ᠰᠢ ᠶᠢᠨ ᠫᠢᠩ᠄ ᠬᠥᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠥ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠦᠯᠢᠭᠡᠷ ᠢ ᠦᠷᠭᠦᠯᠵᠢᠯᠡᠨ ᠪᠢᠴᠢᠭᠯᠡᠳᠤᠬᠡᠢ
ᠨᠡᠶᠢᠲᠡᠯᠡᠭᠰᠡᠨ ᠴᠠᠭ᠄
2020-05-03
      ᠰᠢ ᠶᠢᠨ ᠫᠢᠩ ᠵᠧᠩᠵᠧᠦ ᠶᠢᠨ ᠶᠤᠸᠠᠨ ᠹᠠᠩ ᠪᠦᠯᠦᠭᠯᠡᠯ ᠤᠨ ᠠᠵᠢᠯᠳᠠᠨ ᠠᠵᠢᠯᠴᠢᠨ ᠳᠤ ᠬᠠᠷᠢᠭᠤ ᠵᠠᠬᠢᠳᠠᠯ ᠢᠯᠡᠭᠡᠵᠦ ᠥᠷᠭᠡᠨ ᠤᠯᠠᠨ ᠬᠥᠳᠡᠯᠮᠦᠷᠢᠴᠢᠨ ᠲᠦᠮᠡᠨ ᠢ ᠬᠥᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠥ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠦᠯᠢᠭᠡᠷ ᠢ ᠦᠷᠭᠦᠯᠵᠢᠯᠡᠨ ᠪᠢᠴᠢᠭᠯᠡᠳᠤᠬᠡᠢ ᠬᠡᠵᠥ ᠵᠤᠷᠢᠬᠵᠢᠭᠤᠯᠵᠥ ᠪᠦᠬᠦ ᠤᠯᠤᠰ ᠤᠨ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ      ︽5 · 1︾᠎ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 30᠎ ᠤ ᠡᠳᠦᠷ ᠵᠧᠩᠵᠧᠦ ᠶᠢᠨ ᠶᠤᠸᠠᠨ ᠹᠠᠩ ᠪᠦᠯᠦᠭᠯᠡᠯ ᠤᠨ ᠪᠦᠬᠦ ᠠᠵᠢᠯᠳᠠᠨ ᠠᠵᠢᠯᠴᠢᠨ ᠳᠤ ᠬᠠᠷᠢᠭᠤ ᠵᠠᠬᠢᠳᠠᠯ ᠢᠯᠡᠭᠡᠵᠦ᠂ ᠳᠡᠳᠡᠨ ᠳᠤ ᠪᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠲᠠ ᠨᠠᠷ ᠪᠦᠯᠦᠭᠯᠡᠯ ᠤᠨ ᠢᠶᠠᠨ ᠨᠠᠮ ᠤᠨ ᠬᠤᠷᠢᠶᠠᠨ ᠤ ᠲᠠᠭᠠᠭᠤᠯᠭ᠎ᠠ ᠳᠣᠤᠷ᠎ᠠ᠂ ᠴᠡᠪᠡᠷᠯᠡᠭᠴᠢ᠂ ᠠᠳᠠᠯ ᠠᠬᠤᠶ ᠵᠡᠷᠭᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠴᠥᠭᠡᠨ ᠪᠤᠰᠤ ᠨᠥᠬᠦᠳ ᠰᠠᠨᠠᠭᠠᠴᠢᠯᠠᠭ᠎ᠠ ᠠᠴᠠ ᠪᠠᠨ ᠦᠬᠠᠨ ᠵᠡᠷᠭᠡ ᠭᠠᠵᠠᠷ ᠤᠨ ᠡᠮᠨᠡᠯᠭᠡ ᠶᠢᠨ ᠬᠤᠷᠢᠶ᠎ᠠ ᠶᠢ ᠲᠤᠰᠠᠯᠠᠬᠤ ᠪᠠᠷ ᠡᠷᠡᠮᠡᠯᠵᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠲᠠᠢ ᠲᠡᠮᠡᠴᠡᠬᠦ ᠳᠤ ᠬᠤᠪᠢ ᠨᠡᠮᠡᠷᠢ ᠦᠵᠡᠭᠦᠯᠵᠡᠶ᠃ ᠣᠯᠠᠨ ᠢᠶᠠᠷ ᠢᠶᠠᠨ ᠵᠦᠳᠡᠷᠡᠯ᠎ᠡ︕ ᠬᠡᠵᠥ ᠢᠯᠡᠳᠬᠡᠪᠡ᠃      ᠰᠢ ᠶᠢᠨ ᠫᠢᠩ᠂ ᠡᠭᠡᠯ ᠵᠢᠷ ᠠᠴᠠ ᠠᠭᠤᠤ ᠶᠡᠭᠡ ᠲᠦᠷᠦᠭᠳᠡᠳᠡᠭ᠂ ᠠᠷᠠᠳ ᠲᠦᠮᠡᠨ ᠠᠴᠠ ᠪᠠᠭᠠᠳᠤᠷ ᠴᠤᠯᠭᠤᠷᠠᠳᠠᠭ᠃ ᠬᠡᠨᠡᠳᠳᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠡᠮᠦᠨ᠎ᠠ᠂ ᠡᠮᠤᠨ᠎ᠡ ᠹᠷᠤᠨᠲ ᠤᠨ ᠡᠮᠴᠢᠯᠡᠬᠡᠨ ᠤ ᠠᠵᠢᠯᠳᠠᠨ ᠠᠴᠠ ᠰᠡᠷᠬᠡᠶᠢᠯᠡᠨ ᠡᠵᠡᠮᠳᠡᠬᠦ ᠳᠤ ᠤᠷᠤᠯᠴᠠᠬᠰᠠᠨ ᠡᠯ᠎ᠠ ᠲᠠᠯ᠎ᠠ ᠶᠢᠨ ᠬᠦᠮᠦᠰ ᠬᠦᠷᠳᠡᠯ᠎ᠠ᠂ ᠤᠷᠴᠢᠨ ᠳᠤᠭᠤᠷᠢᠨ ᠤ ᠠᠷᠢᠭᠤᠨ ᠴᠡᠪᠡᠷ ᠤᠨ ᠠᠵᠢᠯᠳᠠᠨ᠂ ᠳᠦᠷᠬᠡᠨ ᠬᠦᠷᠬᠡᠭᠴᠢ ᠠᠴᠠ ᠬᠢᠵᠢᠭ ᠢ ᠰᠡᠷᠬᠡᠶᠢᠯᠡᠬᠦ ᠡᠳ᠋ ᠪᠤᠳᠠᠰ ᠦᠢᠯᠡᠳᠪᠦᠷᠢᠯᠡᠬᠦ ᠠᠵᠢᠯᠴᠢᠨ ᠬᠦᠷᠳᠡᠯ᠎ᠡ᠂ ᠲᠦᠭ ᠲᠦᠮᠡᠨ ᠬᠥᠳᠡᠯᠮᠦᠷᠢᠴᠢᠨ ᠲᠦᠮᠡᠨ ᠳᠤᠰ ᠳᠤᠰ ᠤᠨ ᠠᠵᠢᠯ ᠤᠨ ᠪᠠᠶᠢᠷᠢ ᠳᠡᠬᠡᠷ᠎ᠡ ᠪᠠᠨ ᠰᠢᠷᠭᠠᠭᠤ ᠬᠠᠳᠠᠭᠤᠵᠢᠯᠳᠠᠢ ᠠᠵᠢᠯᠯᠠᠵᠥ᠂ ᠬᠠᠷᠠᠮ ᠦᠭᠡᠢ ᠵᠢᠳᠬᠦᠵᠥ᠂ ᠬᠢᠵᠢᠭ ᠢ ᠲᠠᠶᠢᠯᠠᠨ ᠢᠯᠠᠬᠤ ᠬᠦᠴᠦᠷᠬᠡᠭ ᠶᠡᠭᠡ ᠬᠦᠴᠦᠨ ᠢ ᠨᠢᠬᠳᠠᠷᠠᠭᠤᠯᠪᠠ᠃ ᠦᠷᠬᠡᠨ ᠤᠯᠠᠨ ᠬᠦᠳᠡᠯᠮᠤᠷᠢᠴᠢᠨ ᠳᠦᠮᠡᠨ ᠮᠠᠨᠢ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠪᠠᠲᠤᠯᠠᠵᠤ᠂ ᠬᠥᠳᠡᠯᠮᠦᠷᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠦᠯᠢᠭᠡᠷ ᠢ ᠦᠷᠭᠦᠯᠵᠢᠯᠡᠨ ᠪᠢᠴᠢᠭᠯᠡᠵᠦ᠂ ᠥᠪᠡᠷ ᠤᠨ ᠰᠢᠷᠭᠠᠭᠤ ᠬᠥᠳᠡᠯᠮᠦᠷᠢ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠵᠥ ᠵᠢᠭᠠᠵᠥ ᠭᠠᠷᠭᠠᠪᠠ᠃     ᠶᠤᠸᠠᠨ ᠹᠠᠩ ᠪᠦᠯᠦᠭᠯᠡᠯ ᠪᠣᠯ ᠾᠧᠨᠠᠨ ᠮᠤᠵᠢ ᠶᠢᠨ ᠵᠧᠩᠵᠧᠤ ᠬᠤᠲᠠ ᠳᠠᠬᠢ ᠶᠡᠷᠦᠩᠬᠡᠶᠢᠯᠡᠭᠰᠡᠨ ᠦᠢᠯᠡᠴᠢᠯᠡᠭᠡᠨ ᠤ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ᠎ᠠ᠂ ᠣᠲᠣ 6 ᠲᠦᠮᠡᠨ ᠠᠵᠢᠯᠲᠠᠨ ᠲᠠᠢ ᠪᠠᠶᠢᠵᠤ᠂ 500 ᠭᠠᠷᠤᠶ ᠨᠠᠮ ᠤᠨ ᠭᠡᠰᠢᠭᠦᠨ ᠪᠣᠶ᠃ ᠣᠶᠢᠷ᠎ᠠ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ᠂ ᠶᠤᠸᠠᠨ ᠹᠠᠩ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠰᠢᠤᠸᠠᠢ ᠷᠦᠩ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠪᠥᠬᠦ ᠠᠵᠢᠯᠲᠠᠨ ᠠᠵᠢᠯᠴᠢᠨ ᠢᠶᠠᠨ ᠲᠥᠯᠥᠭᠡᠯᠡᠨ ᠲᠤᠬᠠᠶᠢᠯᠠᠭᠰᠠᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠢᠵᠢᠭ ᠲᠠᠢ ᠲᠡᠮᠡᠴᠡᠬᠦ ᠠᠵᠢᠯ ᠳᠤ ᠢᠳᠡᠪᠬᠢᠲᠡᠶ ᠣᠷᠣᠯᠴᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠬᠠᠳᠠᠭᠤ ᠪᠡᠷᠬᠡ ᠶᠢ ᠬᠠᠮᠲᠤ ᠪᠠᠷ ᠳᠤᠭᠤᠯᠬᠤ ᠵᠣᠷᠢᠭ ᠢᠶᠠᠨ ᠢᠯᠡᠳᠬᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号