤᠭᠰᠠᠠ ᠺᠠᠳ᠋ᠷ ᠪᠠ ᠰᠠᠶᠢᠨ ᠲᠤᠷ᠎ᠠ ᠶᠢᠨ ᠠᠵᠢᠯᠯᠠᠭᠰᠠᠳ ᠢ ᠴᠤᠭᠯᠠᠭᠤᠯᠤᠨ 24 ᠬᠦᠮᠦᠨ ᠤ ᠡᠩᠨᠡᠭᠡ ᠶᠢ ᠪᠠᠶᠢᠭᠤᠯᠵᠦ᠂ ᠲᠤᠰ ᠪᠦᠷᠢ ᠲᠠᠭᠠᠭᠠᠠ ᠪᠠᠲᠤᠯᠠᠵᠦ᠂ ᠬᠦᠠᠲᠡᠯᠡᠡ ᠪᠢᠴᠢᠭᠡᠰᠦ ᠡᠯᠭᠦᠨ᠂ ᠯᠠᠪᠠᠷ ᠢᠶᠠᠷ ᠨᠡᠪᠲᠡᠷᠡᠭᠦᠯᠵᠦ᠂ ᠬᠡᠩᠭᠡᠷᠭᠡ ᠴᠠᠩ ᠲᠡᠯᠡᠲᠦᠨ ᠬᠠᠰᠬᠢᠷᠴᠤ᠂ ᠤᠯᠠᠠ ᠲᠦᠮᠠᠠ ᠢ ᠲᠠᠶᠢᠴᠢᠯᠠᠨ ᠪᠠᠶᠢᠵᠤ ︽ᠪᠤᠯᠤᠳ ᠭᠡᠷᠡᠮ ᠲᠡᠮᠦᠷ ᠬᠠᠨ᠎ᠠ︾ ᠪᠤᠰᠬᠠᠭᠰᠠᠠ ᠤ ᠰᠠᠶᠢᠨ ᠢᠶᠠᠷ᠂ ᠪᠦᠬᠦ ᠲᠤᠰᠬᠤᠨ ᠳᠤ ᠨᠢᠭᠡ ᠴᠤ ᠤᠨᠤᠰᠢᠯᠠᠭᠰᠠᠠ ᠡᠪᠡᠳᠴᠢᠨ ᠤ ᠵᠢᠱᠢᠶ᠎ᠠ ᠭᠠᠷᠤᠭᠰᠠᠠ ᠦᠭᠡᠢ᠂ ᠨᠢᠭᠡ ᠴᠤ ᠰᠡᠵᠢᠭᠯᠡᠯᠲᠡᠢ ᠡᠪᠡᠳᠴᠢᠠ ᠤ ᠵᠢᠱᠢᠶ᠎ᠡ ᠭᠠᠷᠤᠭᠰᠠᠠ ᠦᠭᠡᠢ ᠠᠵᠢ᠃      ᠵᠠᠩ ᠸᠧᠠ ᠰᠢ ᠪᠠᠰᠠ ᠶᠡᠷᠦᠩᠭᠡᠢ ᠱᠦᠵᠢ ᠳᠤ ᠦᠨᠲᠦᠰᠦᠨ ᠱᠠᠲᠤᠨ ᠤ ᠵᠠᠰᠠᠯᠲᠠ ᠳᠤ ᠤᠷᠤᠰᠢᠵᠦ ᠪᠠᠶᠢᠭ᠎ᠠ ︽ᠲᠤᠲᠠᠭᠤᠲᠠᠯ︾ ᠢ ᠲᠤᠰᠬᠠᠭᠰᠠᠠ ᠪᠠᠶᠢᠨ᠎ᠠ︔ ᠲᠤᠰᠬᠤᠨ᠂ ᠨᠡᠶᠢᠭᠡᠮ ᠲᠤᠭᠤᠷᠢᠭ ᠤᠨ ᠺᠠᠳ᠋ᠷ ᠤᠨ ᠬᠦᠮᠦᠨ ᠴᠦᠭᠡᠡ ᠤᠴᠢᠷ ᠶᠠᠪᠤᠲᠠᠯ ᠤᠯᠠᠠ ᠡᠬᠦᠷᠭᠡ ᠬᠦᠨᠲᠦ ᠪᠠᠶᠢᠵᠦ᠂ ᠬᠦᠷᠲᠡᠮᠵᠢ ᠤᠯᠭᠤᠮᠵᠢ ᠪᠠᠰᠠ ᠲᠠᠭᠠᠵᠦ ᠠᠮᠵᠢᠬᠤ ᠦᠭᠡᠢ᠂ ᠴᠢᠲᠠᠪᠤᠷᠢ ᠲᠠᠢ ᠬᠦᠮᠦᠨ ᠢ ᠤᠷᠤᠭᠤᠯᠤᠨ ᠠᠪᠴᠢᠷᠠᠵᠦ ᠲᠡᠶᠢᠯᠬᠦ ᠦᠭᠡᠢ᠂ ᠦᠯᠡᠲᠡᠭᠡᠡ ᠬᠤᠴᠤᠷᠭᠠᠵᠦ ᠲᠡᠶᠢᠯᠬᠦ ᠦᠭᠡᠢ ᠪᠠᠶᠢᠨ᠎ᠠ᠃      ︽ᠡᠨᠡ ᠤᠳᠠᠭ᠎ᠠ ᠶᠢᠨ ᠬᠢᠵᠢᠭ ᠤᠨ ᠪᠠᠶᠢᠳᠠᠯ ᠨᠢ ᠮᠠᠨ ᠤ ᠦᠨᠳᠦᠰᠦᠨ ᠱᠠᠲᠤᠨ ᠤ ᠵᠠᠰᠠᠯᠳᠠ ᠶᠢᠨ ᠰᠢᠰᠲ᠋ᠧᠮ ᠵᠠᠰᠠᠯᠳᠠ ᠶᠢᠨ ᠴᠢᠳᠠᠪᠤᠷᠢ ᠶᠢᠨ ᠲᠦᠪᠰᠢᠨ ᠢ ᠰᠢᠯᠭᠠᠵᠠᠢ᠂ ᠮᠦᠨᠴᠤ ᠮᠠᠨ ᠤ ᠵᠡᠬᠡᠯᠢ ᠭᠤᠳᠤᠮᠵᠢ ᠪᠤᠯᠤᠨ ᠨᠡᠶᠢᠬᠡᠮ ᠲᠤᠭᠤᠷᠢᠬ᠂ ᠰᠢᠶᠠᠩ ᠪᠠᠯᠭᠠᠰᠤ ᠪᠤᠯᠤᠨ ᠲᠤᠰᠬᠤᠨ ᠤ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠤᠢᠢᠯᠡᠳᠤᠯ ᠢ ᠲᠤᠪᠤᠶᠢᠮ᠎ᠠ ᠢᠯᠡᠷᠡᠬᠦᠯᠪᠠ︾᠃ ᠶᠠᠷᠤᠩᠬᠡᠢ ᠱᠦᠵᠢ ᠰᠢ ᠶᠢᠨ ᠫᠢᠩ᠂ ︽ᠡᠩᠬᠡ ᠲᠠᠶᠢᠪᠤᠩ ᠦᠶ᠎ᠡ ᠪᠠ ᠲᠠᠶᠢᠨ ᠤ ᠦᠶ᠎ᠡ ᠢ ᠤᠶᠠᠯᠳᠤᠭᠤᠯᠬᠤ ᠲᠠᠯ᠎ᠠ ᠠᠴᠠ ᠬᠡᠯᠡᠪᠡᠯ᠂ ᠨᠢᠬᠡ ᠰᠠᠭᠤᠷᠢ ᠲᠠᠢ ᠪᠠᠶᠢᠬᠤ ᠬᠡᠷᠡᠭᠲᠡᠢ᠂ ᠨᠢᠬᠡ ᠢᠵᠢ ᠲᠦᠬᠦᠷ ᠲᠤᠭᠳᠠᠴᠠ ᠰᠢᠰᠲ᠋ᠧᠮ ᠪᠠᠶᠢᠬᠤ ᠭᠡᠷᠡᠭᠳᠠᠢ᠃ ᠵᠠᠩᠬᠢᠯᠠᠭ᠎ᠠ ᠶᠢᠨ ᠦᠶ᠎ᠠ ᠳᠤ ᠠᠪᠴᠤ ᠭᠠᠷᠭᠠᠵᠤ᠂ ᠤᠢᠢᠯᠡᠳᠤᠯ ᠢ ᠨᠢ ᠪᠠᠳᠠᠷᠠᠭᠤᠯᠵᠤ ᠲᠡᠶᠢᠯᠬᠦ ᠭᠡᠷᠡᠭᠳᠠᠢ︾ ᠬᠡᠵᠤ ᠵᠢᠭᠠᠵᠤ ᠭᠠᠷᠭᠠᠪᠠ᠃      ᠨᠢᠳᠤᠨᠤᠨ ᠵᠢᠯ ᠤᠨ ᠡᠴᠤᠰ ᠲᠤ ᠬᠤᠷᠠᠯᠳᠤᠬᠰᠠᠨ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ ᠠᠴᠠ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠰᠡᠳᠤᠪ ᠢ ᠲᠤᠰᠬᠠᠢ ᠰᠡᠳᠤᠪ ᠢᠶᠠᠷ ᠰᠤᠳᠤᠯᠪᠠ᠂ ᠬᠡᠨᠡᠳᠳᠡ ᠪᠠᠷ ᠲᠠᠭᠠᠷᠢᠨ ᠢᠷᠡᠭᠰᠡᠡ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠨᠢ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠲᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠲᠤᠯᠭᠠᠮ ᠴᠢᠨᠠᠷ ᠢ ᠴᠢᠨᠠᠬᠰᠢᠳᠠ ᠢᠯᠡᠷᠡᠬᠦᠯᠪᠠ᠃      ᠡᠨᠡ ᠬᠦ ᠰᠡᠳᠤᠪ ᠲᠤ ᠠᠩᠬᠠᠷᠤᠯ ᠲᠦᠪᠯᠡᠷᠡᠬᠦᠯᠵᠤ᠂ ᠲᠦᠯᠤᠬᠡᠯᠡᠭᠴᠢ ᠬᠡᠰᠢᠬᠦᠨ ᠰᠠᠨᠠᠯ ᠰᠠᠨᠠᠭᠤᠯᠭ᠎ᠠ ᠲᠤᠷᠳᠴᠤ ᠠᠷᠭ᠎ᠠ ᠤᠬᠠᠭᠠᠨ ᠭᠠᠷᠭᠠᠪᠠ᠃      ᠬᠤᠪᠸᠢ ᠶᠢᠨ ᠲᠦᠯᠤᠬᠡᠯᠡᠭᠴᠢᠳ ᠤᠨ ᠪᠦᠯᠬᠦᠮ ᠳᠤ᠂ 5 ᠲᠦᠯᠤᠬᠡᠯᠡᠭᠴᠢ ᠠᠳᠠᠯᠢ ᠪᠤᠰᠤ ᠲᠠᠯ᠎ᠠ ᠠᠴᠠ ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠰᠡᠷᠬᠡᠶᠢᠯᠡᠨ ᠬᠠᠮᠠᠭᠠᠯᠠᠬᠤ ᠲᠤᠤᠷ ᠢ ᠨᠢᠬᠳᠠ ᠰᠦᠯᠵᠢᠬᠦ ᠪᠠᠳᠤ ᠪᠠᠬᠢᠯᠡᠬᠦ ᠲᠤᠬᠠᠢ ᠰᠠᠨᠠᠯ ᠰᠠᠨᠠᠭᠤᠯᠭ᠎ᠠ ᠲᠤᠷᠠᠳᠴᠠᠢ᠃      ᠤᠯᠠᠨ ᠤ ᠶᠠᠷᠢᠬᠤ ᠶᠢ ᠰᠤᠨᠤᠰᠤᠬᠰᠠᠨ ᠤ ᠲᠠᠷᠠᠭ᠎ᠠ᠂ ᠶᠠᠷᠤᠩᠬᠡᠢ ᠱᠦᠵᠢ ᠰᠢ ᠶᠢᠨ ᠫᠢᠩ 5 ᠲᠠᠯ᠎ᠠ ᠠᠴᠠ ᠠᠰᠠᠭᠤᠳᠠᠯ ᠢ ᠬᠦᠨᠵᠡᠬᠡᠢ ᠵᠠᠳᠠᠯᠵᠤ᠂ ︽ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠬᠦ ᠰᠢᠰᠲ᠋ᠧᠮ ᠳᠤ ᠦᠬᠡᠷᠡᠴᠢᠯᠠᠯᠳᠠ ᠬᠢᠬᠦ︾ ︽ᠡᠪᠡᠳᠴᠢᠨ ᠡᠮᠭᠡᠭ ᠢ ᠰᠢᠯᠭᠠᠨ ᠪᠠᠶᠢᠴᠠᠭᠠᠵᠤ ᠰᠡᠷᠡᠮᠵᠢᠯᠡᠬᠦᠯᠬᠦ ᠪᠠ ᠪᠠᠴᠢᠮ ᠠᠷᠭᠠᠴᠠᠭᠠᠬᠤ ᠠᠵᠢᠯᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠬᠦ︾ ︽ᠬᠦᠨᠳᠤ ᠨᠤᠴᠢᠳᠠᠢ ᠬᠢᠵᠢᠭ ᠤᠨ ᠪᠠᠶᠢᠳᠠᠯ ᠠᠴᠠ ᠠᠪᠤᠷᠠᠨ ᠡᠮᠨᠡᠬᠦ ᠰᠢᠰᠲ᠋ᠧᠮ ᠢ ᠲᠡᠬᠦᠯᠳᠡᠷᠵᠢᠬᠦᠯᠬᠦ︾ ︽ᠤᠯᠠᠨ ᠨᠡᠶᠢᠳᠠ ᠶᠢᠨ ᠡᠷᠡᠬᠦᠯ ᠬᠠᠮᠠᠭᠠᠯᠠᠯ ᠤᠨ ᠪᠠᠴᠢᠮ ᠠᠷᠠᠭᠴᠠᠭᠠᠬᠤ ᠬᠠᠤᠯᠢ ᠴᠠᠭᠠᠵᠠ ᠬᠠᠤᠯᠢ ᠲᠦᠷᠢᠮ ᠢ ᠲᠡᠬᠦᠯᠳᠡᠷᠵᠢᠬᠦᠯᠬᠦ︾ ︽ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠬᠦᠨᠵᠡᠬᠡᠢ ᠦᠷᠨᠢᠬᠦᠯᠬᠦ︾ ᠁ ᠭᠡᠵᠤ ᠠᠷᠭᠠᠴᠠᠭᠠᠬᠤ ᠪᠤᠳᠤᠯᠭ᠎ᠠ ᠶᠢ ᠨᠠᠷᠢᠨ ᠤᠨᠤᠴᠢᠳᠠᠢ ᠲᠤᠷᠠᠳᠴᠤ᠂ ᠤᠳᠤᠬᠠᠨ ᠤ ᠪᠠᠶᠢᠳᠠᠯ ᠳᠤ ᠰᠠᠭᠤᠷᠢᠯᠠᠬᠰᠠᠨ ᠢᠶᠠᠷ ᠪᠠᠷᠠᠬᠤ ᠦᠬᠡᠢ᠂ ᠨᠡᠩ ᠴᠤ ᠠᠯᠤᠰ ᠢᠷᠡᠬᠡᠳᠤᠢ ᠳᠤ ᠵᠤᠷᠢᠭᠤᠯᠤᠬᠰᠠᠨ ᠪᠠᠶᠢᠨ᠎ᠠ᠃      ᠦᠪᠤᠷ ᠮᠤᠩᠭᠤᠯ ᠤᠨ ᠲᠦᠯᠤᠬᠡᠯᠡᠭᠴᠢᠳ ᠤᠨ ᠪᠦᠯᠬᠦᠮ ᠳᠤ᠂ ᠶᠠᠷᠤᠩᠬᠡᠢ ᠱᠦᠵᠢ ᠰᠢ ᠶᠢᠨ ᠫᠢᠩ ᠪᠠᠰᠠ ︽ᠦᠨᠳᠤᠷ ᠦᠷ᠎ᠠ ᠪᠦᠲᠦᠮᠵᠢᠲᠡᠢ ᠵᠠᠰᠠᠬᠤ︾ ᠰᠡᠳᠤᠪ ᠢ ᠤᠨᠴᠠᠭᠠᠢᠢᠯᠠᠨ ᠲᠤᠷᠠᠳᠪᠠ᠄      ︽ᠢᠳᠡᠪᠬᠢᠳᠠᠢ ᠪᠦᠭᠡᠳ ᠰᠠᠨᠠᠭᠠᠴᠢᠯᠠᠭ᠎ᠠ ᠠᠴᠠ ᠪᠠᠨ ᠬᠢᠵᠤ᠂ ᠤᠳᠤᠬᠠᠨ ᠳᠤ ᠰᠠᠭᠤᠷᠢᠯᠠᠬᠤ ᠪᠠᠷ ᠪᠠᠷᠠᠬᠤ ᠦᠬᠡᠢ᠂ ᠠᠯᠤᠰ ᠬᠡᠳᠤ ᠶᠢ ᠪᠤᠲᠤᠯᠬᠢᠯᠠᠵᠤ᠂ ᠴᠢᠬᠤᠯᠠ ᠶᠡᠭᠡ ᠲᠦᠷᠤᠯ ᠵᠦᠢᠯ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠬᠤ᠂ ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠬᠦᠭᠵᠢᠯᠳᠠ ᠶᠢ ᠲᠡᠮᠵᠢᠬᠦ᠂ ᠠᠵᠤ ᠤᠢᠢᠯᠡᠰ ᠤᠨ ᠪᠦᠳᠤᠴᠠ ᠳᠤ ᠲᠤᠬᠢᠷᠠᠭᠤᠯᠤᠯᠳᠠ ᠬᠢᠬᠦ ᠶᠢ ᠲᠦᠷᠬᠡᠳᠬᠡᠬᠦ᠂ ᠦᠨᠳᠤᠰᠤᠨ ᠱᠠᠳᠤᠨ ᠤ ᠵᠠᠰᠠᠯᠳᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠵᠡᠷᠬᠡ ᠲᠠᠯ᠎ᠠ ᠪᠠᠷ ᠵᠠᠷᠢᠮ ᠠᠰᠢᠬᠳᠠᠢ ᠠᠷᠭ᠎ᠠ ᠬᠡᠮᠵᠢᠶ᠎ᠠ ᠶᠢ ᠲᠤᠭᠳᠠᠭᠠᠵᠤ᠂ ᠢᠯᠠᠩᠭᠤᠶ᠎ᠠ ᠳᠤᠮᠳᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠬᠦᠷᠬᠡ ᠪᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ ᠰᠤᠳᠤᠯᠤᠨ ᠲᠦᠯᠦᠪᠵᠢᠬᠦᠯᠵᠤ᠂ ᠴᠢᠨᠠᠷ ᠰᠠᠶᠢᠳᠠᠢ ᠬᠦᠭᠵᠢᠯᠳᠠ᠂ ᠦᠨᠳᠤᠷ ᠦᠷ᠎ᠠ ᠪᠦᠳᠤᠮᠵᠢᠳᠠᠢ ᠵᠠᠰᠠᠯᠳᠠ ᠳᠤ ᠬᠦᠲᠦᠯᠦᠮᠵᠢ ᠪᠤᠯᠬᠤ ᠴᠢᠨᠠᠷᠳᠠᠢ ᠴᠢᠬᠤᠯᠠ ᠶᠡᠭᠡ ᠲᠦᠯᠤᠪᠵᠢᠬᠦᠯᠬᠡ ᠂ ᠴᠢᠬᠤᠯᠠ ᠶᠡᠭᠡ ᠦᠬᠡᠷᠡᠴᠢᠠᠯᠯᠳᠠ᠂ ᠴᠢᠬᠤᠯᠡ ᠶᠡᠭᠡ ᠲᠦᠷᠤ ᠶᠢᠨ ᠪᠤᠳᠤᠯᠭ᠎ᠠ ᠶᠢ ᠴᠢᠭᠯᠡᠭᠦᠯᠦᠯᠲᠦ ᠴᠢᠨᠠᠷᠳᠠᠢ ᠪᠠᠷ ᠪᠠᠶᠢᠷᠢᠯᠠᠭᠤᠯᠵᠤ ᠲᠤᠭᠲᠠᠭᠠᠵᠤ᠂ ᠠᠶᠤᠯ ᠲᠦᠭᠰᠢᠭᠦᠷᠢ ᠶᠢ ᠠᠷᠭᠠᠴᠠᠭᠠᠬᠤ ᠲᠤᠮᠲᠠ ᠠᠵᠢᠯ ᠤᠨ ᠰᠠᠨᠠᠭᠠᠴᠢᠯᠠᠭᠠᠳᠤ ᠡᠷᠬᠡ ᠶᠢ ᠤᠯᠵᠤ᠂ ᠬᠦᠭᠵᠢᠯᠳᠠ ᠶᠢᠨ ᠰᠠᠨᠠᠭᠠᠴᠢᠯᠠᠭᠠᠳᠤ ᠲᠠᠶᠢᠯᠯᠠᠳᠤᠭᠠᠨ ᠢ ᠰᠠᠶᠢᠳᠤᠷ ᠬᠢᠬᠦ ᠭᠡᠷᠡᠭᠳᠠᠢ︾᠃      26 ᠤ ᠦᠳᠡ ᠶᠢᠨ ᠬᠤᠶᠢᠨ᠎ᠠ᠂ ᠴᠢᠯᠤᠬᠡᠯᠡᠬᠦ ᠴᠡᠷᠢᠭ ᠪᠤᠯᠤᠨ ᠵᠡᠪᠰᠡᠭᠳᠤ ᠴᠠᠭᠳᠠᠭ᠎ᠠ ᠶᠢᠨ ᠴᠡᠷᠢᠭ ᠠᠩᠬᠢ ᠶᠢᠨ ᠲᠦᠯᠤᠬᠡᠯᠡᠭᠴᠢᠳ ᠤᠨ ᠪᠦᠯᠬᠦᠮ ᠤᠨ ᠪᠦᠬᠦᠳᠠ ᠬᠤᠷᠠᠯ ᠳᠤ ᠤᠷᠤᠯᠴᠠᠬᠤ ᠳᠠᠭᠠᠨ᠂ ᠰᠢ ᠶᠢᠨ ᠫᠢᠩ᠄ ᠪᠦᠬᠦ ᠴᠡᠷᠢᠭ ᠠᠩᠬᠢ ᠶᠢᠨ ᠬᠢᠨ ᠤᠬᠠᠮᠰᠠᠷ ᠠᠴᠠ ᠪᠠᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠨᠢᠬᠡᠳᠬᠡᠵᠤ᠂ ᠢᠳᠡᠬᠡᠯ ᠵᠤᠷᠢᠬ ᠢᠶᠠᠨ ᠪᠠᠳᠤᠳᠬᠠᠵᠤ᠂ ᠬᠦᠴᠢᠷ ᠢ ᠰᠦᠷᠤᠨ ᠤᠷᠤᠬᠰᠢᠯᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠡᠭᠭᠤᠵᠢᠭᠤᠯᠤᠭᠰᠠᠠ ᠤᠷᠢᠳᠠᠯ ᠲᠤᠤᠷ᠎ᠠ ᠴᠡᠷᠢᠭ ᠠᠩᠬᠢ ᠶᠢᠨ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ ᠪᠦᠳᠤᠬᠡᠨ ᠪᠠᠶᠢᠭᠤᠯᠤᠯᠳᠠ ᠶᠢᠨ 2020 ᠤᠨ ᠤ ᠬᠠᠷᠠᠯᠳᠠ ᠡᠬᠦᠷᠬᠡ ᠶᠢ ᠡᠷᠡᠰ ᠪᠡᠶᠡᠯᠡᠬᠦᠯᠵᠤ᠂ ᠨᠠᠮ ᠪᠤᠯᠤᠨ ᠠᠷᠠᠳ ᠲᠦᠮᠡᠨ ᠤ ᠲᠤᠰᠢᠶᠠᠬᠰᠠᠨ ᠡᠯ᠎ᠠ ᠵᠦᠢᠯ ᠤᠨ ᠡᠬᠦᠷᠬᠡ ᠶᠢ ᠡᠷᠡᠰ ᠪᠡᠶᠡᠯᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃      ᠬᠦᠴᠢᠷ ᠢ ᠲᠤᠭᠤᠯᠵᠤ ᠪᠡᠷᠬᠡ ᠶᠢ ᠲᠠᠪᠠᠭ᠋ᠤ ᠲᠤᠮᠲᠠ ᠡᠷᠡᠮᠡᠬᠡᠶᠢᠯᠡᠨ ᠤᠷᠤᠬᠰᠢᠯᠠᠵᠤ᠂ ᠲᠡᠤᠬᠡᠳᠤ ᠴᠢᠨᠠᠷᠳᠠᠢ ᠰᠢᠯᠭᠠᠯᠳᠠ ᠲᠤᠮᠲᠠ ᠲᠡᠤᠬᠡᠳᠤ ᠴᠢᠨᠠᠷᠳᠠᠢ ᠤᠷᠤᠬᠰᠢᠯᠠᠯᠳᠠ ᠶᠢ ᠪᠡᠶᠡᠯᠡᠬᠦᠯᠬᠦ ᠭᠡᠷᠡᠭᠳᠠᠢ᠂ ᠶᠠᠷᠤᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠬᠦᠮᠦᠰ ᠤᠨ ᠤᠷᠮ᠎ᠠ ᠵᠤᠷᠢᠬ ᠢ ᠬᠦᠭᠵᠢᠬᠡᠵᠤ᠂ ᠤᠷᠤᠬᠰᠢᠯᠠᠭᠤᠯᠤᠨ ᠲᠠᠪᠰᠢᠭᠤᠯᠤᠨ᠎ᠠ —      ︽ᠦᠷᠬᠡᠨ ᠤᠯᠠᠨ ᠨᠠᠮ ᠤᠨ ᠬᠡᠰᠢᠬᠦᠨ ᠺᠠᠳ᠋ᠷ ᠠᠷᠠᠳ ᠲᠦᠮᠡᠨ ᠳᠤ ᠲᠦᠰᠢᠭᠯᠡᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠡᠮᠡᠴᠡᠯ ᠳᠤ ᠢᠯᠡᠷᠡᠬᠦᠯᠦᠭᠰᠡᠨ ᠤᠶᠤᠨ ᠰᠠᠨᠠᠭᠠᠨ ᠤ ᠲᠦᠷᠢ ᠲᠦᠷᠬᠦ ᠪᠠᠨ ᠪᠠᠳᠠᠷᠠᠭᠤᠯᠵᠤ᠂ ᠦᠨᠡᠨ ᠬᠦ ᠠᠳᠬᠤᠨ ᠪᠤᠲᠠᠲᠠᠢ ᠪᠠᠷ ᠠᠵᠢᠯᠯᠠᠵᠤ᠂ ᠡᠷᠡᠯᠭᠡᠭᠯᠡᠨ ᠲᠡᠮᠡᠴᠡᠵᠤ᠂ ᠵᠤᠷᠢᠬᠳᠠᠢ ᠡᠬᠦᠷᠬᠡᠯᠠᠵᠤ᠂ ᠵᠤᠷᠢᠬᠳᠠᠢ ᠲᠡᠮᠡᠴᠡᠵᠤ᠂ ᠵᠤᠷᠢᠬᠳᠠᠢ ᠪᠠᠷ ᠬᠦᠴᠢᠷ ᠪᠡᠷᠬᠡᠰᠢᠶᠠᠯ ᠢ ᠲᠠᠪᠠᠵᠤ ᠨᠡᠩ ᠶᠡᠭᠡ ᠰᠢᠨ᠎ᠡ ᠢᠯᠠᠯᠳᠠ ᠶᠢ ᠤᠯᠬᠤ ᠭᠡᠷᠡᠭᠳᠠᠢ︾᠃      ︵ᠰᠢᠨᠬᠤᠸᠠ ᠬᠤᠷᠢᠶᠡᠨ ᠤ ᠪᠡᠭᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号