5 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠥᠪᠥᠷ ᠮᠣᠩᠭᠤᠯ ᠤᠨ | ᠬᠠᠪᠤᠷ ᠤᠨ ᠲᠠᠷᠢᠶᠠᠯᠠᠭ᠎ᠠ ᠶᠢᠨ ᠠᠬᠢᠴᠠ ᠨᠢᠭᠡᠨᠲᠡ 1059.5 ᠲᠦᠮᠡᠨ ᠮᠥ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠠᠴᠠ ᠲᠦᠷᠭᠡᠨ ᠪᠣᠯᠵᠤ᠂ ᠠᠮᠤ ᠪᠤᠳᠠᠭ᠎ᠠ ᠲᠠᠷᠢᠭᠰᠠᠨ ᠲᠠᠯᠠᠪᠠᠶ ᠨᠢᠭᠡᠨᠲᠡ 986.7 ᠲᠦᠮᠡᠨ ᠮᠥ ᠳᠤ | ᠬᠦᠷᠪᠡ᠂ ᠡᠭᠦᠨ ᠳᠤ ᠪᠣᠭᠤᠳᠠᠶ355.8 ᠲᠦᠮᠡᠨ ᠮᠥ᠂ ᠡᠷᠳᠡᠨᠢ ᠰᠢᠰᠢ 510 ᠲᠦᠮᠡᠨ ᠮᠥ᠂ ᠲᠥᠮᠥᠰᠥ 40.9 | ᠲᠦᠮᠡᠨ ᠮᠥ ᠳᠠᠷᠢᠪᠠ᠃ ᠣᠳᠣᠬᠠᠨ ᠳᠤ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠪᠤᠭᠤᠳᠠᠢ ᠨᠢᠭᠡᠨᠲᠡ | ᠴᠢᠬᠢᠯᠡᠵᠤ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠪᠤᠭᠤᠳᠠᠢ ᠨᠢᠭᠡᠨᠲᠡ ᠪᠦᠬᠦᠨ ᠢᠶᠠᠷ ᠢᠶᠠᠨ ᠴᠢᠬᠢᠯᠡᠵᠦ᠂ | ᠪᠦᠬᠦ ᠣᠷᠣᠨ ᠢᠶᠠᠷ ᠢᠶᠠᠨ ᠶᠡᠭᠡ ᠲᠠᠯᠠᠪᠠᠢ ᠪᠠᠷ ᠲᠠᠷᠢᠬᠤ ᠬᠤᠭᠤᠴᠠᠭᠠᠨ ᠳᠤ ᠣᠷᠣᠪᠠ᠃ | ᠡᠨᠡ ᠵᠢᠯ ᠤᠨ ᠣᠨᠴᠠᠭᠠᠶ ᠣᠨ ᠵᠢᠯ᠂ ᠣᠨᠴᠠᠭᠠᠶ ᠪᠠᠶᠢᠳᠠᠯ ᠤᠨ ᠳᠣᠣᠷ᠎ᠠ᠂ ᠬᠠᠪᠤᠷ ᠤᠨ ᠲᠠᠷᠢᠶᠠᠯᠠᠭ᠎ᠠ ᠶᠢᠨ | ᠦᠢᠯᠡᠳᠪᠦᠷᠢᠯᠡᠯ ᠢ ᠰᠠᠶᠢᠲᠤᠷ ᠠᠳᠬᠤᠵᠤ ᠠᠮᠤ ᠪᠤᠳᠠᠭ᠎ᠠ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠬᠤ ᠪᠣᠯ ᠠᠮᠤ | ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠲᠠᠭᠤ ᠡᠭᠦᠷᠭᠡ ᠮᠥᠨ᠃ ᠥᠪᠥᠷ | ᠮᠣᠩᠭᠤᠯ ᠤᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠠᠷᠠᠯᠲᠠ ᠪᠠᠨ ᠤᠯᠠᠮ | ᠨᠢᠭᠡ ᠠᠯᠬᠤᠮ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠢ ᠦᠨᠡᠨ ᠬᠦ ᠴᠢᠩᠭ᠎ᠠ ᠪᠥᠭᠡᠳ ᠰᠠᠶᠢᠲᠤᠷ ᠠᠳᠬᠤᠬᠤ ᠬᠡᠷᠡᠭᠲᠡᠢ᠃ | ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨ | ᠬᠦ ᠲᠦᠯᠬᠢᠨ ᠠᠬᠢᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠨ᠎ᠠ᠃ | ᠡᠨᠡ ᠵᠢᠯ ᠥᠪᠥᠷ ᠮᠣᠩᠭᠤᠯ ᠡᠷᠳᠡᠨᠢ ᠰᠢᠰᠢ ᠰᠢᠷ᠎ᠠ ᠪᠤᠷᠴᠠᠭ ᠲᠠᠷᠢᠭᠴᠢ ᠶᠢᠨ ᠨᠥᠬᠦᠪᠥᠷᠢ᠂ ᠲᠠᠷᠢᠶᠠᠨ ᠭᠠᠵᠠᠷ ᠤᠨ | ᠬᠦᠷᠦᠰᠦᠨ ᠤ ᠬᠠᠮᠠᠭᠠᠯᠠᠯᠲᠠ ᠶᠢᠨ ᠨᠥᠬᠦᠪᠥᠷᠢ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠨᠥᠬᠦᠪᠦᠷᠢ ᠶᠢ | ᠦᠷᠭᠦᠯᠵᠢᠯᠡᠨ ᠬᠡᠷᠡᠭᠵᠢᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠨᠥᠬᠦᠪᠦᠷᠢ᠂ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠨᠥᠬᠦᠪᠥᠷᠢ᠂ ᠬᠤᠵᠢᠷᠯᠢᠭ ᠭᠠᠵᠠᠷ ᠢ ᠰᠠᠶᠢᠵᠢᠷᠠᠭᠤᠯᠬᠤ | ᠲᠤᠷᠰᠢᠯᠲᠠ ᠶᠢᠨ ᠴᠡᠭ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠦᠨ ᠬᠡᠷᠡᠭᠵᠢᠭᠦᠯᠵᠦ᠂ | ᠳᠠᠪᠠᠭᠤᠯᠢᠭ ᠤᠨᠴᠠᠯᠢᠬᠳᠤ ᠲᠠᠷᠢᠮᠠᠯ ᠤᠨ ᠠᠵᠤ ᠦᠢᠯᠡᠰ ᠤᠨ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠠᠮᠤ | ᠪᠤᠳᠠᠭᠠᠨ ᠤ ᠲᠥᠷᠥᠯ ᠵᠦᠢᠯ ᠤᠨ ᠪᠦᠲᠦᠴᠡ ᠶᠢ ᠰᠢᠯᠢᠳᠡᠭᠵᠢᠭᠦᠯᠦᠨ᠂ ᠠᠮᠤ ᠪᠤᠳᠠᠭᠠᠨ ᠤ ᠤᠨᠠᠯᠲᠠ ᠶᠢᠨ | ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ᠂ ᠲᠠᠷᠢᠮᠠᠯ ᠤᠨ ᠶᠡᠷᠦᠩᠬᠡᠶ ᠲᠠᠷᠢᠬᠤ ᠲᠠᠯᠠᠪᠠᠢ ᠪᠠ ᠠᠮᠤ ᠪᠤᠳᠠᠭ᠎ᠠ ᠳᠠᠷᠢᠬᠤ | ᠲᠠᠯᠠᠪᠠᠶ ᠶᠢ 1.3 ᠳ᠋ᠦᠩᠰᠢᠭᠤᠷ ᠮᠥ ᠪᠠ 1 ᠳ᠋ᠦᠩᠰᠢᠭᠤᠷ ᠮᠥ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | ︽ᠭᠠᠵᠠᠷ ᠰᠢᠷᠤᠢ ᠪᠠᠷ ᠠᠮᠤ ᠪᠤᠳᠠᠭ᠎ᠠ ᠶᠢ ᠪᠠᠲᠤᠯᠠᠵᠤ᠂ ᠤᠷ᠎ᠠ ᠮᠡᠷᠭᠡᠵᠢᠯ ᠢᠶᠠᠷ ᠪᠤᠳᠠᠭᠠᠨ ᠤ ᠤᠨᠠᠯᠲᠠ ᠶᠢ | ᠳᠡᠭᠡᠭᠰᠢᠯᠡᠭᠦᠯᠬᠦ︾ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ | ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠨᠳᠥᠷ ᠪᠦᠲᠦᠮᠵᠢᠲᠡᠶ ᠤᠰᠤ | ᠠᠷᠪᠢᠯᠠᠬᠤ ᠪᠠᠷ ᠭᠤᠤᠯ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ | ᠪᠣᠯᠤᠨ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠵᠡᠷᠭᠡ ᠴᠢᠬᠤᠯᠠ ᠶᠡᠭᠡ ᠲᠥᠷᠥᠯ | ᠵᠦᠢᠯ ᠢ ᠲᠦᠷᠭᠡᠳᠬᠡᠨ ᠠᠬᠢᠭᠤᠯᠵᠤ᠂ ᠬᠠᠪᠤᠷ ᠤᠨ ᠤᠯᠠᠷᠢᠯ ᠤᠨ ᠠᠰᠢᠭ ᠲᠠᠢ ᠬᠤᠭᠤᠴᠠᠭ᠎ᠠ ᠶᠢ ᠵᠠᠪᠳᠣᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠣᠷᠣᠨ ᠪᠣᠯᠤᠨ | ᠬᠤᠵᠢᠷᠯᠢᠭ ᠭᠠᠵᠠᠷ ᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭ᠎ᠠ | ᠠᠳᠬᠤᠵᠤ᠂ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ ᠴᠢᠩᠳᠠᠯᠠᠵᠤ᠂ ᠪᠦᠲᠦᠭᠡᠨ ᠪᠠᠶᠢᠭᠤᠯᠬᠤ | ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠂ ᠠᠮᠤ ᠪᠤᠳᠠᠭᠠᠨ ᠤ ᠤᠨᠠᠯᠲᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠦᠢᠯᠡᠳᠪᠦᠷᠢᠯᠡᠯ ᠤᠨ | ᠮᠡᠷᠭᠡᠵᠢᠯ ᠤᠨ ᠵᠢᠯᠣᠭᠤᠳᠣᠯᠭ᠎ᠠ ᠦᠢᠯᠡᠴᠢᠯᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠪᠤᠷ ᠤᠨ | ᠲᠠᠷᠢᠶᠠᠯᠠᠭ᠎ᠠ ᠪᠣᠯᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠨ᠎ᠠ᠃ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠲᠠᠷᠢᠮᠠᠯ ᠤᠨ ᠬᠦᠨᠳᠦ ᠶᠡᠭᠡ ᠡᠪᠡᠳᠴᠢᠨ | ᠬᠤᠷᠣᠬᠠᠶ ᠶᠢᠨ ᠬᠥᠨᠥᠭᠡᠯ ᠪᠠ ᠪᠠᠶᠢᠭᠠᠯᠢ ᠶᠢᠨ ᠭᠠᠮᠰᠢᠭ ᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠴᠠᠭ ᠠᠭᠤᠷ ᠤᠨ | ᠰᠠᠯᠠᠭ᠎ᠠ ᠮᠥᠴᠢᠷ ᠯᠦᠭᠡ ᠨᠡᠪᠲᠡᠷᠡᠯᠴᠡᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠠᠭ | ᠠᠭᠤᠷ ᠤᠨ ᠴᠢᠬᠤᠯᠠ ᠶᠡᠭᠡ ᠬᠤᠪᠢᠷᠠᠯᠲᠠ ᠶᠢ ᠠᠩᠬᠠᠷᠴᠤ᠂ ᠴᠠᠭ ᠠᠭᠤᠷ ᠤᠨ ᠭᠡᠨᠡᠳᠲᠡ ᠶᠢᠨ ᠴᠢᠨᠠᠷᠲᠠᠶ ᠭᠠᠶ | ᠭᠠᠮᠰᠢᠭ ᠢ ᠴᠠᠭ ᠲᠤᠬᠠᠶ ᠳᠤ ᠨᠢ ᠠᠷᠭᠠᠴᠠᠭᠠᠵᠤ᠂ ︽ᠬᠠᠪᠤᠷ ᠤᠨ ᠬᠦᠢᠲᠡᠨ︾᠂ ᠬᠠᠪᠤᠷ ᠤᠨ ᠭᠠᠩ ᠬᠠᠭᠰᠠᠷᠠᠭᠠᠨ | ᠵᠡᠷᠭᠡ ᠭᠠᠶ ᠭᠠᠮᠰᠢᠭ ᠢ ᠭᠤᠤᠯᠳᠠᠯᠭ᠎ᠠ ᠲᠠᠢ ᠠᠩᠬᠠᠷᠴᠤ᠂ ᠪᠦᠲᠦᠮᠵᠢᠲᠡᠶ ᠰᠡᠷᠭᠡᠶᠢᠯᠡᠨ ᠠᠷᠭᠠᠴᠠᠭᠠᠬᠤ ᠠᠷᠭ᠎ᠠ ᠬᠡᠮᠵᠢᠶ᠎ᠡ | ᠲᠣᠭᠲᠠᠭᠠᠵᠤ᠂ ᠭᠠᠮᠰᠢᠭ ᠲᠠᠢ ᠲᠡᠮᠡᠴᠡᠬᠦ ᠡᠳ᠋ ᠪᠣᠳᠠᠰ ᠢ ᠤᠷᠢᠳᠴᠢᠯᠠᠨ ᠪᠡᠯᠡᠳᠬᠡᠨ᠎ᠡ᠃ | |